ᠪᠣᠬᠢᠷᠲᠤᠯ ᠥᠬᠡᠶ ᠪᠠᠷᠢᠯᠭ᠎ᠠ ᠶ᠋ᠢᠨ ᠢᠯᠡᠳᠭᠡᠯᠲᠡ᠎ᠶ᠋ᠢᠨ ᠲᠤᠰᠭᠠᠶ ᠮᠡᠷᠭᠡᠵᠢᠯᠲᠡᠨ᠎ᠤ ᠬᠥᠮᠥᠷᠭᠡ ᠎ᠶ᠋ᠢᠨ ᠭᠡᠱᠢᠭᠦᠨ᠎ᠢ ᠱᠢᠨᠡᠳᠭᠡᠬᠦ᠌ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠮᠡᠳᠡᠭ᠌ᠳᠡᠯ
2025-10-15

ᠥᠪᠥᠷ ᠪᠠᠢᠭᠤᠯᠤᠯᠲᠠᠪᠠᠷᠢᠮᠵᠢᠶ᠎ᠠ  ᠵᠠᠬᠢᠳᠠᠯ [ 2025 ] 341 ᠳ᠋ᠤᠭᠡᠷ ᠲᠣᠭᠠᠲᠤ

 

ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠡᠯ᠎ᠡ ᠬᠤᠯᠪᠣᠭ᠍ᠳᠠᠯ ᠪᠦᠬᠦᠢ ᠨᠢᠭᠡᠴᠢ᠎ᠳᠤ᠄

ᠮᠠᠨ᠎ᠤ ᠣᠷᠣᠨ᠎ᠤ ᠪᠣᠬᠢᠷᠲᠤᠯ ᠥᠬᠡᠶ ᠪᠠᠷᠢᠯᠭ᠎ᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠵᠤ᠂ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ᠎ᠶ᠋ᠢ ᠮᠠᠭᠠᠳᠯᠠᠨ ᠲᠣᠭ᠍ᠲᠠᠭᠠᠬᠤ ᠠᠵᠢᠯ᠎ᠢ ᠰᠠᠢᠲᠤᠷ ᠬᠢᠬᠦ᠌᠎ᠶ᠋ᠢᠨ ᠲᠤᠰᠠᠳᠠ᠂ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ᠎ᠶ᠋ᠢᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠨᠠᠷᠢᠨ ᠲᠦᠷᠢᠮ〉᠎ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠮᠡᠳᠡᠭ᠌ᠳᠡᠯ》 ( ᠥᠪᠥᠷ ᠪᠠᠢᠭᠤᠯᠤᠯᠲᠠ ᠪᠠᠷᠢᠮᠵᠢᠶ᠎ᠠ [ 2023 ] 184 ᠳ᠋ᠤᠭᠡᠷ ᠲᠣᠭᠠᠲᠤ )᠂ 《ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠪᠠ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠮᠡᠳᠡᠭ᠌ᠳᠡᠯ》 ( ᠥᠪᠥᠷ ᠪᠠᠢᠭᠤᠯᠤᠯᠲᠠ ᠪᠠᠷᠢᠮᠵᠢᠶ᠎ᠠ  [ 2025 ] 140 ᠳ᠋ᠤᠭᠡᠷ ᠲᠣᠭᠠᠲᠤ )᠎ᠤᠨ ᠱᠠᠭᠠᠷᠳᠠᠯᠭ᠎ᠠ ᠶᠣᠰᠣᠭᠠᠷ᠂ ᠪᠥᠬᠦ᠌ ᠣᠷᠣᠨ᠎ᠤ ᠪᠣᠬᠢᠷᠲᠤᠯ ᠥᠬᠡᠶ ᠪᠠᠷᠢᠯᠭ᠎ᠠ᠎ᠶ᠋ᠢᠨ ᠬᠥᠭ᠌ᠵᠢᠯᠲᠡ ᠵᠢᠴᠢ ᠢᠯᠡᠳᠭᠡᠯᠲᠡ᠎ᠶ᠋ᠢ ᠮᠠᠭᠠᠳᠯᠠᠨ ᠲᠣᠭ᠍ᠲᠠᠭᠠᠬᠤ ᠠᠵᠢᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ᠎ᠶ᠋ᠢᠨ ᠲᠤᠰᠭᠠᠶ ᠮᠡᠷᠭᠡᠵᠢᠯᠲᠡᠨ᠎ᠤ ᠬᠥᠮᠥᠷᠭᠡ ᠎ᠶ᠋ᠢ ᠱᠢᠨᠡᠳᠭᠡᠬᠦ᠌᠎ᠪᠠᠷ ᠲᠣᠭ᠍ᠲᠠᠪᠠ᠃ ᠡᠳᠦᠭᠡ ᠬᠣᠯᠪᠣᠭ᠍ᠳᠠᠯ ᠪᠦᠬᠦᠢ ᠤᠴᠢᠷ᠎ᠢ ᠳᠣᠤᠷᠠᠬᠢ ᠮᠡᠲᠦ ᠮᠡᠳᠡᠭ᠌ᠳᠡᠶ᠎ᠡ᠃

ᠨᠢᠭᠡ᠂ ᠭᠤᠶᠤᠴᠢᠯᠠᠨ ᠮᠡᠳᠡᠭᠦᠯᠬᠦ᠌ ᠲᠣᠭ᠍ᠲᠠᠭᠠᠯ

ᠲᠣᠰ ᠤᠳᠠᠭ᠎ᠠ ᠪᠥᠬᠦ᠌ ᠣᠷᠣᠨ᠎ᠤ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ᠎ᠶ᠋ᠢᠨ ᠲᠤᠰᠭᠠᠶ ᠮᠡᠷᠭᠡᠵᠢᠯᠲᠡᠨ᠎ᠤ ᠬᠥᠮᠥᠷᠭᠡ᠎ᠶ᠋ᠢᠨ ᠠᠵᠢᠯᠲᠠᠨ᠎ᠢ ᠱᠢᠨᠡᠳᠭᠡᠵᠦ᠍᠂ ᠱᠢᠨ᠎ᠡ᠎ᠪᠠᠷ ᠭᠤᠶᠤᠴᠢᠯᠠᠨ ᠮᠡᠳᠡᠭᠦᠯᠬᠦ᠌ ᠬᠥᠮᠦᠰ ᠪᠠ ᠤᠤᠯ᠎ᠤᠨ ᠲᠤᠰᠭᠠᠶ ᠮᠡᠷᠭᠡᠵᠢᠯᠲᠡᠨ᠎ᠤ ᠬᠥᠮᠥᠷᠭᠡ᠎ᠶ᠋ᠢᠨ ᠭᠡᠱᠢᠭᠦᠨ ᠴᠥᠮ ᠲᠣᠭ᠍ᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ᠍᠂ ᠨᠥᠬᠦᠴᠡᠯ᠎ᠳᠤ ᠨᠡᠢᠴᠡᠬᠦ᠌ ᠥᠬᠡᠶ ᠤᠤᠯ᠎ᠤᠨ ᠲᠤᠰᠭᠠᠶ ᠮᠡᠷᠭᠡᠵᠢᠯᠲᠡᠨ᠎ᠤ ᠬᠥᠮᠥᠷᠭᠡ᠎ᠶ᠋ᠢᠨ ᠭᠡᠱᠢᠭᠦᠨ᠎ᠢ ᠢᠯᠭᠠᠷᠠᠭᠤᠯᠤᠨ ᠭᠠᠷᠭᠠᠨ᠎ᠠ᠃

