ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠦᠢᠯᠡᠰ᠎ᠤᠨ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ ᠎ᠶ᠋ᠢᠨ ᠠᠵᠢᠯ᠎ᠢ ᠴᠢᠩᠭᠠᠳᠭᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠮᠡᠳᠡᠭ᠌ᠳᠡᠯ
2025-10-15

ᠥᠪᠥᠷ ᠪᠠᠢᠭᠤᠯᠤᠯᠲᠠ ᠪᠠᠷᠢᠮᠵᠢᠶ᠎ᠠ ᠵᠠᠬᠢᠳᠠᠯ [ 2025 ] 334 ᠳ᠋ᠤᠭᠡᠷ ᠲᠣᠭᠠᠲᠤ

 

ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠡᠯ᠎ᠡ ᠬᠤᠯᠪᠣᠭ᠍ᠳᠠᠯ ᠪᠦᠬᠦᠢ ᠨᠢᠭᠡᠴᠢ᠎ᠳᠤ᠄

《〈ᠦᠨᠡᠮᠯᠡᠯ ᠪᠠ ᠭᠡᠷᠡᠴᠢ᠎ᠶ᠋ᠢ ᠰᠠᠯᠭᠠᠬᠤ〉ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭ᠌ᠵᠢᠭᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠮᠡᠳᠡᠭ᠌ᠳᠡᠯ》 ( ᠲᠥᠷᠥ᠍ ᠲᠠᠷᠬᠠᠭᠠᠭ᠍ᠰᠠᠨ [ 2021 ] 7 ᠳ᠋ᠤᠭᠠᠷ ᠲᠣᠭᠠᠲᠤ )᠂ 《ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠤᠨ ᠬᠢᠷᠢ ᠬᠡᠮ᠎ᠢ ᠬᠢᠨᠠᠨ ᠵᠥᠪᠱᠢᠶᠡᠷᠡᠬᠦ᠌᠎ᠶ᠋ᠢ ᠬᠦᠴᠦᠨ ᠥᠬᠡᠶ ᠪᠣᠯᠭᠠᠵᠤ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭ᠌ᠳᠡᠯ》 ( ᠪᠥᠲᠥᠭᠡᠨ ᠪᠠᠢᠭᠤᠯᠤᠯᠲᠠ ᠢᠯᠡᠳᠭᠡᠯᠲᠡ [ 2021 ] 26 ᠳ᠋ᠤᠭᠠᠷ ᠲᠣᠭᠠᠲᠤ ) ᠵᠡᠷᠭᠡ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂《ᠪᠠᠭᠤᠯᠭᠠᠬᠤ ᠬᠠᠮᠢᠶᠠᠷᠬᠤ ᠦᠢᠯᠡᠴᠢᠯᠡᠬᠦ᠌》ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ᠂ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ ᠪᠠ ᠳᠠᠩᠰᠠᠯᠠᠭᠤᠯᠤᠭ᠍ᠰᠠᠨ ᠥᠷᠲᠡᠭ᠎ᠤᠨ ᠢᠨᠵᠧᠨᠧᠷ᠎ᠤᠨ ᠠᠵᠢᠯ ᠡᠷᠬᠢᠯᠡᠬᠦ᠌ ᠦᠢᠯᠡ ᠠᠵᠢᠯᠯᠠᠭ᠎ᠠ᠎ᠶ᠋ᠢ ᠵᠢᠷᠤᠮᠵᠢᠭᠤᠯᠤᠨ᠂ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶ᠋ᠢ ᠠᠬᠢᠭᠤᠯᠵᠤ᠂ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠵᠠᠬ᠎ᠠ ᠳᠡᠯᠭᠡᠭᠦᠷ᠎ᠤᠨ ᠰᠠᠢᠨ ᠰᠠᠢᠬᠠᠨ ᠡᠮᠬᠢ ᠳᠢᠭ᠌ᠯᠢᠮ᠎ᠢ ᠬᠠᠮᠠᠭᠠᠯᠠᠨ᠂ ᠡᠳᠦᠭᠡ ᠬᠤᠯᠪᠣᠭ᠍ᠳᠠᠯ ᠪᠦᠬᠦᠢ ᠵᠦᠢᠯᠡᠰ᠎ᠢ ᠳᠣᠣᠷᠠᠬᠢ ᠮᠡᠲᠦ ᠮᠡᠳᠡᠭ᠌ᠳᠡᠶ᠎ᠡ᠄

ᠨᠢᠭᠡ᠂ ᠥᠷᠲᠡᠭ᠎ᠤᠨ ᠵᠥᠪᠳᠡᠨ ᠯᠠᠪᠯᠠᠬᠤ ᠠᠵᠢᠯ ᠲᠥᠷᠥᠯ᠎ᠦᠨ ᠠᠵᠢᠯ ᠡᠷᠬᠢᠯᠡᠬᠦ᠌ ᠦᠢᠯᠡ ᠠᠵᠢᠯᠯᠠᠭ᠎ᠠ᠎ᠶ᠋ᠢ ᠵᠢᠷᠤᠮᠵᠢᠭᠤᠯᠤᠨ᠎ᠠ

( ᠨᠢᠭᠡ ) ᠬᠠᠤᠯᠢ ᠶᠣᠰᠣ᠎ᠪᠠᠷ ᠵᠥᠪᠳᠡᠨ ᠯᠠᠪᠯᠠᠬᠤ ᠦᠢᠯᠡᠰ᠎ᠢ ᠳᠠᠭᠠᠭᠠᠴᠢᠯᠠᠨ᠎ᠠ

ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠤᠳ ᠡᠵᠡᠩᠨᠡᠯᠲᠡ᠎ᠶ᠋ᠢᠨ ᠦᠨᠡᠮᠯᠡᠯ ᠶᠣᠰᠣᠭᠠᠷ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠢᠯ ᠥᠷᠨᠢᠭᠦᠯᠵᠦ᠍᠂ ᠤᠯᠤᠰ ᠬᠢᠭᠡᠳ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠪᠠᠷᠢᠮᠵᠢᠶ᠎ᠠ᠎ᠶ᠋ᠢᠨ ᠵᠢᠷᠤᠮᠵᠢᠯ᠎ᠤᠨ ᠬᠣᠯᠪᠣᠭ᠍ᠳᠠᠯ ᠪᠦᠬᠦᠢ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠬᠠᠤᠯᠢ ᠶᠣᠰᠣᠭᠠᠷ ᠪᠡᠶ᠎ᠡ᠎ᠪᠡᠨ ᠳᠠᠭᠠᠭᠠᠬᠤ᠂ ᠪᠤᠰᠤᠳᠴᠢ ᠪᠥᠭᠡᠳ ᠲᠥᠪ ᠭᠣᠤᠯᠴᠢ᠂ ᠦᠨᠡᠨᠴᠢ ᠢᠲᠡᠭᠡᠮᠵᠢ᠎ᠲᠡᠶ ᠪᠠᠢᠬᠤ ᠵᠠᠷᠴᠢᠮ᠎ᠢ ᠪᠠᠷᠢᠮᠲᠠᠯᠠᠵᠤ ᠪᠠᠢᠭᠠᠳ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠢᠯᠯᠠᠭ᠎ᠠ ᠬᠢᠬᠦ᠌ ᠬᠡᠷᠡᠭ᠌ᠲᠡᠶ᠃ ᠢᠨᠵᠧᠨᠧᠷᠢᠩ᠎ᠤᠨ ᠪᠠᠢᠭᠤᠯᠤᠭ᠍ᠰᠠᠨ ᠦᠨ᠎ᠡ᠎ᠶ᠋ᠢ ᠳᠡᠭᠡᠭ᠌ᠰᠢᠯᠡᠭᠦᠯᠬᠦ᠌᠎ᠯᠦᠭᠡ ᠰᠥᠯᠪᠡᠭᠡᠯᠳᠦᠬᠦ᠂ ᠢᠨᠵᠧᠨᠧᠷᠢᠩ᠎ᠤᠨ ᠪᠠᠢᠭᠤᠯᠤᠭ᠍ᠰᠠᠨ ᠦᠨ᠎ᠡ᠎ᠶ᠋ᠢ ᠳᠡᠭᠡᠭ᠌ᠰᠢᠯᠡᠭᠦᠯᠬᠦ᠌ ᠪᠤᠶᠤ ᠪᠠᠭᠠᠰᠭᠠᠬᠤ ᠵᠡᠷᠭᠡ ᠦᠢᠯᠡ ᠠᠵᠢᠯᠯᠠᠭ᠎ᠠ᠎ᠶ᠋ᠢ ᠴᠢᠩᠭ᠎ᠠ ᠴᠠᠭᠠᠵᠠᠯᠠᠵᠤ᠂ ᠠᠵᠢᠯ ᠡᠷᠬᠢᠯᠡᠬᠦ᠌ ᠦᠢᠯᠡ ᠠᠵᠢᠯᠯᠠᠭ᠎ᠠ᠎ᠶ᠋ᠢ ᠢᠲᠡᠭᠡᠮᠵᠢ᠎ᠶ᠋ᠢᠨ ᠦᠨᠡᠯᠡᠯᠲᠡ ᠬᠠᠮᠢᠶᠠᠷᠤᠯᠲᠠ᠎ᠶ᠋ᠢᠨ ᠳᠦᠷᠢᠮ᠎ᠳᠦ ᠣᠷᠣᠭᠤᠯᠬᠤ᠎ᠶ᠋ᠢᠨ ᠬᠠᠮᠲᠤ ᠨᠡᠢᠭᠡᠮ᠎ᠦᠨ ᠬᠢᠨᠠᠯᠲᠠ ᠲᠠᠯᠪᠢᠬᠤ᠎ᠶ᠋ᠢ ᠬᠦᠯᠢᠶᠡᠬᠦ᠌ ᠬᠡᠷᠡᠭ᠌ᠲᠡᠶ᠃

( ᠬᠤᠶᠠᠷ ) ᠥᠷᠲᠡᠭ᠎ᠤᠨ ᠵᠥᠪᠳᠡᠨ ᠯᠠᠪᠯᠠᠬᠤ ᠦᠢᠯᠡᠴᠢᠯᠡᠭᠡᠨ᠎ᠦ ᠶᠠᠰᠤ ᠴᠢᠨᠠᠷ᠎ᠢ ᠦᠨᠡᠨ ᠬᠦ᠌ ᠳᠡᠭᠡᠭ᠌ᠱᠢᠯᠡᠭᠦᠯᠦᠨ᠎ᠡ

