ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠡᠯ᠎ᠡ ᠬᠤᠯᠪᠣᠭ᠍ᠳᠠᠯ ᠪᠦᠬᠦᠢ ᠨᠢᠭᠡᠴᠢ᠎ᠳᠤ᠄
ᠣᠷᠣᠨ ᠰᠠᠭᠤᠴᠠ᠎ᠶ᠋ᠢᠨ ᠢᠨᠵᠧᠨᠧᠷᠢᠩ᠎ᠤᠨ ᠴᠢᠨᠠᠷ ᠴᠢᠨᠰᠠᠭ᠎ᠠ᠎ᠶ᠋ᠢ ᠦᠨᠡᠨ ᠬᠦ᠌ ᠳᠡᠭᠡᠭ᠌ᠰᠢᠯᠡᠭᠦᠯᠵᠦ᠍᠂ ᠠᠮᠤᠷ ᠲᠦᠪᠱᠢᠨ᠂ ᠲᠠᠭᠠᠯᠠᠮᠵᠢᠲᠠᠶ᠂ ᠪᠣᠬᠢᠷᠲᠤᠯ ᠥᠬᠡᠶ᠂ ᠣᠶᠤᠨᠴᠢ 《ᠰᠠᠢᠨ ᠭᠡᠷ》᠎ᠢ ᠪᠥᠲᠥᠭᠡᠨ ᠪᠠᠢᠭᠤᠯᠵᠤ᠂ ᠣᠷᠣᠨ ᠰᠠᠭᠤᠴᠠ᠎ᠶ᠋ᠢᠨ ᠢᠨᠵᠧᠨᠧᠷᠢᠩ᠎ᠤᠨ ᠶᠠᠰᠤ ᠴᠢᠨᠠᠷ᠎ᠲᠤ ᠨᠡᠢᠭᠡᠮ᠎ᠤᠨ ᠬᠢᠨᠠᠯᠲᠠ ᠲᠠᠯᠪᠢᠬᠤ ᠲᠣᠭ᠍ᠲᠠᠴᠠ᠎ᠶ᠋ᠢ ᠤᠯᠠᠮ ᠨᠢᠭᠡ ᠠᠯᠬᠤᠮ ᠪᠦᠷᠢᠨᠱᠢᠬᠦᠯᠵᠦ᠍᠂ ᠮᠠᠨ᠎ᠤ ᠣᠷᠣᠨ᠎ᠤ ᠱᠢᠨ᠎ᠡ᠎ᠪᠠᠷ ᠪᠠᠢᠭᠤᠯᠤᠭ᠍ᠰᠠᠨ ᠣᠷᠣᠨ ᠰᠠᠭᠤᠴᠠ᠎ᠶ᠋ᠢᠨ ᠢᠨᠵᠧᠨᠧᠷᠢᠩ᠎ᠤᠨ 《ᠥᠮᠴᠢᠲᠡᠨ᠎ᠤ ᠨᠡᠭᠡᠭᠡᠯᠲᠡ᠎ᠶ᠋ᠢᠨ ᠡᠳᠦᠷ》 ᠤᠨ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠬᠦ᠌᠎ᠶ᠋ᠢ ᠵᠣᠷᠢᠭ᠍ᠵᠢᠭᠤᠯᠬᠤ᠎ᠶ᠋ᠢᠨ ᠲᠤᠰᠠᠳᠠ᠂ ᠮᠠᠨ᠎ᠤ ᠲᠢᠩᠬᠢᠮ᠎ᠠᠴᠠ 《ᠣᠷᠣᠨ ᠰᠠᠭᠤᠴᠠ᠎ᠶ᠋ᠢᠨ ᠢᠨᠵᠧᠨᠧᠷᠢᠩ᠎ᠤᠨ 〈ᠥᠮᠴᠢᠲᠡᠨ᠎ᠤ ᠨᠡᠭᠡᠭᠡᠯᠲᠡ᠎ᠶ᠋ᠢᠨ ᠡᠳᠦᠷ〉᠎ᠤᠨ ᠬᠡᠷᠡᠭ᠌ᠵᠢᠭᠦᠯᠬᠦ᠌ ᠲᠥᠰᠦᠯ ( ᠲᠤᠷᠱᠢᠨ ᠬᠡᠷᠡᠭ᠌ᠵᠢᠭᠦᠯᠬᠦ᠌ )》᠎ᠢ ᠲᠣᠭ᠍ᠲᠠᠭᠠᠵᠤ᠂ ᠡᠳᠦᠭᠡ ᠲᠠ ᠨᠠᠷ᠎ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠵᠢᠷᠤᠮᠯᠠᠨ ᠬᠡᠷᠡᠭ᠌ᠵᠢᠭᠦᠯᠦᠭᠡᠷᠡᠢ᠃
2025 ᠣᠨ᠎ᠤ 9 ᠳ᠋ᠤᠭᠡᠷ ᠰᠠᠷ᠎ᠠ᠎ᠶ᠋ᠢᠨ 25 ᠤ ᠡᠳᠦᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠣᠷᠣᠨ ᠰᠠᠭᠤᠴᠠ᠎ᠶ᠋ᠢᠨ ᠢᠨᠵᠧᠨᠧᠷᠢᠩ᠎ᠤᠨ 《ᠥᠮᠴᠢᠲᠡᠨ᠎ᠤ ᠨᠡᠭᠡᠭᠡᠯᠲᠡ᠎ᠶ᠋ᠢᠨ ᠡᠳᠦᠷ》᠎ᠤᠨ ᠬᠡᠷᠡᠭ᠌ᠵᠢᠭᠦᠯᠬᠦ᠌ ᠲᠥᠰᠦᠯ ( ᠲᠤᠷᠱᠢᠨ ᠬᠡᠷᠡᠭ᠌ᠵᠢᠭᠦᠯᠬᠦ᠌ )
ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠮᠤᠨ᠎ᠤ 《ᠠᠷᠠᠳ ᠲᠦᠮᠡᠨ᠎ᠤ ᠰᠡᠳᠭᠢᠯ᠎ᠳᠦ ᠬᠠᠨᠤᠮᠵᠢᠲᠠᠢ ᠰᠠᠢᠨ ᠭᠡᠷ᠎ᠢ ᠪᠦᠲᠦᠭᠡᠨ ᠪᠠᠢᠭᠤᠯᠬᠤ》 ᠶᠡᠷᠦᠩᠬᠡᠢ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠲᠦᠭᠡᠨ ᠪᠠᠢᠭᠤᠯᠬᠤ ᠨᠢᠭᠡᠴᠢ᠎ᠶ᠋ᠢᠨ ᠢᠨᠵᠧᠨᠧᠷᠢᠩ᠎ᠤᠨ ᠶᠠᠰᠤ ᠴᠢᠨᠠᠷ᠎ᠤᠨ ᠲᠡᠷᠢᠭᠦᠨ ᠴᠢᠬᠤᠯᠠ ᠬᠠᠷᠢᠭᠤᠴᠠᠯᠭ᠎ᠠ᠎ᠶ᠋ᠢ ᠴᠢᠩᠭᠠᠳᠭᠠᠨ᠂ ᠣᠷᠣᠨ ᠰᠠᠭᠤᠴᠠ᠎ᠶ᠋ᠢᠨ ᠢᠨᠵᠧᠨᠧᠷᠢᠩ᠎ᠤᠨ ᠶᠠᠰᠤ ᠴᠢᠨᠠᠷ ᠪᠠ ᠴᠢᠨᠠᠷ ᠴᠢᠨᠰᠠᠭ᠎ᠠ᠎ᠶ᠋ᠢ ᠦᠨᠡᠨ ᠬᠦ᠌ ᠳᠡᠭᠡᠭ᠌ᠰᠢᠯᠡᠭᠦᠯᠬᠦ᠌᠎ᠶ᠋ᠢᠨ ᠲᠤᠰᠠᠳᠠ᠂ ᠮᠠᠨ᠎ᠤ ᠣᠷᠣᠨ᠎ᠤ ᠱᠢᠨ᠎ᠡ᠎ᠪᠠᠷ ᠪᠠᠢᠭᠤᠯᠤᠭ᠍ᠰᠠᠨ ᠣᠷᠣᠨ ᠰᠠᠭᠤᠴᠠ᠎ᠶ᠋ᠢᠨ ᠢᠨᠵᠧᠨᠧᠷᠢᠩ᠎ᠳᠤ 《ᠥᠮᠴᠢᠲᠡᠨ᠎ᠤ ᠨᠡᠭᠡᠭᠡᠯᠲᠡ᠎ᠶ᠋ᠢᠨ ᠡᠳᠦᠷ》᠎ᠤᠨ ᠠᠵᠢᠯᠯᠠᠭ᠎ᠠ᠎ᠶ᠋ᠢ ᠢᠳᠡᠪᠬᠢᠲᠡᠢ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠨᠵᠧᠨᠧᠷᠢᠩ᠎ᠤᠨ ᠬᠠᠤᠯᠢ》᠂ 《ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠳᠦᠷᠢᠮ》᠂ 《ᠶᠠᠰᠤ ᠴᠢᠨᠠᠷ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍ ᠢᠨᠵᠧᠨᠧᠷᠢᠩ᠎ᠤᠨ ᠠᠵᠢᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠲᠤᠬᠠᠢ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠮᠤᠨ᠎ᠤ ᠵᠢᠯᠣᠭᠤᠳᠭᠤ ᠰᠠᠨᠠᠯ᠎ᠢ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠤᠯᠠᠮᠵᠢᠯᠠᠨ ᠲᠠᠷᠬᠠᠭᠠᠬᠤ ᠮᠡᠳᠡᠭ᠌ᠳᠡᠯ》( ᠲᠥᠷᠥ᠍ ᠠᠯᠪᠠᠨ ᠵᠠᠬᠢᠳᠠᠯ [ 2019 ] 92 ᠳ᠋ᠤᠭᠠᠷ ᠲᠣᠭᠠᠲᠤ )᠂ 《ᠬᠤᠲᠠ ᠪᠠᠯᠭᠠᠰᠤᠨ᠎ᠤ ᠣᠷᠣᠨ ᠰᠠᠭᠤᠴᠠ᠎ᠶ᠋ᠢᠨ ᠢᠨᠵᠧᠨᠧᠷᠢᠩ᠎ᠤᠨ ᠶᠠᠰᠤ ᠴᠢᠨᠠᠷ᠎ᠤᠨ ᠠᠰᠠᠭᠤᠳᠠᠯ᠎ᠢ ᠭᠤᠣᠯᠳᠠᠯᠭ᠎ᠠ᠎ᠲᠠᠢ᠎ᠪᠠᠷ ᠴᠡᠭ᠌ᠴᠡᠯᠡᠨ ᠵᠠᠰᠠᠬᠤ᠎ᠶ᠋ᠢ ᠥᠷᠨᠢᠭᠦᠯᠬᠦ᠌ ᠲᠤᠬᠠᠢ ᠮᠡᠳᠡᠭ᠌ᠳᠡᠯ》 ( ᠪᠠᠢᠭᠤᠯᠤᠯᠲᠠ ᠠᠯᠪᠠᠨ ᠴᠢᠨᠠᠷ [ 2025 ] 25 ᠳ᠋ᠤᠭᠠᠷ ᠲᠣᠭᠠᠲᠤ ) ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠵᠤ᠂ ᠲᠣᠰ ᠲᠥᠰᠦᠯ᠎ᠢ ᠲᠣᠭ᠍ᠲᠠᠭᠠᠪᠠ᠃