ᠬᠤᠶᠠᠷ᠂ ᠲᠤᠰᠭᠠᠢ ᠮᠡᠷᠭᠡᠵᠢᠯ᠎ᠤᠨ ᠱᠠᠭᠠᠷᠳᠠᠯᠭ᠎ᠠ

ᠲᠥᠯᠥᠪᠵᠢᠭᠦᠯᠭᠡ᠂ ᠪᠠᠷᠢᠯᠭ᠎ᠠ᠎ᠶ᠋ᠢᠨ ᠵᠢᠷᠤᠭ ᠲᠥᠯᠥᠪᠯᠡᠭᠡ᠂ ᠪᠦᠲᠦᠴᠡ᠂ ᠳᠤᠯᠠᠭᠠᠯᠠᠭ᠎ᠠ᠂ ᠤᠰᠤ ᠬᠠᠩᠭᠠᠬᠤ ᠤᠰᠤ ᠵᠠᠯᠠᠬᠤ᠂ ᠴᠠᠬᠢᠯᠭᠠᠨ ᠬᠡᠢ᠂ ᠪᠠᠷᠢᠯᠭ᠎ᠠ᠎ᠶ᠋ᠢᠨ ᠡᠨᠧᠷᠭᠢ ᠠᠷᠪᠢᠯᠠᠬᠤ᠂ ᠪᠠᠷᠢᠯᠭ᠎ᠠ᠎ᠶ᠋ᠢᠨ ᠮᠠᠲ᠋ᠧᠷᠢᠶᠠᠯ᠂ ᠪᠠᠷᠢᠯᠭ᠎ᠠ᠎ᠶ᠋ᠢᠨ ᠹᠢᠽᠢᠺ᠂ ᠪᠠᠷᠢᠯᠭ᠎ᠠ ᠪᠠᠷᠢᠬᠤ᠂ ᠪᠠᠢᠴᠠᠭᠠᠨ ᠬᠡᠮᠵᠢᠬᠦ᠂ ᠠᠳᠠᠯ ᠠᠬᠤᠶ᠎ᠶ᠋ᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠬᠦᠷᠢᠶᠡᠨ᠎ᠤ ᠠᠵᠢᠯ᠎ᠢ ᠬᠢᠵᠦ᠍᠂ ᠲᠤᠰᠭᠠᠶ ᠠᠵᠢᠯ᠎ᠤᠨ ᠳᠤᠭᠤᠢᠯᠠᠩ ᠬᠤᠪᠢᠶᠠᠨ ᠲᠥᠷᠥᠯ ᠬᠤᠪᠢᠶᠠᠵᠤ ᠲᠠᠨᠢᠯᠴᠠᠭᠤᠯᠬᠤ᠎ᠪᠠᠷ ᠭᠤᠶᠤᠴᠢᠯᠠᠨ᠂ ᠬᠥᠮᠦᠨ ᠪᠦᠷᠢ ᠨᠢᠭᠡ ᠲᠤᠰᠭᠠᠶ ᠮᠡᠷᠭᠡᠵᠢᠯ ᠭᠤᠶᠤᠴᠢᠯᠠᠨ ᠮᠡᠳᠡᠭᠦᠯᠦᠨ᠎ᠡ᠃

ᠭᠤᠷᠪᠠ᠂ ᠲᠤᠰᠭᠠᠢ ᠮᠡᠷᠭᠡᠵᠢᠯᠲᠡᠨ᠎ᠤ ᠦᠨᠳᠦᠰᠦᠨ ᠨᠥᠬᠦᠴᠡᠯ

( ᠨᠢᠭᠡ ) ᠭᠤᠶᠤᠴᠢᠯᠠᠨ ᠮᠡᠳᠡᠬᠦᠯᠬᠦ᠌᠎ᠪᠠᠷ ᠪᠠᠢᠭ᠎ᠠ ᠲᠤᠰᠭᠠᠢ ᠮᠡᠷᠭᠡᠵᠢᠯᠳᠡᠨ ᠡᠷᠭᠡᠪᠰᠢ ᠲᠤᠤᠷᠠᠬᠢ ᠦᠨᠳᠦᠰᠦᠨ ᠨᠦᠬᠦᠴᠡᠯ᠎ᠢ ᠪᠦᠷᠢᠯᠳᠦᠬᠦᠯᠬᠦ᠌ ᠬᠡᠷᠡᠭ᠌ᠳᠡᠢ

1. ᠶᠡᠭᠡ ᠰᠤᠷᠭᠠᠭᠤᠯᠢ᠎ᠶ᠋ᠢᠨ ᠵᠢᠩᠬᠢᠨᠢ ᠠᠩᠭᠢ ᠵᠢᠴᠢ ᠲᠡᠭᠦᠨ᠎ᠠᠴᠠ ᠳᠡᠭᠡᠭ᠌ᠰᠢᠬᠢ ᠰᠣᠶᠣᠯ᠎ᠤᠨ ᠬᠢᠷᠢ ᠬᠡᠮ᠎ᠲᠠᠢ;