ᠢᠨᠵᠧᠨᠧᠷᠢᠩ᠎ᠦᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ ᠨᠢ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠵᠦ᠍᠂ ᠵᠣᠬᠢᠴᠠᠩᠭᠤᠶ ᠪᠦᠬᠦᠢ ᠲᠤᠬᠠᠢᠯᠠᠭ᠍ᠰᠠᠨ ᠠᠵᠢᠯ᠎ᠢ ᠳᠠᠭᠠᠭᠠᠨ ᠠᠪᠬᠤ ᠴᠢᠳᠠᠪᠤᠷᠢ᠎ᠶ᠋ᠢ ᠪᠦᠷᠢᠳᠦᠭᠦᠯᠵᠦ᠍᠂ ᠳᠠᠭᠠᠭᠠᠨ ᠠᠪᠬᠤ ᠲᠤᠬᠠᠢᠯᠠᠭ᠍ᠰᠠᠨ ᠠᠵᠢᠯ᠎ᠤᠨ ᠲᠤᠰᠭᠠᠶ ᠮᠡᠷᠭᠡᠵᠢᠯ᠎ᠯᠦᠭᠡ ᠬᠠᠷᠢᠯᠴᠠᠨ ᠵᠣᠬᠢᠴᠠᠯᠳᠤᠭ᠍ᠰᠠᠨ ᠪᠥᠭᠡᠳ ᠲᠤᠰ ᠠᠵᠤ ᠠᠬᠤᠢᠯᠠᠯ᠎ᠳᠦ᠎ᠪᠡᠨ ᠨᠡᠢᠭᠡᠮ᠎ᠦᠨ ᠳᠠᠭᠠᠳᠭᠠᠯ᠎ᠤᠨ ᠳᠠᠩᠰᠠᠯᠠᠭᠤᠯᠤᠭ᠍ᠰᠠᠨ ᠥᠷᠲᠡᠭ᠎ᠤᠨ ᠢᠨᠵᠧᠨᠧᠷ᠎ᠢ ᠠᠳᠠᠭ᠎ᠲᠤ᠎ᠪᠠᠨ ᠭᠤᠷᠪᠠᠨ ᠨᠡᠷ᠎ᠡ ᠲᠣᠬᠢᠷᠠᠭᠤᠯᠵᠤ᠂ ᠠᠵᠤ ᠠᠬᠤᠢᠯᠠᠯ᠎ᠤᠨ ᠳᠣᠲᠣᠭᠠᠳᠤ᠎ᠶ᠋ᠢᠨ ᠭᠤᠷᠪᠠᠨ ᠱᠠᠲᠤᠨ᠎ᠤ ᠳᠠᠬᠢᠨ ᠬᠢᠨᠠᠬᠤ ᠳᠦᠷᠢᠮ᠎ᠢ ᠨᠠᠢᠳᠠᠪᠤᠷᠢᠵᠢᠭᠤᠯᠤᠨ᠂ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠶᠠᠰᠤ ᠴᠢᠨᠠᠷ᠎ᠢ ᠪᠠᠲᠤᠯᠠᠬᠤ ᠬᠡᠷᠡᠭ᠌ᠲᠡᠶ᠃ ᠵᠥᠪᠳᠡᠨ ᠯᠠᠪᠯᠠᠬᠤ ᠠᠵᠤ ᠠᠬᠤᠢᠯᠠᠯ᠎ᠤᠨ ᠬᠢᠵᠦ᠍ ᠥᠭ᠌ᠭᠦᠭ᠌ᠰᠡᠨ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠦᠷ᠎ᠡ ᠪᠦᠲᠦᠭᠡᠯ᠎ᠦᠨ ᠪᠢᠴᠢᠭ ᠮᠠᠲ᠋ᠧᠷᠢᠶᠠᠯ᠎ᠤᠨ ᠠᠭᠤᠯᠭ᠎ᠠ᠂ ᠵᠠᠭ᠍ᠪᠤᠷ᠂ ᠭᠦᠨᠴᠡ ᠪᠠ ᠣᠨᠣᠪᠴᠢ᠎ᠶ᠋ᠢᠨ ᠬᠡᠮᠵᠢᠶ᠎ᠡ ᠨᠢ ᠢᠨᠵᠧᠨᠧᠷᠢᠩ᠎ᠤᠨ ᠬᠡᠪᠴᠢᠶ᠎ᠡ᠂ ᠣᠨᠴᠠᠯᠢᠭ᠎ᠯᠤᠭ᠎ᠠ ᠲᠣᠬᠢᠷᠠᠯᠴᠠᠨ᠂ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠬᠠᠤᠯᠢ ᠴᠠᠭᠠᠵᠠ ᠬᠠᠤᠯᠢ ᠲᠣᠭ᠍ᠲᠠᠭᠠᠯ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠵᠡᠷᠭᠡ᠎ᠶ᠋ᠢᠨ ᠱᠠᠭᠠᠷᠳᠠᠯᠭ᠎ᠠ᠎ᠳᠤ ᠨᠡᠢᠴᠡᠵᠦ᠍᠂ ᠬᠠᠮᠢᠶ᠎ᠠ ᠪᠦᠬᠦᠢ ᠪᠠᠷᠢᠮᠵᠢᠶ᠎ᠠ᠂ ᠵᠢᠷᠤᠮᠵᠢᠯ᠂ ᠮᠡᠷᠭᠡᠵᠢᠯ᠎ᠦᠨ ᠪᠢᠴᠢᠭ ᠮᠠᠲ᠋ᠧᠷᠢᠶᠠᠯ᠎ᠤᠨ ᠲᠣᠭ᠍ᠲᠠᠭᠠᠯ᠎ᠢ ᠵᠢᠷᠤᠮᠯᠠᠬᠤ ᠬᠡᠷᠡᠭ᠌ᠲᠡᠶ; ᠥᠷᠲᠡᠭ᠎ᠤᠨ ᠠᠵᠢᠯᠲᠠᠨ ᠠᠵᠢᠯ ᠡᠷᠬᠢᠯᠡᠬᠦ᠌ ᠬᠠᠮᠢᠶ᠎ᠠ ᠪᠦᠬᠦᠢ ᠲᠣᠭ᠍ᠲᠠᠭᠠᠯ᠎ᠢ ᠵᠢᠷᠤᠮᠯᠠᠨ ᠰᠠᠬᠢᠵᠤ᠂ ᠥᠷᠲᠡᠭ᠎ᠤᠨ ᠵᠥᠪᠳᠡᠨ ᠯᠠᠪᠯᠠᠬᠤ ᠦᠷ᠎ᠡ ᠪᠦᠲᠦᠭᠡᠯ᠎ᠦᠨ ᠪᠢᠴᠢᠭ ᠮᠠᠲ᠋ᠧᠷᠢᠶᠠᠯ᠎ᠤᠨ ᠶᠠᠰᠤ ᠴᠢᠨᠠᠷ᠎ᠲᠤ ᠨᠠᠰᠤᠨ ᠲᠤᠷᠱᠢᠳᠠ ᠬᠠᠷᠢᠭᠤᠴᠠᠯᠭ᠎ᠠ ᠡᠭᠦᠷᠭᠡᠯᠡᠬᠦ᠌ ᠬᠡᠷᠡᠭ᠌ᠲᠡᠶ᠃

( ᠭᠤᠷᠪᠠ ) ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠦᠢᠯᠡᠰ᠎ᠦᠨ ᠬᠥᠭ᠌ᠵᠢᠯᠲᠡ᠎ᠶ᠋ᠢᠨ ᠰᠠᠢᠨ ᠣᠷᠴᠢᠨ ᠲᠣᠭᠣᠷᠢᠨ᠎ᠢ ᠪᠤᠢ ᠪᠣᠯᠭᠠᠨ᠎ᠠ

ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢᠨ ᠪᠦᠬᠦ᠌ ᠶᠠᠪᠤᠴᠠ᠎ᠶ᠋ᠢᠨ ᠬᠠᠮᠢᠶᠠᠷᠤᠯᠲᠠ᠎ᠳᠠᠬᠢ ᠢᠨᠵᠧᠨᠧᠷᠢᠩ᠎ᠤᠨ ᠥᠷᠲᠡᠭ᠎ᠤᠨ ᠬᠥᠲᠥᠯᠥᠨ ᠵᠢᠯᠣᠭᠣᠳᠭᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠤᠨ ᠪᠦᠬᠦ᠌ ᠶᠠᠪᠤᠴᠠ᠎ᠶ᠋ᠢᠨ ᠢᠨᠵᠧᠨᠧᠷᠢᠩ᠎ᠦᠨ ᠵᠥᠪᠳᠡᠨ ᠯᠠᠪᠯᠠᠬᠤ ᠴᠢᠳᠠᠪᠤᠷᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠤᠨ ᠨᠡᠢᠯᠡᠭᠦᠯᠦᠨ ᠪᠡᠯᠡ ᠣᠷᠤᠭᠤᠯᠤᠯᠲᠠ᠎ᠶ᠋ᠢᠨ ᠵᠥᠪᠳᠡᠨ ᠯᠠᠪᠯᠠᠬᠤ᠂ ᠬᠠᠢᠨ ᠪᠠᠢᠴᠠᠭᠠᠬᠤ᠂ ᠵᠢᠷᠤᠭ᠍ᠯᠠᠨ ᠲᠥᠯᠥᠪᠯᠡᠬᠦ᠌᠂ ᠬᠢᠨᠠᠨ ᠬᠠᠮᠢᠶᠠᠷᠬᠤ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠵᠡᠷᠭᠡ ᠲᠤᠬᠠᠢᠯᠠᠭ᠍ᠰᠠᠨ ᠠᠵᠢᠯ᠎ᠢ ᠵᠣᠷᠢᠭ᠍ᠵᠢᠭᠤᠯᠤᠨ ᠬᠣᠯᠪᠣᠭᠠᠯᠠᠨ ᠡᠵᠡᠩᠨᠡᠬᠦ᠌᠎ᠶ᠋ᠢ ᠥᠷᠨᠢᠭᠦᠯᠵᠦ᠍᠂ ᠲᠥᠰᠦᠯ᠎ᠢ ᠠᠳᠠᠯᠢᠳᠭᠠᠨ ᠰᠣᠩᠭᠣᠬᠤ᠂ ᠵᠢᠷᠤᠭ᠍ᠯᠠᠨ ᠲᠥᠯᠥᠪᠯᠡᠬᠦ᠌᠎ᠶ᠋ᠢ ᠱᠢᠯᠢᠳᠡᠭ᠌ᠵᠢᠭᠦᠯᠦᠨ᠂ ᠪᠠᠷᠢᠯᠭ᠎ᠠ ᠪᠠᠷᠢᠬᠤ᠎ᠳᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠭᠡᠷ᠎ᠡ᠎ᠶ᠋ᠢᠨ ᠪᠢᠴᠢᠭ᠎ᠲᠦ ᠢᠨᠵᠧᠨᠧᠷᠢᠩ᠎ᠤᠨ ᠥᠷᠲᠡᠭ᠎ᠤᠨ ᠵᠠᠩᠭᠢᠯᠠᠭ᠎ᠠ᠎ᠶ᠋ᠢᠨ ᠵᠦᠢᠯ ᠵᠤᠷᠪᠤᠰ᠎ᠲᠤ ᠲᠤᠰᠭᠠᠶ ᠰᠠᠨᠠᠯ ᠳᠤᠷᠠᠳᠤᠨ᠎ᠠ᠃ ᠬᠣᠷᠱᠢᠬᠤ ᠳᠦᠷᠢᠮᠲᠦ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠢ ᠲᠦᠯᠬᠢᠨ ᠠᠬᠢᠭᠤᠯᠤᠨ᠎ᠠ᠃ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠵᠤ᠂ ᠠᠵᠢᠯ ᠡᠷᠬᠢᠯᠡᠭ᠌ᠴᠢᠳ᠎ᠦᠨ ᠳᠠᠭᠠᠳᠭᠠᠯ᠎ᠤᠨ ᠳᠦᠷᠢᠮ᠎ᠢ ᠠᠯᠬᠤᠮ ᠠᠯᠬᠤᠮ᠎ᠢᠶᠠᠷ ᠪᠠᠢᠭᠤᠯᠤᠨ᠎ᠠ᠃

ᠬᠤᠶᠠᠷ᠂ ᠨᠠᠢᠳᠠᠭ᠍ᠴᠢ᠎ᠶ᠋ᠢᠨ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠨᠠᠢᠳᠠᠪᠤᠷᠢᠵᠢᠭᠤᠯᠤᠨ᠎ᠠ

( ᠨᠢᠭᠡ ) ᠥᠷᠲᠡᠭ᠎ᠤᠨ ᠵᠥᠪᠳᠡᠨ ᠯᠠᠪᠯᠠᠬᠤ ᠠᠵᠦ᠍ ᠠᠬᠤᠢᠯᠠᠯ᠎ᠤᠨ ᠱᠢᠯᠢᠳᠡᠭ᠎ᠢ ᠨᠢ ᠰᠣᠭ᠍ᠭᠣᠵᠣ ᠬᠡᠷᠡᠭ᠌ᠯᠡᠬᠦ᠌

ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠦᠢᠯᠡᠴᠢᠯᠡᠭᠡᠨ᠎ᠦ ᠨᠠᠢᠳᠠᠭ᠍ᠴᠢ ᠨᠢ ᠡᠷᠬᠡ ᠲᠡᠭ᠌ᠰᠢ᠎ᠪᠡᠷ ᠥᠷᠢᠰᠥᠯᠳᠦᠬᠦ᠌ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ ᠎ᠢ ᠤᠬᠠᠮᠰᠠᠷ᠎ᠠᠴᠠ᠎ᠪᠠᠨ ᠬᠠᠮᠠᠭᠠᠯᠠᠵᠤ᠂ ᠢᠯᠡ᠂ ᠡᠷᠬᠡ ᠲᠡᠭ᠌ᠰᠢ᠂ ᠲᠥᠪ ᠭᠣᠤᠯᠴᠢ᠂ ᠱᠢᠯᠢᠳᠡᠭ᠎ᠢ ᠨᠢ ᠰᠣᠩᠭᠣᠬᠤ ᠵᠠᠷᠴᠢᠮ᠎ᠢ ᠵᠢᠷᠤᠮᠯᠠᠨ᠂ ᠪᠠᠷᠢᠯᠭ᠎ᠠ ᠪᠠᠷᠢᠭᠤᠯᠬᠤ ᠨᠢᠭᠡᠴᠢ᠎ᠶ᠋ᠢ ᠵᠣᠷᠢᠭ᠍ᠵᠢᠭᠤᠯᠤᠨ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶ᠎ᠠ᠎ᠶ᠋ᠢᠨ ᠲᠠᠪᠴᠠᠩ᠎ᠢᠶᠠᠷ ᠳᠠᠮᠵᠢᠨ ᠢᠯᠡ᠎ᠪᠡᠷ ᠳᠠᠭᠠᠭᠠᠴᠢᠯᠠᠯᠲᠠ ᠵᠠᠷᠯᠠᠬᠤ ᠪᠤᠶᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠠᠷᠭ᠎ᠠ ᠮᠠᠶᠢᠭ᠎ᠢ ᠠᠪᠴᠤ᠌᠂ ᠵᠣᠬᠢᠬᠤ ᠴᠢᠳᠠᠪᠤᠷᠢ ᠪᠠ ᠬᠥᠷᠥᠩᠭᠡ᠎ᠶ᠋ᠢᠨ ᠢᠲᠡᠭᠡᠮᠵᠢ᠎ᠶ᠋ᠢᠨ ᠬᠢᠷᠢ ᠬᠡᠮᠵᠢᠶ᠎ᠡ᠎ᠲᠡᠶ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠢ ᠰᠣᠩᠭᠣᠨ ᠲᠣᠭ᠍ᠲᠠᠭᠠᠬᠤ ᠬᠡᠷᠡᠭ᠌ᠲᠡᠶ᠃

( ᠬᠤᠶᠠᠷ ) ᠬᠠᠤᠯᠢ ᠶᠣᠰᠣ᠎ᠪᠠᠷ ᠵᠥᠪᠳᠡᠨ ᠯᠠᠪᠯᠠᠬᠤ ᠭᠡᠷ᠎ᠡ ᠳᠤᠭ᠍ᠲᠠᠬᠤ

ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢᠨ ᠨᠢᠭᠡᠴᠢ ( ᠨᠠᠢᠳᠠᠭ᠍ᠴᠢ ) ᠭᠡᠷ᠎ᠡ ᠲᠣᠭ᠍ᠲᠠᠬᠤ ᠦᠶ᠎ᠡ᠎ᠳᠤ 《ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠭᠡᠷ᠎ᠡ ( ᠵᠢᠱ᠌ᠢᠶ᠎ᠡ ᠦᠵᠡᠭᠦᠯᠬᠦ᠌ ᠲᠣᠪᠬᠢᠮᠠᠯ )》 ( GF - 2015 - 0212 )᠂ 《ᠬᠡᠷ ᠪᠠᠢᠱᠢᠩ᠎ᠤᠨ ᠪᠠᠷᠢᠯᠭ᠎ᠠ ᠪᠠ ᠬᠤᠲᠠ᠎ᠶ᠋ᠢᠨ ᠶᠠᠪᠤᠳᠠᠯ᠎ᠤᠨ ᠰᠠᠭᠤᠷᠢ ᠲᠥᠬᠥᠭᠡᠷᠦᠮᠵᠢ᠎ᠶ᠋ᠢᠨ ᠲᠥᠷᠥᠯ ᠵᠦᠢᠯ᠎ᠤᠨ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠪᠥᠬᠦ᠌ ᠶᠠᠪᠤᠴᠠ᠎ᠶ᠋ᠢᠨ ᠵᠥᠪᠳᠡᠨ ᠯᠠᠪᠯᠠᠬᠤ ᠦᠢᠯᠡᠴᠢᠯᠡᠭᠡᠨ᠎ᠤ ᠭᠡᠷ᠎ᠡ》 ( GF-2024-2612 ) ᠬᠢᠭᠡᠳ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠯᠤᠭ᠎ᠠ ᠪᠢᠴᠢᠭ᠎ᠤᠨ ᠬᠡᠯᠪᠡᠷᠢ᠎ᠪᠠᠷ ᠨᠠᠢᠳᠠᠯᠭ᠎ᠠ᠎ᠶ᠋ᠢᠨ ᠭᠡᠷ᠎ᠡ ᠲᠣᠭ᠍ᠲᠠᠭᠠᠬᠤ᠎ᠶ᠋ᠢ ᠵᠣᠷᠢᠭ᠍ᠵᠢᠭᠤᠯᠤᠨ᠎ᠠ᠃ ᠵᠥᠪᠳᠡᠨ ᠯᠠᠪᠯᠠᠬᠤ ᠦᠢᠯᠡᠴᠢᠯᠡᠭᠡᠨ᠎ᠤ ᠠᠭᠤᠯᠭ᠎ᠠ᠂ ᠬᠦᠷᠢᠶ᠎ᠡ ᠬᠡᠪᠴᠢᠶ᠎ᠡ᠂ ᠬᠤᠶᠠᠷ ᠲᠠᠯ᠎ᠠ᠎ᠶ᠋ᠢᠨ ᠡᠭᠦᠷᠭᠡ᠂ ᠡᠷᠬᠡ ᠠᠱᠢᠭ᠂ ᠬᠠᠷᠢᠭᠤᠴᠠᠯᠭ᠎ᠠ᠂ ᠦᠢᠯᠡᠴᠢᠯᠡᠭᠡᠨ᠎ᠤ ᠦᠶᠡᠯᠡᠯ᠎ᠤᠨ ᠬᠤᠭᠤᠴᠠᠭ᠎ᠠ᠂ ᠦᠢᠯᠡᠴᠢᠯᠡᠭᠡᠨ᠎ᠤ ᠬᠠᠷᠠᠮᠵᠢ᠎ᠶ᠋ᠢᠨ ᠮᠥᠩᠭᠦ᠌᠂ ᠲᠣᠭᠠᠴᠠᠭ᠎ᠠ ᠬᠢᠬᠦ᠌ ᠠᠷᠭ᠎ᠠ ᠮᠠᠶᠢᠭ ᠵᠢᠴᠢ ᠦᠷ᠎ᠡ ᠪᠦᠲᠦᠭᠡᠯ᠎ᠤᠨ ᠪᠢᠴᠢᠭ ᠮᠠᠲ᠋ᠧᠷᠢᠶᠠᠯ᠎ᠤᠨ ᠢᠯᠡᠷᠡᠬᠦ᠌ ᠬᠡᠯᠪᠡᠷᠢ ᠵᠡᠷᠭᠡ ᠱᠠᠭᠠᠷᠳᠠᠯᠭ᠎ᠠ᠎ᠶ᠋ᠢ ᠲᠣᠳᠣᠷᠬᠠᠢᠯᠠᠨ᠎ᠠ᠃ 《 ᠠᠷᠭ᠎ᠠ ᠪᠢᠯᠢᠭ ᠭᠡᠷ᠎ᠡ》ᠲᠣᠭ᠍ᠲᠠᠭᠠᠵᠤ ᠪᠣᠯᠬᠤ ᠦᠭᠡᠶ ; ᠬᠢᠨᠠᠨ ᠬᠠᠰᠤᠬᠤ ᠲᠣᠭ᠎ᠠ᠎ᠪᠠᠷ ᠭᠣᠤᠯ ᠵᠠᠷᠤᠳᠠᠯ ᠪᠣᠳᠣᠬᠤ ᠠᠷᠭ᠎ᠠ ᠮᠠᠶᠢᠭ ᠪᠣᠯᠭᠠᠵᠤ ᠪᠣᠯᠬᠤ ᠦᠭᠡᠶ᠂ ᠬᠡᠷᠪᠡ ᠰᠠᠭᠤᠷᠢ ᠦᠢᠯᠡᠴᠢᠯᠡᠭᠡᠨ᠎ᠦ ᠵᠠᠷᠤᠳᠠᠯ᠂ ᠬᠢᠨᠠᠨ ᠬᠠᠰᠤᠬᠤ ᠦᠢᠯᠡᠴᠢᠯᠡᠭᠡᠨ᠎ᠦ ᠵᠠᠷᠤᠳᠠᠯ ᠵᠡᠷᠭᠡ ᠣᠯᠠᠨ ᠵᠦᠢᠯ᠎ᠦᠨ ᠪᠣᠳᠣᠬᠤ ᠠᠷᠭ᠎ᠠ ᠮᠠᠶᠢᠭ ᠣᠷᠣᠱᠢᠵᠤ ᠪᠠᠢᠪᠠᠯ᠂ ᠦᠢᠯᠡᠴᠢᠯᠡᠭᠡᠨ᠎ᠦ ᠵᠠᠷᠤᠳᠠᠯ᠎ᠢ ᠬᠢᠨᠠᠨ ᠬᠠᠰᠤᠬᠤ᠎ᠪᠠᠷ ᠬᠠᠮᠲᠤ᠎ᠳᠤ ᠨᠢ ᠪᠣᠯᠵᠣᠨ ᠲᠣᠭ᠍ᠲᠠᠭ᠍ᠰᠠᠨ ᠪᠣᠯ ᠦᠢᠯᠡᠴᠢᠯᠡᠭᠡᠨ᠎ᠦ ᠵᠠᠷᠤᠳᠠᠯ᠎ᠤᠨ ᠶᠡᠷᠦᠩᠬᠡᠶ ᠲᠣᠭ᠎ᠠ᠎ᠶ᠋ᠢᠨ 50% ᠎ᠡᠴᠡ ᠬᠡᠲᠦᠷᠡᠭᠦᠯᠵᠦ᠍ ᠪᠣᠯᠬᠤ ᠦᠭᠡᠶ᠃ ᠥᠷᠲᠡᠭ᠎ᠤᠨ ᠵᠥᠪᠳᠡᠨ ᠯᠠᠪᠯᠠᠬᠤ ᠦᠢᠯᠡᠴᠢᠯᠡᠭᠡᠨ᠎ᠦ ᠰᠦᠢᠳᠭᠡᠯ᠎ᠳᠦ ᠱᠢᠯᠢᠳᠡᠭ᠎ᠢ ᠨᠢ ᠦᠨ᠎ᠡ ᠥᠰᠭᠡᠬᠦ᠌ ᠵᠠᠷᠴᠢᠮ᠎ᠢ ᠢᠯᠡᠷᠡᠭᠦᠯᠬᠦ᠌ ᠬᠡᠷᠡᠭ᠌ᠲᠡᠶ᠃

( ᠭᠤᠷᠪᠠ ) ᠨᠠᠢᠳᠠᠭ᠍ᠴᠢ᠎ᠶ᠋ᠢᠨ ᠨᠢᠭᠡᠳᠦᠭᠡᠷ ᠬᠠᠷᠢᠭᠤᠴᠠᠯᠭᠠᠲᠠᠨ᠎ᠤ ᠲᠤᠱᠢᠶᠠᠯ ᠬᠠᠷᠢᠭᠤᠴᠠᠯᠭ᠎ᠠ᠎ᠶ᠋ᠢ  ᠨᠠᠢᠲᠠᠪᠤᠷᠢᠵᠢᠭᠤᠯᠤᠨ᠎ᠠ

