ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠪᠠ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠮᠡᠳᠡᠭ᠌ᠳᠡᠯ
2025-10-15

ᠥᠪᠥᠷ ᠪᠠᠢᠭᠤᠯᠤᠯᠲᠠ ᠪᠠᠷᠢᠮᠵᠢᠶ᠎ᠠ [ 2025 ] 140 ᠳ᠋ᠤᠭᠡᠷ ᠲᠣᠭᠠᠲᠤ

 

ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠡᠯ᠎ᠡ ᠬᠤᠯᠪᠣᠭ᠍ᠳᠠᠯ ᠪᠦᠬᠦᠢ ᠨᠢᠭᠡᠴᠢ᠎ᠳᠤ᠄

ᠤᠯᠤᠰ᠎ᠤᠨ ᠪᠣᠬᠢᠷᠲᠤᠯ ᠥᠬᠡᠶ ᠪᠠᠷᠢᠯᠭ᠎ᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠪᠦᠲᠦᠭᠡᠭ᠌ᠳᠡᠬᠦᠨ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠲᠦᠷᠭᠡᠳᠭᠡᠬᠦ᠌ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ 《ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠶ᠋ᠢᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭ᠌ᠳᠡᠯ》 ( ᠪᠠᠢᠭᠤᠯᠤᠯᠲᠠ  ᠪᠠᠷᠢᠮᠵᠢᠶ᠎ᠠ ᠲᠣᠭ᠍ᠲᠠᠭᠠᠯ [ 2021 ] 1 ᠳ᠋ᠦ᠍ᠭᠡᠷ ᠲᠣᠭᠠᠲᠤ )᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠎ᠶ᠋ᠢᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠨᠠᠷᠢᠨ ᠲᠦᠷᠢᠮ〉᠎ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭ᠌ᠳᠡᠯ》 ( ᠥᠪᠥᠷ ᠪᠠᠢᠭᠤᠯᠤᠯᠲᠠ ᠢᠯᠡᠳᠭᠡᠯᠲᠡ [ 2023 ] 184 ᠳ᠋ᠤᠭᠡᠷ ᠲᠣᠭᠠᠲᠤ )᠂ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠪᠠ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢᠨ ᠱᠢᠰᠲ᠋ᠧᠮ〉᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭ᠌ᠳᠡᠯ》 ( ᠥᠪᠥᠷ ᠪᠠᠢᠭᠤᠯᠤᠯᠲᠠ  ᠪᠠᠷᠢᠮᠵᠢᠶ᠎ᠠ ᠵᠠᠬᠢᠳᠠᠯ [ 2024 ] 79 ᠳ᠋ᠦ᠍ᠭᠡᠷ ᠲᠣᠭᠠᠲᠤ ) ᠵᠡᠷᠭᠡ ᠱᠠᠭᠠᠷᠳᠠᠯᠭ᠎ᠠ ᠶᠣᠰᠣᠭᠠᠷ᠂ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠪᠠ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠶᠠᠪᠤᠴᠠ᠎ᠶ᠋ᠢ ᠵᠢᠷᠤᠮᠵᠢᠭᠤᠯᠵᠤ᠂ ᠬᠠᠮᠢᠶᠠᠷᠤᠯᠲᠠ᠎ᠶ᠋ᠢᠨ ᠠᠵᠢᠯ᠎ᠤᠨ ᠠᠮᠵᠢᠯᠲᠠ ᠪᠦᠲᠦᠮᠵᠢ᠎ᠶ᠋ᠢ ᠳᠡᠭᠡᠭ᠌ᠰᠢᠯᠡᠭᠦᠯᠦᠶ᠎ᠡ᠂ ᠡᠳᠦᠭᠡ ᠬᠠᠮᠢᠶ᠎ᠠ ᠪᠥᠬᠦᠶ ᠵᠦᠢᠯᠡᠰ᠎ᠢ ᠳᠣᠤᠷᠠᠬᠢ ᠮᠡᠲᠦ ᠮᠡᠳᠡᠭ᠌ᠳᠡᠶ᠎ᠡ᠄

ᠨᠢᠭᠡ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭ᠌ᠰᠢᠯᠡᠭᠦᠯᠵᠦ᠍᠂ ᠪᠣᠬᠢᠷᠲᠤᠯ ᠦᠭᠡᠶ ᠪᠠᠷᠢᠯᠭ᠎ᠠ᠎ᠶ᠋ᠢᠨ ᠢᠯᠡᠳᠭᠡᠯᠲᠡ ᠪᠠ ᠪᠣᠬᠢᠷᠲᠤᠯ ᠦᠭᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ᠎ᠠ

ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠪᠠ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠠᠵᠢᠯ ᠪᠣᠯ ᠪᠣᠬᠢᠷᠲᠤᠯ ᠥᠬᠡᠶ ᠪᠠᠷᠢᠯᠭ᠎ᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠪᠦᠲᠦᠭᠡᠭ᠌ᠳᠡᠬᠦᠨ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠲᠦᠷᠭᠡᠳᠭᠡᠬᠦ᠌ ᠴᠢᠬᠤᠯᠠ ᠠᠷᠭ᠎ᠠ ᠵᠠᠮ ᠮᠥᠨ᠂ ᠡᠯ᠎ᠡ ᠱᠠᠲᠤᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠪᠠ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠠᠵᠢᠯ᠎ᠨᠢ ᠪᠠᠷᠢᠯᠭ᠎ᠠ᠎ᠶ᠋ᠢᠨ ᠬᠦᠷᠢᠶᠡᠨ᠎ᠤ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭ᠌ᠴᠢᠲᠤ᠎ᠪᠠᠷ ᠬᠡᠯᠪᠡᠷᠢ᠎ᠪᠠᠨ ᠬᠤᠪᠢᠷᠠᠭᠤᠯᠬᠤ᠎ᠳᠤ ᠦᠵᠡᠭᠦᠯᠬᠦ᠌ ᠴᠢᠬᠤᠯᠠ ᠠᠴᠢ ᠬᠤᠯᠪᠣᠭ᠍ᠳᠠᠯ᠎ᠢ ᠭᠦᠢᠴᠡᠳ ᠲᠠᠨᠢᠵᠤ᠂ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠶ᠋ᠢ ᠮᠠᠭᠠᠳᠯᠠᠨ ᠲᠣᠭ᠍ᠲᠠᠭᠠᠬᠤ ᠪᠠ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ ᠴᠤᠭ᠍ᠯᠠᠭᠤᠯᠬᠤ ᠠᠵᠢᠯ᠎ᠢ ᠦᠷᠭᠦᠯᠵᠢᠯᠡᠨ ᠴᠢᠩᠭᠠᠳᠭᠠᠵᠤ᠂ ᠠᠵᠢᠯ᠎ᠤᠨ ᠠᠵᠢᠯᠯᠠᠭᠠᠨ᠎ᠢ ᠬᠢᠵᠠᠭᠠᠷᠯᠠᠨ ᠬᠢᠨᠠᠬᠤ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠷᠢᠭᠤᠴᠠᠭ᠍ᠰᠠᠨ ᠨᠢᠭᠡᠴᠢ ᠪᠠ ᠠᠵᠢᠯᠲᠠᠨ᠎ᠢ ᠲᠣᠳᠣᠷᠬᠠᠢᠯᠠᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠤᠨ᠂ ᠠᠵᠢᠯ᠎ᠤᠨ ᠠᠷᠭ᠎ᠠ ᠬᠡᠮᠵᠢᠶ᠎ᠡ᠎ᠪᠠᠨ ᠵᠢᠷᠤᠮᠵᠢᠭᠤᠯᠵᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠵᠦ᠍᠂ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ᠎ᠶ᠋ᠢ ᠮᠠᠭᠠᠳᠯᠠᠨ ᠲᠣᠭ᠍ᠲᠠᠭᠠᠬᠤ ᠪᠠ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠢ ᠮᠡᠳᠡᠭᠡ ᠵᠠᠩᠭᠢ᠎ᠶ᠋ᠢ ᠬᠥᠮᠥᠷᠭᠡ᠎ᠳᠤ ᠣᠷᠣᠭᠤᠯᠬᠤ ᠠᠵᠢᠯ᠎ᠤᠨ ᠡᠮᠬᠢ ᠵᠢᠷᠤᠮ᠎ᠲᠠᠢ ᠥᠷᠨᠢᠬᠦ᠌᠎ᠶ᠋ᠢ ᠦᠨᠡᠨᠬᠦ᠌ ᠪᠠᠲᠤᠯᠠᠬᠤ ᠬᠡᠷᠡᠭ᠌ᠲᠡᠶ᠃

( ᠨᠢᠭᠡ ) ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠢᠩᠬᠢᠮ᠎ᠨᠢ ᠪᠥᠬᠦ᠌ ᠣᠷᠣᠨ᠎ᠤ ᠪᠣᠬᠢᠷᠳᠤᠯ ᠦᠭᠡᠢ ᠪᠠᠷᠢᠯᠭ᠎ᠠ᠎ᠶ᠋ᠢᠨ ᠢᠯᠡᠳᠭᠡᠯᠲᠡ᠎ᠶ᠋ᠢ ᠮᠠᠭᠠᠳᠯᠠᠨ ᠲᠣᠭ᠍ᠲᠠᠭᠠᠬᠤ ᠪᠠ ᠬᠠᠮᠢᠶᠠᠷᠬᠤ ᠠᠵᠢᠯ᠎ᠢ ᠬᠠᠷᠢᠭᠤᠴᠠᠨ ᠵᠢᠯᠣᠭᠤᠳᠴᠤ᠌᠂ ᠪᠥᠬᠦ᠌ ᠣᠷᠣᠨ᠎ᠤ ᠪᠣᠬᠢᠷᠳᠤᠯ ᠦᠭᠡᠢ ᠪᠠᠷᠢᠯᠭ᠎ᠠ᠎ᠶ᠋ᠢᠨ ᠬᠤᠶᠠᠷ ᠣᠳᠣᠨ ᠲᠠᠰ᠎ᠤᠨ ᠢᠯᠡᠳᠭᠡᠯᠲᠡ ᠶ᠋ᠢ ᠮᠠᠭᠠᠳᠯᠠᠨ ᠲᠣᠭ᠍ᠲᠠᠭᠠᠬᠤ ᠪᠠ ᠬᠠᠮᠢᠶᠠᠷᠬᠤ᠂ ᠭᠤᠷᠪᠠᠨ ᠣᠳᠣᠨ ᠲᠠᠰ᠎ᠤᠨ ᠪᠣᠬᠢᠷᠳᠤᠯ ᠦᠭᠡᠢ ᠪᠠᠷᠢᠯᠭ᠎ᠠ᠎ᠶ᠋ᠢᠨ ᠲᠥᠷᠥᠯ ᠵᠦᠢᠯ᠎ᠢ ᠳᠠᠬᠢᠨ ᠬᠢᠨᠠᠬᠤ᠂ ᠲᠠᠨᠢᠯᠴᠠᠭᠤᠯᠬᠤ ᠵᠡᠷᠭᠡ ᠠᠵᠢᠯ᠎ᠢ ᠡᠭᠦᠷᠭᠡᠯᠡᠨ᠎ᠡ; ᠪᠥᠬᠦ᠌ ᠣᠷᠣᠨ᠎ᠤ ᠪᠣᠬᠢᠷᠳᠤᠯ ᠦᠭᠡᠢ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ ᠴᠤᠭ᠍ᠯᠠᠭᠤᠯᠬᠤ ᠬᠡᠷᠡᠭ᠌ᠯᠡᠭᠡᠨ᠎ᠤ ᠲᠤᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠠᠵᠢᠯ᠎ᠢ ᠬᠠᠷᠢᠭᠤᠴᠠᠵᠤ᠂ ᠪᠥᠬᠦ᠌ ᠣᠷᠣᠨ᠎ᠤ ᠪᠣᠬᠢᠷᠳᠤᠯ ᠦᠭᠡᠢ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢ ᠬᠥᠮᠥᠷᠭᠡ᠎ᠳᠤ ᠣᠷᠣᠭᠤᠯᠬᠤ᠎ᠶ᠋ᠢᠨ ᠬᠢᠨᠠᠨ ᠬᠠᠷᠭᠤᠭᠤᠯᠬᠤ ᠠᠵᠢᠯ᠎ᠢ ᠡᠭᠦᠷᠭᠡᠯᠡᠨ᠎ᠡ᠃