2. ᠲᠥᠪ ᠭᠣᠤᠯᠴᠢ ᠦᠨᠡᠨᠴᠢ ᠢᠲᠡᠭᠡᠮᠵᠢᠲᠡᠶ᠂ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠬᠤ᠂ ᠣᠪᠣᠷ ᠰᠤᠷᠲᠠᠯ ᠨᠢ ᠲᠥᠪ ᠴᠢᠬᠡᠴᠢ᠂ ᠠᠵᠢᠯ ᠨᠢ ᠴᠢᠩᠭ᠎ᠠ ᠨᠢᠮᠪᠠᠶ᠂ ᠰᠠᠢᠨ ᠰᠠᠢᠬᠠᠨ ᠤᠯᠤᠰ ᠲᠥᠷᠥ᠎ᠶ᠋ᠢᠨ ᠬᠡᠪ ᠴᠢᠨᠠᠷ ᠪᠠ ᠠᠵᠢᠯ᠎ᠤᠨ ᠮᠣᠷᠠᠯ᠎ᠲᠠᠶ᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ ᠦᠭᠡᠶ᠂ ᠡᠷᠡᠭᠦᠯ ᠪᠤᠰᠤ ᠢᠲᠡᠭᠡᠮᠵᠢ ᠶ᠋ᠢᠨ ᠲᠡᠮᠳᠡᠭ᠌ᠯᠡᠯ ᠦᠭᠡᠶ᠃ ᠨᠡᠯᠢᠶᠡᠳ ᠴᠢᠩᠭ᠍᠎ᠠ ᠦᠭᠡ ᠬᠡᠯᠡ ᠦᠰᠦᠭ ᠪᠢᠴᠢᠭ᠌᠎ᠦᠨ ᠢᠯᠡᠳᠭᠡᠬᠦ᠌ ᠴᠢᠳᠠᠪᠤᠷᠢ ᠪᠠ ᠠᠵᠢᠯ᠎ᠤᠨ ᠵᠣᠬᠢᠴᠠᠭᠤᠯᠬᠤ ᠴᠢᠳᠠᠪᠤᠷᠢ᠎ᠶ᠋ᠢ ᠪᠦᠷᠢᠯᠳᠦᠭᠦᠯᠵᠦ᠍᠂ ᠺᠣᠮᠫᠢᠦ᠋ᠲᠸᠷ᠎ᠦᠨ ᠠᠯᠪᠠᠯᠠᠬᠤ ᠵᠥᠭᠡᠯᠡᠨ ᠲᠣᠨᠣᠭ᠎ᠢ ᠪᠣᠯᠪᠠᠰᠤᠷᠠᠩᠭᠤᠢ ᠬᠡᠷᠡᠭ᠌ᠯᠡᠵᠦ᠍ ᠴᠢᠳᠠᠬᠤ ᠬᠡᠷᠡᠭ᠌ᠲᠡᠢ᠃

3. ᠪᠡᠶ᠎ᠡ ᠮᠠᠬᠠᠪᠣᠳ ᠡᠷᠡᠭᠦᠯ ᠴᠢᠭᠢᠷᠠᠭ᠂ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ᠎ᠶ᠋ᠢ ᠮᠠᠭᠠᠳᠯᠠᠨ ᠲᠣᠭ᠍ᠲᠠᠭᠠᠬᠤ ᠬᠠᠮᠢᠶ᠎ᠠ ᠪᠥᠬᠦᠶ ᠠᠵᠢᠯ᠎ᠢ ᠡᠭᠦᠷᠭᠡᠯᠡᠵᠦ᠍ ᠳᠡᠢᠯᠬᠦ᠌ ᠪᠥᠭᠡᠳ ᠵᠠᠷᠴᠢᠮ ᠳᠡᠭᠡᠷ᠎ᠡ᠎ᠪᠠᠨ 65 ᠨᠠᠰᠤᠨ᠎ᠠᠴᠠ ᠬᠡᠲᠦᠷᠡᠭᠦᠯᠵᠦ᠍ ᠪᠣᠯᠬᠤ ᠥᠬᠡᠶ᠂ ᠠᠵᠢᠯ ᠲᠥᠷᠥᠯ᠎ᠤᠨ ᠳᠣᠲᠣᠭᠠᠳᠤ᠎ᠶ᠋ᠢᠨ ᠬᠢᠷᠢ ᠬᠡᠮ ᠭᠦᠨ ᠲᠤᠰᠭᠠᠶ ᠮᠡᠷᠭᠡᠵᠢᠯᠲᠡᠨ᠎ᠳᠦ ᠨᠠᠰᠤᠨ᠎ᠤ ᠬᠢᠵᠠᠭᠠᠷᠯᠠᠯ᠎ᠢ ᠵᠣᠬᠢᠰᠲᠠᠶ ᠠᠭᠤᠵᠢᠭᠤ ᠲᠠᠯᠪᠢᠵᠤ ᠪᠣᠯᠤᠨ᠎ᠠ᠃

4. 10 ᠵᠢᠯ᠎ᠠᠴᠠ ᠳᠡᠭᠡᠭ᠌ᠰᠢᠬᠢ ᠬᠠᠮᠢᠶ᠎ᠠ ᠪᠥᠬᠦᠶ ᠠᠵᠢᠯ᠎ᠤᠨ ᠲᠤᠷᠱᠢᠯᠭ᠎ᠠ᠎ᠲᠠᠢ ᠪᠥᠭᠡᠳ ᠬᠠᠮᠢᠶ᠎ᠠ ᠪᠥᠬᠦᠶ ᠲᠤᠰᠭᠠᠶ ᠮᠡᠷᠭᠡᠵᠢᠯ᠎ᠤᠨ ᠳᠡᠳ᠋ ᠳᠡᠭᠡᠳᠦ ᠵᠡᠷᠭᠡ᠎ᠶ᠋ᠢᠨ ᠲᠤᠰᠭᠠᠶ ᠮᠡᠷᠭᠡᠵᠢᠯ᠎ᠤᠨ ᠴᠣᠯᠠ ᠪᠤᠶᠤ ᠬᠠᠷᠠᠭᠠᠯᠵᠠᠭ᠍ᠰᠠᠨ ᠳᠠᠩᠰᠠᠯᠠᠭᠤᠯᠤᠭ᠍ᠰᠠᠨ ᠠᠵᠢᠯ ᠡᠷᠭᠢᠯᠡᠬᠦ᠌ ᠬᠢᠷᠢ ᠬᠡᠮ ᠣᠯᠤᠭ᠍ᠰᠠᠨ ᠪᠠᠢᠬᠤ ᠬᠡᠷᠡᠭ᠌ᠲᠡᠶ;