ᠨᠠᠢᠳᠠᠭ᠍ᠴᠢ ᠨᠢ ᠤᠯᠤᠰ ᠬᠢᠭᠡᠳ ᠮᠠᠨ᠎ᠤ ᠣᠷᠣᠨ᠎ᠤ ᠦᠨ᠎ᠡ ᠪᠣᠳᠣᠬᠤ ᠲᠥᠷᠥ᠎ᠶ᠋ᠢᠨ ᠪᠣᠳᠣᠯᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠢᠨᠵᠧᠨᠧᠷᠢᠩ᠎ᠤᠨ ᠲᠥᠷᠥᠯ ᠵᠦᠢᠯ᠎ᠦᠨ ᠪᠦᠬᠦ᠌ ᠶᠠᠪᠤᠴᠠ᠎ᠶ᠋ᠢᠨ ᠦᠶᠡᠯᠡᠯ᠎ᠦᠨ ᠬᠤᠭᠤᠴᠠᠭᠠᠨ᠎ᠳᠤ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠢᠯ᠎ᠳᠤ ᠪᠦᠬᠦ᠌ ᠶᠠᠪᠤᠴᠠ᠎ᠶ᠋ᠢ ᠮᠥᠷᠳᠡᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠢᠨᠵᠧᠨᠧᠷᠢᠩ᠎ᠤᠨ ᠥᠷᠲᠡᠭ᠎ᠤᠨ ᠪᠦᠬᠦᠯᠢ ᠴᠣᠭ᠍ᠴᠠ᠎ᠶ᠋ᠢᠨ ᠵᠦᠢ ᠶᠣᠰᠣᠴᠢ ᠴᠢᠨᠠᠷ ᠪᠠ ᠡᠵᠡᠮᠳᠡᠵᠦ᠍ ᠪᠣᠯᠬᠤ ᠴᠢᠨᠠᠷ᠎ᠲᠤ ᠲᠡᠷᠢᠭᠦᠨ ᠴᠢᠬᠤᠯᠠ ᠬᠠᠷᠢᠭᠤᠴᠠᠯᠭ᠎ᠠ᠎ᠶ᠋ᠢ ᠡᠭᠦᠷᠭᠡᠯᠡᠬᠦ᠌ ᠬᠡᠷᠡᠭ᠌ᠲᠡᠶ᠃ ᠨᠠᠢᠲᠠᠭ᠍ᠴᠢ ᠡᠴᠡ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠤᠨ ᠥᠷᠨᠢᠭᠦᠯᠦᠭ᠌ᠰᠡᠨ ᠵᠥᠪᠳᠡᠨ ᠯᠠᠪᠯᠠᠬᠤ ᠦᠢᠯᠡᠴᠢᠯᠡᠭᠡᠨ᠎ᠳᠦ ᠪᠦᠬᠦ᠌ ᠶᠠᠪᠤᠴᠠ᠎ᠶ᠋ᠢᠨ ᠮᠥᠷᠳᠡᠨ ᠬᠠᠮᠢᠶᠠᠷᠤᠯᠲᠠ᠎ᠶ᠋ᠢ ᠴᠢᠩᠭᠠᠳᠭᠠᠨ᠂ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠦᠨ ᠵᠥᠪᠳᠡᠨ ᠯᠠᠪᠯᠠᠬᠤ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭ᠌ᠴᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠬᠠᠤᠯᠢ ᠶᠣᠰᠣᠭᠠᠷ ᠡᠭᠦᠷᠭᠡᠯᠡᠵᠦ᠍᠂ 《ᠨᠢᠭᠡ ᠨᠠᠢᠲᠠᠪᠠᠯ ᠪᠠᠷᠠᠵᠤ》ᠪᠣᠯᠬᠤ ᠦᠭᠡᠢ; ᠨᠠᠢᠳᠠᠭ᠍ᠴᠢ ᠨᠢ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠢ ᠠᠯᠪᠠᠳᠠᠵᠤ ᠪᠠᠢᠭᠠᠳ ᠬᠢᠮᠳᠠ ᠦᠨ᠎ᠡ᠎ᠪᠡᠷ ᠳᠠᠭᠠᠭᠠᠴᠢᠯᠠᠯᠲᠠ ᠵᠠᠷᠯᠠᠭᠤᠯᠬᠤ ᠪᠤᠶᠤ ᠬᠥᠲᠥᠯᠥᠨ ᠵᠢᠯᠣᠭᠣᠳᠴᠤ᠌ ᠪᠣᠯᠬᠤ ᠦᠭᠡᠶ; ᠵᠥᠪᠳᠡᠨ ᠯᠠᠪᠯᠠᠬᠤ ᠨᠢᠭᠡᠴᠢ ᠨᠢ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢᠨ ᠠᠯᠪᠠᠳᠠᠯᠭ᠎ᠠ᠎ᠶ᠋ᠢᠨ ᠴᠢᠨᠠᠷᠲᠠᠶ ᠪᠠᠷᠢᠮᠵᠢᠶ᠎ᠠ᠎ᠠᠴᠠ ᠵᠥᠷᠢᠴᠡᠬᠦ᠌ ᠶ᠋ᠢ ᠢᠯᠡ ᠮᠡᠳᠡᠭ᠌ᠳᠡᠬᠦ᠌ ᠪᠤᠶᠤ ᠳᠠᠯᠳᠠᠭᠤᠷ ᠮᠡᠳᠡᠭ᠌ᠳᠡᠵᠦ᠍ ᠪᠣᠯᠬᠤ ᠦᠭᠡᠢ᠂ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠶᠠᠰᠤ ᠴᠢᠨᠠᠷ᠎ᠢ ᠪᠠᠭᠤᠷᠠᠭᠤᠯᠬᠤ᠎ᠪᠠᠷ ᠱᠠᠭᠠᠷᠳᠠᠵᠤ ᠪᠣᠯᠬᠤ ᠦᠭᠡᠢ;ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ ᠵᠠᠢᠯᠠᠬᠤ ᠵᠠᠷᠴᠢᠮ᠎ᠢ ᠵᠥᠷᠢᠴᠡᠬᠦ᠌ ᠶ᠋ᠢᠨ ᠬᠠᠮᠲᠤ ᠠᠱᠢᠭ ᠬᠣᠣᠷ᠎ᠤᠨ ᠬᠠᠷᠢᠴᠠᠭ᠎ᠠ ᠪᠦᠬᠦᠢ ᠢᠨᠵᠧᠨᠧᠷᠢᠩ᠎ᠤᠨ ᠥᠷᠲᠡᠭ ᠵᠥᠪᠳᠡᠨ ᠯᠠᠪᠯᠠᠬᠤ ᠠᠵᠤ  ᠠᠬᠤᠢ᠍ᠢᠯᠠᠯ᠎ᠢ ᠬᠦᠯᠢᠶᠡᠨ ᠠᠪᠴᠤ᠌᠂ ᠠᠳᠠᠯᠢ ᠨᠢᠭᠡᠨ ᠱᠠᠲᠤ ᠦᠢ᠎ᠡ᠎ᠶ᠋ᠢᠨ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠲᠤᠬᠠᠢᠯᠠᠭ᠍ᠰᠠᠨ ᠠᠵᠢᠯ᠎ᠢ ᠬᠢᠯᠭᠡᠵᠦ᠍ ᠪᠣᠯᠬᠤ ᠦᠭᠡᠶ; ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠢ ᠠᠯᠪᠠᠳᠠᠬᠤ ᠪᠤᠶᠤ ᠬᠥᠲᠥᠯᠥᠨ ᠵᠢᠯᠣᠭᠣᠳᠴᠤ᠌ ᠪᠠᠢᠭᠠᠳ ᠵᠢᠷᠤᠮᠵᠢᠯ ᠦᠭᠡᠶ ᠭᠡᠷ᠎ᠡ ᠲᠣᠭ᠍ᠲᠠᠭᠠᠯᠭᠠᠵᠤ ᠪᠣᠯᠬᠤ ᠦᠭᠡᠶ᠂ ᠭᠡᠷ᠎ᠡ᠎ᠳᠦ ᠪᠣᠯᠵᠣᠨ ᠲᠣᠭ᠍ᠲᠠᠭ᠍ᠰᠠᠨ ᠦᠢᠯᠡᠴᠢᠯᠡᠭᠡᠨ᠎ᠦ ᠬᠡᠪᠴᠢᠶ᠎ᠡ᠂ ᠠᠭᠤᠯᠭ᠎ᠠ᠂ ᠶᠠᠰᠤ ᠴᠢᠨᠠᠷ ᠵᠡᠷᠭᠡ ᠱᠠᠭᠠᠷᠳᠠᠯᠭ᠎ᠠ ᠡᠴᠡ ᠵᠥᠷᠢᠴᠡᠭ᠌ᠰᠡᠨ ᠲᠤᠬᠠᠢᠯᠠᠭ᠍ᠰᠠᠨ ᠠᠵᠢᠯ ᠥᠷᠨᠢᠭᠦᠯᠬᠦ᠌ ᠶ᠋ᠢ ᠱᠠᠭᠠᠷᠳᠠᠵᠤ ᠪᠣᠯᠬᠤ ᠦᠭᠡᠢ᠃

ᠭᠤᠷᠪᠠ᠂ ᠬᠢᠨᠠᠯᠲᠠ ᠲᠠᠯᠪᠢᠨ ᠪᠠᠢᠴᠠᠭᠠᠬᠤ ᠪᠠ ᠬᠠᠤᠯᠢ ᠬᠡᠷᠡᠭ᠌ᠵᠢᠭᠦᠯᠬᠦ᠌ ᠡᠷᠴᠢᠮ ᠎ᠢᠶᠠᠨ  ᠴᠢᠩᠭᠠᠷᠠᠭᠤᠯᠤᠨ᠎ᠠ

( ᠨᠢᠭᠡ ) ᠡᠳᠦᠷ ᠲᠣᠲᠤᠮ᠎ᠤᠨ ᠬᠢᠨᠠᠯᠲᠠ ᠪᠠᠢᠴᠠᠭᠠᠯᠲᠠ ᠬᠢᠵᠦ᠍ ᠬᠠᠤᠯᠢ ᠬᠡᠷᠡᠭ᠌ᠵᠢᠭᠦᠯᠬᠦ᠌ ᠡᠷᠴᠢᠮ᠎ᠶ᠋ᠢᠡᠨ ᠴᠢᠩᠭᠠᠳᠭᠠᠨ᠎ᠠ

ᠡᠯ᠎ᠡ ᠠᠢᠮᠠᠭ ᠬᠣᠲᠠ᠂ ᠬᠣᠱᠢᠭᠤ ᠱᠢᠶᠠᠨ ( ᠬᠣᠲᠠ ᠲᠣᠭᠣᠷᠢᠭ )᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠡᠳᠦᠷ ᠲᠤᠲᠤᠮ᠎ᠤᠨ ᠬᠢᠨᠠᠯᠲᠠ ᠪᠠᠢᠴᠠᠭᠠᠯᠲᠠ ᠪᠠ ᠬᠠᠮᠢᠶᠠᠷᠤᠯᠲᠠ᠎ᠶ᠋ᠢᠨ ᠭᠣᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠬᠢᠨᠠᠨ ᠬᠠᠮᠢᠶᠠᠷᠬᠤ ᠭᠣᠤᠯᠳᠠᠯᠭ᠎ᠠ᠎ᠪᠠᠨ ᠤᠷᠤᠭ᠍ᠰᠢ ᠱᠢᠯᠵᠢᠭᠦᠯᠵᠦ᠍᠂ ᠬᠡᠷᠡᠭ᠎ᠦᠨ ᠳᠠᠷᠠᠭ᠎ᠠ ᠬᠢᠨᠠᠨ ᠬᠠᠮᠢᠶᠠᠷᠴᠤ᠌ ᠪᠠᠢᠭ᠍ᠰᠠᠨ᠎ᠠᠴᠠ ᠨᠢ ᠬᠡᠷᠡᠭ᠎ᠦᠨ ᠡᠮᠦᠨ᠎ᠡ ᠤᠷᠢᠳᠴᠢᠯᠠᠨ ᠰᠡᠷᠭᠡᠢᠯᠡᠬᠦ᠌᠂ ᠤᠴᠢᠷ ᠶᠠᠪᠤᠳᠠᠯ᠎ᠤᠨ ᠳᠤᠮᠳᠠ ᠡᠵᠡᠮᠳᠡᠬᠦ᠌ ᠪᠠ ᠤᠴᠢᠷ ᠶᠠᠪᠤᠳᠠᠯ᠎ᠤᠨ ᠳᠠᠷᠠᠭ᠎ᠠ ᠱᠢᠢᠳᠭᠡᠨ ᠲᠣᠷᠭᠠᠬᠤ᠎ᠶ᠋ᠢ ᠬᠠᠷᠢᠯᠴᠠᠨ ᠤᠶᠠᠯᠳᠤᠭᠤᠯᠬᠤ ᠬᠡᠷᠡᠭ᠌ᠲᠡᠶ᠃ ᠡᠯ᠎ᠡ ᠱᠠᠲᠤᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ 《ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠤᠨ ᠬᠠᠮᠢᠶᠠᠷᠤᠯᠲᠠ᠎ᠶ᠋ᠢᠨ ᠠᠷᠭ᠎ᠠ》᠂ 《ᠳᠠᠩᠰᠠᠯᠠᠭᠤᠯᠤᠭ᠍ᠰᠠᠨ ᠥᠷᠲᠡᠭ ᠢᠨᠵᠧᠨᠧᠷ᠎ᠤᠨ ᠬᠠᠮᠢᠶᠠᠷᠤᠯᠲᠠ᠎ᠶ᠋ᠢᠨ ᠠᠷᠭ᠎ᠠ》 ( 2020 ᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠮᠤᠨ᠎ᠤ 50 ᠳ᠋ᠤᠭᠠᠷ ᠲᠣᠭᠠᠲᠤ ᠵᠠᠷᠯᠢᠭ )᠂ 《ᠢᠨᠵᠧᠨᠧᠷᠢᠩ᠎ᠤᠨ ᠠᠵᠢᠯ᠎ᠤᠨ ᠳᠠᠭᠠᠭᠠᠴᠢᠯᠠᠭᠤᠯᠤᠭ᠍ᠰᠠᠨ ᠪᠠ ᠳᠠᠭᠠᠭᠠᠴᠢᠯᠠᠭᠤᠯᠤᠭ᠍ᠰᠠᠨ ᠦᠨ᠎ᠡ ᠪᠤᠳᠤᠬᠤ ᠬᠠᠮᠢᠶᠠᠷᠤᠯᠲᠠ᠎ᠶ᠋ᠢᠨ ᠠᠷᠭ᠎ᠠ 》( 2013 ᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠮᠤᠨ᠎ᠤ 16 ᠳ᠋ᠤᠭᠠᠷ ᠲᠣᠭᠠᠲᠤ ᠵᠠᠷᠯᠢᠭ )᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠥᠷᠲᠡᠭ᠎ᠤᠨ ᠬᠠᠮᠢᠶᠠᠷᠤᠯᠲᠠ᠎ᠶ᠋ᠢᠨ ᠠᠷᠭ᠎ᠠ》( 2012 ᠣᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 187 ᠳ᠋ᠤᠭᠠᠷ ᠲᠣᠭᠠᠲᠤ ) ᠵᠡᠷᠭᠡ᠎ᠶ᠋ᠢ ᠦᠨᠳᠦᠰᠦᠯᠡᠨ ᠤᠯᠤᠰ  ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠬᠠᠮᠢᠶ᠎ᠠ ᠪᠥᠬᠦᠶ ᠪᠠᠷᠢᠮᠵᠢᠶ᠎ᠠ᠎ᠶ᠋ᠢᠨ ᠵᠢᠷᠤᠮᠵᠢᠯ᠎ᠳᠤ ᠣᠯᠠᠨ ᠰᠠᠯᠠᠭ᠎ᠠ ᠮᠥᠴᠢᠷ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ᠌᠎ᠪᠠᠷ ᠳᠠᠮᠵᠢᠭᠤᠯᠤᠨ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶ᠋ᠢᠨ ᠰᠤᠭᠤᠴᠢᠨ ᠪᠠᠢᠴᠠᠭᠠᠬᠤ᠂ ᠭᠤᠤᠯᠳᠠᠯᠭ᠎ᠠ᠎ᠲᠠᠢ ᠠᠵᠤ ᠠᠬᠤᠢᠯᠠᠯ ᠵᠢᠴᠢ ᠲᠥᠷᠥᠯ ᠵᠦᠢᠯ᠎ᠢ ᠬᠠᠷᠭᠤᠭᠤᠯᠤᠨ ᠪᠠᠢᠴᠠᠭᠠᠬᠤ᠎ᠶ᠋ᠢ ᠴᠢᠩᠭᠠᠷᠠᠭᠤᠯᠵᠤ᠂ ᠣᠨᠴᠠᠭᠠᠢᠯᠠᠨ ᠥᠷᠲᠡᠭ ᠦᠷ᠎ᠡ ᠪᠦᠲᠦᠭᠡᠯ᠎ᠤᠨ ᠪᠢᠴᠢᠭ ᠮᠠᠲ᠋ᠧᠷᠢᠶᠠᠯ᠎ᠤᠨ ᠶᠠᠰᠤ ᠴᠢᠨᠠᠷ᠎ᠨᠢ ᠠᠨᠠᠶ᠂ ᠥᠷᠢᠰᠥᠯᠳᠦᠭᠡᠨ ᠠᠨᠠᠢ᠂ ᠦᠨᠡᠮᠯᠡᠯ ᠡᠯᠭᠦᠬᠦ᠂ ᠮᠡᠳᠡᠭᠦᠯᠦᠨ ᠬᠢᠨᠠᠭᠤᠯᠬᠤ ᠦᠨ᠎ᠡ᠎ᠶ᠋ᠢ ᠳᠡᠭᠡᠭ᠌ᠰᠢᠯᠡᠭᠦᠯᠬᠦ᠌ ᠵᠡᠷᠭᠡ ᠠᠰᠠᠭᠤᠳᠠᠯ᠎ᠢ ᠴᠢᠩᠭ᠎ᠠ ᠱᠢᠢᠳᠪᠦᠷᠢᠯᠡᠵᠦ᠍᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠬᠡᠷᠡᠭ᠎ᠢ ᠢᠯᠡᠴᠢᠯᠡᠬᠦ᠌ ᠪᠠ ᠱᠢᠢᠳᠭᠡᠨ ᠲᠣᠷᠭᠠᠬᠤ ᠡᠷᠴᠢᠮ᠎ᠢ ᠴᠢᠩᠭᠠᠳᠭᠠᠨ᠎ᠠ᠃ ᠬᠠᠮᠢᠶ᠎ᠠ ᠪᠥᠬᠦᠶ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠂ ᠦᠨ᠎ᠡ ᠪᠤᠳᠤᠬᠤ ᠲᠦᠷᠢᠮ᠎ᠢ ᠵᠥᠷᠢᠴᠡᠭ᠌ᠰᠡᠨ ᠵᠡᠷᠭᠡ ᠡᠷᠡᠭᠦᠯ ᠪᠤᠰᠤ ᠦᠢᠯᠡ ᠠᠵᠢᠯᠯᠠᠭ᠎ᠠ᠎ᠶ᠋ᠢᠨ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ ᠪᠠ ᠠᠵᠢᠯ ᠡᠷᠭᠢᠯᠡᠭ᠌ᠰᠡᠳ᠎ᠢ ᠬᠠᠤᠯᠢ ᠲᠣᠭ᠍ᠲᠠᠭᠠᠯ ᠶᠣᠰᠣᠭᠠᠷ ᠪᠣᠯᠵᠣᠨ ᠶᠠᠷᠢᠯᠴᠠᠵᠤ᠂ ᠵᠠᠷᠯᠢᠭ᠍ᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ᠎ᠶ᠋ᠢᠨ ᠬᠠᠮᠲᠤ ᠠᠵᠢᠯ ᠲᠥᠷᠥᠯ᠎ᠤᠨ ᠳᠣᠲᠣᠷ᠎ᠠ᠎ᠪᠠᠨ ᠵᠠᠷᠯᠠᠨ ᠮᠡᠳᠡᠭ᠌ᠳᠡᠵᠦ᠍᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ ᠣᠷᠣᠱᠢᠵᠤ ᠪᠠᠢᠪᠠᠯ᠂ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠪᠠᠢᠴᠠᠭᠠᠨ ᠱᠢᠢᠳᠪᠦᠷᠢᠯᠡᠨ᠎ᠡ;ᠣᠯᠵᠤ ᠮᠡᠳᠡᠭ᠌ᠰᠡᠨ ᠤᠳᠤᠷᠢᠳᠭᠤ ᠺᠠᠳ᠋ᠷ ᠪᠤᠶᠤ ᠠᠵᠢᠯᠲᠠᠨ᠎ᠤ ᠬᠠᠤᠯᠢ ᠰᠠᠬᠢᠯᠭ᠎ᠠ᠎ᠠᠴᠠ ᠵᠥᠷᠢᠴᠡᠭ᠌ᠰᠡᠨ ᠠᠰᠠᠭᠤᠳᠠᠯ᠎ᠤᠨ ᠰᠦᠪᠡᠭ᠌ᠴᠢ᠎ᠶ᠋ᠢ ᠴᠠᠭ ᠲᠤᠬᠠᠶ᠎ᠳᠤ ᠨᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠵᠡᠷᠭᠡ ᠰᠠᠯᠠᠭ᠎ᠠ ᠮᠥᠴᠢᠷ᠎ᠲᠤ ᠱᠢᠯᠵᠢᠭᠦᠯᠦᠨ ᠲᠤᠱᠢᠶᠠᠵᠤ ᠪᠠᠢᠴᠠᠭᠠᠨ ᠱᠢᠢᠳᠪᠦᠷᠢᠯᠡᠭᠦᠯᠦᠨ᠎ᠡ᠃ ᠡᠳᠦᠷ ᠲᠤᠲᠤᠮ᠎ᠤᠨ ᠬᠢᠨᠠᠯᠲᠠ ᠲᠠᠯᠪᠢᠵᠤ ᠪᠠᠢᠴᠠᠭᠠᠬᠤ ᠤᠷᠲᠤ ᠬᠤᠭᠤᠴᠠᠭᠠᠨ᠎ᠤ ᠦᠷ᠎ᠡ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠥᠩᠭᠡᠨ ᠲᠠᠯ᠎ᠠ᠎ᠶ᠋ᠢ ᠵᠠᠰᠠᠬᠤ ᠪᠠ ᠦᠨᠳᠦᠰᠦ᠎ᠡᠴᠡ ᠨᠢ ᠵᠠᠰᠠᠬᠤ᠎ᠶ᠋ᠢ ᠬᠠᠷᠢᠯᠴᠠᠨ ᠤᠶᠠᠯᠳᠤᠭᠤᠯᠵᠤ᠂ ᠥᠷᠲᠡᠭ᠎ᠤᠨ ᠵᠥᠪᠳᠡᠨ ᠯᠠᠪᠯᠠᠬᠤ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠵᠢᠷᠤᠮᠵᠢᠭᠤᠯᠬᠤ ᠬᠡᠷᠡᠭ᠌ᠲᠡᠶ᠃

( ᠬᠤᠶᠠᠷ ) ᠬᠠᠤᠯᠢ ᠬᠡᠷᠡᠭ᠌ᠵᠢᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍ ᠰᠠᠯᠠᠭ᠎ᠠ ᠮᠥᠴᠢᠷ᠎ᠤᠨ ᠬᠠᠮᠵᠢᠯᠴᠠᠨ ᠬᠠᠮᠢᠶᠠᠷᠬᠤ᠎ᠶ᠋ᠢ ᠴᠢᠩᠭᠠᠳᠭᠠᠨ᠎ᠠ