( ᠬᠤᠶᠠᠷ ) ᠡᠯ᠎ᠡ ᠠᠢᠮᠠᠭ ᠬᠣᠲᠠ᠎ᠶ᠋ᠢᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠭᠠᠵᠠᠷ ᠣᠷᠣᠨ᠎ᠤ ᠪᠣᠬᠢᠷᠲᠤᠯ ᠦᠭᠡᠶ ᠪᠠᠷᠢᠯᠭ᠎ᠠ᠎ᠶ᠋ᠢᠨ ᠢᠯᠡᠳᠭᠡᠯᠲᠡ ᠶ᠋ᠢ ᠮᠠᠭᠠᠳᠯᠠᠨ ᠲᠣᠭ᠍ᠲᠠᠭᠠᠬᠤ ᠪᠠ ᠬᠠᠮᠢᠶᠠᠷᠬᠤ ᠠᠵᠢᠯ᠎ᠢ ᠬᠠᠷᠢᠭᠤᠴᠠᠵᠤ᠂ ᠲᠤᠰ ᠭᠠᠵᠠᠷ ᠣᠷᠣᠨ᠎ᠤ ᠪᠣᠬᠢᠷᠲᠤᠯ ᠦᠭᠡᠶ ᠪᠠᠷᠢᠯᠭ᠎ᠠ᠎ᠶ᠋ᠢᠨ ᠨᠢᠭᠡ ᠣᠳᠣᠨ ᠲᠠᠰ᠎ᠤᠨ ᠢᠯᠡᠳᠭᠡᠯᠲᠡ᠎ᠶ᠋ᠢ ᠮᠠᠭᠠᠳᠯᠠᠨ ᠲᠣᠭ᠍ᠲᠠᠭᠠᠬᠤ᠂ ᠬᠠᠮᠢᠶᠠᠷᠬᠤ᠎ᠶ᠋ᠢᠨ ᠬᠠᠮᠲᠤ ᠳᠡᠭᠡᠭ᠌ᠰᠢ ᠮᠡᠳᠡᠭᠦᠯᠦᠨ  ᠮᠠᠭᠠᠳᠯᠠᠨ ᠲᠣᠭ᠍ᠲᠠᠭᠠᠬᠤ ᠮᠡᠳᠡᠭᠡ ᠵᠠᠩᠭᠢ᠎ᠶ᠋ᠢ ᠡᠭᠦᠷᠭᠡᠯᠡᠵᠦ᠍ ᠂ ᠲᠤᠰ ᠭᠠᠵᠠᠷ ᠣᠷᠣᠨ᠎ᠤ ᠬᠣᠶᠠᠷ᠂ ᠭᠤᠷᠪᠠᠨ ᠣᠳᠣᠨ ᠲᠠᠰ᠎ᠤᠨ ᠪᠣᠬᠢᠷᠲᠤᠯ ᠦᠭᠡᠶ ᠪᠠᠷᠢᠯᠭ᠎ᠠ᠎ᠶ᠋ᠢᠨ ᠲᠥᠷᠥᠯ ᠵᠦᠢᠯ᠎ᠦᠨ ᠠᠩᠬᠠᠨ᠎ᠤ ᠬᠢᠨᠠᠯᠲᠠ ᠪᠠ ᠲᠠᠨᠢᠯᠴᠠᠭᠤᠯᠬᠤ ᠵᠡᠷᠭᠡ ᠠᠵᠢᠯ᠎ᠢ ᠬᠠᠷᠢᠭᠤᠴᠠᠨ᠎ᠠ;ᠲᠤᠰ ᠭᠠᠵᠠᠷ ᠣᠷᠣᠨ᠎ᠤ ᠪᠣᠬᠢᠷᠲᠤᠯ ᠦᠭᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢᠨ ᠬᠦᠷᠲᠡᠬᠦ᠌ ᠬᠡᠷᠡᠭ᠌ᠯᠡᠭᠡᠨ᠎ᠦ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠠᠵᠢᠯ ᠎ᠢ ᠬᠠᠷᠢᠭᠤᠴᠠᠵᠤ᠂ ᠲᠤᠰ ᠭᠠᠵᠠᠷ ᠣᠷᠣᠨ᠎ᠤ ᠪᠣᠬᠢᠷᠲᠤᠯ ᠦᠭᠡᠶ ᠪᠠᠷᠢᠯᠭ᠎ᠠ᠎ᠶ᠋ᠢᠨ ᠮᠠᠲ᠋ᠧᠷᠢᠶᠠᠯ ᠎ᠤᠨ ᠮᠡᠳᠡᠭᠡ ᠵᠠᠩᠭᠢ᠎ᠶ᠋ᠢ ᠬᠥᠮᠥᠷᠭᠡ᠎ᠳᠦ ᠣᠷᠣᠭᠤᠯᠬᠤ᠎ᠶ᠋ᠢᠨ ᠠᠩᠬᠠᠨ᠎ᠤ ᠬᠢᠨᠠᠯᠲᠠ᠎ᠶ᠋ᠢᠨ ᠠᠵᠢᠯ᠎ᠢ ᠡᠭᠦᠷᠭᠡᠯᠡᠨ᠎ᠡ᠃

ᠬᠤᠶᠠᠷ᠂ ᠲᠠᠪᠴᠠᠩ᠎ᠤᠨ ᠬᠡᠷᠡᠭ᠌ᠯᠡᠯᠲᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠮᠢᠶᠠᠷᠤᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ

( ᠨᠢᠭᠡ ) 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠪᠠ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢᠨ ᠱᠢᠰᠲ᠋ᠧᠮ》 ( ᠳᠣᠷᠣᠭ᠍ᠰᠢ 《ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ》 ᠭᠡᠵᠦ᠍ ᠲᠣᠪᠴᠢᠯᠠᠨ᠎ᠠ )᠎ᠤᠨ ᠪᠦᠬᠦ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠱᠢᠰᠲ᠋ᠧᠮ᠎ᠤᠨ ᠬᠡᠷᠡᠭ᠌ᠯᠡᠯᠲᠡ᠎ᠶ᠋ᠢ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠶ᠋ᠢ ᠮᠠᠭᠠᠳᠯᠠᠨ ᠲᠣᠭ᠍ᠲᠠᠭᠠᠬᠤ ᠪᠠ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ ᠎ᠶ᠋ᠢ ᠬᠥᠮᠥᠷᠭᠡ᠎ᠳᠤ ᠣᠷᠣᠭᠤᠯᠬᠤ᠎ᠶ᠋ᠢᠨ ᠬᠦᠴᠦᠲᠡᠶ ᠭᠠᠷᠳᠠᠴᠠ ᠪᠣᠯᠭᠠᠵᠤ᠂ ᠬᠡᠷᠡᠭ᠌ᠯᠡᠭ᠌ᠴᠢ᠎ᠶ᠋ᠢᠨ ᠮᠡᠳᠡᠷᠡᠮᠵᠢ᠎ᠶ᠋ᠢᠨ ᠬᠡᠮᠵᠢᠶ᠎ᠡ ᠪᠠ ᠬᠠᠨᠤᠮᠵᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠴᠢᠬᠤᠯᠠ ᠠᠷᠭ᠎ᠠ ᠬᠡᠮᠵᠢᠶ᠎ᠡ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠢᠭᠡ ᠣᠳᠣᠨ ᠳᠡᠰ ᠪᠠ ᠬᠤᠶᠠᠷ ᠣᠳᠣᠨ ᠲᠠᠰ᠎ᠤᠨ ᠪᠣᠬᠢᠷᠲᠤᠯ ᠦᠭᠡᠶ ᠪᠠᠷᠢᠯᠭ᠎ᠠ᠎ᠶ᠋ᠢᠨ ᠢᠯᠡᠳᠭᠡᠯᠲᠡ ᠨᠢ ᠡᠷᠬᠡᠪᠰᠢ 《ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ》᠎ᠳᠤ ᠭᠤᠶᠤᠴᠢᠯᠠᠨ ᠮᠡᠳᠡᠭᠦᠯᠬᠦ᠌ ᠪᠠ ᠮᠠᠭᠠᠳᠯᠠᠨ ᠲᠣᠭ᠍ᠲᠠᠭᠠᠵᠤ᠂ ᠪᠣᠬᠢᠷᠲᠤᠯ ᠦᠭᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠪᠦᠲᠦᠭᠡᠭ᠌ᠳᠡᠬᠦᠨ᠎ᠤ ᠭᠡᠷᠡᠴᠢᠯᠡᠯ᠎ᠤᠨ ᠪᠠᠢᠭᠤᠯᠤᠮᠵᠢ ᠪᠠ ᠪᠣᠬᠢᠷᠲᠤᠯ ᠦᠭᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠪᠦᠲᠦᠭᠡᠭ᠌ᠳᠡᠬᠦᠨ᠎ᠢ 《ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ》᠎ᠢᠶᠠᠷ ᠳᠠᠮᠵᠢᠭᠤᠯᠤᠨ ᠬᠥᠮᠥᠷᠭᠡ᠎ᠳᠤ ᠣᠷᠣᠭᠤᠯᠬᠤ᠎ᠪᠠᠷ ᠭᠤᠶᠤᠴᠢᠯᠠᠬᠤ ᠬᠡᠷᠡᠭ᠌ᠲᠡᠶ᠃

( ᠬᠤᠶᠠᠷ ) ᠡᠷᠬᠡ ᠮᠡᠳᠡᠯ᠎ᠤᠨ ᠬᠠᠮᠢᠶᠠᠷᠤᠯᠲᠠ᠎ᠶ᠋ᠢ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠪᠣᠯᠤᠨ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ》᠎ᠤᠨ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ᠎ᠢ ᠲᠣᠳᠣᠷᠬᠠᠢᠯᠠᠨ᠂ ᠬᠡᠷᠡᠭ᠌ᠯᠡᠭ᠌ᠴᠢ᠎ᠶ᠋ᠢᠨ ᠡᠷᠬᠡ ᠮᠡᠳᠡᠯ᠎ᠤᠨ ᠬᠡᠮᠵᠢᠶ᠎ᠡ᠎ᠶ᠋ᠢ ᠳᠡᠰ ᠬᠤᠪᠢᠶᠠᠬᠤ ᠴᠢᠩᠭ᠎ᠠ ᠳᠦᠷᠢᠮ᠎ᠢ ᠬᠡᠷᠡᠭ᠌ᠵᠢᠭᠦᠯᠵᠦ᠍᠂ ᠬᠠᠮᠢᠶᠠᠷᠤᠯᠲᠠ᠎ᠶ᠋ᠢᠨ ᠡᠷᠬᠡ ᠮᠡᠳᠡᠯ᠎ᠤᠨ ᠬᠡᠪᠴᠢᠶ᠎ᠡ᠎ᠶ᠋ᠢ ᠦᠨᠳᠦᠰᠦᠯᠡᠨ ᠱᠠᠲᠤ ᠬᠤᠪᠢᠶᠠᠨ ᠬᠠᠮᠢᠶᠠᠷᠴᠤ᠌᠂ ᠲᠣᠭ᠍ᠲᠠᠭ᠍ᠰᠠᠨ ᠴᠠᠭ᠎ᠲᠤ ᠬᠥᠪᠡᠭᠡᠳᠡᠭᠦᠯᠬᠦ᠌ ᠱᠢᠰᠲ᠋ᠧᠮ᠎ᠢᠶᠠᠷ ᠬᠠᠮᠢᠶ᠎ᠠ ᠪᠦᠬᠦᠢ ᠠᠵᠢᠯ᠎ᠢ ᠦᠷᠨᠢᠭᠦᠯᠦᠨ᠎ᠡ᠃ ᠬᠢᠨᠠᠨ ᠬᠠᠷᠭᠤᠭᠤᠯᠬᠤ ᠪᠣᠭᠤᠮᠲᠠ᠎ᠶ᠋ᠢ ᠰᠠᠢᠲᠤᠷ ᠠᠳᠭᠤᠵᠤ᠂ ᠭᠤᠶᠤᠴᠢᠯᠠᠨ ᠮᠡᠳᠡᠭᠦᠯᠬᠦ᠌ ᠪᠠ ᠬᠢᠨᠠᠨ ᠬᠠᠷᠭᠤᠭᠤᠯᠬᠤ ᠡᠯ᠎ᠡ ᠭᠤᠭ᠍ᠴᠤᠭ᠎ᠠ᠎ᠶ᠋ᠢᠨ ᠠᠵᠢᠯᠯᠠᠭᠠᠨ᠎ᠤ ᠢᠯᠡᠳᠭᠡᠯᠲᠡ᠎ᠶ᠋ᠢ ᠲᠣᠳᠣᠷᠬᠠᠶ ᠪᠣᠯᠭᠠᠵᠤ᠂ ᠮᠠᠭᠠᠳᠯᠠᠨ ᠲᠣᠭ᠍ᠲᠠᠭᠠᠬᠤ ᠶᠠᠪᠤᠴᠠ᠎ᠶ᠋ᠢ ᠮᠥᠷᠳᠡᠵᠦ᠍ ᠪᠣᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