ᠨᠢᠭᠡ᠂ ᠬᠡᠷᠡᠭ᠌ᠯᠡᠬᠦ᠌ ᠬᠡᠪᠴᠢᠶ᠎ᠡ
ᠪᠥᠬᠦ᠌ ᠣᠷᠣᠨ᠎ᠤ 2025 ᠣᠨ᠎ᠤ 10 ᠳ᠋ᠤᠭᠠᠷ ᠰᠠᠷ᠎ᠠ᠎ᠶ᠋ᠢᠨ 1 ᠤ ᠡᠳᠦᠷ᠎ᠠᠴᠠ ᠬᠤᠢᠰᠢ ᠪᠠᠷᠢᠯᠭ᠎ᠠ ᠳᠠᠭᠤᠰᠴᠤ᠌ ᠱᠢᠯᠭᠠᠨ ᠠᠪᠤᠭ᠍ᠰᠠᠨ ᠱᠢᠨ᠎ᠡ᠎ᠪᠠᠷ ᠪᠠᠢᠭᠤᠯᠤᠭ᠍ᠰᠠᠨ ᠣᠷᠣᠨ ᠰᠠᠭᠤᠴᠠ᠎ᠶ᠋ᠢᠨ ᠢᠨᠵᠧᠨᠧᠷᠢᠩ᠂ ᠲᠠᠸᠠᠷ᠎ᠤᠨ ᠣᠷᠣᠨ ᠰᠠᠭᠤᠴᠠ᠎ᠶ᠋ᠢᠨ ᠬᠣᠷᠢᠶᠠᠯᠠᠯ᠂ ᠨᠡᠢᠲᠡ᠎ᠶ᠋ᠢᠨ ᠪᠠᠢᠷᠢ᠂ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ ᠵᠡᠷᠭᠡ ᠣᠷᠣᠨ ᠰᠠᠭᠤᠴᠠ᠎ᠶ᠋ᠢᠨ ᠢᠨᠵᠧᠨᠧᠷᠢᠩ ᠪᠠᠭ᠍ᠲᠠᠨ᠎ᠠ᠃
ᠬᠤᠶᠠᠷ᠂ ᠠᠵᠢᠯᠯᠠᠭᠠᠨ᠎ᠤ ᠠᠭᠤᠯᠭ᠎ᠠ
( ᠨᠢᠭᠡ ) 《ᠥᠮᠴᠢᠲᠡᠨ᠎ᠤ ᠨᠡᠭᠡᠭᠡᠯᠲᠡ᠎ᠶ᠋ᠢᠨ ᠡᠳᠦᠷ》᠎ᠤᠨ ᠠᠭᠤᠯᠤᠭ᠍ᠳᠠᠬᠤᠨ
《ᠥᠮᠴᠢᠲᠡᠨ᠎ᠤ ᠨᠡᠭᠡᠭᠡᠯᠲᠡ᠎ᠶ᠋ᠢᠨ ᠡᠳᠦᠷ》᠎ᠤᠨ ᠠᠵᠢᠯᠯᠠᠭ᠎ᠠ ᠭᠡᠳᠡᠭ᠎ᠨᠢ ᠱᠢᠨ᠎ᠡ᠎ᠪᠠᠷ ᠪᠠᠢᠭᠤᠯᠤᠭ᠍ᠰᠠᠨ ᠣᠷᠣᠨ ᠰᠠᠭᠤᠴᠠ᠎ᠶ᠋ᠢᠨ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢᠨ ᠨᠢᠭᠡᠴᠢ᠎ᠲᠠᠢ ᠬᠤᠯᠪᠣᠭᠠᠯᠠᠨ ᠲᠦᠷᠦᠯ ᠵᠦᠢᠯ᠎ᠤᠨ ᠪᠦᠲᠦᠭᠡᠨ ᠪᠠᠢᠭᠤᠯᠤᠯᠲᠠ᠎ᠳᠤ ᠣᠷᠤᠯᠴᠠᠬᠤ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢᠨ ᠭᠤᠣᠯ ᠴᠣᠭ᠍ᠴᠠ ( ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠨᠢᠭᠡᠴᠢ ᠪᠠᠭ᠍ᠲᠠᠨ᠎ᠠ )᠂ ᠲᠣᠭ᠍ᠲᠠᠭ᠍ᠰᠠᠨ ᠴᠠᠭ᠂ ᠬᠢᠵᠠᠭᠠᠷᠯᠠᠭ᠍ᠰᠠᠨ ᠬᠡᠪᠴᠢᠶ᠎ᠡ᠂ ᠠᠮᠤᠷ ᠲᠦᠪᠱᠢᠨ᠎ᠢ ᠪᠠᠲᠤᠯᠠᠭ᠍ᠰᠠᠨ ᠪᠠᠢᠳᠠᠯ ᠳᠣᠣᠷ᠎ᠠ᠂ ᠥᠮᠴᠢᠲᠡᠨ᠎ᠢᠶᠠᠨ ᠵᠣᠬᠢᠶᠠᠨ ᠪᠠᠢᠭᠤᠯᠤᠨ ᠲᠦᠷᠦᠯ ᠵᠦᠢᠯ᠎ᠤᠨ ᠠᠬᠤᠢ ᠲᠠᠯᠠᠪᠠᠢ᠎ᠳᠤ ᠬᠦᠷᠴᠦ᠍ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢᠨ ᠪᠣᠳᠠᠲᠠᠢ ᠪᠠᠢᠳᠠᠯ᠎ᠢ ᠪᠠᠢᠴᠠᠭᠠᠨ ᠦᠵᠡᠵᠦ᠍᠂ ᠠᠬᠤᠢ ᠲᠠᠯᠠᠪᠠᠢ᠎ᠳᠤ ᠪᠠᠷᠢᠯᠭ᠎ᠠ᠎ᠶ᠋ᠢᠨ ᠠᠵᠢᠯ᠎ᠤᠨ ᠪᠣᠳᠠᠲᠠᠢ ᠪᠠᠢᠳᠠᠯ᠎ᠢ ᠣᠢᠯᠠᠭᠠᠵᠤ᠂ ᠡᠭᠦᠨ᠎ᠤ ᠤᠯᠠᠮ᠎ᠢᠶᠠᠷ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢᠨ ᠭᠤᠣᠯ ᠴᠣᠭ᠍ᠴᠠ ᠪᠣᠯᠣᠨ ᠥᠮᠴᠢᠲᠡᠨ᠎ᠤ ᠣᠯᠣᠯᠴᠠᠭ᠎ᠠ ᠰᠣᠯᠢᠯᠴᠠᠭ᠎ᠠ᠎ᠶ᠋ᠢ ᠠᠬᠢᠭᠤᠯᠵᠤ᠂ ᠣᠷᠣᠨ ᠰᠠᠭᠤᠴᠠ᠎ᠶ᠋ᠢᠨ ᠢᠨᠵᠧᠨᠧᠷᠢᠩ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠨᠢᠭᠡ ᠵᠦᠢᠯ᠎ᠤᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠨᠡᠢᠭᠡᠮ᠎ᠤᠨ ᠬᠢᠨᠠᠯᠲᠠ ᠲᠠᠯᠪᠢᠬᠤ ᠠᠵᠢᠯᠯᠠᠭ᠎ᠠ᠎ᠶ᠋ᠢ ᠵᠢᠭᠠᠵᠤ ᠪᠠᠢᠨ᠎ᠠ᠃
ᠥᠮᠴᠢᠲᠡᠨ ᠭᠡᠳᠡᠭ ᠨᠢ ᠲᠠᠸᠠᠷ᠎ᠤᠨ ᠣᠷᠣᠨ ᠰᠠᠭᠤᠴᠠᠳ᠋ᠤ ᠭᠡᠷ ᠪᠠᠢᠱᠢᠩ ᠬᠤᠳᠠᠯᠳᠤᠨ ᠠᠪᠬᠤ ᠭᠡᠷ᠎ᠡ ᠶ᠋ᠢ ᠰᠦᠯᠵᠢᠶᠡᠨ ᠳᠡᠭᠡᠷ᠎ᠡ ᠳᠠᠩᠰᠠᠯᠠᠭᠤᠯᠬᠤ ᠭᠠᠷ ᠭᠦᠢᠴᠡᠳᠭᠡᠯᠢ᠋ ᠨᠢᠭᠡᠨᠲᠡ ᠪᠡᠶᠡᠯᠡᠭᠦᠯᠦᠭ᠌ᠰᠡᠨ ᠬᠥᠮᠦᠰ ᠪᠤᠶᠤ ᠲᠥᠪᠬᠢᠨᠡᠭᠦᠯᠬᠦ᠌ ᠣᠷᠣᠨ ᠰᠠᠭᠤᠴᠠᠳ᠋ᠤ ᠭᠡᠷ ᠰᠣᠩᠭᠣᠬᠤ ᠵᠢᠷᠤᠮᠢ᠋ ᠨᠢᠭᠡᠨᠲᠡ ᠪᠡᠶᠡᠯᠡᠭᠦᠯᠦᠭ᠌ᠰᠡᠨ ᠬᠥᠮᠦᠰ᠎ᠢ᠋ ᠵᠢᠭᠠᠵᠤ ᠪᠣᠢ᠃
( ᠬᠣᠶᠠᠷ ) ᠨᠡᠭᠡᠭᠡᠯᠲᠡ ᠶ᠋ᠢᠨ ᠴᠠᠭ
ᠡᠷᠦᠬᠡ ᠬᠤᠪᠢᠶᠠᠨ ᠱᠢᠯᠭᠠᠨ ᠠᠪᠤᠭ᠍ᠰᠠᠨ᠎ᠤ ᠳᠠᠷᠠᠭ᠎ᠠ᠂ ᠠᠵᠢᠯ ᠳᠠᠭᠤᠰᠴᠤ᠌ ᠱᠢᠯᠭᠠᠨ ᠠᠪᠬᠤ᠎ᠠᠴᠠ ᠡᠮᠦᠨ᠎ᠡ᠃
( ᠭᠤᠷᠪᠠ ) ᠨᠡᠭᠡᠭᠡᠯᠲᠡ ᠶ᠋ᠢᠨ ᠠᠭᠤᠯᠭ᠎ᠠ
ᠪᠦᠲᠦᠭᠡᠨ ᠪᠠᠢᠭᠤᠯᠬᠤ ᠨᠢᠭᠡᠴᠢ᠎ᠠᠴᠠ 《ᠥᠮᠴᠢᠲᠡᠨ᠎ᠤ ᠨᠡᠭᠡᠭᠡᠯᠲᠡ᠎ᠶ᠋ᠢᠨ ᠡᠳᠦᠷ》᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠭᠤᠣᠯ ᠨᠡᠭᠡᠭᠡᠯᠲᠡ ᠬᠢᠬᠦ᠌ ᠠᠭᠤᠯᠭ᠎ᠠ ᠳᠣᠤᠷᠠᠬᠢ ᠮᠡᠲᠦ᠄
1. ᠭᠣᠤᠯ ᠴᠣᠭ᠍ᠴᠠ᠎ᠶ᠋ᠢᠨ ᠪᠦᠲᠦᠴᠡ᠎ᠶ᠋ᠢᠨ ᠪᠣᠳᠠᠲᠤ ᠴᠣᠭ᠍ᠴᠠ᠎ᠶ᠋ᠢᠨ ᠶᠠᠰᠤ ᠴᠢᠨᠠᠷ᠎ᠤᠨ ᠪᠠᠢᠳᠠᠯ;
2. ᠤᠰᠤ ᠰᠡᠷᠭᠡᠢᠯᠡᠬᠦ᠌ ᠢᠨᠵᠧᠨᠧᠷᠢᠩ᠎ᠤᠨ ᠠᠵᠢᠯ᠎ᠤᠨ ᠪᠠᠢᠳᠠᠯ;
3. ᠭᠤᠤᠯ ᠪᠣᠯᠬᠤ ᠢᠨᠵᠧᠨᠧᠷᠢᠩ᠎ᠤᠨ ᠮᠠᠲ᠋ᠧᠷᠢᠶᠠᠯ᠎ᠢ ᠬᠡᠷᠡᠭ᠌ᠯᠡᠭ᠌ᠰᠡᠨ ᠪᠠᠢᠳᠠᠯ;