ᠡᠯ᠎ᠡ ᠱᠠᠲᠤᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰᠭᠠᠢ ᠬᠠᠤᠯᠢ ᠬᠡᠷᠡᠭ᠌ᠵᠢᠭᠦᠯᠬᠦ᠌ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠤᠯᠢ ᠴᠠᠭᠠᠵᠠ ᠬᠠᠤᠯᠢ ᠲᠣᠭ᠍ᠲᠠᠭᠠᠯ᠂ ᠢᠨᠵᠧᠨᠧᠷᠢᠩ᠎ᠤᠨ ᠥᠷᠲᠡᠭ᠎ᠤᠨ ᠲᠤᠰᠭᠠᠢ ᠮᠡᠷᠭᠡᠵᠢᠯ᠎ᠤᠨ ᠮᠡᠳᠡᠯᠭᠡ᠂ ᠪᠠᠢᠴᠠᠭᠠᠨ ᠭᠡᠷᠡᠴᠢ ᠠᠪᠬᠤ ᠵᠡᠷᠭᠡ ᠲᠠᠯ᠎ᠠ᠎ᠶ᠋ᠢᠨ ᠪᠣᠯᠪᠠᠰᠤᠷᠠᠯ᠎ᠢ ᠴᠢᠩᠭᠠᠳᠭᠠᠨ᠂ ᠬᠠᠤᠯᠢ ᠬᠡᠷᠡᠭ᠌ᠵᠢᠭᠦᠯᠬᠦ᠌ ᠠᠵᠢᠯᠲᠠᠨ᠎ᠤ ᠲᠤᠰᠭᠠᠢ ᠮᠡᠷᠭᠡᠵᠢᠯ᠎ᠤᠨ ᠬᠡᠪ ᠪᠣᠯᠪᠠᠰᠤᠷᠠᠯ ᠪᠠ ᠬᠠᠤᠯᠢ ᠬᠡᠷᠡᠭ᠌ᠵᠢᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠳᠥᠭᠥᠮ ᠳᠥᠲᠡ ᠪᠥᠭᠡᠳ ᠥᠨᠳᠥᠷ ᠦᠷ᠎ᠡ ᠪᠦᠲᠦᠮᠵᠢᠲᠡᠶ ᠵᠠᠭᠠᠯᠳᠤᠯᠭ᠎ᠠ ᠬᠢᠵᠦ᠍ ᠢᠯᠡᠴᠢᠯᠡᠨ ᠮᠡᠳᠡᠭᠦᠯᠬᠦ᠌ ᠤᠲᠠᠰᠤ᠂ ᠱᠢᠦᠳᠠᠨ᠎ᠤ ᠬᠠᠢᠷᠴᠠᠭ᠂ ᠨᠧᠲ ᠲᠠᠪᠴᠠᠩ ᠵᠡᠷᠭᠡ᠎ᠶ᠋ᠢ ᠨᠡᠭᠡᠭᠡᠵᠦ᠍᠂ ᠪᠠᠢᠭᠤᠯᠬᠤ ᠨᠢᠭᠡᠴᠢ᠂ ᠪᠠᠷᠢᠬᠤ ᠨᠢᠭᠡᠴᠢ᠂ ᠨᠡᠢᠭᠡᠮ ᠨᠡᠢᠲᠡ ᠎ᠶ᠋ᠢᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠤᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠢᠯᠡᠴᠢᠯᠡᠨ ᠮᠡᠳᠡᠭᠦᠯᠬᠦ᠌᠎ᠶ᠋ᠢ ᠵᠣᠷᠢᠭ᠍ᠵᠢᠭᠤᠯᠬᠤ ᠬᠡᠷᠡᠭ᠌ᠲᠡᠶ᠃ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠤᠨ ᠵᠠᠰᠠᠭ᠂ ᠬᠢᠨᠠᠨ ᠪᠤᠳᠤᠬᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠤᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ ᠵᠡᠷᠭᠡ ᠰᠠᠯᠠᠭ᠎ᠠ ᠮᠥᠴᠢᠷ᠎ᠯᠦᠭᠡ᠎ᠶ᠋ᠢᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠪᠠ ᠬᠠᠤᠯᠢ ᠬᠡᠷᠡᠭ᠌ᠵᠢᠭᠦᠯᠬᠦ᠌᠎ᠶ᠋ᠢ ᠬᠠᠮᠵᠢᠯᠴᠠᠬᠤ ᠲᠣᠭ᠍ᠲᠠᠴᠠ᠎ᠶ᠋ᠢ ᠴᠢᠩᠭᠠᠳᠭᠠᠵᠤ᠂ ᠬᠢᠨᠠᠯᠲᠠ ᠬᠠᠮᠢᠶᠠᠷᠤᠯᠲᠠ᠎ᠶ᠋ᠢᠨ ᠨᠡᠢᠯᠡᠮᠡᠯ ᠬᠦᠴᠦᠨ᠎ᠢ ᠪᠤᠢ ᠪᠣᠯᠭᠠᠨ᠎ᠠ᠃

ᠳᠥᠷᠪᠡ᠂ 《ᠬᠤᠶᠠᠷ᠎ᠢ ᠰᠤᠭᠤᠴᠢᠵᠤ᠂ ᠨᠢᠭᠡ᠎ᠶ᠋ᠢ ᠢᠯᠡ ᠪᠣᠯᠭᠠᠬᠤ》 ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠶ᠋ᠢ ᠬᠢᠨᠠᠮᠠᠭᠠᠶ ᠨᠠᠢᠳᠠᠪᠤᠷᠢᠵᠢᠭᠤᠯᠤᠨ᠎ᠠ

ᠡᠯ᠎ᠡ ᠱᠠᠲᠤᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠢᠨᠵᠧᠨᠧᠷᠢᠩ᠎ᠤᠨ ᠥᠷᠲᠡᠭ᠎ᠤᠨ  ᠵᠥᠪᠳᠡᠨ ᠯᠠᠪᠯᠠᠬᠤ ᠠᠵᠤ ᠠᠬᠤᠢᠯᠠᠯ᠎ᠤᠨ ᠬᠢᠷᠢ ᠴᠢᠳᠠᠮᠵᠢ᠎ᠶ᠋ᠢ ᠤᠰᠠᠳᠭᠠᠭ᠍ᠰᠠᠨ᠎ᠤ ᠳᠠᠷᠠᠭᠠᠬᠢ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠤᠨ 〈ᠬᠣᠶᠠᠷ᠎ᠢ ᠰᠤᠭᠤᠴᠢᠵᠤ᠂ ᠨᠢᠭᠡ᠎ᠶ᠋ᠢ ᠢᠯᠡ ᠪᠣᠯᠭᠠᠬᠤ 〉 ᠬᠢᠨᠠᠯᠲᠠ ᠲᠠᠯᠪᠢᠵᠤ ᠪᠠᠢᠴᠠᠭᠠᠬᠤ ᠠᠵᠢᠯ᠎ᠤᠨ ᠨᠠᠷᠢᠨ ᠳᠦᠷᠢᠮ》( ᠥᠪᠥᠷ ᠪᠠᠢᠭᠤᠯᠤᠯᠲᠠ ᠢᠯᠡᠳᠭᠡᠯᠲᠡ [ 2024 ] 184 ᠳ᠋ᠤᠭᠡᠷ ᠲᠣᠭᠠᠲᠤ )᠎ᠦᠨ ᠶᠣᠰᠣᠭᠠᠷ᠂ ᠮᠠᠨ᠎ᠤ ᠣᠷᠣᠨ᠎ᠤ ᠵᠠᠰᠠᠭ ᠵᠠᠬᠢᠷᠭᠠᠨ᠎ᠤ ᠣᠷᠣᠨ᠎ᠤ ᠳᠣᠲᠣᠷ᠎ᠠ ᠠᠵᠢᠯᠯᠠᠵᠤ ᠪᠠᠢᠭ᠎ᠠ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠳᠤ ᠲᠥᠪᠯᠡᠷᠡᠭᠦᠯᠦᠨ ᠬᠢᠨᠠᠯᠲᠠ ᠲᠠᠯᠪᠢᠵᠤ ᠪᠠᠢᠴᠠᠭᠠᠬᠤ᠎ᠶ᠋ᠢ ᠥᠷᠨᠢᠭᠦᠯᠬᠦ᠌ ᠬᠡᠷᠡᠭ᠌ᠲᠡᠶ᠃ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠤᠨ ᠠᠵᠢᠯ ᠡᠷᠬᠢᠯᠡᠬᠦ᠌ ᠶᠠᠰᠤ ᠴᠢᠨᠠᠷ᠎ᠢ ᠡᠵᠡᠮᠳᠡᠬᠦ᠌ ᠪᠠ ᠵᠥᠪᠳᠡᠨ ᠯᠠᠪᠯᠠᠬᠤ ᠭᠡᠷ᠎ᠡ ᠲᠣᠭ᠍ᠲᠠᠭ᠍ᠰᠠᠨ ᠪᠠᠢᠳᠠᠯ᠎ᠢ ᠭᠤᠣᠯᠳᠠᠯᠭ᠎ᠠ᠎ᠲᠠᠢ ᠪᠠᠢᠴᠠᠭᠠᠨ᠎ᠠ;ᠥᠷᠲᠡᠭ᠎ᠤᠨ ᠵᠥᠪᠳᠡᠨ ᠯᠠᠪᠯᠠᠬᠤ ᠦᠷ᠎ᠡ ᠪᠦᠲᠦᠭᠡᠯ᠎ᠤᠨ ᠪᠢᠴᠢᠭ ᠮᠠᠲ᠋ᠧᠷᠢᠶᠠᠯ᠎ᠢ ᠨᠠᠢᠷᠠᠭᠤᠯᠤᠨ ᠵᠣᠬᠢᠶᠠᠭ᠍ᠰᠠᠨ ᠳᠦᠷᠢᠮᠵᠢᠯᠳᠦ ᠴᠢᠨᠠᠷ᠂ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ᠎ᠤᠨ ᠪᠠᠢᠳᠠᠯ; ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ ᠦᠨᠳᠦᠰᠦᠨ ᠰᠦᠢᠳᠭᠡᠯ ᠬᠤᠷᠢᠶᠠᠬᠤ᠎ᠶ᠋ᠢ ᠪᠠᠭᠠᠰᠭᠠᠵᠤ᠂ ᠵᠠᠷᠤᠳᠠᠯ ᠥᠨᠳᠥᠷ ᠪᠠᠢᠬᠤ᠎ᠶ᠋ᠢ ᠬᠥᠭᠡᠭᠡᠴᠡᠯᠳᠦᠵᠦ᠍ ᠪᠠᠢᠭ᠎ᠠ ᠪᠠᠢᠳᠠᠯ;ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠭ᠍ᠰᠠᠨ᠂ ᠬᠦᠷᠭᠡᠵᠦ᠍ ᠬᠢᠨᠠᠭᠤᠯᠤᠭ᠍ᠰᠠᠨ ᠥᠷᠲᠡᠭ᠎ᠢ ᠳᠡᠭᠡᠭ᠌ᠰᠢᠯᠡᠭᠦᠯᠦᠭ᠌ᠰᠡᠨ᠂ ᠵᠣᠬᠢᠰ ᠦᠭᠡᠶ ᠨᠡᠮᠡᠯᠲᠡ ᠵᠠᠷᠤᠳᠠᠯ ᠣᠯᠤᠭ᠍ᠰᠠᠨ ᠵᠡᠷᠭᠡ ᠪᠠᠢᠳᠠᠯ;ᠠᠳᠠᠯᠢ ᠨᠢᠭᠡ ᠬᠡᠰᠡᠭ᠎ᠲᠤ ᠬᠡᠰᠡᠭ ᠲᠥᠷᠥᠯ ᠬᠤᠪᠢᠶᠠᠭ᠍ᠰᠠᠨ ᠢᠨᠵᠧᠨᠧᠷᠢᠩ᠎ᠤᠨ ᠬᠡᠮᠵᠢᠶ᠎ᠡ᠎ᠶ᠋ᠢᠨ ᠨᠠᠷᠢᠨ ᠳᠠᠩᠰᠠ᠎ᠶ᠋ᠢ ᠳᠠᠪᠬᠤᠷᠳᠠᠭᠤᠯᠤᠨ ᠪᠣᠳᠣᠵᠤ ᠬᠢᠨᠠᠨ ᠬᠠᠷᠭᠤᠭᠤᠯᠵᠤ ᠨᠡᠮᠡᠵᠦ᠍ ᠬᠠᠰᠤᠭ᠍ᠰᠠᠨ ᠪᠠᠢᠳᠠᠯ ᠵᠡᠷᠭᠡ᠎ᠶ᠋ᠢ ᠬᠢᠨᠠᠨ ᠪᠠᠢᠴᠠᠭᠠᠨ᠎ᠠ᠃ ᠨᠠᠷᠢᠨ ᠳᠠᠩᠰᠠ᠂ ᠦᠨ᠎ᠡ ᠪᠣᠳᠣᠬᠤ ᠦᠨᠳᠦᠰᠦᠯᠡᠯ ᠨᠢ ᠵᠢᠷᠤᠮᠵᠢᠯ ᠴᠢᠨᠠᠷᠲᠠᠶ᠂ ᠠᠵᠤ ᠠᠬᠤᠢᠯᠠᠯ ᠵᠢᠴᠢ ᠬᠥᠮᠦᠰ᠎ᠦᠨ ᠠᠵᠢᠯ ᠡᠷᠬᠢᠯᠡᠬᠦ᠌ ᠦᠢᠯᠡ ᠠᠵᠢᠯᠯᠠᠭ᠎ᠠ᠂ ᠰᠦᠢᠳᠭᠡᠯ ᠬᠤᠷᠢᠶᠠᠬᠤ ᠪᠠᠷᠢᠮᠵᠢᠶ᠎ᠠ ᠵᠡᠷᠭᠡ᠎ᠶ᠋ᠢ ᠬᠢᠨᠠᠨ ᠬᠠᠮᠢᠶᠠᠷᠬᠤ᠎ᠪᠠᠨ ᠴᠢᠩᠭᠠᠳᠭᠠᠵᠤ᠂ ᠬᠢᠨᠠᠨ ᠪᠠᠢᠴᠠᠭᠠᠬᠤ ᠠᠵᠢᠯ᠎ᠤᠨ ᠪᠣᠳᠠᠲᠤ ᠦᠷ᠎ᠡ ᠪᠦᠲᠦᠮᠵᠢ ᠣᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