( ᠬᠤᠶᠠᠷ ) ᠳᠣᠤᠷᠠᠬᠢ ᠨᠥᠬᠥᠴᠡᠯ᠎ᠳᠦ ᠨᠡᠢᠴᠡᠬᠦ᠌ ᠲᠤᠰᠭᠠᠶ ᠮᠡᠷᠭᠡᠵᠢᠯᠲᠡᠨ᠎ᠢ ᠠᠳᠠᠯᠢ ᠨᠥᠬᠥᠴᠡᠯ᠎ᠦᠨ ᠳᠣᠤᠷ᠎ᠠ ᠤᠷᠢᠳ᠎ᠢᠶᠠᠷ ᠰᠣᠩᠭᠣᠨ᠎ᠠ
        ᠪᠣᠬᠢᠷᠲᠤᠯ ᠥᠬᠡᠶ ᠪᠠᠷᠢᠯᠭ᠎ᠠ᠎ᠶ᠋ᠢᠨ ᠬᠦᠷᠢᠶ᠎ᠡ ᠴᠠᠷᠠᠭᠠᠨ᠎ᠳᠠᠬᠢ 2 ᠵᠦᠢᠯ᠎ᠤᠨ ᠬᠠᠮᠢᠶ᠎ᠠ ᠪᠥᠬᠦᠶ ᠠᠵᠢᠯ᠎ᠤᠨ ᠠᠮᠵᠢᠯᠲᠠ ᠪᠦᠲᠦᠮᠵᠢ ( ᠭᠡᠷ᠎ᠡ᠂ ᠦᠷ᠎ᠡ ᠪᠦᠲᠦᠭᠡᠯ᠎ᠤᠨ ᠭᠡᠷᠡᠴᠢ ᠵᠡᠷᠭᠡ ᠭᠡᠷᠡᠴᠢ ᠮᠠᠲ᠋ᠧᠷᠢᠶᠠᠯ ᠬᠠᠩᠭᠠᠬᠤ ᠴᠢᠬᠤᠯᠠ ᠎ᠲᠠᠢ )᠂ ᠪᠣᠳᠠᠲᠠᠶ ᠠᠵᠢᠯ᠎ᠤᠨ ᠠᠮᠵᠢᠯᠲᠠ ᠪᠦᠲᠦᠮᠵᠢ᠎ᠶ᠋ᠢᠨ ᠱᠠᠭᠠᠷᠳᠠᠯᠭ᠎ᠠ᠎ᠨᠢ ᠳᠣᠤᠷᠠᠬᠢ ᠮᠡᠲᠦ᠍᠄

1. ᠲᠥᠷᠥᠯ ᠵᠦᠢᠯ᠎ᠤᠨ ᠦᠢᠯᠡᠳᠦᠯᠭᠡ᠎ᠶ᠋ᠢᠨ ᠲᠥᠷᠥᠯ᠄ ᠣᠳᠣᠨ ᠲᠠᠰ᠎ᠠᠴᠠ ᠳᠡᠭᠡᠭ᠌ᠰᠢᠬᠢ ᠪᠣᠬᠢᠷᠲᠤᠯ ᠥᠬᠡᠶ ᠪᠠᠷᠢᠯᠭ᠎ᠠ᠎ᠶ᠋ᠢᠨ ᠲᠥᠷᠥᠯ ᠵᠦᠢᠯ᠎ᠤᠨ ᠯᠠᠪᠯᠠᠯᠲᠠ᠂ ᠵᠢᠷᠤᠭ ᠲᠥᠯᠥᠪᠯᠡᠭᠡ᠂ ᠪᠠᠷᠢᠯᠭ᠎ᠠ᠎ᠶ᠋ᠢᠨ ᠠᠵᠢᠯ᠂ ᠦᠨᠡᠯᠡᠨ ᠲᠣᠭ᠍ᠲᠠᠭᠠᠭ᠍ᠰᠠᠨ ᠦᠢᠯᠡᠳᠦᠯᠭᠡ᠎ᠶ᠋ᠢᠨ ᠥᠩᠭᠡᠷᠡᠯᠲᠡ᠎ᠲᠠᠢ ᠪᠠᠢᠵᠤ᠂ ᠮᠡᠷᠭᠡᠵᠢᠯ᠎ᠤᠨ ᠬᠡᠷᠡᠭ᠌ᠯᠡᠭᠡᠨ᠎ᠤ ᠴᠢᠳᠠᠪᠤᠷᠢ᠎ᠶ᠋ᠢ ᠢᠯᠡᠷᠡᠭᠦᠯᠵᠦ᠍ ᠴᠢᠳᠠᠨ᠎ᠠ᠃

2. ᠰᠤᠳᠤᠯᠤᠨ ᠨᠡᠭᠡᠭᠡᠵᠦ᠍ ᠱᠢᠨ᠎ᠡ᠎ᠶ᠋ᠢ ᠡᠭᠦᠳᠬᠦ᠌ ᠲᠥᠷᠥᠯ᠄ ᠪᠣᠬᠢᠷᠲᠤᠯ ᠦᠭᠡᠶ ᠪᠠᠷᠢᠯᠭ᠎ᠠ᠎ᠶ᠋ᠢᠨ ᠬᠠᠮᠢᠶ᠎ᠠ ᠪᠦᠬᠦᠢ ᠪᠠᠷᠢᠮᠵᠢᠶ᠎ᠠ᠎ᠶ᠋ᠢ ᠨᠠᠢᠷᠠᠭᠤᠯᠤᠨ ᠵᠣᠬᠢᠶᠠᠬᠤ᠂ ᠡᠷᠳᠡᠮ ᠱᠢᠨᠵᠢᠯᠡᠭᠡᠨ᠎ᠤ ᠲᠥᠷᠥᠯ ᠵᠦᠢᠯ᠎ᠳᠦ ᠣᠷᠣᠯᠴᠠᠬᠤ ᠪᠤᠶᠤ ᠬᠠᠮᠢᠶ᠎ᠠ ᠪᠦᠬᠦᠢ ᠲᠤᠰᠭᠠᠶ ᠠᠱᠢᠭ᠎ᠲᠠᠶ ᠮᠥᠷᠲᠡᠭᠡᠨ ᠮᠡᠷᠭᠡᠵᠢᠯ᠎ᠢ ᠬᠤᠪᠢᠷᠠᠭᠤᠯᠤᠨ ᠬᠡᠷᠡᠭ᠌ᠯᠡᠬᠦ᠌᠎ᠶ᠋ᠢ ᠨᠢᠭᠡᠨᠲᠡ ᠪᠡᠶᠡᠯᠡᠭᠦᠯᠦᠭ᠌ᠰᠡᠨ ᠪᠠᠢᠬᠤ ᠬᠡᠷᠡᠭ᠌ᠲᠡᠶ᠃