4. ᠬᠡᠷᠡᠮ᠎ᠤᠨ ᠡᠨᠧᠷᠭᠢ ᠠᠷᠪᠢᠯᠠᠵᠤ ᠳᠤᠯᠠᠭᠠᠨ᠎ᠢ ᠬᠠᠮᠠᠭᠠᠯᠠᠬᠤ ᠢᠨᠵᠧᠨᠧᠷᠢᠩ᠎ᠤᠨ ᠶᠠᠰᠤ ᠴᠢᠨᠠᠷ᠎ᠤᠨ ᠪᠠᠢᠳᠠᠯ;
5. ᠵᠠᠰᠠᠵᠤ ᠴᠢᠮᠡᠭ᠌ᠯᠡᠬᠦ᠌ ᠢᠨᠵᠧᠨᠧᠷᠢᠩ᠎ᠤᠨ ᠶᠠᠰᠤ ᠴᠢᠨᠠᠷ᠎ᠤᠨ ᠪᠠᠢᠳᠠᠯ;
6. ᠪᠣᠬᠢᠷᠲᠤᠯ ᠦᠭᠡᠶ ᠢᠨᠵᠧᠨᠧᠷᠢᠩ᠎ᠤᠨ ᠳᠡᠰ ᠬᠢᠭᠡᠳ ᠭᠤᠤᠯ ᠮᠡᠷᠭᠡᠵᠢᠯ᠎ᠤᠨ ᠬᠡᠷᠡᠭ᠌ᠯᠡᠯᠲᠡ᠎ᠶ᠋ᠢᠨ ᠪᠠᠢᠳᠠᠯ ( ᠵᠢᠱ᠌ᠢᠶᠡᠯᠡᠪᠡᠯ ᠡᠨᠧᠷᠭᠢ ᠠᠷᠪᠢᠯᠠᠬᠤ ᠡᠭᠦᠳᠡ ᠴᠣᠩᠬᠤ᠂ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠬᠡᠷᠡᠭ᠌ᠯᠡᠯᠲᠡ ᠵᠡᠷᠭᠡ );
7. ᠬᠣᠷᠢᠶᠠᠯᠠᠯ᠎ᠤᠨ ᠢᠵᠢ ᠪᠦᠷᠢᠳᠦᠭᠦᠯᠬᠦ᠌ ᠲᠥᠬᠦᠭᠡᠷᠦᠮᠵᠢ᠎ᠶ᠋ᠢᠨ ᠪᠠᠢᠳᠠᠯ ᠵᠡᠷᠭᠡ᠃
ᠭᠤᠷᠪᠠ᠂ ᠠᠵᠢᠯᠯᠠᠭᠠᠨ᠎ᠤ ᠵᠣᠬᠢᠶᠠᠨ ᠪᠠᠢᠭᠤᠯᠤᠯᠲᠠ
( ᠨᠢᠭᠡ ) ᠥᠮᠴᠢᠲᠡᠨ᠎ᠤ ᠨᠡᠭᠡᠭᠡᠯᠲᠡ ᠶ᠋ᠢᠨ ᠡᠳᠦᠷ᠎ᠤᠨ ᠬᠠᠷᠢᠭᠤᠴᠠᠯᠭ᠎ᠠ᠎ᠶ᠋ᠢᠨ ᠭᠤᠣᠯ ᠴᠣᠭ᠍ᠴᠠ
ᠪᠦᠲᠦᠭᠡᠨ ᠪᠠᠢᠭᠤᠯᠬᠤ ᠨᠢᠭᠡᠴᠢ᠎ᠨᠢ ᠢᠨᠵᠧᠨᠧᠷᠢᠩ᠎ᠤᠨ ᠶᠠᠰᠤ ᠴᠢᠨᠠᠷ᠎ᠲᠤ ᠲᠡᠷᠢᠭᠦᠨ ᠴᠢᠬᠤᠯᠠ ᠬᠠᠷᠢᠭᠤᠴᠠᠯᠭ᠎ᠠ ᠡᠭᠦᠷᠭᠡᠯᠡᠨ᠎ᠡ᠂ 《ᠥᠮᠴᠢᠲᠡᠨ᠎ᠤ ᠨᠡᠭᠡᠭᠡᠯᠲᠡ᠎ᠶ᠋ᠢᠨ ᠡᠳᠦᠷ》᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠦᠭ᠌ᠴᠢ ᠪᠠᠢᠵᠤ᠂ ᠠᠵᠢᠯᠯᠠᠭ᠎ᠠ ᠥᠷᠨᠢᠭᠦᠯᠬᠦ᠌ ᠪᠠ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠳᠤ ᠲᠡᠷᠢᠭᠦᠨ ᠴᠢᠬᠤᠯᠠ ᠬᠠᠷᠢᠭᠤᠴᠠᠯᠭ᠎ᠠ ᠡᠭᠦᠷᠭᠡᠯᠡᠵᠦ᠍᠂ 《ᠥᠮᠴᠢᠲᠡᠨ᠎ᠤ ᠨᠡᠭᠡᠭᠡᠯᠲᠡ᠎ᠶ᠋ᠢᠨ ᠡᠳᠦᠷ》᠎ᠤᠨ ᠠᠵᠢᠯᠯᠠᠭ᠎ᠠ᠎ᠶ᠋ᠢᠨ ᠲᠥᠰᠦᠯ᠎ᠢ ᠲᠣᠭ᠍ᠲᠠᠭᠠᠬᠤ᠂ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌ ᠵᠢᠴᠢ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠬᠠᠷᠢᠭᠤᠴᠠᠬᠤ᠎ᠶ᠋ᠢᠨ ᠬᠠᠮᠲᠤ ᠱᠠᠭᠠᠷᠳᠠᠯᠭ᠎ᠠ ᠶᠣᠰᠣᠭᠠᠷ 《ᠥᠮᠴᠢᠲᠡᠨ᠎ᠤ ᠨᠡᠭᠡᠭᠡᠯᠲᠡ᠎ᠶ᠋ᠢᠨ ᠡᠳᠦᠷ》᠎ᠤᠨ ᠠᠵᠢᠯᠯᠠᠭ᠎ᠠ᠎ᠶ᠋ᠢᠨ ᠳᠤᠮᠳᠠᠬᠢ ᠠᠮᠤᠷ ᠲᠦᠪᠱᠢᠨ ᠵᠡᠷᠭᠡ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠵᠢᠷᠤᠵᠤ ᠲᠥᠯᠥᠪᠯᠡᠬᠦ᠂ ᠠᠳᠠᠯ ᠠᠬᠤᠢ ᠵᠡᠷᠭᠡ ᠨᠢᠭᠡᠴᠢ ᠨᠦᠭᠦᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠶ᠋ᠢᠨ᠎ᠢᠶᠠᠨ ᠶᠣᠰᠣᠭᠠᠷ ᠰᠠᠢᠲᠤᠷ ᠬᠠᠮᠵᠢᠯᠴᠠᠬᠤ ᠬᠡᠷᠡᠭ᠌ᠲᠡᠢ᠃
( ᠬᠣᠶᠠᠷ ) ᠬᠢᠨᠠᠯᠳᠠ ᠳᠠᠯᠪᠢᠵᠣ ᠬᠠᠮᠢᠶᠠᠷᠬᠤ ᠰᠠᠯᠠᠭ᠎ᠠ ᠮᠦᠴᠢᠷ
ᠱᠢᠶᠠᠨ᠎ᠤ ᠱᠠᠲᠤᠨ᠎ᠠᠴᠠ ᠳᠡᠭᠡᠭ᠌ᠰᠢᠬᠢ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ᠎ᠤ ᠣᠷᠣᠨ᠎ᠤ᠎ᠪᠠᠨ ᠳᠣᠲᠣᠷᠠᠬᠢ ᠱᠢᠨ᠎ᠡ᠎ᠪᠡᠷ ᠪᠠᠢᠭᠤᠯᠤᠭ᠍ᠰᠠᠨ ᠣᠷᠣᠨ ᠰᠠᠭᠤᠴᠠ᠎ᠶ᠋ᠢᠨ ᠢᠨᠵᠧᠨᠧᠷᠢᠩ᠎ᠤᠨ《 ᠥᠮᠴᠢᠲᠡᠨ᠎ᠦ ᠨᠡᠭᠡᠭᠡᠯᠲᠡ᠎ᠶ᠋ᠢᠨ ᠡᠳᠦᠷ 》᠎ᠦᠨ ᠠᠵᠢᠯᠯᠠᠭ᠎ᠠ᠎ᠳᠤ ᠬᠢᠨᠠᠯᠲᠠ ᠲᠠᠯᠪᠢᠵᠤ ᠬᠠᠮᠢᠶᠠᠷᠬᠤ᠎ᠶ᠋ᠢ ᠬᠡᠷᠡᠭ᠌ᠵᠢᠭᠦᠯᠵᠦ᠍᠂ ᠲᠡᠭᠦᠨ᠎ᠦ ᠬᠠᠷᠢᠶ᠎ᠠ ᠪᠦᠬᠦᠢ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠪᠤᠶᠤ ᠮᠡᠷᠭᠡᠵᠢᠯ᠎ᠦᠨ ᠦᠢᠯᠡᠴᠢᠯᠡᠭᠡᠨ᠎ᠦ ᠪᠠᠢᠭᠤᠯᠤᠮᠵᠢ᠎ᠳᠤ ᠪᠣᠳᠠᠲᠠᠶ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠨ᠎ᠠ᠃
ᠳᠥᠷᠪᠡ᠂ ᠪᠣᠳᠠᠲᠠᠶ ᠬᠡᠷᠡᠭ᠌ᠵᠢᠭᠦᠯᠦᠯᠲᠡ
( ᠨᠢᠭᠡ ) ᠠᠵᠢᠯᠯᠠᠭᠠᠨ᠎ᠤ ᠪᠡᠯᠡᠳᠭᠡᠯᠦ᠋ᠨ ᠱᠠᠲᠤ
1. ᠲᠥᠰᠦᠯ ᠲᠣᠭ᠍ᠲᠠᠭᠠᠨ᠎ᠠ᠃ ᠪᠦᠲᠦᠭᠡᠨ ᠪᠠᠢᠭᠤᠯᠬᠤ ᠨᠢᠭᠡᠴᠢ᠎ᠨᠢ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶ᠋ᠢᠨ ᠪᠣᠳᠠᠲᠤ ᠪᠠᠢᠳᠠᠯ᠎ᠢ ᠦᠨᠳᠦᠰᠦᠯᠡᠨ᠂ ᠥᠮᠴᠢᠲᠡᠨ᠎ᠤ ᠨᠡᠭᠡᠭᠡᠯᠲᠡ ᠶ᠋ᠢᠨ ᠡᠳᠦᠷ᠎ᠤᠨ ᠠᠵᠢᠯᠯᠠᠭ᠎ᠠ᠎ᠶ᠋ᠢᠨ ᠲᠥᠰᠦᠯ᠎ᠢ ᠲᠣᠭ᠍ᠲᠠᠭᠠᠵᠤ᠂ ᠠᠭᠤᠯᠭ᠎ᠠ᠎ᠳᠤ ᠲᠥᠷᠥᠯ ᠵᠦᠢᠯ᠎ᠤᠨ ᠲᠦᠢᠮᠣ ᠪᠠᠢᠳᠠᠯ᠂ ᠠᠵᠢᠯᠲᠠᠨ᠎ᠤ ᠵᠣᠬᠢᠶᠠᠨ ᠪᠠᠢᠭᠤᠯᠤᠯᠲᠠ᠎ᠶ᠋ᠢᠨ ᠲᠣᠬᠢᠷᠠᠭᠤᠯᠤᠯᠲᠠ᠂ ᠥᠷᠨᠢᠭᠦᠯᠦᠭ᠌ᠰᠡᠨ ᠴᠠᠭ᠂ ᠨᠡᠭᠡᠭᠡᠯᠲᠡ᠎ᠶ᠋ᠢᠨ ᠠᠭᠤᠯᠭ᠎ᠠ᠂ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ ᠵᠡᠷᠭᠡ ᠠᠭᠤᠯᠭ᠎ᠠ᠎ᠶ᠋ᠢ ᠪᠠᠭ᠍ᠲᠠᠭᠠᠬᠤ ᠬᠡᠷᠡᠭ᠌ᠲᠡᠶ᠃
