2025 ᠣᠨ᠎ᠤ ᠭᠤᠴᠢ ᠶᠢᠰᠦᠳᠦᠭᠡᠷ ᠪᠦᠯᠦᠭ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠵᠦᠢᠯᠡᠰ᠎ᠢ ᠬᠢᠨᠠᠨ ᠵᠥᠪᠰᠢᠶᠡᠷᠡᠭᠰᠡᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠢᠩᠬᠢᠮ᠎ᠤᠨ ᠵᠠᠷᠯᠠᠯ
2025-11-17

 [2025] ᠳ᠋ᠤᠭᠠᠷ ᠲᠣᠭᠠᠲᠤ


      《 ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭᠠᠨ᠎ᠤ ᠵᠥᠪᠰᠢᠶᠡᠷᠡᠯ᠎ᠤᠨ ᠬᠠᠤᠯᠢ》 ᠵᠢᠴᠢ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠬᠦᠷᠢᠶᠡᠨ᠎ᠳᠠᠬᠢ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ᠎ᠶᠢᠨ ᠬᠣᠯᠪᠣᠭᠳᠠᠯ ᠪᠥᠬᠦᠶ ᠲᠣᠭᠲᠠᠭᠠᠯ ᠶᠣᠰᠣᠭᠠᠷ ᠂ ᠮᠠᠨ᠎ᠤ ᠲᠢᠩᠬᠢᠮ᠎ᠠᠴᠠ 2025 ᠣᠨ᠎ᠤ ᠭᠤᠴᠢ ᠶᠢᠰᠦᠳᠦᠭᠡᠷ ᠪᠦᠯᠦᠭ᠎ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠵᠦᠢᠯᠡᠰ᠎ᠲᠤ ᠬᠢᠨᠠᠨ ᠪᠠᠶ᠋ᠢᠴᠠᠭᠠᠯᠲᠠ ᠬᠢᠵᠦ ᠂ ᠣᠲᠣ᠌ ᠬᠢᠨᠠᠨ ᠵᠥᠪᠰᠢᠶᠡᠷᠡᠭᠰᠡᠨ 52 ᠪᠠᠷᠢᠯᠭ᠎ᠠ᠎ᠶᠢᠨ ᠦᠢᠯᠡᠰ᠎ᠦᠨ ᠠᠵᠤ ᠠᠬᠤᠢᠯᠠᠯ ᠂ 79 ᠪᠠᠷᠢᠯᠭ᠎ᠠ᠎ᠶᠢᠨ ᠦᠢᠯᠡᠰ᠎ᠤᠨ ᠠᠵᠤ ᠠᠬᠤᠶ᠋ᠢᠯᠠᠯ᠎ᠤᠨ ᠠᠶᠤᠯ ᠦᠭᠡᠢ ᠦᠢᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ ᠂ 1 ᠬᠠᠢᠨ ᠪᠠᠢᠴᠠᠭᠠᠵᠤ ᠵᠢᠷᠤᠵᠤ ᠲᠥᠯᠥᠪᠯᠡᠬᠦ ᠠᠵᠤ ᠠᠬᠤᠢᠯᠠᠯ ᠂ 14 ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠠᠵᠤ ᠠᠬᠤᠢᠯᠠᠯ᠎ᠤᠨ ᠬᠢᠷᠢ ᠭᠡᠮ ᠎ᠢᠶᠡᠨ ᠦᠷᠭᠦᠯᠵᠢᠯᠡᠭᠦᠯᠬᠦ ᠠᠵᠤ ᠠᠬᠤᠶ᠋ᠢᠯᠠᠯ ᠂ 1 ᠭᠡᠷ ᠪᠠᠢᠱᠢᠩ ᠭᠠᠵᠠᠷ ᠬᠥᠷᠥᠩᠭᠡ᠎ᠶ᠋ᠢᠨ ᠪᠠᠷᠤᠭ᠍ᠯᠠᠵᠤ ᠦᠨᠡᠯᠡᠬᠦ᠌ ᠪᠠᠢᠭᠤᠯᠤᠮᠵᠢ᠂ 1 ᠪᠠᠷᠢᠯᠭ᠎ᠠ᠎ᠶ᠋ᠢᠨ ᠠᠵᠢᠯ᠎ᠤᠨ ᠵᠢᠷᠤᠭ᠎ᠢ ᠬᠢᠨᠠᠨ ᠪᠠᠢᠴᠠᠭᠠᠬᠤ ᠪᠠᠢᠭᠤᠯᠤᠮᠵᠢ᠂ 1 ᠪᠠᠷᠢᠯᠭ᠎ᠠ᠎ᠶ᠋ᠢᠨ ᠦᠢᠯᠡᠰ᠎ᠦᠨ ᠠᠵᠤ ᠠᠬᠤᠶ᠋ᠢᠯᠠᠯ᠎ᠤᠨ ᠳᠠᠬᠢᠨ ᠬᠢᠨᠠᠨ ᠲᠣᠭ᠍ᠲᠠᠭᠠᠬᠤ ᠨᠡᠷᠡᠰ᠎ᠢ ᠨᠡᠢᠲᠡᠯᠡᠨ᠎ᠡ ᠃ ᠳᠡᠭᠡᠷᠡᠬᠢ ᠨᠢᠭᠡᠨᠲᠡ ᠡᠯᠸᠺᠲᠷᠣᠨ ᠦᠨᠡᠮᠯᠡᠯ᠎ᠢ ᠡᠬᠢᠯᠡᠵᠦ ᠬᠡᠷᠡᠭᠯᠡᠭᠰᠡᠨ ᠵᠦᠢᠯᠡᠰ᠎ᠨᠢ ᠡᠯᠸᠺᠲᠷᠣᠨ ᠦᠨᠡᠮᠯᠡᠯ᠎ᠢ ᠬᠢᠨᠠᠨ ᠣᠯᠭᠤᠭᠰᠠᠨ ᠡᠳᠦᠷ᠎ᠠᠴᠠ ᠡᠬᠢᠯᠡᠨ ᠂ ᠤᠤᠯ᠎ᠤᠨ ᠬᠢᠨᠠᠨ ᠣᠯᠭᠤᠭᠰᠠᠨ ᠴᠠᠭᠠᠰᠤᠨ ᠦᠨᠡᠮᠯᠡᠯ ᠠᠶᠠᠨᠳᠠᠭᠠᠨ ᠬᠦᠴᠦᠨ ᠦᠭᠡᠢ ᠪᠣᠯᠣᠨ᠎ᠠ ᠃ ᠠᠵᠤ ᠠᠬᠤᠶ᠋ᠢᠯᠠᠯ᠎ᠢ ᠦᠯᠦ ᠬᠢᠨᠠᠨ ᠵᠥᠪᠰᠢᠶᠡᠷᠡᠭᠰᠡᠨ ᠰᠢᠯᠲᠠᠭᠠᠨ᠎ᠢ ᠠᠵᠤ ᠠᠬᠤᠶ᠋ᠢᠯᠠᠯ᠎ᠤᠨ ᠢᠮᠸᠯ(ᠮᠡᠳᠡᠭᠦᠯᠬᠦ ᠬᠦᠰᠦᠨᠦᠭ᠎ᠲᠦ ᠲᠠᠭᠯᠠᠭᠰᠠᠨ ᠢᠮᠸᠯ)᠎ᠳᠦ ᠢᠯᠡᠭᠡᠪᠡ ᠂ ᠠᠵᠤ ᠠᠬᠤᠶ᠋ᠢᠯᠠᠯ ᠥᠪᠡᠷᠲᠡᠭᠡᠨ ᠪᠠᠶ᠋ᠢᠴᠠᠭᠠᠨ ᠦᠵᠡᠭᠡᠷᠡᠢ ᠃
ᠣᠨᠴᠠᠭᠠᠢᠯᠠᠨ ᠵᠠᠷᠯᠠᠪᠠ ᠃