3. ᠦᠷ᠎ᠡ ᠪᠦᠲᠦᠭᠡᠯ᠎ᠢ ᠨᠥᠯᠥᠭᠡᠯᠡᠬᠦ᠌ ᠲᠥᠷᠥᠯ᠄ ᠪᠣᠬᠢᠷᠲᠤᠯ ᠦᠭᠡᠶ ᠪᠠᠷᠢᠯᠭ᠎ᠠ᠎ᠶ᠋ᠢᠨ ᠬᠠᠮᠢᠶ᠎ᠠ ᠪᠦᠬᠦᠢ ᠥᠭᠦᠯᠡᠯ᠂ ᠵᠣᠬᠢᠶᠠᠯ ᠪᠦᠲᠦᠭᠡᠯ᠎ᠢ ᠨᠡᠢᠲᠡᠯᠡᠬᠦ᠌ ᠪᠤᠶᠤ ᠪᠣᠬᠢᠷᠲᠤᠯ ᠦᠭᠡᠶ ᠪᠠᠷᠢᠯᠭ᠎ᠠ᠎ᠶ᠋ᠢᠨ ᠭᠣᠤᠯᠯᠠᠬᠤ ᠮᠡᠷᠭᠡᠵᠢᠯ᠎ᠢ ᠰᠤᠳᠤᠯᠤᠨ ᠨᠡᠭᠡᠭᠡᠬᠦ᠌᠎ᠶ᠋ᠢᠨ ᠬᠠᠮᠲᠤ ᠳᠡᠯᠭᠡᠷᠡᠭᠦᠯᠦᠨ ᠬᠡᠷᠡᠭ᠌ᠯᠡᠵᠦ᠍᠂ ᠦᠷ᠎ᠡ ᠪᠦᠲᠦᠭᠡᠯ᠎ᠦᠨ ᠵᠢᠱ᠌ᠢᠶ᠎ᠡ ᠦᠵᠡᠭᠦᠯᠬᠦ᠌ ᠦᠢᠯᠡᠳᠦᠯ᠎ᠲᠡᠶ᠃