ᠲᠠᠪᠤ᠂ ᠢᠲᠡᠭᠡᠮᠵᠢ᠎ᠪᠠᠷ ᠰᠠᠭᠤᠷᠢ ᠪᠣᠯᠭᠠᠭ᠍ᠰᠠᠨ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠬᠡᠷᠡᠭ᠌ᠵᠢᠭᠦᠯᠬᠦ᠌ ᠬᠡᠷᠡᠭ᠌ᠲᠡᠶ

ᠡᠯ᠎ᠡ ᠱᠠᠲᠤᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠬᠠᠮᠢᠶᠠᠷᠤᠯᠲᠠ᠎ᠶ᠋ᠢᠨ ᠠᠷᠭ᠎ᠠ》( ᠥᠪᠥᠷ ᠪᠠᠢᠭᠤᠯᠤᠯᠲᠠ ᠢᠯᠡᠳᠭᠡᠯᠲᠡ [ 2024 ] 191 ᠳ᠋ᠤᠭᠡᠷ ᠲᠣᠭᠠᠲᠤ ) ᠶᠣᠰᠣᠭᠠᠷ᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠤᠨ ᠢᠲᠡᠭᠡᠮᠵᠢ᠎ᠶ᠋ᠢᠨ ᠮᠡᠳᠡᠭᠡ ᠵᠠᠩᠭᠢ ᠲᠣᠭ᠍ᠲᠠᠭᠠᠬᠤ ᠪᠠᠷᠢᠮᠵᠢᠶ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠩᠰᠠᠯᠠᠭᠤᠯᠤᠭ᠍ᠰᠠᠨ ᠥᠷᠲᠡᠭ᠎ᠤᠨ ᠢᠨᠵᠧᠨᠧᠷ᠎ᠦᠨ ᠢᠲᠡᠭᠡᠮᠵᠢ᠎ᠶ᠋ᠢᠨ ᠮᠡᠳᠡᠭᠡ ᠵᠠᠩᠭᠢ ᠲᠣᠭ᠍ᠲᠠᠭᠠᠬᠤ ᠪᠠᠷᠢᠮᠵᠢᠶ᠎ᠠ 》᠎ᠶ᠋ᠢ ᠦᠨᠳᠦᠰᠦᠯᠡᠨ ᠥᠷᠲᠡᠭ ᠵᠥᠪᠳᠡᠨ ᠯᠠᠪᠯᠠᠬᠤ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠠᠵᠢᠯᠯᠠᠭ᠎ᠠ᠂ ᠦᠢᠯᠡᠴᠢᠯᠡᠭᠡᠨ᠎ᠦ ᠶᠠᠰᠤ ᠴᠢᠨᠠᠷ᠂ ᠭᠡᠷ᠎ᠡ ᠭᠦᠢᠴᠡᠳᠭᠡᠬᠦ᠌ ᠴᠢᠳᠠᠪᠤᠷᠢ ᠵᠡᠷᠭᠡ᠎ᠳᠦ ᠢᠲᠡᠭᠡᠮᠵᠢ᠎ᠶ᠋ᠢᠨ ᠬᠤᠪᠢ ᠣᠯᠭᠣᠨ᠎ᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠠᠵᠢᠯ᠎ᠤᠨ ᠬᠢᠨᠠᠯᠲᠠ ᠬᠠᠮᠢᠶᠠᠷᠤᠯᠲᠠ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠮᠡᠳᠡᠭᠡ ᠵᠠᠩᠭᠢ᠎ᠶ᠋ᠢᠨ ᠱᠢᠰᠲ᠋ᠧᠮ》᠎ᠳᠤ ᠳᠠᠩᠰᠠᠯᠠᠭᠤᠯᠬᠤ᠎ᠪᠠᠷ ᠳᠠᠮᠵᠢᠭᠤᠯᠤᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠣᠷᠣᠭᠤᠯᠬᠤ᠂ ᠬᠢᠨᠠᠨ ᠬᠠᠷᠭᠤᠭᠤᠯᠬᠤ ᠵᠡᠷᠭᠡ ᠢᠲᠡᠭᠡᠮᠵᠢ᠎ᠶ᠋ᠢᠨ ᠦᠨᠡᠯᠡᠯᠲᠡ᠎ᠶ᠋ᠢᠨ ᠬᠠᠮᠢᠶ᠎ᠠ ᠪᠥᠬᠦᠶ ᠠᠵᠢᠯ᠎ᠢ ᠬᠢᠨ᠎ᠠ; ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ ᠵᠢᠴᠢ ᠳᠠᠩᠰᠠᠯᠠᠭᠤᠯᠤᠭ᠍ᠰᠠᠨ ᠥᠷᠲᠡᠭ᠎ᠤᠨ ᠢᠨᠵᠧᠨᠧᠷ᠎ᠤᠨ ᠢᠲᠡᠭᠡᠮᠵᠢ᠎ᠶ᠋ᠢᠨ ᠦᠨᠡᠯᠡᠯᠲᠡ᠎ᠶ᠋ᠢᠨ ᠦᠷ᠎ᠡ ᠳ᠋ᠦᠩ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠠᠯᠪᠠᠨ ᠰᠦᠯᠵᠢᠶᠡᠨ᠎ᠳᠤ ᠢᠯᠡ ᠨᠡᠢᠲᠡᠯᠡᠵᠦ᠍᠂ ᠨᠡᠢᠭᠡᠮ᠎ᠤᠨ ᠬᠢᠨᠠᠯᠲᠠ᠎ᠶ᠋ᠢ ᠬᠦᠯᠢᠶᠡᠨ᠎ᠡ᠃ ᠬᠤᠪᠢ ᠬᠢᠨᠠᠭ᠍ᠰᠠᠨ ᠦᠷ᠎ᠡ ᠳ᠋ᠦᠩ᠎ᠢ ᠡᠯ᠎ᠡ ᠱᠠᠲᠤᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ ᠵᠢᠴᠢ ᠳᠠᠩᠰᠠᠯᠠᠭᠤᠯᠤᠭ᠍ᠰᠠᠨ ᠥᠷᠲᠡᠭ᠎ᠤᠨ ᠢᠨᠵᠧᠨᠧᠷ᠎ᠲᠤ ᠬᠥᠳᠡᠯᠦᠩᠭᠦᠢ᠎ᠪᠠᠷ ᠬᠠᠷᠭᠤᠭᠤᠯᠤᠨ ᠪᠠᠢᠴᠠᠭᠠᠬᠤ ᠪᠠ ᠵᠦᠷᠢᠶᠡᠴᠢᠯᠡᠭ᠌ᠰᠡᠨ ᠬᠢᠨᠠᠯᠲᠠ ᠬᠠᠮᠢᠶᠠᠷᠤᠯᠲᠠ᠎ᠶ᠋ᠢ ᠬᠡᠷᠡᠭ᠌ᠵᠢᠭᠦᠯᠬᠦ᠌᠎ᠶ᠋ᠢᠨ ᠴᠢᠬᠤᠯᠠ ᠦᠨᠳᠦᠰᠦᠯᠡᠯ ᠪᠣᠯᠭᠠᠨ᠎ᠠ᠃ ᠵᠠᠰᠠᠭ᠎ᠤᠨ ᠣᠷᠳᠣᠨ  ᠵᠢᠴᠢ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠪᠡᠯᠡ ᠣᠷᠣᠭᠤᠯᠤᠯᠲᠠ᠎ᠶ᠋ᠢᠨ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠦ ᠢᠨᠵᠧᠨᠧᠷᠢᠩ᠎ᠤᠨ ᠥᠷᠲᠡᠭ᠎ᠤᠨ ᠵᠥᠪᠳᠠᠨ ᠯᠠᠪᠯᠠᠬᠤ ᠠᠵᠤ ᠠᠬᠤᠢᠯᠠᠯ ᠵᠢᠴᠢ ᠤᠯᠤᠰ᠎ᠤᠨ ᠪᠠᠢᠭᠤᠯᠭ᠎ᠠ᠂ ᠠᠵᠢᠯ ᠦᠢᠯᠡᠰ᠎ᠦᠨ ᠨᠢᠭᠡᠴᠢ ᠪᠠ ᠪᠦᠯᠬᠦᠮ ᠨᠡᠢᠲᠡ᠎ᠶ᠋ᠢᠨ ᠵᠣᠬᠢᠶᠠᠨ ᠪᠠᠢᠭᠤᠯᠤᠯᠲᠠ᠎ᠠᠴᠠ ᠡᠳ᠋᠎ᠦᠨ ᠵᠠᠰᠠᠭ᠎ᠤᠨ ᠴᠢᠨᠠᠷᠲᠠᠶ ᠪᠡᠯᠡ ᠮᠥᠩᠭᠥ᠎ᠶ᠋ᠢ ᠬᠡᠷᠡᠭ᠌ᠯᠡᠨ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠦᠢᠯᠡᠴᠢᠯᠡᠭᠡ ᠬᠤᠳᠠᠯᠳᠤᠨ ᠠᠪᠬᠤ ᠦᠢ᠎ᠡ᠎ᠳᠦ᠂ ᠵᠥᠪᠳᠡᠨ ᠯᠠᠪᠯᠠᠬᠤ ᠪᠠᠢᠭᠤᠯᠤᠮᠵᠢ᠎ᠶ᠋ᠢ ᠰᠣᠩᠭᠣᠨ ᠬᠡᠷᠡᠭ᠌ᠯᠡᠬᠦ᠌ ᠦᠨᠳᠦᠰᠦ ᠪᠠᠷᠢᠮᠲᠠ ᠪᠣᠯᠭᠠᠨ᠎ᠠ᠃ ᠥᠷᠢᠰᠥᠯᠳᠦᠬᠦ᠌ ᠠᠷᠭ᠎ᠠ ᠮᠠᠶᠢᠭ᠎ᠢᠶᠠᠷ ᠳᠠᠮᠵᠢᠭᠤᠯᠤᠨ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠢ ᠲᠣᠭ᠍ᠲᠠᠭᠠᠭ᠍ᠰᠠᠨ ᠪᠣᠯ ᠲᠥᠷᠥᠯ ᠵᠦᠢᠯ᠎ᠦᠨ ᠥᠷᠢᠰᠥᠯᠳᠦᠭᠡᠨ᠎ᠦ ᠴᠢᠨᠠᠷᠲᠠᠶ ᠬᠤᠳᠠᠯᠳᠤᠨ ᠠᠪᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠳᠤ ᠢᠲᠡᠭᠡᠮᠵᠢ᠎ᠶ᠋ᠢᠨ ᠦᠨᠡᠯᠡᠯᠲᠡ ᠬᠢᠵᠦ᠍ ᠬᠤᠪᠢ ᠨᠡᠮᠡᠬᠦ᠌ ᠵᠦᠢᠯ ᠭᠠᠷᠭᠠᠬᠤ᠎ᠶ᠋ᠢ ᠵᠣᠷᠢᠭ᠍ᠵᠢᠭᠤᠯᠬᠤ ᠬᠡᠷᠡᠭ᠌ᠲᠡᠶ᠃

ᠵᠢᠷᠭᠤᠭ᠎ᠠ᠂ ᠠᠵᠢᠯ ᠲᠥᠷᠥᠯ᠎ᠤᠨ ᠨᠡᠢᠭᠡᠮᠯᠢᠭ᠎ᠤᠨ ᠥᠪᠡᠷ᠎ᠢ᠎ᠪᠠᠨ ᠱᠠᠭᠠᠷᠳᠠᠬᠤ ᠬᠠᠷᠢᠭᠤᠴᠠᠯᠭ᠎ᠠ᠎ᠶ᠋ᠢ ᠴᠢᠩᠭᠠᠷᠠᠭᠤᠯᠤᠨ᠎ᠠ