ᠳᠠᠭᠠᠯᠳᠤᠭᠤᠯᠤᠯ ᠄
        1. ᠭᠤᠴᠢ ᠶᠢᠰᠦᠳᠦᠭᠡᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠪᠠᠷᠢᠯᠭ᠎ᠠ᠎ᠶᠢᠨ ᠦᠢᠯᠡᠰ᠎ᠦᠨ ᠠᠵᠤ ᠠᠬᠤᠶ᠋ᠢᠯᠠᠯ᠎ᠤᠨ ᠨᠡᠷᠡᠰ
        2. ᠭᠤᠴᠢ ᠶᠢᠰᠦᠳᠦᠭᠡᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠪᠠᠷᠢᠯᠭ᠎ᠠ᠎ᠶᠢᠨ ᠦᠢᠯᠡᠰ᠎ᠦᠨ ᠠᠵᠤ ᠠᠬᠤᠢᠯᠠᠯ᠎ᠤᠨ ᠠᠶᠤᠯ ᠦᠭᠡᠢ ᠦᠢᠯᠡᠳᠪᠦᠷᠢᠯᠡᠯ᠎ᠦᠨ ᠵᠥᠪᠰᠢᠶᠡᠷᠡᠯ᠎ᠦᠨ ᠨᠡᠷᠡᠰ

3. ᠭᠤᠴᠢ ᠶᠢᠰᠦᠳᠦᠭᠡᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠬᠠᠢᠨ ᠪᠠᠢᠴᠠᠭᠠᠵᠤ ᠵᠢᠷᠤᠵᠤ ᠲᠥᠯᠥᠪᠯᠡᠬᠦ ᠠᠵᠤ ᠠᠬᠤᠶ᠋ᠢᠯᠠᠯ᠎ᠤᠨ ᠨᠡᠷᠡᠰ

4.ᠭᠤᠴᠢ ᠶᠢᠰᠦᠳᠦᠭᠡᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠠᠵᠤ ᠠᠬᠤᠢᠯᠠᠯ᠎ᠤᠨ ᠬᠢᠷᠢ ᠭᠡᠮ ᠎ᠢᠶᠡᠨ ᠦᠷᠭᠦᠯᠵᠢᠯᠡᠭᠦᠯᠬᠦ ᠠᠵᠤ ᠠᠬᠤᠶ᠋ᠢᠯᠠᠯ᠎ᠤᠨ ᠨᠡᠷᠡᠰ

5.ᠭᠤᠴᠢ ᠶᠢᠰᠦᠳᠦᠭᠡᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠭᠡᠷ ᠪᠠᠢᠱᠢᠩ ᠭᠠᠵᠠᠷ ᠬᠥᠷᠥᠩᠭᠡ᠎ᠶ᠋ᠢᠨ ᠪᠠᠷᠤᠭ᠍ᠯᠠᠵᠤ ᠦᠨᠡᠯᠡᠬᠦ᠌ ᠪᠠᠢᠭᠤᠯᠤᠮᠵᠢ᠎ᠶ᠋ᠢᠨ ᠨᠡᠷᠡᠰ

6.ᠭᠤᠴᠢ ᠶᠢᠰᠦᠳᠦᠭᠡᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠪᠠᠷᠢᠯᠭ᠎ᠠ᠎ᠶ᠋ᠢᠨ ᠠᠵᠢᠯ᠎ᠤᠨ ᠵᠢᠷᠤᠭ᠎ᠢ ᠬᠢᠨᠠᠨ ᠪᠠᠢᠴᠠᠭᠠᠬᠤ ᠪᠠᠢᠭᠤᠯᠤᠮᠵᠢ᠎ᠶ᠋ᠢᠨ ᠨᠡᠷᠡᠰ

7.ᠭᠤᠴᠢ ᠶᠢᠰᠦᠳᠦᠭᠡᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠪᠠᠷᠢᠯᠭ᠎ᠠ᠎ᠶ᠋ᠢᠨ ᠦᠢᠯᠡᠰ᠎ᠦᠨ ᠠᠵᠤ ᠠᠬᠤᠶ᠋ᠢᠯᠠᠯ᠎ᠤᠨ ᠳᠠᠬᠢᠨ ᠬᠢᠨᠠᠨ ᠲᠣᠭ᠍ᠲᠠᠭᠠᠬᠤ ᠨᠡᠷᠡᠰ

 

2025 ᠣᠨ᠎ᠤ 11 ᠳ᠋ᠦ᠍ᠭᠡᠷ ᠰᠠᠷ᠎ᠠ᠎ᠶᠢᠨ 7 ᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