ᠳᠥᠷᠪᠡ᠂ ᠮᠡᠳᠡᠭᠦᠯᠬᠦ᠌ ᠠᠷᠭ᠎ᠠ ᠮᠠᠶᠢᠭ ᠵᠢᠴᠢ ᠲᠠᠰ ᠳᠠᠷᠠᠭᠠᠯᠠᠯ

ᠬᠤᠪᠢ ᠬᠦᠮᠦᠨ᠎ᠤ ᠰᠠᠢᠨ ᠲᠣᠷ᠎ᠠ᠎ᠶ᠋ᠢᠨ ᠭᠤᠶᠤᠴᠢᠯᠠᠯ᠎ᠢᠶᠠᠷ ᠰᠠᠭᠤᠷᠢ ᠪᠤᠯᠭᠠᠵᠦ᠍᠂ ᠭᠤᠶᠤᠴᠢᠯᠠᠨ ᠮᠡᠳᠡᠬᠦᠯᠥᠭ᠌ᠴᠢ᠎ᠨᠢ ᠲᠣᠰ ᠪᠡᠶ᠎ᠡ᠎ᠶ᠋ᠢᠨ ᠲᠣᠰᠭᠠᠢ ᠮᠡᠷᠭᠡᠵᠢᠯ᠎ᠤᠨ ᠳᠥᠷᠦᠯ ᠢᠯᠭᠠᠯ᠎ᠢᠶᠠᠨ ᠦᠨᠳᠣᠰᠣᠯᠡᠨ᠂ 《ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠪᠣᠬᠢᠷᠳᠦᠯ ᠦᠭᠡᠢ ᠪᠠᠷᠢᠯᠭ᠎ᠠ᠎ᠶ᠋ᠢᠨ ᠢᠯᠡᠳᠭᠡᠯᠲᠡ ᠶ᠋ᠢᠨ ᠲᠣᠰᠭᠠᠢ ᠮᠡᠷᠭᠡᠵᠢᠯᠳᠡᠨ᠎ᠤ ᠭᠤᠶᠤᠴᠢᠯᠠᠯ᠎ᠤᠨ ᠬᠦᠰᠦᠨᠦᠭ᠌ᠲᠦ》 ( ᠳᠠᠭᠠᠯᠳᠣᠭᠤᠯᠥᠯ 1᠂ ᠲᠣᠷᠣᠠᠠᠰᠢ 《ᠭᠤᠶᠤᠴᠢᠯᠠᠯ᠎ᠤᠨ ᠬᠦᠰᠦᠨᠦᠭ》 ᠭᠡᠵᠦ᠍ ᠲᠣᠪᠴᠢᠯᠠᠨ᠎ᠠ ) ᠶ᠋ᠢ ᠲᠠᠭ᠍ᠯᠠᠨ ᠪᠢᠴᠢᠬᠦ᠌ ᠎ᠶ᠋ᠢᠨ ᠬᠠᠮᠳᠣ ᠬᠠᠮᠢᠶ᠎ᠠ ᠪᠦᠬᠦᠢ ᠭᠡᠷᠡᠴᠢ ᠮᠠᠲ᠋ᠧᠷᠢᠶᠡᠯ ( ᠰᠣᠷᠣᠯᠭ᠎ᠠ᠎ᠶ᠋ᠢᠨ ᠨᠠᠮᠳᠡᠷ᠂ ᠡᠷᠳᠡᠮ᠎ᠤᠨ ᠴᠣᠯᠡ᠎ᠶ᠋ᠢᠨ ᠦᠨᠡᠮᠯᠠᠯ᠂ ᠪᠡᠶ᠎ᠡ ᠶ᠋ᠢᠨ ᠦᠨᠡᠮᠯᠡᠯ᠂ ᠮᠡᠷᠭᠡᠵᠢᠯ᠎ᠦᠨ ᠴᠣᠯᠠ᠎ᠶ᠋ᠢᠨ ᠦᠨᠡᠮᠯᠡᠯ᠂ ᠳᠡᠩᠰᠡᠯᠡᠭᠤᠯᠥᠠᠠᠰᠠᠨ ᠠᠵᠢᠯ ᠡᠷᠬᠢᠯᠡᠬᠦ᠌ ᠬᠢᠷᠢ ᠭᠡᠮ᠎ᠤᠨ ᠦᠨᠡᠮᠯᠠᠯ᠂ ᠠᠵᠢᠯ᠎ᠤᠨ ᠠᠮᠵᠢᠯᠳᠡ ᠪᠦᠳᠦᠮᠵᠢ᠎ᠶ᠋ᠢᠨ ᠭᠡᠷᠡᠴᠢ᠂ ᠨᠡᠢᠳᠡᠯᠡᠵᠦ᠍ ᠦᠩᠭᠡᠷᠡᠭ᠌ᠰᠡᠨ ᠦᠬᠦᠯᠡᠯ᠂ ᠲᠣᠰᠭᠠᠢ ᠵᠣᠬᠢᠶᠠᠯ᠂ ᠪᠡᠷᠢᠮᠵᠢᠶ᠎ᠠ᠂ ᠬᠠᠷᠢᠭᠤᠴᠠᠭ᠍ᠰᠠᠨ ᠡᠷᠳᠡᠮ ᠱᠢᠨᠵᠢᠯᠡᠭᠡᠨ᠎ᠤ ᠲᠥᠷᠥᠯ ᠵᠦᠢᠯ ᠵᠡᠷᠭᠡ ᠰᠤᠳᠤᠯᠭᠠᠨ᠎ᠤ ᠦᠷ᠎ᠡ ᠪᠥᠲᠦᠭᠡᠯ᠂ ᠬᠦᠷᠲᠡᠭ᠌ᠰᠡᠨ ᠢᠷᠠᠭᠤ ᠠᠯᠳᠠᠷ ᠵᠢᠴᠢ ᠱᠠᠩᠨᠠᠯ ᠵᠡᠷᠭᠡ )᠂ ᠡᠯ᠎ᠠ ᠠᠢᠮᠠᠭ ᠬᠤᠳᠡ᠎ᠶ᠋ᠢᠨ ᠣᠷᠣᠨ ᠰᠠᠭᠤᠴᠠ ᠪᠠ ᠬᠤᠳᠡ ᠬᠦᠳᠡᠭᠡ᠎ᠶ᠋ᠢᠨ ᠪᠦᠳᠦᠭᠡᠨ ᠪᠠᠢᠭᠤᠯᠥᠯᠳᠡ᠎ᠶ᠋ᠢᠨ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ᠎ᠠᠴᠠ ᠠᠩᠬ᠎ᠠ ᠬᠢᠨ᠋ᠬᠠᠥ᠎ᠶ᠋ᠢᠨ ᠬᠠᠮᠳᠣ ᠬᠤᠷᠢᠶᠡᠩᠭᠤᠢᠯᠠᠵᠦ᠍᠂ ᠦᠪᠡᠷᠳᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠳᠡ ᠬᠦᠳᠡᠭᠡ᠎ᠶ᠋ᠢᠨ ᠪᠦᠳᠦᠭᠡᠨ ᠪᠠᠢᠭᠤᠯᠥᠯᠳᠡ᠎ᠠᠴᠠ ᠬᠢᠨᠡᠨ ᠬᠠᠷᠭᠤᠭᠤᠯᠬᠤ᠎ᠶ᠋ᠢᠨ ᠬᠠᠮᠳᠣ ᠢᠯᠡ ᠨᠡᠢᠳᠡᠯᠡᠭᠡᠳ ᠣᠨᠳᠣᠥ ᠰᠠᠨᠠᠯ ᠦᠭᠡᠢ ᠪᠤᠯᠥᠠᠠᠰᠠᠨ᠎ᠤ ᠳᠡᠷᠠᠭ᠎ᠠ ᠨᠢᠭᠡᠳᠦᠯᠲᠡᠢ ᠲᠣᠰᠭᠠᠢ ᠮᠡᠷᠭᠡᠵᠢᠯᠲᠡᠨ᠎ᠦ ᠬᠥᠮᠥᠷᠭᠡ᠎ᠳᠦ ᠣᠷᠣᠭᠣᠯᠤᠨ᠎ᠠ᠃ ᠠᠵᠢᠯ᠎ᠳᠤ ᠪᠠᠢᠭ᠎ᠠ ᠠᠵᠢᠯᠲᠠᠨ ᠨᠢᠭᠡᠴᠢ᠎ᠡᠴᠡ᠎ᠪᠡᠨ ᠵᠥᠪᠱᠢᠶᠡᠷᠡᠨ ᠲᠠᠨᠢᠯᠴᠠᠭᠤᠯᠬᠤ ᠬᠡᠷᠡᠭ᠌ᠲᠡᠶ;ᠨᠢᠭᠡᠨᠲᠡ ᠠᠵᠢᠯ᠎ᠠᠴᠠ᠎ᠪᠠᠨ ᠠᠮᠠᠷᠠᠭ᠍ᠰᠠᠨ ᠬᠥᠮᠦᠰ ᠱᠢᠭᠤᠳ ᠭᠤᠶᠤᠴᠢᠯᠠᠨ ᠮᠡᠳᠡᠭᠦᠯᠵᠦ᠍᠂ ᠬᠠᠷᠢᠶ᠎ᠠ ᠭᠠᠵᠠᠷ᠎ᠤᠨ ᠵᠠᠷᠴᠢᠮ ᠶᠣᠰᠣᠭᠠᠷ ᠪᠠᠢᠩᠭᠤ ᠰᠠᠭᠤᠭ᠎ᠠ ᠭᠠᠵᠠᠷ᠎ᠤᠨ ᠠᠢᠮᠠᠭ ᠬᠣᠲᠠ᠎ᠶ᠋ᠢᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠬᠢᠨᠠᠨ ᠬᠠᠷᠭᠤᠭᠤᠯᠵᠤ ᠬᠤᠷᠢᠶᠠᠩᠭᠤᠢᠯᠠᠭᠠᠳ ᠳᠡᠭᠡᠭ᠌ᠰᠢ ᠮᠡᠳᠡᠭᠦᠯᠬᠦ᠌ ᠬᠡᠷᠡᠭ᠌ᠲᠡᠶ᠃