( ᠭᠤᠷᠪᠠ ) 《ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ 》᠎ᠦᠨ ᠡᠳᠦᠷ ᠲᠤᠲᠤᠮ᠎ᠤᠨ ᠬᠡᠷᠡᠭ᠌ᠯᠡᠯᠲᠡ ᠪᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠱᠢᠰᠲ᠋ᠧᠮ᠎ᠤᠨ ᠠᠵᠢᠯᠲᠠᠳ ᠱᠢᠰᠲ᠋ᠧᠮ᠎ᠤᠨ ᠬᠡᠷᠡᠭ᠌ᠯᠡᠯᠲᠡ ᠪᠠ ᠬᠠᠮᠢᠶᠠᠷᠤᠯᠲᠠ᠎ᠪᠠᠨ ᠴᠢᠩᠭᠠᠳᠭᠠᠵᠤ᠂ ᠱᠢᠰᠲ᠋ᠧᠮ᠎ᠤᠨ ᠠᠵᠢᠯᠯᠠᠭᠠᠨ᠎ᠤ ᠪᠣᠯᠪᠠᠰᠤᠷᠠᠩᠭᠤᠶ ᠬᠡᠮᠵᠢᠶ᠎ᠡ᠎ᠶ᠋ᠢ ᠴᠢᠩᠭᠠᠳᠭᠠᠨ᠂ ᠱᠢᠰᠲ᠋ᠧᠮ᠎ᠤᠨ ᠳᠣᠲᠣᠷᠠᠬᠢ ᠲᠥᠷᠥᠯ ᠵᠦᠢᠯ ᠪᠠ ᠳ᠋ᠠᠢᠲ᠋ᠠ᠎ᠶ᠋ᠢ ᠴᠠᠭ ᠲᠤᠬᠠᠶ᠎ᠳᠤ ᠨᠢ ᠱᠢᠢᠳᠪᠦᠷᠢᠯᠡᠬᠦ᠌ ᠪᠠ ᠬᠠᠮᠠᠭᠠᠯᠠᠵᠤ᠂ ᠱᠢᠨ᠎ᠡ ᠬᠠᠤᠯᠢ ᠲᠣᠭ᠍ᠲᠠᠭᠠᠯ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠭ᠌ᠰᠡᠨ᠎ᠤ ᠳᠠᠷᠠᠭ᠎ᠠ ᠵᠡᠷᠭᠡ᠎ᠪᠠᠷ ᠱᠢᠰᠲ᠋ᠧᠮ᠎ᠳᠦ ᠳᠠᠮᠵᠢᠭᠤᠯᠵᠤ᠂ ᠱᠢᠰᠲ᠋ᠧᠮ᠎ᠤᠨ ᠠᠱᠢᠭ᠍ᠯᠠᠯᠲᠠ᠎ᠶ᠋ᠢᠨ ᠨᠣᠷᠮ᠎ᠠ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠬᠡᠷᠡᠭ᠌ᠲᠡᠶ; ᠱᠢᠰᠲ᠋ᠧᠮ᠎ᠤᠨ ᠳᠣᠲᠣᠷᠠᠬᠢ ᠭᠤᠶᠤᠴᠢᠯᠠᠨ ᠮᠡᠳᠡᠭᠦᠯᠦᠭ᠌ᠰᠡᠨ ᠲᠥᠷᠥᠯ ᠵᠦᠢᠯ᠎ᠤᠨ ᠮᠡᠳᠡᠭᠡ ᠵᠠᠩᠭᠢ᠎ᠶ᠋ᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ᠎ᠢ ᠴᠢᠩᠭ᠎ᠠ ᠬᠢᠨᠠᠨ ᠬᠠᠷᠭᠤᠭᠤᠯᠵᠤ᠂ ᠭᠤᠶᠤᠴᠢᠯᠠᠨ ᠮᠡᠳᠡᠭᠦᠯᠦᠭ᠌ᠰᠡᠨ ᠮᠠᠲ᠋ᠧᠷᠢᠶᠠᠯ᠎ᠨᠢ ᠲᠣᠭ᠍ᠲᠠᠭᠠᠯ᠎ᠳᠤ ᠨᠡᠢᠴᠡᠬᠦ᠌ ᠡᠰᠡᠬᠦ᠂ ᠪᠦᠷᠢᠨ ᠪᠦᠲᠦᠨ᠂ ᠪᠦᠲᠦᠮᠵᠢᠲᠡᠶ ᠡᠰᠡᠬᠦ᠌᠎ᠳᠤ ᠬᠢᠨᠠᠯᠲᠠ ᠲᠠᠯᠪᠢᠬᠤ ᠬᠡᠷᠡᠭ᠌ᠲᠡᠶ;ᠲᠣᠭ᠍ᠲᠠᠮᠠᠯ ᠬᠤᠭᠤᠴᠠᠭ᠎ᠠ᠎ᠲᠠᠢ᠎ᠪᠠᠷ ᠳ᠋ᠠᠢᠲ᠋ᠠ᠎ᠶ᠋ᠢᠨ ᠥᠪᠡᠷ᠎ᠢᠶᠠᠨ ᠪᠠᠢᠴᠠᠭᠠᠵᠤ ᠥᠪᠡᠰᠦᠪᠡᠨ ᠵᠠᠯᠠᠷᠠᠭᠤᠯᠬᠤ᠎ᠶ᠋ᠢ ᠥᠷᠨᠢᠭᠦᠯᠵᠦ᠍᠂ ᠪᠣᠳᠠᠲᠠᠶ ᠲᠥᠷᠥᠯ ᠵᠦᠢᠯ᠎ᠤᠨ ᠪᠠᠢᠳᠠᠯ᠎ᠯᠤᠭ᠎ᠠ ᠨᠢᠭᠡᠳᠦᠯᠲᠡᠶ ᠪᠠᠢᠬᠤ᠎ᠶ᠋ᠢ ᠪᠠᠲᠤᠯᠠᠵᠤ᠂ ᠮᠠᠨ᠎ᠤ ᠣᠷᠣᠨ᠎ᠤ ᠪᠣᠬᠢᠷᠲᠤᠯ ᠦᠭᠡᠢ ᠪᠠᠷᠢᠯᠭ᠎ᠠ ᠪᠠ ᠪᠣᠬᠢᠷᠲᠤᠯ ᠦᠭᠡᠢ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠱᠢᠢᠳᠪᠦᠷᠢᠲᠦ ᠪᠤᠳᠤᠯᠭ᠎ᠠ᠎ᠳᠤ ᠨᠠᠢᠳᠠᠪᠤᠷᠢᠲᠠᠶ ᠳ᠋ᠠᠢᠲ᠋ᠠ᠎ᠶ᠋ᠢᠨ ᠲᠤᠯᠭᠠᠭᠤᠷᠢᠯᠠᠯ ᠬᠠᠩᠭᠠᠬᠤ ᠬᠡᠷᠡᠭ᠌ᠲᠡᠶ; 《ᠪᠦᠬᠦ᠌ ᠤᠯᠤᠰ᠎ᠤᠨ ᠭᠡᠷᠡᠴᠢᠯᠡᠨ ᠵᠥᠪᠱᠢᠶᠡᠷᠡᠬᠦ᠌ ᠮᠡᠳᠡᠭᠡ ᠵᠠᠩᠭᠢ᠎ᠶ᠋ᠢᠨ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠲᠠᠪᠴᠠᠩ》᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠪᠠᠢᠴᠠᠭᠠᠨ ᠯᠠᠪᠯᠠᠵᠤ᠂ ᠪᠣᠬᠢᠷᠲᠤᠯ ᠦᠭᠡᠢ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠪᠦᠲᠦᠭᠡᠭ᠌ᠳᠡᠬᠦᠨ᠎ᠢ ᠬᠥᠳᠡᠯᠦᠩᠭᠦᠶ᠎ᠪᠠᠷ ᠱᠢᠨᠡᠳᠭᠡᠬᠦ᠌᠎ᠶ᠋ᠢ ᠬᠡᠷᠡᠭ᠌ᠵᠢᠭᠦᠯᠵᠦ᠍᠂ ᠱᠢᠨ᠎ᠡ᠎ᠪᠠᠷ ᠨᠡᠮᠡᠭ᠌ᠳᠡᠭ᠌ᠰᠡᠨ ᠦᠢᠯᠡᠳᠬᠦᠨ᠎ᠢ ᠬᠥᠮᠥᠷᠭᠡ᠎ᠳᠤ ᠣᠷᠣᠭᠤᠯᠬᠤ᠎ᠶ᠋ᠢ ᠬᠥᠲᠥᠯᠥᠨ ᠵᠢᠯᠣᠭᠤᠳᠭᠤ ᠬᠡᠷᠡᠭ᠌ᠲᠡᠶ᠃

( ᠳᠥᠷᠪᠡ ) ᠡᠯ᠎ᠡ ᠭᠠᠵᠠᠷ᠎ᠤᠨ᠎ᠬᠢᠨ ᠲᠤᠬᠠᠶ᠎ᠶ᠋ᠢᠨ ᠭᠠᠵᠠᠷ᠎ᠤᠨ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠬᠡᠷᠡᠭ᠌ᠵᠢᠭᠦᠯᠬᠦ᠌ ᠠᠯᠬᠤᠮ ᠳᠠᠷᠠᠭ᠎ᠠ᠎ᠪᠠᠨ ᠲᠣᠳᠣᠷᠬᠠᠢᠯᠠᠵᠤ᠂ ᠲᠤᠰᠭᠠᠶ ᠬᠥᠮᠦᠨ ᠲᠣᠭ᠍ᠲᠠᠭᠠᠨ ᠬᠠᠷᠢᠭᠤᠴᠠᠭᠤᠯᠵᠤ᠂ ᠬᠠᠷᠢᠭᠤᠴᠠᠯᠭ᠎ᠠ᠎ᠶ᠋ᠢ ᠱᠠᠲᠤ ᠱᠠᠲᠤ᠎ᠪᠠᠷ ᠪᠣᠳᠠᠲᠠᠢᠵᠢᠭᠤᠯᠵᠤ᠂ ᠱᠢᠰᠲ᠋ᠧᠮ᠎ᠤᠨ ᠬᠡᠷᠡᠭ᠌ᠯᠡᠯᠲᠡ᠎ᠶ᠋ᠢᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

ᠭᠤᠷᠪᠠ᠂ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠎ᠶ᠋ᠢ ᠮᠠᠭᠠᠳᠯᠠᠨ ᠲᠣᠭ᠍ᠲᠠᠭᠠᠬᠤ ᠪᠥᠬᠦ᠌ ᠶᠠᠪᠤᠴᠠ᠎ᠶ᠋ᠢᠨ ᠬᠠᠮᠢᠶᠠᠷᠤᠯᠲᠠ᠎ᠶ᠋ᠢ ᠨᠠᠷᠢᠯᠢᠬ᠍ᠵᠢᠭᠤᠯᠤᠨ᠎ᠠ

《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ᠎ᠶ᠋ᠢᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠨᠠᠷᠢᠨ ᠲᠦᠷᠢᠮ》᠎ᠢ ᠴᠢᠩᠭ᠎ᠠ ᠵᠢᠷᠤᠮᠯᠠᠨ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠶ᠋ᠢ ᠮᠠᠭᠠᠳᠯᠠᠨ ᠲᠣᠭ᠍ᠲᠠᠭᠠᠬᠤ ᠠᠵᠢᠯ᠎ᠢ ᠬᠡᠷᠡᠭ᠌ᠵᠢᠭᠦᠯᠵᠦ᠍᠂ ᠡᠯ᠎ᠡ ᠭᠠᠵᠠᠷ᠎ᠤᠨ᠎ᠬᠢᠨ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠱᠠᠭᠠᠷᠳᠠᠯᠭ᠎ᠠ ᠶᠣᠰᠣᠭᠠᠷ ᠭᠤᠶᠤᠴᠢᠯᠠᠨ ᠮᠡᠳᠡᠭᠦᠯᠬᠦ᠂ ᠲᠠᠨᠢᠯᠴᠠᠭᠤᠯᠬᠤ᠂ ᠬᠢᠨᠠᠨ ᠪᠠᠢᠴᠠᠭᠠᠬᠤ᠂ ᠢᠯᠡ ᠨᠡᠢᠲᠡᠯᠡᠬᠦ᠂ ᠵᠠᠷᠯᠠᠨ ᠨᠡᠢᠲᠡᠯᠡᠬᠦ᠌ ᠵᠡᠷᠭᠡ ᠭᠤᠭ᠍ᠴᠤᠭ᠎ᠠ᠎ᠶ᠋ᠢᠨ ᠠᠵᠢᠯ᠎ᠢ ᠪᠡᠶᠡᠯᠡᠭᠦᠯᠬᠦ᠌ ᠬᠡᠷᠡᠭ᠌ᠲᠡᠶ᠃

( ᠨᠢᠭᠡ ) ᠲᠥᠷᠥᠯ ᠵᠦᠢᠯ ᠭᠤᠶᠤᠴᠢᠯᠠᠨ ᠮᠡᠳᠡᠭᠦᠯᠦᠨ᠎ᠡ᠃ ᠪᠣᠬᠢᠷᠲᠤᠯ ᠦᠭᠡᠶ ᠪᠠᠷᠢᠯᠭ᠎ᠠ᠎ᠶ᠋ᠢᠨ ᠢᠯᠡᠳᠭᠡᠯᠲᠡ ᠶ᠋ᠢ ᠮᠡᠳᠡᠭᠦᠯᠬᠦ᠌ ᠲᠥᠷᠥᠯ ᠵᠦᠢᠯ᠎ᠢ ᠡᠷᠬᠡᠪᠰᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠶ ᠪᠠᠷᠢᠯᠭ᠎ᠠ᠎ᠶ᠋ᠢᠨ ᠢᠯᠡᠳᠭᠡᠯᠲᠡ ᠶ᠋ᠢᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠨᠠᠷᠢᠨ ᠳᠦᠷᠢᠮ 》᠎ᠦᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠲᠠᠪᠴᠠᠩ᠎ᠤᠨ ᠱᠢᠰᠲ᠋ᠧᠮ᠎ᠢᠶᠡᠷ ᠳᠠᠮᠵᠢᠭᠤᠯᠤᠨ ᠬᠠᠷᠢᠶ᠎ᠠ ᠭᠠᠵᠠᠷ᠎ᠤᠨ ᠠᠢᠮᠠᠭ ᠬᠣᠲᠠ᠎ᠶ᠋ᠢᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠮᠡᠳᠡᠭᠦᠯᠬᠦ᠌ ᠮᠠᠲ᠋ᠧᠷᠢᠶᠠᠯ᠎ᠢᠶᠠᠨ ᠲᠤᠱᠢᠶᠠᠨ᠎ᠠ᠃

( ᠬᠤᠶᠠᠷ ) ᠲᠦᠷᠦᠯ ᠵᠦᠢᠯ᠎ᠤᠨ ᠠᠩᠬᠠᠨ᠎ᠤ ᠬᠢᠨᠠᠯᠲᠠ᠃ ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠷᠪᠠᠨ ᠠᠵᠢᠯᠯᠠᠬᠤ ᠡᠳᠦᠷ᠎ᠤᠨ ᠳᠣᠲᠣᠷ᠎ᠠ ᠬᠤᠶᠠᠷ᠂ ᠭᠤᠷᠪᠠᠨ ᠣᠳᠣᠨ ᠲᠠᠰ᠎ᠤᠨ ᠪᠣᠬᠢᠷᠳᠤᠯ ᠦᠭᠡᠢ ᠪᠠᠷᠢᠯᠭ᠎ᠠ᠎ᠶ᠋ᠢᠨ ᠢᠯᠡᠳᠭᠡᠯᠲᠡ ᠶ᠋ᠢᠨ ᠭᠤᠶᠤᠴᠢᠯᠠᠨ ᠮᠡᠳᠡᠭᠦᠯᠬᠦ᠌ ᠲᠥᠷᠥᠯ ᠵᠦᠢᠯ᠎ᠤᠨ ᠠᠩᠬᠠᠨ᠎ᠤ ᠬᠢᠨᠠᠯᠲᠠ᠎ᠶ᠋ᠢ ᠪᠡᠶᠡᠯᠡᠭᠦᠯᠬᠦ᠌᠎ᠶ᠋ᠢᠨ ᠬᠠᠮᠲᠤ᠌᠂ ᠠᠩᠬᠠᠨ᠎ᠤ ᠬᠢᠨᠠᠯᠲᠠ᠎ᠶ᠋ᠢᠨ ᠲᠠᠨᠢᠯᠴᠠᠭᠤᠯᠬᠤ ᠰᠠᠨᠠᠯ᠎ᠢ ᠪᠦᠷᠢᠯᠳᠦᠭᠦᠯᠵᠦ᠍᠂ ᠮᠠᠲ᠋ᠧᠷᠢᠶᠠᠯ᠎ᠢ ᠨᠥᠬᠦᠪᠦᠷᠢᠯᠡᠬᠦ᠌ ᠴᠢᠬᠤᠯᠠᠲᠠᠢ᠎ᠶ᠋ᠢ ᠪᠤᠴᠠᠭᠠᠬᠤ᠎ᠶ᠋ᠢᠨ ᠬᠠᠮᠲᠤ ᠭᠤᠶᠤᠴᠢᠯᠠᠨ ᠮᠡᠳᠡᠭᠦᠯᠬᠦ᠌ ᠨᠢᠭᠡᠴᠢ᠎ᠳᠤ ᠮᠡᠳᠡᠭ᠌ᠳᠡᠬᠦ᠌ ᠬᠡᠷᠡᠭ᠌ᠲᠡᠢ ( ᠭᠤᠶᠤᠴᠢᠯᠠᠨ ᠮᠡᠳᠡᠭᠦᠯᠬᠦ᠌ ᠨᠢᠭᠡᠴᠢ᠎ᠳᠤ ᠬᠡᠯᠪᠡᠷᠢ᠎ᠶ᠋ᠢᠨ ᠬᠢᠨᠠᠨ ᠪᠠᠢᠴᠠᠭᠠᠯᠲᠠ᠎ᠶ᠋ᠢᠨ ᠰᠠᠨᠠᠯ᠎ᠢ ᠬᠠᠷᠢᠭᠤ ᠲᠤᠰᠭᠠᠭ᠍ᠰᠠᠨ᠎ᠤ ᠳᠠᠷᠠᠭ᠎ᠠ ᠨᠢᠭᠡ ᠤᠳᠠᠭ᠎ᠠ ᠮᠠᠲ᠋ᠧᠷᠢᠶᠠᠯ᠎ᠢ ᠨᠥᠬᠦᠪᠦᠷᠢᠯᠡᠵᠦ᠍ ᠪᠣᠯᠣᠨ᠎ᠠ ) ᠠᠩᠬᠠᠨ᠎ᠤ ᠬᠢᠨᠠᠯᠲᠠ᠎ᠳᠤ ᠬᠢᠷᠢ ᠲᠡᠩᠴᠡᠭ᠌ᠰᠡᠳ᠎ᠢ ᠥᠪᠡᠷᠲᠡᠭᠡᠨ ᠵᠠᠰᠠᠬᠤ ᠣᠷᠣᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠲᠤᠱᠢᠶᠠᠬᠤ ᠬᠡᠷᠡᠭ᠌ᠲᠡᠶ᠃