2. ᠤᠷᠢᠳᠴᠢᠯᠠᠨ ᠮᠡᠳᠡᠭ᠌ᠳᠡᠨ᠎ᠡ᠃ ᠪᠦᠲᠦᠭᠡᠨ ᠪᠠᠢᠭᠤᠯᠬᠤ ᠨᠢᠭᠡᠴᠢ ᠨᠢ ᠪᠣᠯᠵᠣᠨ ᠲᠣᠭ᠍ᠲᠠᠭ᠍ᠰᠠᠨ ᠠᠷᠭ᠎ᠠ ᠮᠠᠶᠢᠭ᠎ᠤᠨ ᠶᠣᠰᠣᠭᠠᠷ ᠥᠮᠴᠢᠲᠡᠨ᠎ᠳᠦ 7 ᠡᠳᠦᠷ᠎ᠡᠴᠡ ᠳᠤᠲᠠᠭᠤ ᠦᠭᠡᠶ ᠤᠷᠢᠳᠴᠢᠯᠠᠨ ᠮᠡᠳᠡᠭ᠌ᠳᠡᠵᠦ᠍᠂ ᠥᠮᠴᠢᠲᠡᠨ᠎ᠳᠦ ᠪᠣᠳᠠᠲᠠᠶ ᠲᠣᠬᠢᠷᠠᠭᠤᠯᠤᠯᠲᠠ ᠬᠢᠬᠦ᠌᠂ ᠦᠨᠡᠮᠯᠡᠯ ᠮᠠᠲ᠋ᠧᠷᠢᠶᠠᠯ ᠠᠪᠬᠤ᠂ ᠪᠠᠢᠴᠠᠭᠠᠨ ᠱᠢᠯᠭᠠᠬᠤ ᠭᠣᠤᠯ ᠠᠭᠤᠯᠭ᠎ᠠ ᠵᠢᠴᠢ ᠠᠩᠬᠠᠷᠬᠤ ᠵᠦᠢᠯᠡᠰ᠎ᠢ ᠮᠡᠳᠡᠭ᠌ᠳᠡᠬᠦ᠌ ᠬᠡᠷᠡᠭ᠌ᠲᠡᠶ᠃ ᠠᠯᠢ ᠴᠢᠳᠠᠬᠤ᠎ᠪᠠᠷ ᠭᠠᠷᠠᠭ᠎ᠤᠨ ᠰᠡᠭᠦᠯᠴᠢ ᠪᠤᠶᠤ ᠪᠠᠶᠠᠷ ᠳᠤᠷᠠᠰᠭᠠᠯ ᠠᠮᠠᠷᠠᠯᠲᠠ᠎ᠶ᠋ᠢᠨ ᠡᠳᠦᠷ᠎ᠢ ᠲᠣᠬᠢᠷᠠᠭᠤᠯᠵᠤ᠂ ᠨᠠᠭᠠᠳᠤ ᠵᠠᠬ᠎ᠠ᠎ᠳᠦ᠎ᠪᠡᠨ 7 ᠡᠳᠦᠷ ᠤᠷᠢᠳᠴᠢᠯᠠᠨ ᠪᠣᠶ ᠪᠥᠬᠦᠶ ᠥᠮᠴᠢᠲᠡᠨ᠎ᠳᠤ ᠤᠷᠢᠯᠭ᠎ᠠ ᠲᠠᠷᠬᠠᠭᠠᠵᠤ᠂ 《ᠥᠮᠴᠢᠲᠡᠨ᠎ᠤ ᠨᠡᠭᠡᠭᠡᠯᠲᠡ᠎ᠶ᠋ᠢᠨ ᠡᠳᠦᠷ》᠎ᠤᠨ ᠪᠣᠳᠠᠲᠠᠶ ᠴᠠᠭ᠂ ᠴᠤᠭ᠍ᠯᠠᠷᠠᠬᠤ ᠭᠠᠵᠠᠷ᠂ ᠠᠵᠢᠯᠯᠠᠭᠠᠨ᠎ᠤ ᠶᠠᠪᠤᠴᠠ ᠪᠠ ᠠᠬᠤᠢ ᠲᠠᠯᠠᠪᠠᠢ᠎ᠳᠤ ᠣᠷᠣᠬᠤ᠎ᠳᠤ ᠠᠩᠬᠠᠷᠬᠤ ᠵᠦᠢᠯᠡᠰ ᠵᠡᠷᠭᠡ᠎ᠶ᠋ᠢ ᠮᠡᠳᠡᠭ᠌ᠳᠡᠬᠦ᠌᠎ᠶ᠋ᠢᠨ ᠬᠠᠮᠲᠤ ᠬᠣᠷᠢᠶᠠᠯᠠᠯ᠎ᠤᠨ ᠭᠤᠤᠯ ᠣᠷᠣᠬᠤ ᠡᠭᠦᠳᠡᠨ᠎ᠳᠤ ᠵᠠᠷᠯᠠᠨ ᠨᠡᠢᠲᠡᠯᠡᠬᠦ᠌ ᠬᠡᠷᠡᠭ᠌ᠲᠡᠶ᠃ ᠥᠮᠴᠢᠲᠡᠨ ᠰᠠᠢᠨ ᠳᠤᠷ᠎ᠠ᠎ᠶ᠋ᠢᠨ ᠪᠠᠢᠬᠤ ᠵᠠᠷᠴᠢᠮ᠎ᠤᠨ ᠶᠣᠰᠣᠭᠠᠷ᠂ ᠡᠷᠦᠬᠡ ᠪᠦᠷᠢ᠎ᠶ᠋ᠢᠨ ᠣᠷᠣᠯᠴᠠᠬᠤ ᠶᠡᠷᠦᠩᠬᠡᠶ ᠬᠥᠮᠦᠨ᠎ᠦ ᠲᠣᠭ᠎ᠠ᠎ᠶ᠋ᠢ 3 ᠬᠥᠮᠦᠨ᠎ᠡᠴᠡ ᠬᠡᠲᠦᠷᠡᠭᠦᠯᠬᠦ᠌ ᠦᠭᠡᠶ᠃
( ᠬᠣᠶᠠᠷ ) ᠠᠵᠢᠯᠯᠠᠭ᠎ᠠ ᠶ᠋ᠢᠨ ᠬᠡᠷᠡᠭ᠌ᠵᠢᠭᠦᠯᠬᠦ᠌ ᠱᠠᠲᠤ
1. ᠠᠵᠢᠯᠯᠠᠭᠠᠨ᠎ᠤ ᠵᠣᠬᠢᠶᠠᠨ ᠪᠠᠢᠭᠤᠯᠤᠯᠲᠠ᠃ ᠪᠦᠲᠦᠭᠡᠨ ᠪᠠᠢᠭᠤᠯᠬᠤ ᠨᠢᠭᠡᠴᠢ᠎ᠨᠢ ᠲᠣᠭ᠍ᠲᠠᠭᠠᠭ᠍ᠰᠠᠨ ᠠᠵᠢᠯᠯᠠᠭ᠎ᠠ᠎ᠶ᠋ᠢᠨ ᠲᠥᠰᠦᠯ ᠶᠣᠰᠣᠭᠠᠷ᠂ ᠥᠮᠴᠢᠲᠡᠨ᠎ᠢ ᠲᠥᠪᠯᠡᠷᠡᠭᠦᠯᠬᠦ᠌ ᠪᠤᠶᠤ ᠪᠦᠯᠦᠭ ᠬᠤᠪᠢᠶᠠᠨ ᠡᠮᠬᠢ ᠵᠢᠷᠤᠮ᠎ᠲᠠᠢ᠎ᠪᠠᠷ ᠵᠣᠬᠢᠶᠠᠨ ᠪᠠᠢᠭᠤᠯᠤᠨ ᠠᠬᠤᠢ ᠲᠠᠯᠠᠪᠠᠢ᠎ᠳᠤ ᠣᠴᠢᠭᠤᠯᠵᠤ᠂ ᠡᠷᠦᠬᠡ᠎ᠪᠠᠷ 《〈ᠥᠮᠴᠢᠲᠡᠨ᠎ᠤ ᠨᠡᠭᠡᠭᠡᠯᠲᠡ ᠶ᠋ᠢᠨ ᠡᠳᠦᠷ〉᠎ᠤᠨ ᠠᠵᠢᠯᠯᠠᠭ᠎ᠠ᠎ᠶ᠋ᠢᠨ ᠠᠰᠠᠭᠤᠳᠠᠯ᠎ᠢ ᠳᠠᠩᠰᠠᠯᠠᠬᠤ ᠬᠦᠰᠦᠨᠦᠭ᠌ᠲᠦ》( ᠳᠠᠭᠠᠯᠳᠤᠭᠤᠯᠤᠯ 1 )᠎ᠶ᠋ᠢ ᠲᠠᠷᠬᠠᠭᠠᠬᠤ᠎ᠶ᠋ᠢᠨ ᠬᠠᠮᠲᠤ᠌᠂ ᠲᠤᠰᠭᠠᠶ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠢᠭᠤᠯᠤᠨ ᠪᠠᠢᠴᠠᠭᠠᠬᠤ ᠪᠠᠭᠠᠵᠢ ᠬᠡᠷᠡᠭ᠌ᠰᠡᠯ᠎ᠢᠶᠠᠨ ᠠᠪᠴᠤ᠌ ᠪᠥᠬᠦ᠌ ᠶᠠᠪᠤᠴᠠ᠎ᠳᠤ ᠪᠠᠷ᠎ᠠ ᠪᠣᠯᠵᠤ ᠥᠮᠴᠢᠲᠡᠨ᠎ᠤ ᠡᠷᠦᠬᠡ ᠵᠢᠴᠢ ᠬᠠᠮᠢᠶ᠎ᠠ ᠪᠥᠬᠦᠶ ᠣᠯᠠᠨ ᠨᠡᠢᠲᠡ᠎ᠶ᠋ᠢᠨ ᠣᠷᠣᠨ ᠪᠦᠰᠡ᠂ ᠣᠯᠠᠨ ᠨᠡᠢᠲᠡ᠎ᠶ᠋ᠢᠨ ᠲᠥᠬᠦᠭᠡᠷᠦᠮᠵᠢ᠎ᠶ᠋ᠢ ᠲᠣᠭᠤᠷᠢᠨ ᠦᠵᠡᠭᠦᠯᠬᠦ᠌᠎ᠶ᠋ᠢᠨ ᠬᠠᠮᠲᠤ ᠳᠦᠷᠰᠦ ᠱᠢᠩᠭᠡᠭᠡᠯᠲᠡ᠎ᠶ᠋ᠢᠨ ᠮᠠᠲ᠋ᠧᠷᠢᠶᠠᠯ᠎ᠢ ᠦᠯᠡᠳᠡᠭᠡᠨ ᠬᠠᠳᠠᠭᠠᠯᠠᠨ᠎ᠠ᠃ ᠥᠮᠴᠢᠲᠡᠨ ᠨᠢ ᠬᠤᠭᠤᠴᠠᠭ᠎ᠠ ᠥᠩᠭᠡᠷᠡᠲᠡᠯ᠎ᠡ ᠣᠷᠣᠯᠴᠠᠭ᠍ᠰᠠᠨ ᠦᠭᠡᠶ ᠪᠣᠯ ᠰᠠᠨᠠᠭᠠᠴᠢᠯᠠᠭ᠎ᠠ᠎ᠠᠴᠠ᠎ᠪᠠᠨ ᠪᠤᠯᠢᠭ᠍ᠰᠠᠨᠢᠶᠠᠷ ᠦᠵᠡᠵᠦ᠍᠂ ᠪᠦᠲᠦᠭᠡᠨ ᠪᠠᠢᠭᠤᠯᠬᠤ ᠨᠢᠭᠡᠴᠢ ᠨᠢ ᠪᠢᠴᠢᠭ᠌ᠯᠡᠭ᠌ᠰᠡᠨ ᠲᠡᠮᠳᠡᠭ᠌ᠯᠡᠯ᠎ᠢᠶᠡᠨ ᠰᠠᠢᠲᠤᠷ ᠬᠢᠬᠦ᠌ ᠬᠡᠷᠡᠭ᠌ᠲᠡᠶ᠃ ᠢᠨᠵᠧᠨᠧᠷᠢᠩ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠳᠦᠷᠢᠮ ᠲᠣᠭ᠍ᠲᠠᠭᠠᠯ᠎ᠢ ᠡᠷᠬᠡᠪᠰᠢ ᠵᠢᠷᠤᠮᠯᠠᠬᠤ ᠬᠡᠷᠡᠭ᠌ᠲᠡᠶ᠃