ᠲᠠᠪᠤ᠂ ᠪᠤᠰᠤᠳ ᠵᠦᠢᠯ

( ᠨᠢᠭᠡ )᠂ ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠥᠷᠭᠡᠨ᠎ᠢᠶᠠᠷ ᠤᠬᠠᠭᠤᠯᠤᠨ ᠳᠠᠢᠴᠢᠯᠠᠵᠤ᠂ ᠭᠤᠶᠤᠴᠢᠯᠠᠨ ᠮᠡᠳᠡᠭᠦᠯᠬᠦ᠌ ᠠᠵᠢᠯ᠎ᠢ ᠰᠠᠢᠲᠤᠷ ᠥᠷᠨᠢᠭᠦᠯᠦᠨ᠂ ᠠᠩᠬᠠᠨ᠎ᠤ ᠬᠢᠨᠠᠯᠲᠠ᠎ᠶ᠋ᠢ ᠴᠢᠩᠭ᠎ᠠ ᠬᠢᠬᠦ᠌᠎ᠶ᠋ᠢᠨ ᠬᠠᠮᠲᠤ᠌᠂ ᠬᠤᠷᠢᠶᠠᠩᠭᠤᠢᠯᠠᠨ ᠳᠡᠭᠡᠭ᠌ᠰᠢ ᠮᠡᠳᠡᠭᠦᠯᠬᠦ᠌ ᠠᠵᠢᠯ᠎ᠢ ᠰᠠᠢᠲᠤᠷ ᠬᠢᠵᠦ᠍᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠳᠤᠯ ᠦᠭᠡᠢ ᠪᠠᠷᠢᠯᠭ᠎ᠠ᠎ᠶ᠋ᠢᠨ ᠢᠯᠡᠳᠭᠡᠯᠲᠡ᠎ᠶ᠋ᠢᠨ ᠲᠤᠰᠭᠠᠢ ᠮᠡᠷᠭᠡᠵᠢᠯᠲᠡᠨ᠎ᠤ ᠬᠥᠮᠥᠷᠭᠡ᠎ᠶ᠋ᠢᠨ ᠭᠡᠱᠢᠭᠦᠨ᠎ᠤ ᠲᠠᠨᠢᠯᠴᠠᠭᠤᠯᠬᠤ ᠬᠤᠷᠢᠶᠠᠩᠭᠤᠢ ᠬᠦᠰᠦᠨᠦᠭ᠌ᠲᠦ》 ( ᠳᠠᠭᠠᠯᠳᠤᠭᠤᠯᠤᠯ 2 ) ᠶ᠋ᠢ ᠲᠠᠭ᠍ᠯᠠᠬᠤ᠎ᠶ᠋ᠢᠨ ᠬᠠᠮᠲᠤ ᠲᠠᠮᠠᠭ᠎ᠠ ᠳᠠᠷᠤᠵᠤ᠂ 2025 ᠣᠨ᠎ᠤ 10 ᠳ᠋ᠤᠭᠠᠷ ᠰᠠᠷ᠎ᠠ᠎ᠶ᠋ᠢᠨ 15 ᠎ᠤ ᠡᠳᠦᠷ᠎ᠠᠴᠠ ᠡᠮᠦᠨ᠎ᠡ ᠲᠠᠨᠢᠯᠴᠠᠭᠤᠯᠭ᠎ᠠ᠎ᠶ᠋ᠢᠨ ᠵᠠᠬᠢᠳᠠᠯ᠂ ᠬᠤᠷᠢᠶᠠᠩᠭᠤᠢ ᠬᠦᠰᠦᠨᠦᠭ᠌ᠲᠦ ᠪᠠ ᠲᠤᠰᠭᠠᠢ ᠮᠡᠷᠭᠡᠵᠢᠯᠲᠡᠨ᠎ᠤ ᠬᠥᠮᠥᠷᠭᠡ᠎ᠶ᠋ᠢᠨ ᠭᠡᠱᠢᠭᠦᠨ᠎ᠤ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ ( 《ᠭᠤᠶᠤᠴᠢᠯᠠᠯ᠎ᠤᠨ ᠬᠦᠰᠦᠨᠦᠭ᠌ᠲᠦ》 ᠵᠢᠴᠢ ᠭᠡᠷᠡᠴᠢ ᠮᠠᠲ᠋ᠧᠷᠢᠶᠠᠯ )᠎ᠢ ᠬᠠᠮᠲᠤ᠎ᠳᠤ᠎ᠨᠢ ᠮᠠᠨ᠎ᠤ ᠲᠢᠩᠬᠢᠮ᠎ᠤᠨ ᠪᠠᠷᠢᠮᠵᠢᠶ᠎ᠠ᠎ᠶ᠋ᠢᠨ ᠲᠣᠭ᠍ᠲᠠᠭ᠍ᠰᠠᠨ ᠨᠣᠷᠮ᠎ᠠ ᠬᠢᠭᠡᠳ ᠡᠨᠧᠷᠭᠢ ᠠᠷᠪᠢᠯᠠᠬᠤ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠭᠠᠵᠠᠷ ( ᠪᠣᠶ ᠪᠦᠬᠦᠢ ᠮᠠᠲ᠋ᠧᠷᠢᠶᠠᠯ᠎ᠳᠤ ᠴᠥᠮ ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯ᠎ᠢ ᠪᠠᠭ᠍ᠲᠠᠭᠠᠵᠤ᠂ ᠡᠯᠧᠺᠲᠷᠣᠨ ᠪᠢᠴᠢᠭ᠌ᠯᠡᠯ᠎ᠢ ᠱᠢᠤᠳᠠᠨ᠎ᠤ ᠬᠠᠢᠷᠴᠠᠭ᠎ᠲᠤ ᠢᠯᠡᠭᠡᠨ᠎ᠡ ) ᠮᠡᠳᠡᠭᠦᠯᠦᠨ ᠬᠦᠷᠭᠡᠨ᠎ᠡ᠃