( ᠭᠤᠷᠪᠠ ) ᠲᠥᠷᠥᠯ ᠵᠦᠢᠯ᠎ᠦᠨ ᠬᠢᠨᠠᠨ ᠪᠠᠢᠴᠠᠭᠠᠯᠲᠠ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ ᠬᠣᠶᠠᠷ ᠱᠠᠲᠤᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠬᠣᠶᠠᠷ ᠣᠳᠣᠨ ᠳᠡᠰ᠂ ᠨᠢᠭᠡ ᠣᠳᠣᠨ ᠲᠠᠰ᠎ᠤᠨ ᠪᠣᠬᠢᠷᠲᠤᠯ ᠦᠭᠡᠶ ᠪᠠᠷᠢᠯᠭ᠎ᠠ᠎ᠶ᠋ᠢᠨ ᠢᠯᠡᠳᠭᠡᠯᠲᠡ᠎ᠶ᠋ᠢ ᠭᠤᠶᠤᠴᠢᠯᠠᠨ ᠮᠡᠳᠡᠭᠦᠯᠬᠦ᠌ ᠲᠥᠷᠥᠯ ᠵᠦᠢᠯ᠎ᠳᠦ ᠲᠤᠰ ᠲᠤᠰ ᠬᠡᠯᠪᠡᠷᠢ᠎ᠶ᠋ᠢᠨ ᠬᠢᠨᠠᠨ ᠪᠠᠢᠴᠠᠭᠠᠯᠲᠠ ᠪᠠ ᠲᠤᠰᠭᠠᠶ ᠮᠡᠷᠭᠡᠵᠢᠯᠲᠡᠨ᠎ᠤ ᠬᠢᠨᠠᠨ ᠪᠠᠢᠴᠠᠭᠠᠯᠲᠠ ᠬᠢᠨ᠎ᠡ᠃

1. ᠬᠡᠯᠪᠡᠷᠢ᠎ᠶ᠋ᠢᠨ ᠬᠢᠨᠠᠨ ᠪᠠᠢᠴᠠᠭᠠᠯᠲᠠ᠃ ᠠᠷᠪᠠᠨ ᠠᠵᠢᠯᠯᠠᠬᠤ ᠡᠳᠦᠷ᠎ᠤᠨ ᠳᠣᠲᠣᠷ᠎ᠠ ᠬᠡᠯᠪᠡᠷᠢ᠎ᠶ᠋ᠢᠨ ᠬᠢᠨᠠᠨ ᠪᠠᠢᠴᠠᠭᠠᠯᠲᠠ᠎ᠶ᠋ᠢ ᠪᠡᠶᠡᠯᠡᠭᠦᠯᠬᠦ᠌᠎ᠶ᠋ᠢᠨ ᠬᠠᠮᠲᠤ ᠬᠢᠨᠠᠨ ᠪᠠᠢᠴᠠᠭᠠᠭ᠍ᠰᠠᠨ ᠰᠠᠨᠠᠯ᠎ᠢ ᠪᠦᠷᠢᠯᠳᠦᠭᠦᠯᠵᠦ᠍᠂ ᠮᠠᠲ᠋ᠧᠷᠢᠶᠠᠯ᠎ᠢ ᠨᠥᠬᠦᠪᠥᠷᠢᠯᠡᠬᠦ᠌ ᠴᠢᠬᠤᠯᠠᠲᠠᠶ᠎ᠶ᠋ᠢ ᠪᠤᠴᠠᠭᠠᠬᠤ᠎ᠶ᠋ᠢᠨ ᠬᠠᠮᠲᠤ ᠭᠤᠶᠤᠴᠢᠯᠠᠨ ᠮᠡᠳᠡᠭᠦᠯᠬᠦ᠌ ᠨᠢᠭᠡᠴᠢ᠎ᠳᠤ ᠮᠡᠳᠡᠭ᠌ᠳᠡᠵᠦ᠍᠂ ᠭᠤᠶᠤᠴᠢᠯᠠᠨ ᠮᠡᠳᠡᠭᠦᠯᠬᠦ᠌ ᠨᠢᠭᠡᠴᠢ ᠮᠠᠲ᠋ᠧᠷᠢᠶᠠᠯ᠎ᠢᠶᠠᠨ ᠨᠥᠬᠦᠪᠥᠷᠢᠯᠡᠨ ᠲᠡᠭᠦᠯᠳᠡᠷᠵᠢᠭᠦᠯᠦᠭ᠌ᠰᠡᠨ᠎ᠤ ᠳᠠᠷᠠᠭ᠎ᠠ ᠳᠠᠬᠢᠨ ᠲᠤᠱᠢᠶᠠᠨ᠎ᠠ᠃

2. ᠲᠤᠰᠭᠠᠶ ᠮᠡᠷᠭᠡᠵᠢᠯᠲᠡᠨ᠎ᠤ ᠬᠢᠨᠠᠨ ᠪᠠᠢᠴᠠᠭᠠᠯᠲᠠ᠃ ᠬᠡᠯᠪᠡᠷᠢ᠎ᠶ᠋ᠢᠨ ᠬᠢᠨᠠᠨ ᠪᠠᠢᠴᠠᠭᠠᠯᠲᠠ᠎ᠳᠤ ᠬᠢᠷᠢ ᠲᠡᠩᠴᠡᠭ᠌ᠰᠡᠨ᠎ᠤ ᠳᠠᠷᠠᠭ᠎ᠠ᠂ ᠬᠤᠷᠢᠨ ᠠᠵᠢᠯᠯᠠᠬᠤ ᠡᠳᠦᠷ᠎ᠤᠨ ᠳᠣᠲᠣᠷ᠎ᠠ ᠲᠤᠰᠭᠠᠶ ᠮᠡᠷᠭᠡᠵᠢᠯᠲᠡᠨ᠎ᠤ ᠬᠢᠨᠠᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠤᠨ ᠳᠠᠭᠤᠰᠭᠠᠵᠤ᠂ ᠥᠪᠡᠷᠲᠡᠭᠡᠨ ᠵᠠᠰᠠᠬᠤ ᠣᠷᠣᠨ᠎ᠤ ᠲᠤᠰᠭᠠᠶ ᠮᠡᠷᠭᠡᠵᠢᠯᠲᠡᠨ᠎ᠤ ᠬᠥᠮᠥᠷᠭᠡ᠎ᠶ᠋ᠢᠨ ᠪᠣᠬᠢᠷᠲᠤᠯ ᠥᠬᠡᠶ ᠪᠠᠷᠢᠯᠭ᠎ᠠ᠎ᠶ᠋ᠢᠨ ᠲᠤᠰᠭᠠᠶ ᠮᠡᠷᠭᠡᠵᠢᠯᠲᠡᠨ᠎ᠤ ᠬᠥᠮᠥᠷᠭᠡ᠎ᠠᠴᠠ ᠲᠤᠰᠭᠠᠶ ᠮᠡᠷᠭᠡᠵᠢᠯᠲᠡᠨ᠎ᠢ ᠲᠣᠬᠢᠶᠠᠯᠳᠤᠯ᠎ᠢᠶᠠᠷ ᠰᠣᠩᠭᠤᠵᠤ᠂ ᠮᠠᠲ᠋ᠧᠷᠢᠶᠠᠯ᠎ᠢ ᠲᠡᠪᠱᠢᠭᠦᠯᠦᠨ ᠬᠦᠷᠭᠡᠵᠦ᠍᠂ ᠲᠤᠰᠭᠠᠶ ᠮᠡᠷᠭᠡᠵᠢᠯᠲᠡᠨ᠎ᠤ ᠬᠢᠨᠠᠨ ᠲᠣᠭ᠍ᠲᠠᠭᠠᠬᠤ ᠠᠵᠢᠯ᠎ᠢ ᠥᠷᠨᠢᠭᠦᠯᠵᠦ᠍᠂ ᠲᠤᠰᠭᠠᠶ ᠮᠡᠷᠭᠡᠵᠢᠯᠲᠡᠨ᠎ᠤ ᠬᠢᠨᠠᠨ ᠪᠠᠢᠴᠠᠭᠠᠭ᠍ᠰᠠᠨ ᠰᠠᠨᠠᠯ᠎ᠢ ᠪᠣᠶ ᠪᠣᠯᠭᠠᠨ᠎ᠠ᠃ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠠᠬᠤᠢ ᠲᠠᠯᠠᠪᠠᠢ᠎ᠳᠤ ᠨᠢ ᠬᠢᠨᠠᠨ ᠪᠠᠢᠴᠠᠭᠠᠬᠤ ᠲᠥᠷᠥᠯ ᠵᠤᠢᠯ᠎ᠳᠤ ᠲᠠᠪᠤᠨ ᠠᠵᠢᠯᠯᠠᠬᠤ ᠡᠳᠦᠷ ᠨᠡᠮᠡᠵᠦ᠍ ᠪᠣᠯᠤᠨ᠎ᠠ᠃

( ᠳᠥᠷᠪᠡ ) ᠵᠠᠷᠯᠠᠨ ᠨᠡᠢᠲᠡᠯᠡᠯ᠃ ᠨᠢᠭᠡ᠂ ᠬᠣᠶᠠᠷ ᠣᠳᠣᠨ ᠲᠠᠰ᠎ᠤᠨ ᠪᠣᠬᠢᠷᠲᠤᠯ ᠦᠭᠡᠶ ᠪᠠᠷᠢᠯᠭ᠎ᠠ᠎ᠶ᠋ᠢᠨ ᠲᠥᠷᠥᠯ ᠵᠦᠢᠯ᠎ᠢ ᠬᠢᠨᠠᠨ ᠪᠠᠢᠴᠠᠭᠠᠯᠲᠠ ᠥᠩᠭᠡᠷᠡᠭᠡᠭ᠌ᠰᠡᠨ᠎ᠦ ᠳᠠᠷᠠᠭ᠎ᠠ ᠲᠠᠪᠤᠨ ᠠᠵᠢᠯᠯᠠᠬᠤ ᠡᠳᠦᠷ᠎ᠦᠨ ᠳᠣᠲᠣᠷ᠎ᠠ ᠨᠡᠢᠲᠡ᠎ᠳᠦ ᠵᠠᠷᠯᠠᠵᠤ᠂ ᠢᠯᠡ ᠨᠡᠢᠲᠡᠯᠡᠭ᠌ᠰᠡᠨ ᠪᠤᠶᠤ ᠬᠢᠨᠠᠨ ᠬᠠᠷᠭᠤᠭᠤᠯᠤᠭᠠᠳ ᠣᠨᠳᠣᠤ ᠰᠠᠨᠠᠯ ᠦᠭᠡᠶ ᠲᠥᠷᠥᠯ ᠵᠦᠢᠯ᠎ᠢ ᠲᠠᠪᠤᠨ ᠠᠵᠢᠯᠯᠠᠬᠤ ᠡᠳᠦᠷ᠎ᠦᠨ ᠳᠣᠲᠣᠷ᠎ᠠ ᠠᠯᠪᠠᠨ ᠵᠠᠷ ᠳᠠᠷᠤᠮᠠᠯᠯᠠᠨ ᠲᠠᠷᠬᠠᠭᠠᠬᠤ ᠬᠡᠷᠡᠭ᠌ᠲᠡᠶ᠃ ᠠᠢᠮᠠᠭ ᠬᠣᠲᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠫᠤᠷᠲ᠋ᠠᠯ ᠸᠸᠪ ᠰᠠᠢᠲ ᠳᠡᠭᠡᠷ᠎ᠡ ᠲᠤᠰ ᠲᠤᠰ ᠨᠡᠢᠲᠡᠯᠡᠵᠦ᠍᠂ ᠵᠠᠷᠯᠠᠨ ᠨᠡᠢᠲᠡᠯᠡᠬᠦ᠌᠎ᠡᠴᠡ ᠭᠠᠳᠠᠨ᠎ᠠ᠂ 《ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ》᠎ᠳᠦ ᠵᠡᠷᠭᠡ ᠎ᠪᠠᠷ ᠨᠡᠢᠲᠡᠯᠡᠵᠦ᠍᠂ ᠵᠠᠷᠯᠠᠨ ᠨᠡᠢᠲᠡᠯᠡᠬᠦ᠌ ᠬᠡᠷᠡᠭ᠌ᠲᠡᠶ᠃

ᠳᠥᠷᠪᠡ᠂ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢ ᠬᠥᠮᠥᠷᠭᠡ᠎ᠳᠤ ᠣᠷᠣᠭᠤᠯᠬᠤ ᠬᠠᠮᠢᠶᠠᠷᠤᠯᠲᠠ᠎ᠶ᠋ᠢ ᠵᠢᠷᠤᠮᠵᠢᠭᠤᠯᠤᠨ᠎ᠠ

ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢ ᠬᠥᠮᠥᠷᠭᠡ᠎ᠳᠤ ᠣᠷᠣᠭᠤᠯᠬᠤ᠎ᠳᠤ ᠱᠠᠲᠤ ᠬᠤᠪᠢᠶᠠᠨ ᠬᠢᠨᠠᠨ ᠬᠠᠷᠭᠤᠭᠤᠯᠬᠤ ᠬᠠᠮᠢᠶᠠᠷᠤᠯᠲᠠ᠎ᠶ᠋ᠢᠨ ᠠᠷᠭ᠎ᠠ ᠮᠠᠶᠢᠭ᠎ᠢ ᠬᠡᠷᠡᠭ᠌ᠯᠡᠨ ᠬᠡᠷᠡᠭ᠌ᠵᠢᠭᠦᠯᠵᠦ᠍᠂ ᠡᠯ᠎ᠡ ᠭᠠᠵᠠᠷ᠎ᠤᠨ᠎ᠬᠢᠨ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠦᠢᠯᠡᠳᠬᠦᠨ᠂ ᠭᠡᠷᠡᠴᠢᠯᠡᠯ᠎ᠤᠨ ᠪᠠᠢᠭᠤᠯᠤᠮᠵᠢ᠎ᠶ᠋ᠢ ᠬᠥᠮᠥᠷᠭᠡ᠎ᠳᠤ ᠣᠷᠣᠭᠤᠯᠵᠤ ᠭᠤᠶᠤᠴᠢᠯᠠᠨ ᠮᠡᠳᠡᠭᠦᠯᠬᠦ᠌᠂ ᠠᠢᠮᠠᠭ ᠬᠤᠲᠠ᠎ᠶ᠋ᠢᠨ ᠠᠩᠬᠠᠨ᠎ᠤ ᠬᠢᠨᠠᠯᠲᠠ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠬᠠᠷᠭᠤᠭᠤᠯᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠶ᠃

( ᠨᠢᠭᠡ ) ᠬᠥᠮᠥᠷᠭᠡ᠎ᠳᠤ ᠣᠷᠣᠭᠤᠯᠬᠤ ᠭᠤᠶᠤᠴᠢᠯᠠᠨ ᠮᠡᠳᠡᠭᠦᠯᠦᠯᠲᠡ᠃ ᠣᠷᠣᠨ᠎ᠤ ᠳᠣᠲᠣᠷ᠎ᠠ ᠬᠥᠮᠥᠷᠭᠡ᠎ᠳᠤ ᠣᠷᠣᠭᠤᠯᠬᠤ᠎ᠪᠠᠷ ᠭᠤᠶᠤᠴᠢᠯᠠᠭ᠍ᠰᠠᠨ ᠪᠣᠬᠢᠷᠳᠤᠯ ᠦᠭᠡᠢ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠦᠢᠯᠡᠳᠬᠦᠨ᠂ ᠭᠡᠷᠡᠴᠢᠯᠡᠯ᠎ᠤᠨ ᠪᠠᠢᠭᠤᠯᠤᠮᠵᠢ᠎ᠨᠢ ᠬᠠᠷᠢᠶ᠎ᠠ ᠭᠠᠵᠠᠷ᠎ᠤᠨ ᠬᠠᠮᠢᠶᠠᠷᠤᠯᠲᠠ᠎ᠶ᠋ᠢᠨ ᠱᠠᠭᠠᠷᠳᠠᠯᠭ᠎ᠠ ᠶᠣᠰᠣᠭᠠᠷ᠂ ᠵᠣᠬᠢᠬᠤ ᠬᠠᠷᠢᠶ᠎ᠠ ᠠᠢᠮᠠᠭ ᠬᠤᠲᠠ᠎ᠶ᠋ᠢ ᠰᠣᠩᠭᠤᠨ ᠬᠥᠮᠥᠷᠭᠡ᠎ᠳᠤ ᠣᠷᠣᠭᠤᠯᠵᠤ ᠭᠤᠶᠤᠴᠢᠯᠠᠨ ᠮᠡᠳᠡᠭᠦᠯᠦᠨ᠎ᠡ᠃ ᠣᠷᠣᠨ᠎ᠤ ᠭᠠᠳᠠᠨᠠᠬᠢ ᠪᠣᠬᠢᠷᠲᠤᠯ ᠦᠭᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠪᠦᠲᠦᠭᠡᠭ᠌ᠳᠡᠬᠦᠨ᠎ᠢ ᠭᠣᠤᠯ ᠪᠣᠯᠬᠤ ᠦᠢᠯᠡᠳᠬᠦᠨ ᠬᠡᠷᠡᠭ᠌ᠯᠡᠬᠦ᠌ ᠭᠠᠵᠠᠷ᠎ᠤᠨ ᠬᠠᠷᠢᠶ᠎ᠠ ᠠᠢᠮᠠᠭ ᠬᠣᠲᠠ᠎ᠳᠤ ᠬᠥᠮᠥᠷᠭᠡ᠎ᠳᠦ ᠣᠷᠣᠭᠤᠯᠬᠤ ᠮᠡᠳᠡᠭᠦᠯᠦᠯᠲᠡ᠎ᠪᠡᠨ ᠲᠤᠱᠢᠶᠠᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠬᠡᠷᠡᠭ᠌ᠯᠡᠭᠡᠨ᠎ᠦ ᠬᠡᠷᠡᠭ᠎ᠦᠨ ᠵᠢᠱ᠌ᠢᠶ᠎ᠡ ᠦᠭᠡᠶ ᠣᠷᠣᠨ᠎ᠤ ᠭᠠᠳᠠᠨᠠᠬᠢ ᠪᠣᠬᠢᠷᠲᠤᠯ ᠦᠭᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠦᠢᠯᠡᠳᠬᠦᠨ ᠵᠢᠴᠢ ᠣᠷᠣᠨ᠎ᠤ ᠭᠠᠳᠠᠨᠠᠬᠢ ᠭᠡᠷᠡᠴᠢᠯᠡᠬᠦ᠌ ᠪᠠᠢᠭᠤᠯᠤᠮᠵᠢ᠎ᠨᠤᠭᠤᠳ ᠥᠪᠡᠷᠲᠡᠭᠡᠨ ᠵᠠᠰᠠᠬᠤ ᠣᠷᠣᠨ᠎ᠳᠤ ᠬᠥᠮᠥᠷᠭᠡ᠎ᠳᠦ ᠣᠷᠣᠭᠤᠯᠬᠤ ᠮᠡᠳᠡᠭᠦᠯᠦᠯᠲᠡ᠎ᠪᠡᠨ ᠲᠤᠱᠢᠶᠠᠬᠤ ᠬᠡᠷᠡᠭ᠌ᠲᠡᠶ᠃

( ᠬᠣᠶᠠᠷ ) ᠠᠢᠮᠠᠭ ᠬᠣᠲᠠ᠎ᠶ᠋ᠢᠨ ᠠᠩᠬᠠᠨ᠎ᠤ ᠬᠢᠨᠠᠯᠲᠠ᠃ ᠡᠯ᠎ᠡ ᠠᠢᠮᠠᠭ ᠬᠣᠲᠠ ᠲᠠᠪᠤᠨ ᠠᠵᠢᠯᠯᠠᠬᠤ ᠡᠳᠦᠷ᠎ᠦᠨ ᠳᠣᠲᠣᠷ᠎ᠠ ᠪᠣᠬᠢᠷᠲᠤᠯ ᠦᠭᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠦᠢᠯᠡᠳᠬᠦᠨ᠂ ᠭᠡᠷᠡᠴᠢᠯᠡᠯ᠎ᠦᠨ ᠪᠠᠢᠭᠤᠯᠤᠮᠵᠢ᠎ᠶ᠋ᠢᠨ ᠬᠥᠮᠥᠷᠭᠡ᠎ᠳᠦ ᠣᠷᠣᠭᠤᠯᠬᠤ᠎ᠪᠠᠷ ᠭᠤᠶᠤᠴᠢᠯᠠᠭ᠍ᠰᠠᠨ ᠠᠩᠬᠠᠨ᠎ᠤ ᠬᠢᠨᠠᠯᠲᠠ᠎ᠶ᠋ᠢ ᠪᠡᠶᠡᠯᠡᠭᠦᠯᠬᠦ᠌᠎ᠶ᠋ᠢᠨ ᠬᠠᠮᠲᠤ᠂ ᠠᠩᠬᠠᠨ᠎ᠤ ᠬᠢᠨᠠᠯᠲᠠ᠎ᠶ᠋ᠢᠨ ᠰᠠᠨᠠᠯ᠎ᠢ ᠪᠦᠷᠢᠯᠳᠦᠭᠦᠯᠵᠦ᠍᠂ ᠠᠩᠬᠠᠨ᠎ᠤ ᠬᠢᠨᠠᠯᠲᠠ᠎ᠳᠤ ᠬᠢᠷᠢ ᠲᠡᠩᠴᠡᠭ᠌ᠰᠡᠳ᠎ᠢ ᠥᠪᠡᠷᠲᠡᠭᠡᠨ ᠵᠠᠰᠠᠬᠤ ᠣᠷᠣᠨ᠎ᠤ ᠳᠠᠬᠢᠨ ᠬᠢᠨᠠᠬᠤ᠎ᠳᠤ ᠳᠡᠪᠱᠢᠭᠦᠯᠦᠨ᠂ ᠠᠩᠬᠠᠨ᠎ᠤ ᠬᠢᠨᠠᠯᠲᠠ᠎ᠳᠤ ᠬᠢᠷᠢ ᠲᠡᠩᠴᠡᠭ᠌ᠰᠡᠨ ᠦᠭᠡᠶ᠎ᠶ᠋ᠢ ᠨᠢ ᠴᠠᠭ ᠲᠤᠬᠠᠶ᠎ᠳᠤ ᠨᠢ ᠪᠤᠴᠠᠭᠠᠬᠤ᠎ᠶ᠋ᠢᠨ ᠬᠠᠮᠲᠤ᠂ ᠭᠤᠶᠤᠴᠢᠯᠠᠭ᠍ᠰᠠᠨ ᠨᠢᠭᠡᠴᠢ᠎ᠶ᠋ᠢ ᠵᠢᠯᠣᠭᠣᠳᠤᠨ ᠮᠠᠲ᠋ᠧᠷᠢᠶᠠᠯ᠎ᠢ ᠲᠦᠷᠭᠡᠬᠡᠨ ᠳᠡᠭᠡᠭ᠌ᠰᠢ ᠮᠡᠳᠡᠭᠦᠯᠬᠦ᠌ ᠬᠡᠷᠡᠭ᠌ᠲᠡᠶ᠃

( ᠭᠤᠷᠪᠠ ) ᠥᠪᠡᠷᠲᠡᠭᠡᠨ ᠵᠠᠰᠠᠬᠤ ᠣᠷᠣᠨ᠎ᠤ ᠬᠢᠨᠠᠨ ᠬᠠᠷᠭᠤᠭᠤᠯᠤᠯᠲᠠ᠃ ᠥᠪᠡᠷᠲᠡᠭᠡᠨ ᠵᠠᠰᠠᠬᠤ ᠣᠷᠣᠨ᠎ᠠᠴᠠ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠪᠣᠬᠢᠷᠳᠤᠯ ᠦᠭᠡᠢ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠦᠢᠯᠡᠳᠬᠦᠨ᠂ ᠭᠡᠷᠡᠴᠢᠯᠡᠯ᠎ᠦᠨ ᠪᠠᠢᠭᠤᠯᠤᠮᠵᠢ᠎ᠶ᠋ᠢᠨ ᠬᠥᠮᠥᠷᠭᠡ᠎ᠳᠤ ᠣᠷᠣᠭᠤᠯᠬᠤ ᠭᠤᠶᠤᠴᠢᠯᠠᠯ᠎ᠢ ᠬᠢᠨᠠᠨ ᠬᠠᠷᠭᠤᠭᠤᠯᠬᠤ ᠠᠵᠢᠯ᠎ᠢ ᠪᠡᠶᠡᠯᠡᠭᠦᠯᠬᠦ᠌᠎ᠶ᠋ᠢᠨ ᠬᠠᠮᠲᠤ ᠬᠢᠨᠠᠨ ᠬᠠᠷᠭᠤᠭᠤᠯᠤᠭ᠍ᠰᠠᠨ ᠰᠠᠨᠠᠯ᠎ᠢᠶᠠᠨ ᠳᠤᠷᠠᠳᠴᠤ᠌᠂ ᠬᠢᠨᠠᠨ ᠬᠠᠷᠭᠤᠭᠤᠯᠤᠭᠠᠳ ᠬᠢᠷᠢ ᠲᠡᠩᠴᠡᠭ᠌ᠰᠡᠨ ᠦᠢᠯᠡᠳᠬᠦᠨ᠎ᠢ ᠬᠥᠮᠥᠷᠭᠡ᠎ᠳᠤ ᠣᠷᠣᠭᠤᠯᠬᠤ ᠬᠡᠷᠡᠭ᠌ᠲᠡᠢ; ᠬᠢᠨᠠᠨ ᠬᠠᠷᠭᠤᠭᠤᠯᠤᠭᠠᠳ ᠬᠢᠷᠢ ᠲᠡᠩᠴᠡᠭ᠌ᠰᠡᠨ ᠦᠭᠡᠢ᠎ᠶ᠋ᠢ ᠨᠢ ᠤᠤᠯ᠎ᠤᠨ ᠠᠷᠭ᠎ᠠ ᠵᠠᠮ᠎ᠢᠶᠠᠷ ᠠᠢᠮᠠᠭ ᠬᠤᠲᠠ ( ᠣᠷᠣᠨ᠎ᠤ ᠭᠠᠳᠠᠨᠠᠬᠢ ᠬᠠᠮᠢᠶ᠎ᠠ ᠪᠦᠬᠦᠢ ᠠᠵᠤ ᠠᠬᠤᠢᠯᠠᠯ )᠎ᠳᠤ ᠪᠤᠴᠠᠭᠠᠵᠤ ᠡᠭᠦᠨ᠎ᠤ ᠬᠠᠮᠲᠤ ᠬᠢᠨᠠᠨ ᠬᠠᠷᠭᠤᠭᠤᠯᠤᠭ᠍ᠰᠠᠨ ᠦᠷ᠎ᠡ ᠳ᠋ᠦᠩ᠎ᠢ ᠮᠡᠳᠡᠭ᠌ᠳᠡᠵᠦ᠍᠂ ᠠᠢᠮᠠᠭ ᠬᠤᠲᠠ᠎ᠨᠢ ᠭᠤᠷᠪᠠᠨ ᠠᠵᠢᠯᠯᠠᠬᠤ ᠡᠳᠦᠷ᠎ᠤᠨ ᠳᠣᠲᠣᠷ᠎ᠠ ᠭᠤᠶᠤᠴᠢᠯᠠᠨ ᠮᠡᠳᠡᠭᠦᠯᠦᠭ᠌ᠰᠡᠨ ᠨᠢᠭᠡᠴᠢ᠎ᠳᠤ ᠪᠤᠴᠠᠭᠠᠬᠤ᠎ᠶ᠋ᠢᠨ ᠬᠠᠮᠲᠤ ᠬᠢᠨᠠᠨ ᠬᠠᠷᠭᠤᠭᠤᠯᠤᠭ᠍ᠰᠠᠨ ᠦᠷ᠎ᠡ ᠳ᠋ᠦᠩ᠎ᠢ ᠮᠡᠳᠡᠭ᠌ᠳᠡᠬᠦ᠌ ᠬᠡᠷᠡᠭ᠌ᠲᠡᠶ᠃