ᠡᠯ᠎ᠡ ᠬᠠᠮᠢᠶ᠎ᠠ ᠪᠦᠬᠦᠢ ᠠᠵᠢᠯ ᠲᠥᠷᠥᠯ᠎ᠦᠨ ᠨᠡᠢᠭᠡᠮᠯᠢᠭ᠎ᠦᠳ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠢᠯ ᠲᠥᠷᠥᠯ᠎ᠦᠨ ᠡᠵᠡᠩᠨᠡᠯᠲᠡ᠎ᠶ᠋ᠢᠨ ᠥᠪᠡᠷ᠎ᠢ᠎ᠪᠡᠨ ᠱᠠᠭᠠᠷᠳᠠᠬᠤ ᠵᠢᠷᠤᠮᠵᠢᠯ᠂ ᠥᠪᠡᠷ᠎ᠢ᠎ᠪᠡᠨ ᠱᠠᠭᠠᠷᠳᠠᠬᠤ ᠨᠡᠢᠲᠡ᠎ᠶ᠋ᠢᠨ ᠭᠡᠷ᠎ᠡ ᠪᠠ ᠡᠷᠬᠢᠯᠡᠭ᠌ᠰᠡᠨ ᠠᠵᠢᠯ᠎ᠤᠨ ᠶᠣᠰᠣ ᠮᠣᠷᠠᠯ᠎ᠤᠨ ᠵᠢᠷᠤᠮᠯᠠᠯ᠎ᠢ ᠪᠠᠢᠭᠤᠯᠤᠨ ᠪᠦᠷᠢᠨᠱᠢᠭᠦᠯᠵᠦ᠍᠂ ᠭᠡᠱᠢᠭᠦᠳ᠎ᠦᠨ ᠦᠢᠯᠡ ᠠᠵᠢᠯᠯᠠᠭ᠎ᠠ᠎ᠶ᠋ᠢ ᠵᠢᠷᠤᠮᠵᠢᠭᠤᠯᠬᠤ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶ᠎ᠠ᠂ ᠵᠢᠷᠤᠮᠵᠢᠯ ᠵᠢᠴᠢ ᠠᠵᠢᠯ ᠲᠥᠷᠥᠯ᠎ᠦᠨ ᠳᠦᠷᠢᠮ ᠲᠣᠭ᠍ᠲᠠᠭᠠᠬᠤ᠎ᠳᠤ ᠠᠵᠢᠯ ᠲᠥᠷᠥᠯ᠎ᠦᠨ ᠦᠢᠯᠡᠳᠬᠦᠨ ᠪᠠ ᠦᠢᠯᠡᠴᠢᠯᠡᠭᠡᠨ᠎ᠦ ᠪᠠᠷᠢᠮᠵᠢᠶ᠎ᠠ᠎ᠶ᠋ᠢ ᠲᠣᠭ᠍ᠲᠠᠭᠠᠨ ᠨᠡᠢᠲᠡᠯᠡᠬᠦ᠌᠎ᠶ᠋ᠢ ᠵᠣᠷᠢᠭ᠍ᠵᠢᠭᠤᠯᠤᠨ᠎ᠠ᠃ ᠡᠷᠬᠡ ᠠᠱᠢᠭ᠎ᠤᠨ ᠬᠠᠮᠠᠭᠠᠯᠠᠯᠲᠠ᠂ ᠵᠢᠭᠤᠷᠠᠯᠳᠤᠭᠠᠨ᠎ᠢ ᠱᠢᠶ᠋ᠳᠪᠦᠷᠢᠯᠡᠬᠦ᠌᠂ ᠠᠵᠢᠯ ᠲᠥᠷᠥᠯ᠎ᠦᠨ ᠢᠲᠡᠭᠡᠮᠵᠢ᠎ᠶ᠋ᠢᠨ ᠪᠠᠢᠭᠤᠯᠤᠯᠲᠠ ᠪᠠ ᠢᠲᠡᠭᠡᠮᠵᠢ᠎ᠶ᠋ᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ᠎ᠪᠠᠷ ᠬᠢ ᠬᠠᠮᠢᠶ᠎ᠠ ᠪᠦᠬᠦᠢ ᠠᠵᠢᠯ ᠲᠥᠷᠥᠯ᠎ᠦᠨ ᠨᠡᠢᠭᠡᠮᠯᠢᠭ᠎ᠦᠨ ᠦᠢᠯᠡᠳᠦᠯ᠎ᠢ ᠪᠠᠳᠠᠷᠠᠭᠤᠯᠵᠤ᠂ ᠬᠠᠮᠢᠶ᠎ᠠ ᠪᠦᠬᠦᠢ ᠠᠵᠢᠯ ᠲᠥᠷᠥᠯ᠎ᠦᠨ ᠨᠡᠢᠭᠡᠮᠯᠢᠭ᠎ᠦᠨ ᠵᠠᠷᠭᠤ᠂ ᠲᠤᠰᠭᠠᠶ ᠮᠡᠷᠭᠡᠵᠢᠯ᠎ᠦᠨ ᠡᠶᠡᠳᠡᠭᠦᠯᠬᠦ᠌ ᠠᠵᠢᠯ ᠥᠷᠨᠢᠭᠦᠯᠬᠦ᠌ ᠪᠤᠶᠤ ᠣᠷᠣᠯᠴᠠᠬᠤ᠎ᠶ᠋ᠢ ᠳᠡᠮᠵᠢᠨ᠎ᠠ᠃ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠢᠯ ᠲᠥᠷᠥᠯ᠎ᠦᠨ ᠨᠡᠢᠭᠡᠮᠯᠢᠭ᠎ᠦᠨ ᠰᠦᠢᠳᠭᠡᠯ ᠬᠤᠷᠢᠶᠠᠬᠤ᠂ ᠱᠠᠩᠨᠠᠯ ᠲᠣᠭ᠍ᠲᠠᠭᠠᠬᠤ᠂ ᠭᠡᠷᠡᠴᠢᠯᠡᠬᠦ᠌ ᠵᠡᠷᠭᠡ ᠦᠢᠯᠡ ᠠᠵᠢᠯᠯᠠᠭ᠎ᠠ᠎ᠶ᠋ᠢ ᠵᠢᠷᠤᠮᠵᠢᠭᠤᠯᠬᠤ ᠬᠡᠷᠡᠭ᠌ᠲᠡᠶ᠃ ᠡᠯ᠎ᠡ ᠬᠠᠮᠢᠶ᠎ᠠ ᠪᠦᠬᠦᠢ ᠠᠵᠢᠯ ᠲᠥᠷᠥᠯ᠎ᠦᠨ ᠨᠡᠢᠭᠡᠮᠯᠢᠭ ᠨᠢ ᠭᠡᠱᠢᠭᠦᠳ᠎ᠦᠨ ᠬᠠᠮᠢᠶᠠᠷᠤᠯᠲᠠ ᠪᠠ ᠠᠵᠢᠯ ᠲᠥᠷᠥᠯ᠎ᠦᠨ ᠥᠪᠡᠷ᠎ᠢ᠎ᠪᠡᠨ ᠱᠠᠭᠠᠷᠳᠠᠬᠤ᠎ᠪᠠᠨ ᠴᠢᠩᠭᠠᠳᠭᠠᠵᠤ᠂ ᠵᠠᠭᠠᠯᠳᠣᠬᠤ ᠢᠯᠡᠴᠢᠯᠡᠨ ᠮᠡᠳᠡᠭᠦᠯᠬᠦ᠌᠎ᠶ᠋ᠢ ᠬᠦᠯᠢᠶᠡᠨ ᠠᠪᠴᠤ᠌ ᠱᠢᠶ᠋ᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠤᠨ᠂ ᠠᠵᠢᠯ ᠲᠥᠷᠥᠯ᠎ᠦᠨ ᠠᠵᠢᠯ ᠮᠡᠷᠭᠡᠵᠢᠯ᠎ᠦᠨ ᠶᠣᠰᠣ ᠮᠣᠷᠠᠯ᠎ᠤᠨ ᠪᠠᠷᠢᠮᠵᠢᠶ᠎ᠠ᠂ ᠵᠥᠪᠳᠡᠨ ᠯᠠᠪᠯᠠᠬᠤ ᠲᠤᠬᠠᠢᠯᠠᠭ᠍ᠰᠠᠨ ᠠᠵᠢᠯ᠎ᠤᠨ ᠠᠵᠢᠯᠯᠠᠬᠤ ᠳᠦᠷᠢᠮ ᠵᠡᠷᠭᠡ ᠠᠵᠢᠯ ᠲᠥᠷᠥᠯ᠎ᠦᠨ ᠳᠦᠷᠢᠮ᠎ᠦᠨ ᠭᠡᠷ᠎ᠡ᠎ᠪᠡᠨ ᠲᠡᠭᠦᠯᠳᠡᠷᠵᠢᠭᠦᠯᠵᠦ᠍᠂ ᠢᠨᠵᠧᠨᠧᠷᠢᠩ᠎ᠤᠨ ᠥᠷᠲᠡᠭ᠎ᠤᠨ ᠵᠥᠪᠳᠡᠨ ᠯᠠᠪᠯᠠᠬᠤ ᠠᠵᠤ ᠠᠬᠤᠢᠯᠠᠯ᠎ᠤᠨ ᠦᠨᠡᠨᠴᠢ ᠢᠲᠡᠭᠡᠮᠵᠢᠲᠡᠶ ᠡᠵᠡᠩᠨᠡᠬᠦ᠌ ᠪᠠ ᠡᠷᠬᠡ ᠲᠡᠭ᠌ᠰᠢ᠎ᠪᠡᠷ ᠥᠷᠢᠰᠥᠯᠳᠦᠬᠦ᠌᠎ᠶ᠋ᠢ ᠰᠠᠨᠠᠭᠠᠴᠢᠯᠠᠬᠤ ᠬᠡᠷᠡᠭ᠌ᠲᠡᠶ᠃ ᠵᠠᠰᠠᠭ᠎ᠤᠨ ᠣᠷᠳᠣᠨ᠎ᠢᠶᠠᠷ ᠭᠣᠤᠯᠯᠠᠭᠤᠯᠬᠤ᠂ ᠠᠵᠤ ᠠᠬᠤᠢᠯᠠᠯ ᠥᠪᠡᠷᠲᠡᠭᠡᠨ ᠵᠠᠰᠠᠬᠤ᠂ ᠠᠵᠢᠯ ᠲᠥᠷᠥᠯ᠎ᠦᠨ ᠥᠪᠡᠷ᠎ᠢ᠎ᠪᠡᠨ ᠱᠠᠭᠠᠷᠳᠠᠬᠤ᠂ ᠨᠡᠢᠭᠡᠮ᠎ᠦᠨ ᠬᠢᠨ ᠬᠢᠨᠠᠯᠲᠠ ᠲᠠᠯᠪᠢᠬᠤ᠎ᠶ᠋ᠢᠨ ᠬᠠᠮᠵᠢᠯᠴᠠᠨ ᠬᠢᠨᠠᠨ ᠬᠠᠮᠢᠶᠠᠷᠬᠤ᠎ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ ᠳᠣᠲᠣᠷᠠᠬᠢ ᠢᠨᠵᠧᠨᠧᠷᠢᠩ᠎ᠦᠨ ᠥᠷᠲᠡᠭ᠎ᠤᠨ ᠠᠵᠢᠯ ᠲᠥᠷᠥᠯ᠎ᠦᠨ ᠦᠨᠡᠨᠴᠢ ᠢᠲᠡᠭᠡᠮᠵᠢ ᠪᠠ ᠰᠠᠢᠨ ᠰᠠᠢᠬᠠᠨ ᠥᠷᠢᠰᠥᠯᠳᠦᠬᠦ᠌ ᠬᠥᠭ᠌ᠵᠢᠯᠲᠡ᠎ᠶ᠋ᠢᠨ ᠠᠭᠤᠷ ᠠᠮᠢᠰᠭᠤᠯ᠎ᠢ ᠪᠣᠶ ᠪᠣᠯᠭᠠᠬᠤ ᠬᠡᠷᠡᠭ᠌ᠲᠡᠶ᠃

 

2025 ᠣᠨ᠎ᠤ 9 ᠳ᠋ᠤᠭᠡᠷ ᠰᠠᠷ᠎ᠠ᠎ᠶ᠋ᠢᠨ 25 ᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