( ᠬᠤᠶᠠᠷ ) ᠲᠤᠰᠭᠠᠶ ᠮᠡᠷᠭᠡᠵᠢᠯᠲᠡᠨ᠎ᠤ ᠬᠥᠮᠥᠷᠭᠡ᠎ᠳᠦ ᠬᠥᠳᠡᠯᠦᠩᠭᠦᠶ᠎ᠪᠠᠷ ᠱᠢᠨᠡᠳᠭᠡᠬᠦ᠌᠎ᠶ᠋ᠢ ᠬᠡᠷᠡᠭ᠌ᠵᠢᠭᠦᠯᠵᠦ᠍᠂ ᠨᠢᠭᠡᠨᠲᠡ ᠬᠥᠮᠥᠷᠭᠡ᠎ᠳᠦ ᠪᠠᠢᠭ᠎ᠠ ᠲᠤᠰᠭᠠᠶ ᠮᠡᠷᠭᠡᠵᠢᠯᠲᠡᠨ ᠲᠣᠰ ᠤᠳᠠᠭ᠎ᠠ ᠴᠤ᠌ ᠮᠡᠳᠡᠭᠡ ᠵᠠᠩᠭᠢ᠎ᠪᠠᠨ ᠳᠠᠬᠢᠨ ᠭᠤᠶᠤᠴᠢᠯᠠᠨ ᠮᠡᠳᠡᠭᠦᠯᠬᠦ᠌᠎ᠶ᠋ᠢᠨ ᠬᠠᠮᠲᠤ ᠱᠢᠨᠡᠳᠭᠡᠬᠦ᠌ ᠬᠡᠷᠡᠭ᠌ᠲᠡᠶ᠂ ᠱᠢᠨ᠎ᠡ᠎ᠪᠠᠷ ᠮᠡᠳᠡᠭᠦᠯᠦᠭ᠌ᠰᠡᠨ ᠦᠭᠡᠢ ᠪᠣᠯ ᠪᠤᠯᠢᠭ᠍ᠰᠠᠨ᠎ᠢᠶᠠᠷ ᠦᠵᠡᠨ᠎ᠡ᠃

( ᠭᠤᠷᠪᠠ ) ᠭᠤᠶᠤᠴᠢᠯᠠᠨ ᠮᠡᠳᠡᠭᠦᠯᠦᠭ᠌ᠴᠢ ᠲᠠᠭ᠍ᠯᠠᠨ ᠮᠡᠳᠡᠭᠦᠯᠦᠭ᠌ᠰᠡᠨ ᠠᠵᠢᠯ᠎ᠤᠨ ᠪᠦᠲᠦᠮᠵᠢ᠎ᠶ᠋ᠢᠨ ᠦᠨᠡᠨ ᠪᠣᠳᠠᠲᠤ ᠴᠢᠨᠠᠷ ᠎ᠲᠤ ᠎ᠪᠠᠨ ᠬᠠᠷᠢᠭᠤᠴᠠᠨ᠎ᠠ ᠃

ᠬᠠᠷᠢᠯᠴᠠᠬᠤ ᠬᠥᠮᠦᠨ᠄ ᠢᠦᠶ ᠶᠠᠩ᠂ ᠬᠤᠸᠠᠩ ᠴᠦᠨ ᠢᠦᠶ᠂ ᠸᠠᠩ ᠯᠢ ᠵᠢᠶᠦ᠋ᠨ

ᠬᠠᠷᠢᠯᠴᠠᠬᠤ ᠤᠲᠠᠰᠤ᠄ 0471-3240934᠂ ᠭᠠᠷ ᠤᠲᠠᠰᠤ 17704802852

ᠡᠯᠸᠺᠲᠷᠣᠨ ᠱᠢᠤᠳᠠᠨ᠎ᠤ ᠬᠠᠢᠷᠴᠠᠭ᠄ 164667907@qq.com

ᠮᠡᠳᠡᠭᠡᠯᠡᠯ᠎ᠦᠨ ᠬᠠᠶᠢᠭ᠄ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠵᠢᠨ ᠴᠢᠶᠤᠤ ᠨᠡᠭᠡᠭᠡᠯᠲᠡ᠎ᠶ᠋ᠢᠨ ᠲᠣᠭᠤᠷᠢᠭ᠎ᠤᠨ ᠬᠢᠩᠭᠠᠨ ᠡᠮᠦᠨ᠎ᠡ ᠵᠠᠮ᠎ᠤᠨ᠎ᠶ᠋ᠢᠨ ᠱᠢᠶᠠᠩ ᠵᠢᠶᠠ ᠶᠤᠸᠠᠨ B12 ᠳ᠋ᠤᠭᠠᠷ ᠠᠰᠠᠷ᠎ᠤᠨ ᠥᠪᠡᠷᠲᠡᠭᠡᠨ ᠵᠠᠰᠠᠬᠤ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠶᠠᠰᠤ ᠴᠢᠨᠠᠷ᠎ᠢ ᠬᠢᠨᠠᠨ ᠲᠣᠭ᠍ᠲᠠᠭᠠᠬᠤ ᠪᠠ ᠡᠨᠧᠷᠭᠢ᠎ᠶ᠋ᠢᠨ ᠠᠱᠢᠭ᠍ᠯᠠᠮᠵᠢ᠎ᠶ᠋ᠢ ᠱᠢᠯᠭᠠᠨ ᠲᠣᠭ᠍ᠲᠠᠭᠠᠬᠤ ᠲᠥᠪ

 

ᠳᠠᠭᠠᠯᠳᠤᠭᠤᠯᠤᠯ᠄

1. ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠪᠣᠬᠢᠷᠳᠦᠯ ᠦᠭᠡᠢ ᠪᠠᠷᠢᠯᠭ᠎ᠠ᠎ᠶ᠋ᠢᠨ ᠢᠯᠡᠳᠭᠡᠯᠲᠡ ᠶ᠋ᠢᠨ ᠲᠣᠰᠭᠠᠢ ᠮᠡᠷᠭᠡᠵᠢᠯᠳᠡᠨ᠎ᠤ ᠭᠤᠶᠤᠴᠢᠯᠠᠯ᠎ᠤᠨ ᠬᠦᠰᠦᠨᠦᠭ᠌ᠲᠦ

2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠳᠤᠯ ᠦᠭᠡᠢ ᠪᠠᠷᠢᠯᠭ᠎ᠠ᠎ᠶ᠋ᠢᠨ ᠢᠯᠡᠳᠭᠡᠯᠲᠡ᠎ᠶ᠋ᠢᠨ ᠲᠤᠰᠭᠠᠢ ᠮᠡᠷᠭᠡᠵᠢᠯᠲᠡᠨ᠎ᠤ ᠬᠥᠮᠥᠷᠭᠡ᠎ᠶ᠋ᠢᠨ ᠭᠡᠱᠢᠭᠦᠨ᠎ᠤ ᠲᠠᠨᠢᠯᠴᠠᠭᠤᠯᠬᠤ ᠬᠤᠷᠢᠶᠠᠩᠭᠤᠢ ᠬᠦᠰᠦᠨᠦᠭ᠌ᠲᠦ


                                                                  2025 ᠣᠨ᠎ᠤ 9 ᠳ᠋ᠤᠭᠡᠷ ᠰᠠᠷ᠎ᠠ᠎ᠶ᠋ᠢᠨ 30 ᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