( ᠳᠥᠷᠪᠡ ) ᠪᠣᠬᠢᠷᠲᠤᠯ ᠦᠭᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢ ᠬᠢᠨᠠᠨ ᠬᠠᠷᠭᠤᠭᠤᠯᠬᠤ᠎ᠳᠤ ᠪᠦᠬᠦ᠌ ᠤᠯᠤᠰ᠎ᠤᠨ ᠭᠡᠷᠡᠴᠢᠯᠡᠨ ᠵᠥᠪᠱᠢᠶᠡᠷᠡᠬᠦ᠌ ᠮᠡᠳᠡᠭᠡ ᠵᠠᠩᠭᠢ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠠᠪᠴᠠᠩ ᠪᠣᠯᠤᠨ ᠭᠡᠷᠡᠴᠢᠯᠡᠯ᠎ᠦᠨ ᠪᠠᠢᠭᠤᠯᠤᠮᠵᠢ ᠵᠡᠷᠭᠡ᠎ᠪᠡᠷ ᠳᠠᠮᠵᠢᠭᠤᠯᠤᠨ ᠦᠢᠯᠡᠳᠬᠦᠨ᠎ᠦ ᠦᠨᠡᠮᠯᠡᠯ ᠪᠣᠯᠤᠨ ᠠᠵᠤ ᠠᠬᠤᠢᠯᠠᠯ᠂ ᠦᠢᠯᠡᠳᠬᠦᠨ᠎ᠦ ᠬᠠᠮᠢᠶ᠎ᠠ ᠪᠦᠬᠦᠢ ᠮᠡᠳᠡᠭᠡ ᠵᠠᠩᠭᠢ᠎ᠶ᠋ᠢ ᠬᠢᠨᠠᠨ ᠬᠠᠷᠭᠤᠭᠤᠯᠬᠤ ᠬᠡᠷᠡᠭ᠌ᠲᠡᠶ᠃

ᠲᠠᠪᠤ᠂ ᠣᠳᠣᠨ ᠲᠠᠰ᠎ᠤᠨ ᠪᠣᠬᠢᠷᠲᠤᠯ ᠦᠭᠡᠶ ᠪᠠᠷᠢᠯᠭ᠎ᠠ᠎ᠶ᠋ᠢᠨ ᠲᠥᠷᠥᠯ ᠵᠦᠢᠯ᠎ᠦᠨ ᠠᠵᠢᠯᠯᠠᠭᠠᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ

ᠡᠯ᠎ᠡ ᠭᠠᠵᠠᠷ᠎ᠤᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠪᠣᠬᠢᠷᠲᠤᠯ ᠦᠭᠡᠶ ᠪᠠᠷᠢᠯᠭ᠎ᠠ᠎ᠶ᠋ᠢᠨ ᠢᠯᠡᠳᠭᠡᠯᠲᠡ ᠶ᠋ᠢ ᠣᠯᠤᠭ᠍ᠰᠠᠨ ᠲᠥᠷᠥᠯ ᠵᠦᠢᠯ᠎ᠦᠨ ᠳᠠᠷᠠᠭᠠᠬᠢ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠪᠣᠬᠢᠷᠲᠤᠯ ᠦᠭᠡᠶ ᠪᠠᠷᠢᠯᠭ᠎ᠠ᠎ᠶ᠋ᠢᠨ ᠢᠯᠡᠳᠭᠡᠯᠲᠡ᠎ᠶ᠋ᠢ ᠣᠯᠤᠭ᠍ᠰᠠᠨ ᠲᠥᠷᠥᠯ ᠵᠦᠢᠯ᠎ᠦᠳ᠎ᠢ ᠱᠠᠭᠠᠷᠳᠠᠵᠤ ᠪᠠᠢᠭᠠᠳ ᠪᠣᠬᠢᠷᠲᠤᠯ ᠦᠭᠡᠶ ᠪᠠᠷᠢᠯᠭ᠎ᠠ᠎ᠶ᠋ᠢᠨ ᠠᠵᠢᠯᠯᠠᠭᠠᠨ᠎ᠤ ᠬᠠᠮᠢᠶᠠᠷᠤᠯᠲᠠ᠎ᠶ᠋ᠢ ᠴᠢᠩᠭᠠᠳᠭᠠᠵᠤ᠂ ᠵᠢᠯ ᠪᠦᠷᠢ᠎ᠶ᠋ᠢᠨ ᠵᠢᠯ᠎ᠦᠨ ᠡᠴᠦᠰ᠎ᠡᠴᠡ ᠡᠮᠦᠨ᠎ᠡ ᠣᠨ᠎ᠤ ᠠᠵᠢᠯᠯᠠᠭᠠᠨ᠎ᠤ ᠭᠣᠤᠯ ᠭᠦᠢᠴᠡᠳᠭᠡᠬᠦ᠌ ᠲᠣᠭ᠎ᠠ᠎ᠪᠠᠨ ᠲᠣᠭ᠍ᠲᠠᠭ᠍ᠰᠠᠨ ᠲᠠᠪᠴᠠᠩ᠎ᠳᠤ ᠴᠠᠭ ᠲᠤᠬᠠᠶ᠎ᠳᠤ ᠨᠢ ᠮᠡᠳᠡᠭᠦᠯᠬᠦ᠌ ᠬᠡᠷᠡᠭ᠌ᠲᠡᠶ᠃ ᠬᠠᠷᠢᠶ᠎ᠠ ᠭᠠᠵᠠᠷ᠎ᠤᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠳᠡᠭᠡᠭ᠌ᠰᠢ ᠮᠡᠳᠡᠭᠦᠯᠦᠭ᠌ᠰᠡᠨ ᠲᠥᠷᠥᠯ ᠵᠦᠢᠯ᠎ᠦᠨ ᠠᠵᠢᠯᠯᠠᠭᠠᠨ᠎ᠤ ᠭᠦᠢᠴᠡᠳᠭᠡᠬᠦ᠌ ᠲᠣᠭ᠎ᠠ ᠬᠢᠭᠡᠳ ᠪᠣᠬᠢᠷᠲᠤᠯ ᠦᠭᠡᠶ ᠪᠠᠷᠢᠯᠭ᠎ᠠ᠎ᠶ᠋ᠢᠨ ᠣᠳᠣᠨ ᠲᠠᠰ᠎ᠤᠨ ᠭᠦᠢᠴᠡᠳᠭᠡᠬᠦ᠌ ᠲᠣᠭ᠎ᠠ᠎ᠶ᠋ᠢ ᠭᠤᠶᠤᠴᠢᠯᠠᠨ ᠮᠡᠳᠡᠭᠦᠯᠬᠦ᠌ ᠬᠠᠷᠢᠴᠠᠯ᠎ᠢ ᠴᠠᠭ ᠲᠤᠬᠠᠶ᠎ᠳᠤ ᠨᠢ ᠣᠯᠵᠤ ᠮᠡᠳᠡᠬᠦ᠌᠎ᠶ᠋ᠢᠨ ᠬᠠᠮᠲᠤ ᠠᠰᠠᠭᠤᠳᠠᠯ ᠣᠷᠣᠱᠢᠵᠤ ᠪᠠᠢᠭ᠎ᠠ ᠲᠥᠷᠥᠯ ᠵᠦᠢᠯ᠎ᠢ ᠱᠢᠶ᠋ᠳᠪᠦᠷᠢᠯᠡᠵᠦ᠍᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠶ ᠪᠠᠷᠢᠯᠭ᠎ᠠ᠎ᠶ᠋ᠢᠨ ᠢᠯᠡᠳᠭᠡᠯᠲᠡ᠎ᠶ᠋ᠢᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠨᠠᠷᠢᠨ ᠳᠦᠷᠢᠮ 》᠎ᠦᠨ ᠱᠠᠭᠠᠷᠳᠠᠯᠭ᠎ᠠ ᠶᠣᠰᠣᠭᠠᠷ ᠬᠤᠭᠤᠴᠠᠭ᠎ᠠ ᠬᠢᠵᠠᠭᠠᠷᠯᠠᠨ ᠴᠡᠭ᠌ᠴᠡᠯᠡᠨ ᠰᠠᠢᠵᠢᠷᠠᠭᠤᠯᠬᠤ ᠪᠠ ᠢᠯᠡᠳᠭᠡᠯᠲᠡ ᠶ᠋ᠢ ᠬᠦᠴᠦᠨ ᠦᠭᠡᠶ ᠪᠣᠯᠭᠠᠭ᠍ᠰᠠᠨ᠎ᠢ ᠱᠠᠭᠠᠷᠳᠠᠯᠭ᠎ᠠ ᠶᠣᠰᠣᠭᠠᠷ ᠬᠡᠷᠡᠭ᠌ᠵᠢᠭᠦᠯᠬᠦ᠌ ᠬᠡᠷᠡᠭ᠌ᠲᠡᠶ᠃