2. ᠠᠮᠤᠷ ᠲᠦᠪᠱᠢᠨ᠎ᠢ ᠪᠠᠲᠤᠯᠠᠨ᠎ᠠ᠃ ᠪᠠᠷᠢᠯᠭ᠎ᠠ ᠪᠠᠷᠢᠭᠤᠯᠤᠭ᠍ᠰᠠᠨ ᠨᠢᠭᠡᠴᠢ ᠠᠬᠤᠢ ᠲᠠᠯᠠᠪᠠᠢ᠎ᠶ᠋ᠢᠨ ᠢᠨᠵᠧᠨᠧᠷᠢᠩ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠳᠦᠷᠢᠮ ᠲᠣᠭ᠍ᠲᠠᠭᠠᠯ᠎ᠢ ᠴᠢᠩᠭ᠎ᠠ ᠵᠢᠷᠤᠮᠯᠠᠨ᠂ ᠠᠵᠢᠯᠯᠠᠭ᠎ᠠ᠎ᠳᠤ ᠣᠷᠣᠯᠴᠠᠭ᠍ᠰᠠᠨ ᠥᠮᠴᠢᠲᠡᠨ᠎ᠳᠤ ᠠᠮᠤᠷ ᠲᠦᠪᠱᠢᠨ᠎ᠤ ᠬᠥᠮᠦᠵᠢᠯ᠎ᠢ ᠰᠠᠢᠲᠤᠷ ᠬᠢᠵᠦ᠍᠂ ᠪᠠᠷᠢᠯᠭ᠎ᠠ᠎ᠶ᠋ᠢᠨ ᠠᠬᠤᠢ ᠲᠠᠯᠠᠪᠠᠢ ᠶ᠋ᠢᠨ ᠠᠮᠤᠷ ᠲᠦᠪᠱᠢᠨ᠎ᠤ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠡ᠎ᠶ᠋ᠢ ᠰᠠᠢᠲᠤᠷ ᠬᠢᠵᠦ᠍᠂ ᠥᠮᠴᠢᠲᠡᠨ᠎ᠤ ᠠᠬᠤᠢ ᠲᠠᠯᠠᠪᠠᠢ ᠳᠠᠬᠢ ᠠᠮᠤᠷ ᠲᠦᠪᠱᠢᠨ᠎ᠤ ᠠᠬᠤᠢ ᠲᠠᠯᠠᠪᠠᠢ ᠶ᠋ᠢᠨ ᠣᠷᠴᠢᠨ ᠲᠣᠭᠤᠷᠢᠨ ᠪᠠ ᠠᠮᠤᠷ ᠲᠦᠪᠱᠢᠨ᠎ᠤ ᠬᠠᠮᠠᠭᠠᠯᠠᠯᠲᠠ᠎ᠶ᠋ᠢᠨ ᠬᠡᠷᠡᠭ᠌ᠰᠡᠯ᠎ᠢ ᠬᠠᠩᠭᠠᠬᠤ ᠬᠡᠷᠡᠭ᠌ᠲᠡᠶ᠃ ᠨᠡᠭᠡᠭᠡᠯᠲᠡ ᠬᠢᠬᠦ᠌᠎ᠶ᠋ᠢ ᠬᠡᠷᠡᠭ᠌ᠵᠢᠭᠦᠯᠬᠦ᠌ ᠠᠰᠠᠷ ᠨᠢ ᠪᠠᠷᠢᠯᠭ᠎ᠠ᠎ᠶ᠋ᠢ ᠤᠷᠢᠳᠴᠢᠯᠠᠨ ᠵᠣᠭ᠍ᠰᠣᠭᠠᠵᠤ᠂ ᠠᠵᠢᠯ ᠬᠦᠯᠢᠶᠡᠵᠦ᠍ ᠪᠠᠢᠭ᠎ᠠ ᠨᠢ ᠥᠮᠴᠢᠲᠡᠨ ᠪᠥᠭᠦᠳᠡ ᠵᠠᠢᠯᠠᠵᠤ ᠶᠠᠪᠤᠭ᠍ᠰᠠᠨᠤ ᠳᠠᠷᠠᠭ᠎ᠠ ᠰᠠᠶᠢ ᠪᠠᠷᠢᠯᠭ᠎ᠠ ᠪᠠᠷᠢᠵᠤ ᠪᠣᠯᠤᠨ᠎ᠠ᠃ ᠨᠡᠭᠡᠭᠡᠯᠲᠡ᠎ᠶ᠋ᠢᠨ ᠪᠤᠰᠤ ᠣᠷᠣᠨ ᠪᠦᠰᠡ᠎ᠳᠤ ᠲᠤᠰᠠᠭᠠᠷᠯᠠᠯ ᠲᠣᠬᠢᠷᠠᠭᠤᠯᠵᠤ᠂ ᠨᠡᠭᠡᠭᠡᠯᠲᠡ ᠶ᠋ᠢᠨ ᠪᠦᠬᠦ᠌ ᠶᠠᠪᠤᠴᠠ᠎ᠳᠤ ᠲᠤᠰᠭᠠᠢ ᠬᠥᠮᠥᠨ ᠪᠠᠷ᠎ᠠ ᠪᠣᠯᠵᠤ ᠬᠥᠲᠥᠯᠥᠨ ᠵᠢᠯᠤᠭᠤᠳᠴᠤ᠌᠂ ᠪᠠᠷᠢᠯᠭ᠎ᠠ᠎ᠶ᠋ᠢᠨ ᠭᠠᠵᠠᠷ᠎ᠲᠤ ᠥᠮᠴᠢᠲᠡᠨ᠎ᠤ ᠠᠮᠤᠷ ᠲᠦᠪᠱᠢᠨ᠎ᠤ ᠠᠳᠡᠯ ᠭᠠᠷᠬᠤ᠎ᠠᠴᠠ ᠵᠠᠢᠯᠠᠰᠭᠢᠬᠦ᠌ ᠬᠡᠷᠡᠭ᠌ᠲᠡᠢ᠃ ᠥᠮᠴᠢᠲᠡᠨ᠎ᠤ ᠨᠡᠭᠡᠭᠡᠯᠲᠡᠳᠤ ᠣᠷᠣᠯᠴᠠᠭ᠍ᠰᠠᠨ ᠥᠮᠴᠢᠲᠡᠨ᠂ ᠪᠥᠲᠥᠭᠡᠨ ᠪᠠᠢᠭᠤᠯᠤᠯᠲᠠ᠎ᠶ᠋ᠢᠨ ᠨᠢᠭᠡᠴᠢ᠎ᠶ᠋ᠢᠨ ᠵᠣᠬᠢᠶᠠᠨ ᠪᠠᠢᠭᠤᠯᠤᠭ᠍ᠰᠠᠨ ᠠᠮᠤᠷ ᠲᠦᠪᠱᠢᠨ᠎ᠤ ᠬᠥᠮᠦᠵᠢᠯ᠎ᠢ ᠰᠠᠨᠠᠭᠠᠴᠢᠯᠠᠭ᠎ᠠ᠎ᠠᠴᠠ᠎ᠪᠠᠨ ᠭᠥᠷᠳᠡᠵᠦ᠍᠂ ᠠᠮᠤᠷ ᠲᠦᠪᠱᠢᠨ᠎ᠤ ᠬᠠᠮᠠᠭᠠᠯᠠᠯᠲᠠ᠎ᠶ᠋ᠢᠨ ᠬᠡᠷᠡᠭ᠌ᠰᠡᠯ ᠵᠡᠭᠦᠵᠦ᠍᠂ ᠠᠮᠤᠷ ᠲᠦᠪᠱᠢᠨ᠎ᠤ ᠲᠦᠭ᠌ᠰᠢᠭᠦᠷᠢ᠎ᠶ᠋ᠢᠨ ᠬᠠᠷᠢᠭᠤᠴᠠᠯᠭ᠎ᠠ᠎ᠶ᠋ᠢᠨ ᠠᠮᠠᠯᠠᠯᠲᠠ᠎ᠶ᠋ᠢᠨ ᠪᠢᠴᠢᠭ ( ᠳᠠᠭᠠᠯᠳᠤᠭᠤᠯᠤᠯ 3 )᠎ᠲᠤ ᠭᠠᠷᠤᠨ ᠥᠰᠥᠭ ᠵᠢᠷᠤᠵᠤ᠂ ᠠᠵᠢᠯᠲᠠᠨ᠎ᠤ ᠵᠢᠯᠣᠭᠤᠳᠣᠯᠭ᠎ᠠ ᠶᠣᠰᠣᠭᠠᠷ ᠠᠬᠤᠢ ᠲᠠᠯᠠᠪᠠᠢ᠎ᠳᠤ ᠨᠢ ᠪᠠᠢᠴᠠᠭᠠᠨ ᠦᠵᠡᠬᠦ᠌ ᠬᠡᠷᠡᠭ᠌ᠲᠡᠶ᠃
3. ᠠᠰᠠᠭᠤᠳᠠᠯ᠎ᠢ ᠳᠠᠩᠰᠠᠯᠠᠨ᠎ᠠ᠃ ᠥᠮᠴᠢᠲᠡᠨ ᠠᠬᠤᠢ ᠲᠠᠯᠠᠪᠠᠢ᠎ᠳᠤ ᠨᠢ ᠪᠠᠢᠴᠠᠭᠠᠨ ᠱᠢᠯᠭᠠᠭ᠍ᠰᠠᠨ ᠪᠠᠢᠳᠠᠯ᠎ᠢᠶᠠᠨ ᠦᠨᠳᠦᠰᠦᠯᠡᠨ 《〈ᠥᠮᠴᠢᠲᠡᠨ᠎ᠤ ᠨᠡᠭᠡᠭᠡᠯᠲᠡ᠎ᠶ᠋ᠢᠨ ᠡᠳᠦᠷ〉᠎ᠤᠨ ᠠᠵᠢᠯᠯᠠᠭ᠎ᠠ᠎ᠶ᠋ᠢᠨ ᠠᠰᠠᠭᠤᠳᠠᠯ᠎ᠤᠨ ᠳᠡᠩᠰᠡᠯᠡᠯᠲᠡ᠎ᠶ᠋ᠢᠨ ᠬᠦᠰᠦᠨᠦᠭ᠌ᠲᠦ》 ( ᠳᠠᠭᠠᠯᠳᠤᠭᠤᠯᠤᠯ 1 )᠎ᠶ᠋ᠢ ᠦᠨᠡᠨ ᠪᠣᠳᠠᠲᠠᠶ᠎ᠪᠠᠷ ᠲᠠᠭ᠍ᠯᠠᠵᠤ᠂ ᠥᠮᠴᠢᠲᠡᠨ ᠪᠠ ᠪᠥᠲᠥᠭᠡᠨ ᠪᠠᠢᠭᠤᠯᠬᠤ ᠨᠢᠭᠡᠴᠢ᠎ᠶ᠋ᠢᠨ ᠪᠠᠷ᠎ᠠ ᠪᠣᠯᠤᠭ᠍ᠰᠠᠳ ᠲᠡᠮᠳᠡᠭ᠌ᠯᠡᠯ᠎ᠤᠨ ᠬᠦᠰᠦᠨᠦᠭ᠌ᠲᠦ᠍᠎ᠳᠤ ᠭᠠᠷᠤᠨ ᠥᠰᠥᠭ ᠵᠢᠷᠤᠵᠤ ᠨᠤᠲᠠᠯᠠᠬᠤ ᠬᠡᠷᠡᠭ᠌ᠲᠡᠶ᠃ ᠥᠮᠴᠢᠲᠡᠨ᠎ᠤ ᠳᠤᠷᠠᠳᠤᠭ᠍ᠰᠠᠨ ᠵᠦᠶ ᠵᠣᠬᠢᠰᠲᠠᠶ ᠠᠰᠠᠭᠤᠳᠠᠯ᠎ᠤᠨ ᠲᠤᠬᠠᠶ ᠪᠦᠲᠦᠭᠡᠨ ᠪᠠᠢᠭᠤᠯᠬᠤ ᠨᠢᠭᠡᠴᠢ᠎ᠨᠢ ᠲᠥᠷᠥᠯ ᠬᠤᠪᠢᠶᠠᠨ ᠪᠦᠷᠢᠳᠭᠡᠵᠦ᠍᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠲᠣᠭ᠍ᠲᠠᠭᠠᠬᠤ ᠬᠡᠷᠡᠭ᠌ᠲᠡᠶ;ᠥᠮᠴᠢᠲᠡᠨ᠎ᠤ ᠳᠤᠷᠠᠳᠤᠭ᠍ᠰᠠᠨ ᠪᠤᠰᠤᠳᠴᠢ ᠪᠣᠳᠠᠲᠤ ᠬᠡᠷᠡᠭ ᠪᠤᠶᠤ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢᠨ ᠮᠡᠷᠭᠡᠵᠢᠯ᠎ᠤᠨ ᠪᠠᠷᠢᠮᠵᠢᠶ᠎ᠠ᠎ᠳᠤ ᠨᠡᠢᠴᠡᠬᠦ᠌ ᠦᠭᠡᠢ ᠰᠠᠨᠠᠯ᠎ᠢ ᠪᠦᠲᠦᠭᠡᠨ ᠪᠠᠢᠭᠤᠯᠬᠤ ᠨᠢᠭᠡᠴᠢ᠎ᠨᠢ ᠬᠠᠤᠯᠢ ᠴᠠᠭᠠᠵᠠ ᠬᠠᠤᠯᠢ ᠲᠣᠭ᠍ᠲᠠᠭᠠᠯ᠂ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢᠨ ᠮᠡᠷᠭᠡᠵᠢᠯ᠎ᠤᠨ ᠪᠠᠷᠢᠮᠵᠢᠶ᠎ᠠ᠂ ᠵᠢᠷᠤᠭ ᠲᠥᠯᠥᠪᠯᠡᠭᠡ᠎ᠶ᠋ᠢᠨ ᠪᠢᠴᠢᠭ ᠮᠠᠲ᠋ᠧᠷᠢᠶᠠᠯ᠂ ᠭᠡᠷ᠎ᠡ᠎ᠶ᠋ᠢᠨ ᠪᠣᠯᠵᠤᠭ᠎ᠠ ᠵᠡᠷᠭᠡ᠎ᠶ᠋ᠢ ᠦᠨᠳᠦᠰᠦᠯᠡᠨ ᠲᠠᠢᠯᠪᠤᠷᠢᠯᠠᠯᠲᠠ ᠬᠢᠬᠦ᠌ ᠬᠡᠷᠡᠭ᠌ᠲᠡᠶ᠃
( ᠭᠤᠷᠪᠠ ) ᠴᠡᠭ᠌ᠴᠡᠯᠡᠨ ᠰᠠᠢᠵᠢᠷᠠᠭᠤᠯᠬᠤ ᠰᠡᠭᠦᠯᠴᠢ᠎ᠶ᠋ᠢᠨ ᠬᠤᠭᠤᠴᠠᠭ᠎ᠠ