ᠵᠢᠷᠭᠤᠭ᠎ᠠ᠂ ᠲᠤᠰᠭᠠᠢ ᠮᠡᠷᠭᠡᠵᠢᠯᠲᠡᠨ᠎ᠤ ᠬᠠᠮᠢᠶᠠᠷᠤᠯᠲᠠ᠎ᠶ᠋ᠢ ᠴᠢᠩᠭᠠᠳᠭᠠᠨ᠎ᠠ

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠢᠩᠬᠢᠮ ᠪᠦᠬᠦ᠌ ᠣᠷᠣᠨ᠎ᠤ ᠨᠢᠭᠡᠳᠦᠯᠲᠡᠶ ᠪᠣᠬᠢᠷᠲᠤᠯ ᠦᠭᠡᠶ ᠪᠠᠷᠢᠯᠭ᠎ᠠ᠎ᠶ᠋ᠢᠨ ᠲᠤᠰᠭᠠᠶ ᠮᠡᠷᠭᠡᠵᠢᠯᠲᠡᠨ᠎ᠦ ᠬᠥᠮᠥᠷᠭᠡ ᠪᠠᠢᠭᠤᠯᠵᠤ᠂ ᠵᠥᠪᠱᠢᠶᠡᠷᠡᠨ ᠣᠷᠣᠭᠤᠯᠬᠤ ᠪᠠ ᠢᠯᠭᠠᠷᠠᠭᠤᠯᠤᠨ ᠭᠠᠷᠭᠠᠬᠤ ᠲᠣᠭ᠍ᠲᠠᠴᠠ᠎ᠶ᠋ᠢ ᠪᠠᠢᠭᠤᠯᠵᠤ᠂ ᠨᠢᠭᠡᠳᠦᠯᠲᠡᠶ ᠪᠦᠲᠦᠭᠡᠨ ᠪᠠᠢᠭᠤᠯᠬᠤ ᠪᠠ ᠬᠠᠮᠢᠶᠠᠷᠬᠤ᠎ᠶ᠋ᠢᠨ ᠬᠠᠮᠲᠤ ᠬᠥᠳᠡᠯᠦᠩᠭᠦᠶ᠎ᠪᠡᠷ ᠱᠢᠨᠡᠳᠭᠡᠬᠦ᠌ ᠬᠡᠷᠡᠭ᠌ᠲᠡᠶ᠃ ᠡᠯ᠎ᠡ ᠭᠠᠵᠠᠷ᠎ᠤᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠣᠬᠢᠷᠲᠤᠯ ᠥᠬᠡᠶ ᠪᠠᠷᠢᠯᠭ᠎ᠠ᠎ᠶ᠋ᠢᠨ ᠢᠯᠡᠳᠭᠡᠯᠲᠡ ᠶ᠋ᠢᠨ ᠲᠤᠰᠭᠠᠶ ᠮᠡᠷᠭᠡᠵᠢᠯᠲᠡᠨ᠎ᠤ ᠬᠢᠨᠠᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠬᠦ᠌ ᠦᠶ᠎ᠡ᠎ᠳᠤ᠂ 《ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ》᠎ᠢᠶᠡᠷ ᠳᠠᠮᠵᠢᠭᠤᠯᠤᠨ ᠲᠤᠰᠭᠠᠶ ᠮᠡᠷᠭᠡᠵᠢᠯᠲᠡᠨ᠎ᠢ ᠨᠢᠭᠡᠳᠦᠯᠲᠡᠶ ᠰᠣᠩᠭᠤᠨ ᠠᠪᠴᠤ᠌᠂ ᠬᠢᠨᠠᠨ ᠲᠣᠭ᠍ᠲᠠᠭᠠᠬᠤ ᠠᠵᠢᠯ᠎ᠢ ᠨᠢᠭᠡᠳᠦᠯᠲᠡᠶ ᠥᠷᠨᠢᠭᠦᠯᠬᠦ᠌ ᠬᠡᠷᠡᠭ᠌ᠲᠡᠶ᠃ ᠡᠯ᠎ᠡ ᠭᠠᠵᠠᠷ᠎ᠤᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠭᠠᠵᠠᠷ ᠣᠷᠣᠨ᠎ᠤ᠎ᠪᠠᠨ ᠲᠤᠰᠭᠠᠶ ᠮᠡᠷᠭᠡᠵᠢᠯᠲᠡᠳ᠎ᠢ ᠲᠠᠨᠢᠯᠴᠠᠭᠤᠯᠵᠤ ᠭᠤᠶᠤᠴᠢᠯᠠᠨ ᠮᠡᠳᠡᠭᠦᠯᠦᠨ ᠬᠦᠷᠭᠡᠬᠦ᠌᠎ᠶ᠋ᠢ ᠬᠠᠷᠢᠭᠤᠴᠠᠨ᠂ ᠲᠤᠰᠭᠠᠶ ᠮᠡᠷᠭᠡᠵᠢᠯᠲᠡᠳ᠎ᠢ ᠱᠠᠭᠠᠷᠳᠠᠵᠤ ᠪᠠᠢᠭᠠᠳ 《ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ 》᠎ᠳᠦ ᠳᠠᠩᠰᠠᠯᠠᠭᠤᠯᠵᠤ ᠬᠤᠪᠢ ᠬᠥᠮᠦᠨ᠎ᠦ ᠮᠡᠳᠡᠭᠡ ᠵᠠᠩᠭᠢ᠎ᠶ᠋ᠢ ᠬᠠᠮᠠᠭᠠᠯᠠᠨ᠂ ᠬᠣᠯᠪᠣᠭ᠍ᠳᠠᠯ ᠪᠦᠬᠦᠢ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠰᠤᠷᠤᠯᠴᠠᠭᠤᠯᠤᠨ᠂ ᠲᠤᠰᠭᠠᠶ ᠮᠡᠷᠭᠡᠵᠢᠯᠲᠡᠳ᠎ᠢ ᠬᠥᠲᠥᠯᠥᠨ ᠵᠢᠯᠣᠭᠣᠳᠴᠤ᠌ ᠪᠠᠢᠭᠠᠳ 《ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ》᠎ᠢ ᠪᠣᠯᠪᠠᠰᠤᠷᠠᠩᠭᠤᠶ ᠠᠵᠢᠯᠯᠠᠭᠤᠯᠬᠤ᠎ᠶ᠋ᠢᠨ ᠬᠠᠮᠲᠤ ᠬᠢᠨᠠᠯᠲᠠ ᠲᠠᠯᠪᠢᠬᠤ᠎ᠪᠠᠨ ᠴᠢᠩᠭᠠᠳᠭᠠᠨ᠂ ᠦᠨᠡᠯᠡᠬᠦ᠌ ᠲᠣᠭ᠍ᠲᠠᠭᠠᠯ ᠪᠠ ᠦᠨᠡᠯᠡᠬᠦ᠌ ᠪᠠᠷᠢᠮᠵᠢᠶ᠎ᠠ᠎ᠠᠴᠠ ᠵᠥᠷᠢᠴᠡᠭ᠌ᠰᠡᠨ ᠲᠤᠰᠭᠠᠶ ᠮᠡᠷᠭᠡᠵᠢᠯᠲᠡᠳ᠎ᠢ ᠪᠠᠢᠳᠠᠯ ᠪᠠ ᠱᠢᠶ᠋ᠳᠪᠦᠷᠢᠯᠡᠬᠦ᠌ ᠰᠠᠨᠠᠭᠤᠯᠭ᠎ᠠ᠎ᠪᠠᠨ ᠴᠠᠭ ᠲᠤᠬᠠᠶ᠎ᠳᠤ ᠨᠢ ᠳᠡᠭᠡᠭ᠌ᠰᠢ ᠮᠡᠳᠡᠭᠦᠯᠬᠦ᠌ ᠬᠡᠷᠡᠭ᠌ᠲᠡᠶ᠃ ᠲᠤᠰᠭᠠᠶ ᠮᠡᠷᠭᠡᠵᠢᠯᠲᠡᠨ ᠱᠢᠰᠲ᠋ᠧᠮ᠎ᠤᠨ ᠠᠵᠢᠯᠯᠠᠭ᠎ᠠ᠎ᠶ᠋ᠢ ᠪᠣᠯᠪᠠᠰᠤᠷᠠᠩᠭᠤᠶ ᠡᠵᠡᠮᠱᠢᠵᠦ᠍᠂ 《ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ》᠎ᠢᠶᠠᠷ ᠳᠠᠮᠵᠢᠭᠤᠯᠤᠨ ᠲᠤᠰᠭᠠᠶ ᠮᠡᠷᠭᠡᠵᠢᠯᠲᠡᠨ ᠬᠢᠨᠠᠨ ᠪᠠᠢᠴᠠᠭᠠᠬᠤ᠎ᠶ᠋ᠢᠨ ᠬᠠᠮᠲᠤ ᠲᠤᠰᠭᠠᠶ ᠮᠡᠷᠭᠡᠵᠢᠯᠲᠡᠨ ᠰᠠᠨᠠᠯ ᠭᠠᠷᠭᠠᠬᠤ᠂ ᠬᠤᠪᠢ ᠬᠥᠮᠦᠨ᠎ᠤ ᠮᠡᠳᠡᠭᠡ ᠵᠠᠩᠭᠢ᠎ᠶ᠋ᠢ ᠴᠠᠭ ᠲᠤᠬᠠᠶ᠎ᠳᠤ ᠨᠢ ᠬᠥᠳᠡᠯᠦᠩᠭᠦᠶ᠎ᠪᠠᠷ ᠱᠢᠨᠡᠳᠭᠡᠬᠦ᠂ ᠲᠥᠷᠥ᠎ᠶ᠋ᠢᠨ ᠪᠣᠳᠣᠯᠭ᠎ᠠ᠎ᠶ᠋ᠢᠨ ᠮᠡᠳᠡᠯᠭᠡ᠎ᠶ᠋ᠢ ᠱᠢᠨᠡᠳᠭᠡᠬᠦ᠌ ᠵᠡᠷᠭᠡ ᠠᠵᠢᠯ᠎ᠢ ᠬᠢᠬᠦ᠌ ᠬᠡᠷᠡᠭ᠌ᠲᠡᠶ᠃

ᠲᠤᠯᠤᠭ᠎ᠠ᠂ ᠪᠤᠯᠪᠠᠰᠤᠷᠠᠯ᠎ᠤᠨ ᠤᠬᠠᠭᠤᠯᠭ᠎ᠠ᠎ᠶ᠋ᠢ ᠴᠢᠩᠭᠠᠳᠭᠠᠨ᠎ᠠ

ᠥᠪᠡᠷᠲᠡᠭᠡᠨ ᠵᠠᠰᠠᠬᠤ ᠣᠷᠣᠨ ᠪᠣᠯᠤᠨ ᠠᠢᠮᠠᠭ ᠬᠣᠲᠠ᠎ᠶ᠋ᠢᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠬᠠᠮᠢᠶ᠎ᠠ ᠪᠦᠬᠦᠢ ᠪᠣᠯᠪᠠᠰᠤᠷᠠᠯ᠎ᠢ ᠱᠠᠲᠤ ᠬᠤᠪᠢᠶᠠᠨ ᠵᠣᠬᠢᠶᠠᠨ ᠪᠠᠢᠭᠤᠯᠤᠨ ᠥᠷᠨᠢᠭᠦᠯᠬᠦ᠌ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠵᠢᠯ ᠪᠦᠷᠢ ᠠᠳᠠᠭ᠎ᠲᠤ᠎ᠪᠠᠨ 1 ᠤᠳᠠᠭ᠎ᠠ ᠲᠤᠰᠭᠠᠢ ᠵᠦᠢᠯ᠎ᠤᠨ ᠪᠣᠯᠪᠠᠰᠤᠷᠠᠯ᠎ᠢ ᠵᠣᠬᠢᠶᠠᠨ ᠪᠠᠢᠭᠤᠯᠵᠤ᠂ ᠠᠢᠮᠠᠭ ᠬᠤᠲᠠ᠎ᠶ᠋ᠢᠨ ᠬᠤᠯᠪᠣᠭ᠍ᠳᠠᠯ ᠪᠦᠬᠦᠢ ᠬᠠᠮᠢᠶᠠᠷᠤᠯᠲᠠ᠎ᠶ᠋ᠢᠨ ᠠᠵᠢᠯᠲᠠᠨ᠎ᠢ ᠭᠤᠣᠯᠳᠠᠯᠭ᠎ᠠ᠎ᠲᠠᠢ ᠪᠣᠯᠪᠠᠰᠤᠷᠠᠭᠤᠯᠵᠤ᠂ ᠲᠥᠷᠥᠯ ᠵᠦᠢᠯ᠎ᠢ ᠮᠡᠳᠡᠭᠦᠯᠬᠦ᠌ ᠪᠠ ᠬᠠᠮᠢᠶ᠎ᠠ ᠪᠦᠬᠦᠢ ᠪᠠᠭᠠᠵᠢ᠂ ᠲᠥᠷᠥ᠎ᠶ᠋ᠢᠨ ᠪᠣᠳᠣᠯᠭ᠎ᠠ᠎ᠶ᠋ᠢ ᠪᠠᠢᠴᠠᠭᠠᠨ ᠯᠠᠪᠯᠠᠬᠤ ᠴᠢᠳᠠᠮᠵᠢ ᠪᠠ ᠱᠢᠰᠲ᠋ᠧᠮ᠎ᠤᠨ ᠮᠡᠳᠡᠭᠡ ᠵᠠᠩᠭᠢ᠎ᠶ᠋ᠢ ᠱᠢᠨᠡᠳᠭᠡᠬᠦ᠌ ᠵᠡᠷᠭᠡ᠎ᠶ᠋ᠢ ᠲᠠᠢᠯᠪᠤᠷᠢᠯᠠᠨ᠎ᠠ᠃ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠪᠣᠯᠪᠠᠰᠤᠷᠠᠯ᠎ᠤᠨ ᠬᠡᠪᠴᠢᠶ᠎ᠡ᠎ᠶ᠋ᠢ ᠪᠥᠲᠥᠭᠡᠨ ᠪᠠᠢᠭᠤᠯᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠡᠯ᠎ᠡ ᠲᠠᠯ᠎ᠠ᠎ᠶ᠋ᠢᠨ ᠭᠤᠤᠯ ᠴᠣᠭ᠍ᠴᠠ᠎ᠶ᠋ᠢ ᠬᠠᠮᠤᠷᠤᠭᠤᠯᠬᠤ ᠴᠢᠬᠤᠯᠠᠲᠠᠶ᠂ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠠᠵᠤ ᠠᠬᠤᠢᠯᠠᠯ᠂ ᠭᠡᠷᠡᠴᠢᠯᠡᠯ᠎ᠦᠨ ᠪᠠᠢᠭᠤᠯᠤᠮᠵᠢ ᠵᠢᠴᠢ ᠥᠪᠡᠷᠲᠡᠭᠡᠨ ᠵᠠᠰᠠᠬᠤ ᠣᠷᠣᠨ᠎ᠤ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠎ᠤ ᠬᠥᠮᠥᠷᠭᠡ᠎ᠳᠠᠬᠢ ᠲᠣᠰ ᠭᠠᠵᠠᠷ᠎ᠤᠨ ᠲᠤᠰᠭᠠᠶ ᠮᠡᠷᠭᠡᠵᠢᠯᠲᠡᠨ᠎ᠢ ᠬᠠᠮᠤᠷᠤᠭ᠍ᠰᠠᠨ ᠪᠠᠢᠬᠤ ᠬᠡᠷᠡᠭ᠌ᠲᠡᠶ;ᠠᠭᠤᠯᠭ᠎ᠠ᠎ᠨᠢ ᠱᠢᠰᠲ᠋ᠧᠮ᠎ᠲᠠᠢ᠎ᠪᠠᠷ ᠠᠵᠢᠯᠯᠠᠬᠤ᠂ ᠲᠥᠷᠥ᠎ᠶ᠋ᠢᠨ ᠪᠣᠳᠣᠯᠭ᠎ᠠ᠎ᠶ᠋ᠢᠨ ᠱᠠᠭᠠᠷᠳᠠᠯᠭ᠎ᠠ᠂ ᠬᠥᠮᠥᠷᠭᠡ᠎ᠳᠤ ᠣᠷᠣᠭᠤᠯᠬᠤ ᠪᠠ ᠮᠡᠳᠡᠭᠦᠯᠬᠦ᠌ ᠶᠠᠪᠤᠴᠠ᠂ ᠬᠢᠨᠠᠨ ᠲᠣᠭ᠍ᠲᠠᠭᠠᠬᠤ ᠪᠠᠷᠢᠮᠵᠢᠶ᠎ᠠ᠂ ᠠᠷᠢᠭᠤᠨ ᠴᠢᠬᠡᠴᠢ᠎ᠶ᠋ᠢᠨ ᠰᠠᠬᠢᠯᠭ᠎ᠠ ᠪᠠᠲᠤ ᠵᠡᠷᠭᠡ᠎ᠶ᠋ᠢᠨ ᠲᠣᠭᠤᠷᠢᠨ᠎ᠳᠤ ᠭᠤᠶᠤᠴᠢᠯᠠᠨ ᠮᠡᠳᠡᠭᠦᠯᠬᠦ᠌ ᠨᠢᠭᠡᠴᠢ᠂ ᠬᠢᠨᠠᠨ ᠬᠠᠷᠭᠤᠭᠤᠯᠬᠤ ᠠᠵᠢᠯᠲᠠᠨ᠂ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠎ᠤ 《ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠬᠤ᠂ ᠠᠵᠢᠯᠯᠠᠵᠤ ᠴᠢᠳᠠᠬᠤ᠂ ᠬᠡᠷᠡᠭ᠌ᠯᠡᠵᠦ᠍ ᠴᠢᠳᠠᠬᠤ》᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠡᠯ᠎ᠡ ᠱᠠᠲᠤᠨ᠎ᠤ ᠣᠷᠣᠨ ᠰᠠᠭᠤᠴᠠ ᠪᠠ ᠬᠤᠲᠠ ᠬᠦᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠪᠣᠬᠢᠷᠳᠤᠯ ᠦᠭᠡᠢ ᠪᠠᠷᠢᠯᠭ᠎ᠠ᠎ᠶ᠋ᠢᠨ ᠢᠯᠡᠳᠭᠡᠯᠲᠡ ᠪᠠ ᠪᠣᠬᠢᠷᠳᠤᠯ ᠦᠭᠡᠢ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠮᠡᠳᠡᠭᠡ ᠵᠠᠩᠭᠢ᠎ᠶ᠋ᠢ ᠤᠬᠠᠭᠤᠯᠤᠨ ᠳᠡᠯᠭᠡᠷᠡᠭᠦᠯᠬᠦ᠌ ᠡᠷᠴᠢᠮ᠎ᠢᠶᠠᠨ ᠴᠢᠩᠭᠠᠳᠭᠠᠵᠤ᠂ ᠡᠯ᠎ᠡ ᠨᠢᠭᠡᠴᠢ᠎ᠶ᠋ᠢ ᠬᠦᠲᠦᠯᠦᠨ ᠵᠢᠯᠤᠭᠤᠳᠴᠤ᠌ ᠪᠠᠢᠭᠠᠳ 《ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ》᠎ᠢ ᠬᠡᠷᠡᠭ᠌ᠯᠡᠨ ᠪᠣᠬᠢᠷᠳᠤᠯ ᠦᠭᠡᠢ ᠪᠠᠷᠢᠯᠭ᠎ᠠ᠎ᠶ᠋ᠢᠨ ᠴᠢᠳᠠᠮᠵᠢ᠎ᠶ᠋ᠢᠨ ᠪᠠᠢᠳᠠᠯ᠎ᠢ ᠣᠢᠯᠠᠭᠠᠨ ᠤᠷᠢᠳᠴᠢᠯᠠᠨ ᠮᠠᠭᠠᠳᠯᠠᠵᠤ᠂ 《ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ》᠎ᠢᠶᠠᠷ ᠳᠠᠮᠵᠢᠭᠤᠯᠤᠨ ᠬᠤᠯᠪᠣᠭ᠍ᠳᠠᠯ ᠪᠦᠬᠦᠢ ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠨ᠂ ᠣᠷᠣᠨ᠎ᠤ ᠳᠣᠲᠣᠷᠠᠬᠢ ᠪᠣᠬᠢᠷᠳᠤᠯ ᠦᠭᠡᠢ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠦᠢᠯᠡᠳᠬᠦᠨ᠎ᠤ ᠭᠡᠷᠡᠴᠢᠯᠡᠯ᠎ᠦᠨ ᠪᠠᠢᠭᠤᠯᠤᠮᠵᠢ ᠪᠠ ᠪᠣᠬᠢᠷᠳᠤᠯ ᠦᠭᠡᠢ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠦᠢᠯᠡᠳᠬᠦᠨ᠎ᠤ ᠣᠷᠤᠪᠠᠰᠤ ᠵᠣᠬᠢᠬᠤ᠎ᠶ᠋ᠢ᠎ᠨᠢ ᠪᠦᠬᠦᠨ᠎ᠢ ᠣᠷᠤᠭᠤᠯᠬᠤ᠎ᠶ᠋ᠢ ᠠᠬᠢᠭᠤᠯᠵᠤ᠂ ᠣᠷᠣᠨ᠎ᠤ ᠭᠠᠳᠠᠨᠠᠬᠢ ᠪᠣᠬᠢᠷᠳᠤᠯ ᠦᠭᠡᠢ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠭᠡᠷᠡᠴᠢᠯᠡᠯ᠎ᠢ ᠣᠯᠣᠭ᠍ᠰᠠᠨ ᠠᠵᠤ ᠠᠬᠤᠢᠯᠠᠯ ᠪᠠ ᠬᠢᠷᠢ ᠭᠡᠮ᠎ᠲᠠᠢ ᠪᠣᠬᠢᠷᠳᠤᠯ ᠦᠭᠡᠢ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠭᠡᠷᠡᠴᠢᠯᠡᠯ᠎ᠦᠨ ᠪᠠᠢᠭᠤᠯᠤᠮᠵᠢ᠎ᠶ᠋ᠢ ᠢᠳᠡᠪᠬᠢᠲᠡᠢ᠎ᠪᠠᠷ ᠳᠠᠩᠰᠠᠯᠠᠨ ᠲᠡᠮᠲᠡᠭ᠌ᠯᠡᠵᠦ᠍ ᠬᠦᠮᠦᠷᠭᠡᠯᠡᠭᠦᠯᠵᠦ᠍᠂ ᠨᠡᠢᠭᠡᠮ᠎ᠤᠨ ᠡᠯ᠎ᠡ ᠲᠠᠯ᠎ᠠ᠎ᠶ᠋ᠢᠨ᠎ᠬᠢᠨ᠎ᠤ ᠪᠣᠬᠢᠷᠳᠤᠯ ᠦᠭᠡᠢ ᠪᠦᠲᠦᠭᠡᠨ ᠪᠠᠢᠭᠤᠯᠤᠯᠲᠠ᠎ᠶ᠋ᠢᠨ ᠮᠠᠲ᠋ᠧᠷᠢᠶᠠᠯ᠎ᠤᠨ ᠦᠢᠯᠡᠳᠬᠦᠨ᠎ᠢ ᠰᠣᠩᠭᠤᠨ ᠬᠡᠷᠡᠭ᠌ᠯᠡᠬᠦ᠌᠎ᠳᠤ ᠳᠥᠭᠦᠮ ᠦᠵᠡᠭᠦᠯᠵᠦ᠍᠂ ᠱᠢᠰᠲ᠋ᠧᠮ᠎ᠤᠨ ᠬᠡᠷᠡᠭ᠌ᠯᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃

ᠨᠠᠢ᠍ᠮᠠ᠂ ᠦᠷ᠎ᠡ ᠪᠦᠲᠦᠮᠵᠢ᠎ᠶ᠋ᠢ ᠮᠥᠷᠳᠡᠨ ᠳᠠᠭᠠᠵᠤ ᠦᠷ᠎ᠡ ᠪᠥᠲᠦᠮᠵᠢ᠎ᠶ᠋ᠢ ᠠᠰᠠᠭᠤᠬᠤ᠎ᠶ᠋ᠢ ᠴᠢᠩᠭᠠᠳᠭᠠᠨ᠎ᠠ

ᠥᠪᠡᠷᠲᠡᠭᠡᠨ ᠵᠠᠰᠠᠬᠤ ᠣᠷᠣᠨ᠂ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ》᠎ᠤᠨ ᠬᠡᠷᠡᠭ᠌ᠯᠡᠯᠲᠡ᠎ᠶ᠋ᠢᠨ ᠪᠠᠢᠳᠠᠯ᠎ᠢ ᠮᠥᠷᠳᠡᠨ ᠳᠠᠭᠠᠵᠤ ᠦᠷ᠎ᠡ ᠪᠦᠲᠦᠮᠵᠢ᠎ᠶ᠋ᠢ ᠠᠰᠠᠭᠤᠵᠤ᠂ ᠬᠢᠨᠠᠨ ᠬᠠᠮᠢᠶᠠᠷᠬᠤ᠂ ᠦᠢᠯᠡᠴᠢᠯᠡᠬᠦ᠌ ᠪᠠ ᠪᠠᠲᠤᠯᠠᠬᠤ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠬᠦ᠌ ᠬᠡᠷᠡᠭ᠌ᠲᠡᠶ᠃ ᠡᠯ᠎ᠡ ᠭᠠᠵᠠᠷ᠎ᠤᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠡᠯ᠎ᠡ ᠲᠠᠯ᠎ᠠ᠎ᠶ᠋ᠢᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ ᠪᠠ ᠰᠠᠨᠠᠭᠤᠯᠭ᠎ᠠ᠎ᠶ᠋ᠢ ᠴᠤᠭ᠍ᠯᠠᠭᠤᠯᠵᠤ᠂ ᠳᠡᠭᠡᠳᠦ ᠱᠠᠲᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤ ᠨᠢ ᠬᠠᠷᠢᠭᠤ ᠲᠤᠰᠭᠠᠵᠤ᠂ ᠱᠢᠰᠲ᠋ᠧᠮ᠎ᠤᠨ ᠬᠡᠷᠡᠭ᠌ᠯᠡᠭᠡᠨ᠎ᠤ ᠴᠢᠨᠠᠷ ᠪᠠ ᠤᠶᠤᠨᠴᠢᠯᠠᠭ᠍ᠰᠠᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ; ᠲᠣᠭ᠍ᠲᠠᠮᠠᠯ ᠬᠤᠭᠤᠴᠠᠭ᠎ᠠ᠎ᠲᠠᠢ᠎ᠪᠠᠷ ᠱᠢᠰᠲ᠋ᠧᠮ᠎ᠤᠨ ᠠᠷᠤ ᠲᠠᠯ᠎ᠠ᠎ᠶ᠋ᠢᠨ ᠬᠢᠨᠠᠨ ᠪᠠᠢᠴᠠᠭᠠᠯᠲᠠ᠎ᠪᠠᠷ ᠳᠠᠮᠵᠢᠭᠤᠯᠤᠨ ᠲᠣᠰ ᠭᠠᠵᠠᠷ ᠣᠷᠣᠨ᠎ᠤ ᠶᠠᠪᠤᠴᠠ᠂ ᠠᠵᠢᠯᠯᠠᠭ᠎ᠠ ᠵᠢᠴᠢ ᠬᠢᠨᠠᠨ ᠲᠣᠭ᠍ᠲᠠᠭᠠᠬᠤ ᠶᠠᠰᠤ ᠴᠢᠨᠠᠷ᠎ᠢ ᠬᠢᠨᠠᠨ ᠪᠠᠢᠴᠠᠭᠠᠬᠤ᠎ᠲᠠᠢ ᠤᠶᠠᠯᠳᠤᠭᠤᠯᠤᠨ᠂ ᠰᠦᠯᠵᠢᠶᠡᠨ ᠭᠠᠳᠠᠭᠤᠷᠬᠢ ᠬᠢᠨᠠᠯᠲᠠ ᠲᠠᠯᠪᠢᠵᠤ ᠪᠠᠢᠴᠠᠭᠠᠬᠤ᠎ᠲᠠᠢ ᠤᠶᠠᠯᠳᠤᠭᠤᠯᠤᠨ᠂ ᠠᠰᠠᠭᠤᠳᠠᠯ᠎ᠲᠠᠢ ᠨᠢᠭᠡᠴᠢ᠎ᠳᠤ ᠴᠡᠭ᠌ᠴᠡᠯᠡᠨ ᠰᠠᠢᠵᠢᠷᠠᠭᠤᠯᠬᠤ᠎ᠶ᠋ᠢ ᠵᠠᠷᠯᠠᠨ ᠮᠡᠳᠡᠭ᠌ᠳᠡᠬᠦ᠌ ᠬᠡᠷᠡᠭ᠌ᠲᠡᠢ᠃

ᠥᠪᠡᠷᠲᠡᠭᠡᠨ ᠵᠠᠰᠠᠬᠤ ᠣᠷᠣᠨ᠎ᠠᠴᠠ ᠲᠣᠭ᠍ᠲᠠᠮᠠᠯ ᠬᠤᠭᠤᠴᠠᠭ᠎ᠠ᠎ᠲᠠᠢ᠎ᠪᠠᠷ ᠱᠢᠰᠲ᠋ᠧᠮ᠎ᠤᠨ ᠠᠷᠤ ᠲᠠᠯ᠎ᠠ᠎ᠶ᠋ᠢᠨ ᠬᠠᠷᠭᠤᠭᠤᠯᠤᠨ ᠪᠠᠢᠴᠠᠭᠠᠯᠲᠠ᠎ᠶ᠋ᠢᠨ ᠡᠯ᠎ᠡ ᠠᠢᠮᠠᠭ ᠬᠤᠲᠠ᠎ᠶ᠋ᠢᠨ ᠭᠤᠶᠤᠴᠢᠯᠠᠨ ᠮᠡᠳᠡᠭᠦᠯᠬᠦ᠌ ᠶᠠᠪᠤᠴᠠ ᠶ᠋ᠢᠨ ᠡᠵᠡᠮᠳᠡᠬᠦ᠌ ᠪᠠᠢᠳᠠᠯ᠂ ᠱᠢᠰᠲ᠋ᠧᠮ᠎ᠤᠨ ᠠᠵᠢᠯᠯᠠᠭᠠᠨ᠎ᠤ ᠵᠢᠷᠤᠮᠵᠢᠯᠳᠤ ᠴᠢᠨᠠᠷ᠂ ᠲᠤᠰᠭᠠᠶ ᠮᠡᠷᠭᠡᠵᠢᠯᠲᠡᠨ᠎ᠤ ᠬᠢᠨᠠᠨ ᠲᠣᠭ᠍ᠲᠠᠭᠠᠯᠲᠠ᠎ᠶ᠋ᠢᠨ ᠰᠠᠨᠠᠯ᠎ᠤᠨ ᠶᠠᠰᠤ ᠴᠢᠨᠠᠷ ᠵᠡᠷᠭᠡ᠎ᠶ᠋ᠢ ᠬᠠᠷᠭᠤᠭᠤᠯᠤᠨ ᠪᠠᠢᠴᠠᠭᠠᠬᠤ᠎ᠪᠠᠷ ᠳᠠᠮᠵᠢᠭᠤᠯᠤᠨ᠂ ᠶᠠᠪᠤᠴᠠ᠎ᠶ᠋ᠢᠨ ᠦᠰᠦᠷᠦᠯᠲᠡ ᠬᠢᠬᠦ᠂ ᠲᠣᠭ᠍ᠲᠠᠭᠠᠯ᠎ᠠᠴᠠ ᠵᠥᠷᠢᠴᠡᠨ ᠠᠵᠢᠯᠯᠠᠬᠤ᠂ ᠬᠢᠨᠠᠨ ᠲᠣᠭ᠍ᠲᠠᠭᠠᠯᠲᠠ᠎ᠨᠢ ᠵᠢᠷᠤᠮᠵᠢᠯ ᠥᠬᠡᠶ ᠵᠡᠷᠭᠡ ᠠᠰᠠᠭᠤᠳᠠᠯ ᠣᠷᠣᠱᠢᠵᠤ ᠪᠠᠢᠭ᠎ᠠ ᠠᠢᠮᠠᠭ ᠬᠤᠲᠠ᠎ᠶ᠋ᠢ ᠱᠠᠭᠠᠷᠳᠠᠨ ᠬᠤᠭᠤᠴᠠᠭ᠎ᠠ ᠬᠢᠵᠠᠭᠠᠷᠯᠠᠨ ᠴᠡᠭ᠌ᠴᠡᠯᠡᠨ ᠰᠠᠢᠵᠢᠷᠠᠭᠤᠯᠵᠤ᠂ ᠴᠢᠬᠤᠯᠠᠲᠠᠶ ᠦᠶ᠎ᠡ᠎ᠳᠤ ᠵᠠᠷᠯᠠᠨ ᠮᠡᠳᠡᠭ᠌ᠳᠡᠨ᠎ᠡ᠃

 

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠲᠠ ᠬᠦᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠢᠩᠬᠢᠮ
                                                         2025 ᠣᠨ᠎ᠤ 9 ᠳ᠋ᠤᠭᠡᠷ ᠰᠠᠷ᠎ᠠ᠎ᠶ᠋ᠢᠨ 29 ᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