ᠨᠡᠭᠡᠭᠡᠯᠲᠡ ᠶ᠋ᠢᠨ ᠡᠳᠦᠷ᠎ᠤᠨ ᠠᠵᠢᠯᠯᠠᠭ᠎ᠠ ᠳᠠᠭᠤᠰᠤᠭ᠍ᠰᠠᠨ᠎ᠤ ᠳᠠᠷᠠᠭ᠎ᠠ᠂ ᠪᠦᠲᠦᠭᠡᠨ ᠪᠠᠢᠭᠤᠯᠬᠤ ᠨᠢᠭᠡᠴᠢ᠎ᠨᠢ ᠪᠣᠶ ᠪᠥᠬᠦᠶ ᠰᠠᠨᠠᠯ᠎ᠤᠨ ᠳᠡᠩᠰᠡᠯᠡᠯᠲᠡ᠎ᠶ᠋ᠢᠨ ᠬᠦᠰᠦᠨᠦᠭ᠌ᠲᠦ᠍᠎ᠳᠠᠬᠢ ᠠᠰᠠᠭᠤᠳᠠᠯ᠎ᠢ ᠡᠮᠬᠢᠯᠡᠨ ᠬᠤᠷᠢᠶᠠᠩᠭᠤᠢᠯᠠᠵᠤ᠂ 《ᠥᠮᠴᠢᠲᠡᠨ᠎ᠤ ᠨᠡᠭᠡᠭᠡᠯᠲᠡ᠎ᠶ᠋ᠢᠨ ᠡᠳᠦᠷ》᠎ᠤᠨ ᠠᠵᠢᠯᠯᠠᠭ᠎ᠠ᠎ᠶ᠋ᠢᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠡᠬᠡ ᠲᠠᠩᠰᠠ ( ᠳᠠᠭᠠᠯᠳᠤᠭᠤᠯᠤᠯ 2 )᠎ᠶ᠋ᠢ ᠪᠠᠢᠭᠤᠯᠬᠤ ᠬᠡᠷᠡᠭ᠌ᠲᠡᠶ᠃ ᠥᠮᠴᠢᠲᠡᠨ ᠨᠢ ᠥᠮᠴᠢᠲᠡᠨ᠎ᠦ ᠨᠡᠭᠡᠭᠡᠯᠲᠡ ᠶ᠋ᠢᠨ ᠡᠳᠦᠷ᠎ᠦᠨ ᠠᠵᠢᠯᠯᠠᠭ᠎ᠠ ᠳᠤᠮᠳᠠ ᠳᠤᠷᠠᠳᠤᠭ᠍ᠰᠠᠨ ᠠᠰᠠᠭᠤᠳᠠᠯ᠎ᠢ ᠪᠦᠲᠦᠭᠡᠨ ᠪᠠᠢᠭᠤᠯᠬᠤ ᠨᠢᠭᠡᠴᠢ ᠨᠢ ᠢᠯᠭᠠᠨ ᠲᠣᠳᠣᠯᠠᠵᠤ ᠲᠥᠷᠥᠯ ᠬᠤᠪᠢᠶᠠᠬᠤ ᠬᠡᠷᠡᠭ᠌ᠲᠡᠶ᠃ ᠥᠮᠴᠢᠲᠡᠨ᠎ᠦ ᠳᠤᠷᠠᠳᠤᠭ᠍ᠰᠠᠨ ᠢᠨᠵᠧᠨᠧᠷᠢᠩ᠎ᠤᠨ ᠶᠠᠰᠤ ᠴᠢᠨᠠᠷ᠎ᠤᠨ ᠠᠰᠠᠭᠤᠳᠠᠯ᠎ᠳᠤ ᠪᠠᠷᠢᠯᠭ᠎ᠠ ᠪᠠᠷᠢᠭᠤᠯᠬᠤ ᠨᠢᠭᠡᠴᠢ ᠨᠢ ᠲᠦᠷᠦᠭᠦᠯᠡᠨ ᠴᠡᠭ᠌ᠴᠡᠯᠡᠨ ᠰᠠᠢᠵᠢᠷᠠᠭᠤᠯᠬᠤ᠎ᠶ᠋ᠢ ᠨᠠᠢᠳᠠᠪᠤᠷᠢᠵᠢᠭᠤᠯᠬᠤ᠎ᠶ᠋ᠢᠨ ᠬᠠᠮᠲᠤ ᠴᠡᠭ᠌ᠴᠡᠯᠡᠨ ᠰᠠᠢᠵᠢᠷᠠᠭᠤᠯᠬᠤ᠎ᠶ᠋ᠢᠨ ᠡᠮᠦᠨ᠎ᠡ ᠬᠣᠢᠨᠠᠬᠢ ᠭᠡᠷᠡᠯ ᠵᠢᠷᠤᠭ᠎ᠢ ᠳᠠᠭᠠᠯᠳᠤᠭᠤᠯᠤᠨ᠎ᠠ;ᠥᠮᠴᠢᠲᠡᠨ᠎ᠦ ᠳᠤᠷᠠᠳᠤᠭ᠍ᠰᠠᠨ ᠢᠨᠵᠧᠨᠧᠷᠢᠩ᠎ᠤᠨ ᠪᠤᠰᠤ ᠶᠠᠰᠤ ᠴᠢᠨᠠᠷ᠎ᠤᠨ ᠠᠰᠠᠭᠤᠳᠠᠯ᠎ᠳᠤ ᠪᠦᠲᠦᠭᠡᠨ ᠪᠠᠢᠭᠤᠯᠬᠤ ᠨᠢᠭᠡᠴᠢ ᠨᠢ ᠥᠮᠴᠢᠲᠡᠨ᠎ᠲᠡᠶ ᠵᠥᠪᠳᠡᠯᠴᠡᠭ᠌ᠰᠡᠨᠦ ᠬᠠᠮᠲᠤ᠂ ᠳᠠᠭᠠᠯᠳᠤᠭᠤᠯᠤᠯ 2 ᠲᠤ ᠤᠴᠢᠷ ᠱᠢᠯᠲᠠᠭᠠᠨ᠎ᠢᠶᠠᠨ ᠲᠣᠳᠣᠷᠬᠠᠢᠯᠠᠬᠤ ᠬᠡᠷᠡᠭ᠌ᠲᠡᠶ; ᠵᠥᠪᠳᠡᠯᠴᠡᠭᠡᠳ ᠰᠠᠨᠠᠯ ᠨᠢᠭᠡᠳᠬᠦ᠌ ᠦᠭᠡᠶ ᠪᠣᠯ ᠭᠡᠷ ᠪᠠᠢᠱᠢᠩ ᠬᠤᠳᠠᠯᠳᠤᠨ ᠠᠪᠬᠤ ᠭᠡᠷ᠎ᠡ᠎ᠳᠦ ᠪᠣᠯᠵᠣᠨ ᠲᠣᠭ᠍ᠲᠠᠭ᠍ᠰᠠᠨ ᠵᠥᠷᠢᠴᠡᠯ᠎ᠢ ᠱᠢᠶ᠋ᠳᠪᠦᠷᠢᠯᠡᠬᠦ᠌ ᠠᠷᠭ᠎ᠠ ᠵᠠᠮ᠎ᠢᠶᠠᠷ ᠱᠢᠶ᠋ᠳᠪᠦᠷᠢᠯᠡᠬᠦ᠌ ᠬᠡᠷᠡᠭ᠌ᠲᠡᠶ᠃ ᠣᠬᠣᠷᠬᠠᠨ ᠬᠤᠭᠤᠴᠠᠭᠠᠨ᠎ᠳᠤ ᠪᠡᠶᠡᠯᠡᠭᠦᠯᠵᠦ᠍ ᠳᠡᠢᠯᠬᠦ᠌᠎ᠶ᠋ᠢ᠎ᠨᠢ ᠴᠠᠭ ᠲᠤᠬᠠᠶ᠎ᠳᠤ ᠨᠢ ᠴᠡᠭ᠌ᠴᠡᠯᠡᠨ ᠰᠠᠢᠵᠢᠷᠠᠭᠤᠯᠵᠤ᠂ ᠵᠣᠬᠢᠬᠤ ᠬᠤᠭᠤᠴᠠᠭ᠎ᠠ ᠬᠡᠷᠡᠭ᠌ᠰᠡᠬᠦ᠌ ᠴᠢᠬᠤᠯᠠᠲᠠᠶ ᠪᠠᠢᠪᠠᠯ᠂ ᠰᠠᠨᠠᠭᠠᠴᠢᠯᠠᠭ᠎ᠠ᠎ᠠᠴᠠ᠎ᠪᠠᠨ ᠲᠠᠢᠯᠪᠤᠷᠢᠯᠠᠨ ᠲᠣᠳᠣᠷᠬᠠᠢᠯᠠᠵᠤ᠂ ᠪᠥᠲᠥᠭᠡᠨ ᠪᠠᠢᠭᠤᠯᠬᠤ ᠨᠢᠭᠡᠴᠢ᠎ᠨᠢ ᠥᠮᠴᠢᠲᠡᠨ᠎ᠲᠠᠢ ᠪᠡᠶᠡᠯᠡᠭᠦᠯᠬᠦ᠌ ᠴᠠᠭ᠎ᠤᠨ ᠬᠢᠵᠠᠭᠠᠷ᠎ᠢ ᠪᠣᠯᠵᠣᠨ ᠲᠣᠭ᠍ᠲᠠᠵᠤ᠂ ᠡᠬᠡ ᠲᠠᠩᠰᠠ᠎ᠶ᠋ᠢ ᠨᠢᠭᠡᠳ ᠨᠢᠭᠡ᠎ᠪᠠᠷ ᠬᠦᠴᠦᠨ ᠥᠬᠡᠶ ᠪᠣᠯᠭᠠᠨ᠎ᠠ᠃ ᠴᠡᠭ᠌ᠴᠡᠯᠡᠨ ᠰᠠᠢᠵᠢᠷᠠᠭᠤᠯᠵᠤ ᠳᠠᠭᠤᠰᠤᠭ᠍ᠰᠠᠨ᠎ᠤ ᠳᠠᠷᠠᠭ᠎ᠠ ᠪᠦᠲᠦᠭᠡᠨ ᠪᠠᠢᠭᠤᠯᠬᠤ᠂ ᠬᠢᠨᠠᠨ ᠬᠠᠮᠢᠶᠠᠷᠬᠤ᠂ ᠪᠦᠲᠦᠭᠡᠨ ᠪᠠᠢᠭᠤᠯᠬᠤ ᠨᠢᠭᠡᠴᠢ᠎ᠠᠴᠠ ᠬᠠᠮᠲᠤ ᠪᠠᠷ ᠱᠢᠯᠭᠠᠨ ᠠᠪᠬᠤ᠎ᠶ᠋ᠢᠨ ᠬᠠᠮᠲᠤ ᠭᠠᠷᠤᠨ ᠦᠰᠦᠭ ᠵᠢᠷᠤᠵᠤ ᠨᠤᠲᠠᠯᠠᠨ᠂ ᠵᠣᠬᠢᠴᠠᠩᠭᠤᠶ ᠪᠠᠷᠢᠯᠭ᠎ᠠ ᠪᠠᠷᠢᠬᠤ ᠵᠢᠴᠢ ᠱᠢᠯᠭᠠᠨ ᠠᠪᠬᠤ ᠮᠠᠲ᠋ᠧᠷᠢᠶᠠᠯ᠎ᠢ ᠦᠯᠡᠳᠡᠭᠡᠨ ᠠᠪᠬᠤ᠎ᠶ᠋ᠢᠨ ᠬᠠᠮᠲᠤ ᠥᠮᠴᠢᠲᠡᠨ᠎ᠳᠤ ᠮᠡᠳᠡᠭ᠌ᠳᠡᠬᠦ᠌ ᠬᠡᠷᠡᠭ᠌ᠲᠡᠶ᠃
ᠪᠦᠲᠦᠭᠡᠨ ᠪᠠᠢᠭᠤᠯᠬᠤ ᠨᠢᠭᠡᠴᠢ᠎ᠨᠢ ᠥᠮᠴᠢᠲᠡᠨ᠎ᠤ ᠳᠤᠷᠠᠳᠤᠭ᠍ᠰᠠᠨ ᠶᠠᠰᠤ ᠴᠢᠨᠠᠷ᠎ᠤᠨ ᠵᠦᠢ ᠵᠣᠬᠢᠰᠲᠠᠶ ᠠᠰᠠᠭᠤᠳᠠᠯ᠎ᠢ ᠪᠠᠷᠢᠯᠭ᠎ᠠ ᠳᠠᠭᠤᠰᠤᠭ᠍ᠰᠠᠨᠢ ᠱᠢᠯᠭᠠᠨ ᠠᠪᠬᠤ᠎ᠠᠴᠠ ᠡᠮᠦᠨ᠎ᠡ ᠴᠡᠭ᠌ᠴᠡᠯᠡᠨ ᠰᠠᠢᠵᠢᠷᠠᠭᠤᠯᠵᠤ ᠳᠠᠭᠤᠰᠭᠠᠨ᠂ ᠴᠡᠭ᠌ᠴᠡᠯᠡᠨ ᠰᠠᠢᠵᠢᠷᠠᠭᠤᠯᠵᠤ ᠳᠠᠭᠤᠰᠤᠭ᠍ᠰᠠᠨ᠎ᠤ ᠳᠠᠷᠠᠭ᠎ᠠ ᠴᠡᠭ᠌ᠴᠡᠯᠡᠨ ᠰᠠᠢᠵᠢᠷᠠᠭᠤᠯᠬᠤ ᠡᠬᠡ ᠳᠠᠩᠰᠠ᠎ᠪᠠᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠪᠤᠶᠤ ᠮᠡᠷᠭᠡᠵᠢᠯ᠎ᠤᠨ ᠦᠢᠯᠡᠴᠢᠯᠡᠭᠡᠨ᠎ᠤ ᠪᠠᠢᠭᠤᠯᠤᠮᠵᠢ᠎ᠳᠤ ᠮᠡᠳᠡᠭᠦᠯᠦᠨ ᠬᠦᠷᠭᠡᠬᠦ᠌ ᠬᠡᠷᠡᠭ᠌ᠲᠡᠶ᠃
ᠲᠠᠪᠤ᠂ ᠠᠵᠢᠯ᠎ᠤᠨ ᠱᠠᠭᠠᠷᠳᠠᠯᠭ᠎ᠠ
( ᠨᠢᠭᠡ ) ᠬᠠᠷᠢᠭᠤᠴᠠᠯᠭ᠎ᠠ᠎ᠶ᠋ᠢ ᠴᠢᠩᠭ᠎ᠠ ᠨᠠᠢᠲᠠᠪᠤᠷᠢᠵᠢᠭᠤᠯᠤᠨᠠ᠃ ᠪᠦᠲᠦᠭᠡᠨ ᠪᠠᠢᠭᠤᠯᠬᠤ ᠨᠢᠭᠡᠴᠢ᠎ᠨᠢ ᠱᠠᠭᠠᠷᠳᠠᠯᠭ᠎ᠠ ᠶᠣᠰᠣᠭᠠᠷ 《ᠥᠮᠴᠢᠲᠡᠨ᠎ᠤ ᠨᠡᠭᠡᠭᠡᠯᠲᠡ᠎ᠶ᠋ᠢᠨ ᠡᠳᠦᠷ》᠎ᠤᠨ ᠠᠵᠢᠯᠯᠠᠭ᠎ᠠ᠎ᠶ᠋ᠢ ᠢᠳᠡᠪᠬᠢᠲᠡᠶ ᠵᠣᠬᠢᠶᠠᠨ ᠪᠠᠢᠭᠤᠯᠤᠨ ᠥᠷᠨᠢᠭᠦᠯᠵᠦ᠍᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠵᠤ᠂ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠡᠯ᠎ᠡ ᠲᠠᠯ᠎ᠠ᠎ᠶ᠋ᠢᠨ ᠬᠠᠷᠢᠭᠤᠴᠠᠯᠭᠠᠲᠤ ᠭᠤᠤᠯ ᠴᠣᠭ᠍ᠴᠠ᠎ᠶ᠋ᠢᠨ ᠬᠠᠮᠵᠢᠯᠴᠠᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠶ᠃ ᠡᠯ᠎ᠡ ᠠᠢᠮᠠᠭ ᠬᠣᠲᠠ᠎ᠶ᠋ᠢᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠲᠤᠰ ᠭᠠᠵᠠᠷ ᠣᠷᠣᠨ᠎ᠤ᠎ᠪᠠᠨ ᠨᠥᠬᠥᠴᠡᠯ᠎ᠳᠦ ᠨᠡᠢᠴᠡᠬᠦ᠌ ᠣᠷᠣᠨ ᠰᠠᠭᠤᠴᠠ᠎ᠶ᠋ᠢᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ ᠨᠢᠭᠡᠴᠢ᠎ᠶ᠋ᠢᠨ 《ᠥᠮᠴᠢᠲᠡᠨ᠎ᠦ ᠨᠡᠭᠡᠭᠡᠯᠲᠡ᠎ᠶ᠋ᠢᠨ ᠡᠳᠦᠷ》᠎ᠦᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠬᠦ᠌᠎ᠶ᠋ᠢ ᠵᠣᠷᠢᠭ᠍ᠵᠢᠭᠤᠯᠬᠤ ᠬᠡᠷᠡᠭ᠌ᠲᠡᠶ᠃ ᠨᠡᠭᠡᠭᠡᠯᠲᠡ ᠶ᠋ᠢᠨ ᠡᠳᠦᠷ᠎ᠤᠨ ᠠᠵᠢᠯᠯᠠᠭ᠎ᠠ᠎ᠶ᠋ᠢᠨ ᠳᠤᠮᠳᠠ᠂ ᠥᠮᠴᠢᠲᠡᠨ᠎ᠤ ᠪᠠᠢᠴᠠᠭᠠᠨ ᠱᠢᠯᠭᠠᠯᠲᠠ᠎ᠪᠠᠷ ᠳᠠᠮᠵᠢᠨ ᠶᠠᠰᠤ ᠴᠢᠨᠠᠷ᠎ᠤᠨ ᠠᠰᠠᠭᠤᠳᠠᠯ᠎ᠲᠠᠢ ᠪᠠᠢᠪᠠᠯ᠂ ᠬᠡᠷ ᠪᠠᠢᠱᠢᠩ ᠬᠤᠳᠠᠯᠳᠤᠭᠠᠯᠠᠬᠤ ᠭᠡᠷ᠎ᠡ᠎ᠳᠤ ᠪᠣᠯᠵᠣᠨ ᠲᠣᠭ᠍ᠲᠠᠭ᠍ᠰᠠᠨ ᠱᠢᠢᠳᠪᠦᠷᠢᠯᠡᠬᠦ᠌ ᠠᠷᠭ᠎ᠠ ᠮᠠᠶᠢᠭ᠎ᠢᠶᠠᠷ ᠱᠢᠢᠳᠪᠦᠷᠢᠯᠡᠨ᠎ᠡ᠃ ᠭᠡᠷ ᠪᠠᠢᠱᠢᠩ᠎ᠢ ᠲᠤᠱᠢᠶᠠᠵᠤ ᠬᠡᠷᠡᠭ᠌ᠯᠡᠭ᠌ᠰᠡᠨ᠎ᠤ ᠳᠠᠷᠠᠭ᠎ᠠ ᠶᠠᠰᠤ ᠴᠢᠨᠠᠷ᠎ᠤᠨ ᠠᠰᠠᠭᠤᠳᠠᠯ᠎ᠢ ᠣᠯᠵᠤ ᠮᠡᠳᠡᠪᠡᠯ᠂ ᠤᠯᠤᠰ ᠪᠣᠯᠣᠨ ᠮᠠᠨ᠎ᠤ ᠣᠷᠣᠨ᠎ᠤ ᠢᠨᠵᠧᠨᠧᠷᠢᠩ᠎ᠤᠨ ᠶᠠᠰᠤ ᠴᠢᠨᠠᠷ᠎ᠤᠨ ᠵᠠᠰᠠᠯᠲᠠ᠎ᠶ᠋ᠢ ᠪᠠᠲᠤᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠂ ᠪᠠᠷᠢᠮᠵᠢᠶ᠎ᠠ ᠵᠢᠷᠤᠮᠵᠢᠯ᠎ᠤᠨ ᠲᠣᠭ᠍ᠲᠠᠭᠠᠯ ᠵᠢᠴᠢ ᠭᠡᠷ᠎ᠡ᠎ᠶ᠋ᠢᠨ ᠪᠣᠯᠵᠣᠯ ᠶᠣᠰᠣᠭᠠᠷ ᠱᠢᠢᠳᠪᠦᠷᠢᠯᠡᠬᠦ᠌ ᠬᠡᠷᠡᠭ᠌ᠲᠡᠢ᠃ ᠨᠡᠭᠡᠭᠡᠯᠲᠡ ᠶ᠋ᠢᠨ ᠡᠳᠦᠷ᠎ᠤᠨ ᠠᠵᠢᠯᠯᠠᠭ᠎ᠠ᠎ᠨᠢ ᠪᠥᠲᠥᠭᠡᠨ ᠪᠠᠢᠭᠤᠯᠤᠯᠲᠠ᠎ᠳᠤ ᠣᠷᠣᠯᠴᠠᠭ᠍ᠰᠠᠨ ᠡᠯ᠎ᠡ ᠲᠠᠯ᠎ᠠ᠎ᠶ᠋ᠢᠨ ᠬᠠᠷᠢᠭᠤᠴᠠᠯᠭᠠᠲᠤ ᠭᠤᠤᠯ ᠴᠣᠭ᠍ᠴᠠ᠎ᠶ᠋ᠢᠨ ᠡᠭᠦᠷᠭᠡᠯᠡᠪᠡᠰᠦ ᠵᠣᠬᠢᠬᠤ ᠶᠠᠰᠤ ᠴᠢᠨᠠᠷ᠎ᠤᠨ ᠬᠠᠷᠢᠭᠤᠴᠠᠯᠭ᠎ᠠ ᠪᠠ ᠰᠡᠯᠪᠢᠨ ᠵᠠᠰᠠᠬᠤ᠎ᠶ᠋ᠢ ᠪᠠᠲᠤᠯᠠᠬᠤ ᠡᠭᠦᠷᠭᠡ᠎ᠶ᠋ᠢ ᠭᠡᠯᠳᠦᠷᠢᠭᠦᠯᠬᠦ᠌ ᠥᠬᠡᠶ;ᠨᠡᠭᠡᠭᠡᠯᠲᠡ᠎ᠶ᠋ᠢᠨ ᠡᠳᠦᠷ᠎ᠤᠨ ᠠᠵᠢᠯᠯᠠᠭ᠎ᠠ᠎ᠶ᠋ᠢᠨ ᠳᠤᠮᠳᠠᠬᠢ ᠥᠮᠴᠢᠲᠡᠨ᠎ᠤ ᠳᠤᠷᠠᠳᠤᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠰᠡᠯᠪᠢᠨ ᠵᠠᠰᠠᠬᠤ᠎ᠶ᠋ᠢ ᠪᠣᠳᠠᠲᠠᠢᠵᠢᠭᠤᠯᠤᠭ᠍ᠰᠠᠨ ᠥᠬᠡᠶ᠎ᠠᠴᠠ ᠪᠣᠯᠤᠭ᠍ᠰᠠᠨ ᠶᠠᠰᠤ ᠴᠢᠨᠠᠷ᠎ᠤᠨ ᠵᠠᠭᠠᠯᠳᠤᠯᠭ᠎ᠠ᠎ᠶ᠋ᠢ ᠪᠥᠲᠥᠭᠡᠨ ᠪᠠᠢᠭᠤᠯᠬᠤ ᠨᠢᠭᠡᠴᠢ᠎ᠠᠴᠠ ᠪᠥᠬᠦ᠌ ᠬᠠᠷᠢᠭᠤᠴᠠᠯᠭ᠎ᠠ᠎ᠶ᠋ᠢ ᠡᠭᠦᠷᠭᠡᠯᠡᠨ᠎ᠡ᠃
( ᠬᠣᠶᠠᠷ ) ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠨ᠎ᠠ᠃ ᠡᠯ᠎ᠡ ᠭᠠᠵᠠᠷ᠎ᠤᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ 《ᠥᠮᠴᠢᠲᠡᠨ᠎ᠤ ᠨᠡᠭᠡᠭᠡᠯᠲᠡ ᠶ᠋ᠢᠨ ᠡᠳᠦᠷ》᠎ᠤᠨ ᠳᠦᠷᠢᠮ ᠪᠣᠯ ᠣᠷᠣᠨ ᠰᠠᠭᠤᠴᠠ᠎ᠶ᠋ᠢᠨ ᠢᠨᠵᠧᠨᠧᠷᠢᠩ᠎ᠤᠨ ᠶᠠᠰᠤ ᠴᠢᠨᠠᠷ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠂ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠡᠯ᠎ᠡ ᠲᠠᠯ᠎ᠠ᠎ᠶ᠋ᠢᠨ ᠠᠵᠢᠯᠯᠠᠭ᠎ᠠ᠎ᠶ᠋ᠢ ᠵᠢᠷᠤᠮᠵᠢᠭᠤᠯᠬᠤ ᠴᠢᠬᠤᠯᠠ ᠠᠷᠭ᠎ᠠ ᠮᠠᠶᠢᠭ ᠪᠣᠯᠬᠤ᠎ᠶ᠋ᠢ ᠭᠦᠢᠴᠡᠳ ᠲᠠᠨᠢᠵᠤ᠂ 《ᠥᠮᠴᠢᠲᠡᠨ᠎ᠤ ᠨᠡᠭᠡᠭᠡᠯᠲᠡ ᠶ᠋ᠢᠨ ᠡᠳᠦᠷ》᠎ᠤᠨ ᠳᠦᠷᠢᠮ᠎ᠢ ᠤᠬᠠᠭᠤᠯᠤᠨ ᠲᠤᠭᠤᠱᠢᠯᠠᠭᠤᠯᠵᠤ ᠠᠵᠢᠯ᠎ᠢ ᠢᠳᠡᠪᠬᠢᠲᠡᠢ ᠥᠷᠨᠢᠭᠦᠯᠬᠦ᠌ ᠬᠡᠷᠡᠭ᠌ᠲᠡᠢ᠃ ᠬᠠᠮᠢᠶ᠎ᠠ ᠪᠦᠬᠦᠢ ᠵᠢᠯᠣᠭᠤᠳᠭᠤ ᠰᠠᠨᠠᠯ ᠪᠤᠶᠤ ᠠᠵᠢᠯᠯᠠᠭᠤᠯᠬᠤ ᠵᠦᠭ᠌ᠯᠡᠭᠦᠷ᠎ᠢ ᠢᠳᠡᠪᠬᠢᠲᠡᠶ᠎ᠪᠠᠷ ᠰᠦᠪᠡᠭ᠌ᠴᠢᠯᠡᠨ ᠲᠣᠭ᠍ᠲᠠᠭᠠᠵᠤ᠂ 《ᠥᠮᠴᠢᠲᠡᠨ᠎ᠤ ᠨᠡᠭᠡᠭᠡᠯᠲᠡ᠎ᠶ᠋ᠢᠨ ᠡᠳᠦᠷ》᠎ᠤᠨ ᠠᠵᠢᠯᠯᠠᠭ᠎ᠠ᠎ᠶ᠋ᠢᠨ ᠵᠢᠯᠣᠭᠤᠳᠣᠯᠭ᠎ᠠ᠎ᠶ᠋ᠢ ᠴᠢᠩᠭᠠᠳᠭᠠᠨ᠂ ᠨᠡᠭᠡᠭᠡᠯᠲᠡ ᠶ᠋ᠢᠨ ᠡᠳᠦᠷ᠎ᠤᠨ ᠥᠷᠨᠢᠭᠦᠯᠦᠭ᠌ᠰᠡᠨ ᠪᠠᠢᠳᠠᠯ ᠪᠠ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠢ ᠡᠳᠦᠷ ᠲᠤᠲᠤᠮ᠎ᠤᠨ ᠬᠢᠨᠠᠯᠲᠠ ᠲᠠᠯᠪᠢᠵᠤ ᠪᠠᠢᠴᠠᠭᠠᠬᠤ ᠠᠭᠤᠯᠭ᠎ᠠ᠎ᠳᠤ ᠣᠷᠣᠭᠤᠯᠵᠤ᠂ ᠨᠡᠯᠢᠶᠡᠳ ᠣᠯᠠᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ ᠣᠷᠣᠱᠢᠵᠤ ᠪᠠᠢᠭ᠎ᠠ ᠬᠠᠷᠢᠭᠤᠴᠠᠯᠭ᠎ᠠ᠎ᠶ᠋ᠢᠨ ᠭᠤᠤᠯ ᠴᠣᠭ᠍ᠴᠠ᠎ᠶ᠋ᠢ ᠭᠤᠤᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠲᠤ ᠵᠢᠭ᠍ᠰᠠᠭᠠᠨ ᠣᠷᠣᠭᠤᠯᠵᠤ᠂ ᠵᠦᠷᠢᠶᠡᠴᠢᠯᠡᠭ᠌ᠰᠡᠨ ᠬᠢᠨᠠᠯᠲᠠ ᠬᠠᠮᠢᠶᠠᠷᠤᠯᠲᠠ ᠬᠢᠬᠦ᠌ ᠬᠡᠷᠡᠭ᠌ᠲᠡᠶ᠃ ᠡᠯ᠎ᠡ ᠲᠥᠷᠥᠯ᠎ᠤᠨ ᠪᠠᠢᠴᠠᠭᠠᠯᠲᠠ᠎ᠶ᠋ᠢᠨ ᠳᠤᠮᠳᠠ ᠣᠯᠵᠤ ᠮᠡᠳᠡᠭ᠌ᠰᠡᠨ ᠶᠠᠰᠤ ᠴᠢᠨᠠᠷ᠎ᠤᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ᠎ᠢᠶᠠᠷ ᠬᠦᠷᠦᠯᠴᠡᠬᠦ᠌ ᠥᠬᠡᠶ᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠬᠦᠨᠳᠦ ᠨᠣᠴᠢᠲᠠᠶ ᠦᠢᠯᠡ ᠠᠵᠢᠯᠯᠠᠭ᠎ᠠ᠎ᠲᠠᠢ ᠪᠠᠢᠪᠠᠯ᠂ ᠬᠠᠤᠯᠢ ᠲᠣᠭ᠍ᠲᠠᠭᠠᠯ ᠶᠣᠰᠣᠭᠠᠷ ᠱᠢᠢᠳᠪᠦᠷᠢᠯᠡᠬᠦ᠌ ᠬᠡᠷᠡᠭ᠌ᠲᠡᠶ᠃ ᠵᠠᠭᠠᠯᠳᠤᠯᠭ᠎ᠠ᠎ᠶ᠋ᠢᠨ ᠠᠷᠭ᠎ᠠ ᠵᠠᠮ᠎ᠢ ᠱᠢᠯᠤᠭᠤᠳᠭᠠᠵᠤ᠂ ᠥᠮᠴᠢᠲᠡᠨ ᠠᠵᠢᠯᠯᠠᠭ᠎ᠠ᠎ᠪᠠᠷ ᠳᠠᠮᠵᠢᠭᠤᠯᠤᠨ ᠬᠠᠷᠢᠭᠤ ᠲᠤᠰᠭᠠᠭ᠍ᠰᠠᠨᠤ ᠳᠠᠷᠠᠭ᠎ᠠ ᠮᠥᠨ ᠬᠦ᠌ ᠪᠦᠲᠦᠭᠡᠨ ᠪᠠᠢᠭᠤᠯᠬᠤ ᠨᠢᠭᠡᠴᠢ᠎ᠠᠴᠠ ᠳᠠᠭᠠᠵᠤ ᠱᠢᠢᠳᠪᠦᠷᠢᠯᠡᠭ᠌ᠰᠡᠨ ᠢᠨᠵᠧᠨᠧᠷᠢᠩ᠎ᠤᠨ ᠶᠠᠰᠤ ᠴᠢᠨᠠᠷ᠎ᠤᠨ ᠳᠤᠲᠠᠭ᠍ᠳᠠᠯ᠎ᠤᠨ ᠵᠠᠭᠠᠯᠳᠤᠯᠭ᠎ᠠ᠎ᠶ᠋ᠢ ᠴᠠᠭ ᠲᠤᠬᠠᠶ᠎ᠳᠤ ᠨᠢ ᠳᠠᠭᠠᠵᠤ ᠱᠢᠢᠳᠪᠦᠷᠢᠯᠡᠨ᠂ ᠢᠳᠡᠪᠬᠢᠲᠡᠢ ᠱᠢᠢᠳᠪᠦᠷᠢᠯᠡᠬᠦ᠌ ᠬᠡᠷᠡᠭ᠌ᠲᠡᠶ᠃ ᠮᠠᠨ᠎ᠤ ᠲᠢᠩᠬᠢᠮ ᠠᠵᠢᠯ᠎ᠤᠨ ᠪᠠᠢᠷᠢᠯᠠᠭᠤᠯᠤᠯᠲᠠ ᠶᠣᠰᠣᠭᠠᠷ ᠲᠣᠭ᠍ᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠯᠲᠠ ᠬᠢᠵᠦ᠍᠂ ᠴᠠᠭ᠎ᠲᠤ ᠨᠢ ᠳᠣᠭᠢᠷᠠᠭᠤᠯᠤᠨ ᠠᠵᠢᠯ᠎ᠢᠶᠠᠨ ᠱᠠᠭᠠᠷᠳᠠᠨ ᠵᠢᠯᠣᠭᠤᠳᠤᠨ᠎ᠠ᠃
( ᠭᠤᠷᠪᠠ ) ᠱᠠᠩᠨᠠᠵᠤ ᠲᠣᠷᠭᠠᠬᠤ ᠲᠣᠭ᠍ᠲᠠᠴᠠ᠎ᠶ᠋ᠢ ᠪᠠᠢᠭᠤᠯᠤᠨ᠎ᠠ ᠃ ᠡᠯ᠎ᠡ ᠭᠠᠵᠠᠷ᠎ᠤᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠲᠤᠰ ᠭᠠᠵᠠᠷ ᠣᠷᠣᠨ᠎ᠤ ᠱᠢᠨ᠎ᠡ᠎ᠪᠠᠷ ᠪᠠᠢᠭᠤᠯᠤᠭ᠍ᠰᠠᠨ ᠣᠷᠣᠨ ᠰᠠᠭᠤᠴᠠ᠎ᠶ᠋ᠢᠨ ᠬᠣᠷᠢᠶᠠᠯᠠᠯ᠎ᠤᠨ ᠥᠮᠴᠢᠲᠡᠨ᠎ᠤ ᠨᠡᠭᠡᠭᠡᠯᠲᠡ᠎ᠶ᠋ᠢᠨ ᠡᠳᠦᠷ ᠦᠷᠨᠢᠭᠦᠯᠦᠭ᠌ᠰᠡᠨ ᠪᠠᠢᠳᠠᠯ᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠡᠮᠬᠢᠯᠡᠨ ᠳ᠋ᠦᠩᠨᠡᠵᠦ᠍᠂ ᠢᠲᠡᠭᠡᠮᠵᠢ᠎ᠲᠠᠢ ᠪᠦᠲᠦᠭᠡᠨ ᠪᠠᠢᠭᠤᠯᠬᠤ ᠨᠢᠭᠡᠴᠢ᠎ᠳᠤ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠦᠵᠡᠭᠦᠯᠬᠦ᠌ ᠪᠠ ᠢᠲᠡᠭᠡᠮᠵᠢ ᠠᠯᠳᠠᠭ᠍ᠰᠠᠨ᠎ᠢ ᠪᠦᠲᠦᠭᠡᠨ ᠪᠠᠢᠭᠤᠯᠬᠤ ᠨᠢᠭᠡᠴᠢ ᠵᠠᠯᠬᠠᠭᠠᠨ ᠴᠡᠭᠡᠷᠯᠡᠭᠦᠯᠬᠦ᠂ ᠬᠠᠷᠢᠭᠤᠴᠠᠯᠭ᠎ᠠ᠎ᠶ᠋ᠢᠨ ᠭᠤᠣᠯ ᠴᠣᠭ᠍ᠴᠠ᠎ᠨᠢ ᠶᠠᠰᠤ ᠴᠢᠨᠠᠷ᠎ᠤᠨ ᠬᠠᠷᠢᠭᠤ ᠰᠤᠷᠪᠤᠯᠵᠢᠯᠠᠬᠤ ᠪᠠ ᠶᠠᠰᠤ ᠴᠢᠨᠠᠷ᠎ᠤᠨ ᠵᠠᠭᠠᠯᠳᠤᠯᠭ᠎ᠠ᠎ᠶ᠋ᠢ ᠱᠢᠢᠳᠪᠦᠷᠢᠯᠡᠬᠦ᠌ ᠶᠠᠪᠤᠴᠠ᠎ᠳᠠᠬᠢ ᠢᠲᠡᠭᠡᠮᠵᠢ ᠠᠯᠳᠠᠭ᠍ᠰᠠᠨ᠎ᠢ ᠵᠠᠯᠬᠠᠭᠠᠨ ᠴᠡᠭᠡᠷᠯᠡᠭᠦᠯᠬᠦ᠌ ᠡᠷᠴᠢᠮ᠎ᠢᠶᠠᠨ ᠴᠢᠩᠭᠠᠷᠠᠭᠤᠯᠤᠨ᠂ 《ᠢᠲᠡᠭᠡᠮᠵᠢ᠎ᠲᠠᠢ ᠪᠠᠢᠬᠤ᠎ᠶ᠋ᠢ ᠤᠷᠮᠠᠱᠢᠭᠤᠯᠬᠤ᠂ ᠢᠲᠡᠭᠡᠯ ᠠᠯᠳᠠᠭ᠍ᠰᠠᠳ᠎ᠢ ᠵᠠᠯᠬᠠᠭᠠᠨ ᠴᠡᠭᠡᠷᠯᠡᠭᠦᠯᠬᠦ᠌》 ᠰᠠᠢᠨ ᠰᠠᠢᠬᠠᠨ ᠢᠲᠡᠭᠡᠮᠵᠢ᠎ᠶ᠋ᠢᠨ ᠣᠷᠴᠢᠨ ᠲᠣᠭᠤᠷᠢᠨ᠎ᠢ ᠪᠣᠢ ᠪᠣᠯᠭᠠᠬᠤ ᠬᠡᠷᠡᠭ᠌ᠲᠡᠢ᠃ ᠢᠳᠡᠪᠬᠢᠲᠡᠶ᠎ᠪᠠᠷ ᠵᠣᠬᠢᠶᠠᠨ ᠪᠠᠢᠭᠤᠯᠵᠤ᠂ ᠠᠷᠭ᠎ᠠ ᠬᠡᠮᠵᠢᠶ᠎ᠡ᠎ᠨᠢ ᠬᠦᠴᠦᠲᠡᠶ᠂ ᠬᠠᠷᠢᠭᠤ ᠲᠤᠰᠭᠠᠭ᠍ᠰᠠᠨ ᠠᠰᠠᠭᠤᠳᠠᠯ᠎ᠨᠢ ᠨᠡᠯᠢᠶᠡᠳ ᠪᠠᠭ᠎ᠠ᠂ ᠴᠡᠭ᠌ᠴᠡᠯᠡᠨ ᠰᠠᠢᠵᠢᠷᠠᠭᠤᠯᠤᠭ᠍ᠰᠠᠨ᠎ᠨᠢ ᠴᠠᠭ ᠲᠤᠬᠠᠶ᠎ᠳᠤ ᠨᠢ᠂ ᠥᠮᠴᠢᠲᠡᠨ᠎ᠤ ᠬᠠᠨᠤᠮᠵᠢ᠎ᠶ᠋ᠢᠨ ᠬᠡᠮᠵᠢᠶ᠎ᠡ᠎ᠪᠠᠷ ᠨᠡᠯᠢᠶᠡᠳ ᠥᠨᠳᠥᠷ ᠲᠥᠷᠥᠯ ᠵᠦᠢᠯ᠎ᠢ ᠵᠠᠷᠯᠠᠨ ᠰᠠᠢᠱᠢᠶᠠᠬᠤ᠂ ᠢᠲᠡᠭᠡᠮᠵᠢ᠎ᠶ᠋ᠢᠨ ᠬᠤᠪᠢ ᠨᠡᠮᠡᠬᠦ᠂ ᠠᠳᠠᠯᠢ ᠨᠥᠬᠦᠴᠡᠯ᠎ᠤᠨ ᠳᠣᠤᠷ᠎ᠠ ᠴᠢᠨᠠᠷ ᠰᠠᠢᠲᠠᠶ ᠢᠨᠵᠧᠨᠧᠷᠢᠩ᠎ᠢ ᠤᠷᠢᠳ ᠪᠠᠷ ᠱᠢᠯᠭᠠᠷᠠᠭᠤᠯᠵᠤ ᠪᠣᠯᠤᠨ᠎ᠠ᠃
ᠳᠠᠭᠠᠯᠳᠤᠭᠤᠯᠤᠯ᠄
1. 《ᠥᠮᠴᠢᠲᠡᠨ᠎ᠤ ᠨᠡᠭᠡᠭᠡᠯᠲᠡ᠎ᠶ᠋ᠢᠨ ᠡᠳᠦᠷ》᠎ᠤᠨ ᠠᠵᠢᠯᠯᠠᠭ᠎ᠠ᠎ᠶ᠋ᠢᠨ ᠠᠰᠠᠭᠤᠳᠠᠯ᠎ᠤᠨ ᠳᠡᠩᠰᠡᠯᠡᠯᠲᠡ᠎ᠶ᠋ᠢᠨ ᠬᠦᠰᠦᠨᠦᠭ᠌ᠲᠦ