ᠥᠪᠥᠷ ᠪᠠᠢᠭᠤᠯᠤᠯᠲᠠ ᠬᠤᠲᠠ [ 2025 ] 150 ᠳ᠋ᠤᠭᠠᠷ ᠲᠣᠭᠠᠲᠤ
ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠡᠯ᠎ᠡ ᠬᠤᠯᠪᠣᠭ᠍ᠳᠠᠯ ᠪᠦᠬᠦᠢ ᠨᠢᠭᠡᠴᠢ᠄
ᠰᠤᠳᠤᠯᠬᠤ᠎ᠪᠠᠷ ᠳᠡᠮᠵᠢᠨ᠂ 《〈ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠬᠡᠷᠡᠭ᠌ᠲᠡᠢ ᠬᠡᠷ ᠪᠠᠢᠱᠢᠩ᠎ᠤᠨ ᠪᠠᠷᠢᠯᠭ᠎ᠠ ᠪᠠ ᠬᠤᠲᠠ᠎ᠶ᠋ᠢᠨ ᠶᠠᠪᠤᠳᠠᠯ᠎ᠤᠨ ᠰᠠᠭᠤᠷᠢ ᠲᠥᠬᠥᠭᠡᠷᠦᠮᠵᠢ᠎ᠶ᠋ᠢᠨ ᠢᠨᠵᠧᠨᠧᠷᠢᠩ᠎ᠤᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠨᠠᠢᠷᠠᠭᠤᠯᠤᠨ ᠵᠣᠬᠢᠶᠠᠬᠤ ᠵᠢᠯᠣᠭᠤᠳᠭᠤ ᠰᠠᠨᠠᠯ〉᠎ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠦᠭᠡᠨ ᠪᠠᠢᠭᠤᠯᠤᠯᠲᠠ᠎ᠶ᠋ᠢᠨ ᠲᠢᠩᠬᠢᠮ᠎ᠦᠨ ᠮᠡᠳᠡᠭ᠌ᠳᠡᠯ》( ᠥᠪᠥᠷ ᠪᠠᠢᠭᠤᠯᠤᠯᠲᠠ ᠬᠤᠲᠠ [ 2024 ] 70 ᠳ᠋ᠤᠭᠠᠷ ᠲᠣᠭᠠᠲᠤ )᠎ᠤᠨ ᠬᠤᠯᠪᠣᠭ᠍ᠳᠠᠯ ᠪᠥᠬᠦᠶ ᠠᠭᠤᠯᠭ᠎ᠠ᠎ᠳᠤ ᠵᠠᠰᠠᠪᠤᠷᠢ ᠣᠷᠣᠭᠤᠯᠬᠤ᠎ᠪᠠᠷ ᠲᠣᠭ᠍ᠲᠠᠪᠠ᠂ ᠡᠳᠦᠭᠡ ᠬᠤᠯᠪᠣᠭ᠍ᠳᠠᠯ ᠪᠥᠬᠦᠶ ᠵᠦᠢᠯᠡᠰ᠎ᠢ ᠳᠣᠤᠷᠠᠬᠢ ᠮᠡᠲᠦ ᠮᠡᠳᠡᠭ᠌ᠳᠡᠶ᠎ᠡ᠃
ᠨᠢᠭᠡ᠂ 《ᠨᠠᠢ᠍ᠮᠠ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠦ ᠴᠢᠬᠤᠯᠠ ᠶᠡᠭᠡ ᠠᠯᠳᠠᠭ᠎ᠠ ᠪᠤᠷᠤᠭᠤ ᠲᠠᠢ᠂ ᠪᠣᠳᠠᠲᠤ ᠴᠢᠨᠠᠷ᠎ᠤᠨ ᠪᠤᠰᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠵᠢᠴᠢ ᠬᠠᠤᠯᠢ᠎ᠪᠠᠷ ᠲᠣᠭ᠍ᠲᠠᠭᠠᠭ᠍ᠰᠠᠨ ᠱᠠᠭᠠᠷᠳᠠᠯᠭ᠎ᠠ᠎ᠳᠤ ᠥᠯᠥ᠍ ᠨᠡᠢᠴᠡᠬᠦ ᠵᠡᠷᠭᠡ ᠦᠭᠡᠢᠰᠭᠡᠬᠦ᠌ ᠴᠢᠨᠠᠷᠲᠠᠶ ᠪᠠᠢᠳᠠᠯ᠎ᠢ ᠲᠥᠪᠯᠡᠷᠡᠩᠭᠦᠢ ᠲᠣᠭᠠᠴᠢᠯᠲᠠ ᠬᠢᠬᠦ᠌ ᠬᠡᠷᠡᠭ᠌ᠲᠡᠢ᠂ ᠡᠩ᠎ᠤᠨ ᠪᠠᠢᠳᠠᠯ᠎ᠳᠤ ᠦᠳᠡᠬᠦ᠌᠂ ᠬᠠᠭᠤᠳᠠᠰᠤ ᠴᠠᠭᠠᠰᠤ᠂ ᠢᠯᠡᠷᠬᠡᠶ ᠦᠰᠦᠭ ᠪᠢᠴᠢᠭ᠎ᠤᠨ ᠠᠯᠳᠠᠭ᠎ᠠ ᠪᠤᠷᠤᠭᠤ ᠪᠠ ᠪᠣᠳᠣᠯᠭ᠎ᠠ᠎ᠶ᠋ᠢᠨ ᠠᠯᠳᠠᠭ᠎ᠠ ᠪᠤᠷᠤᠭᠤ ᠵᠡᠷᠭᠡ᠎ᠶ᠋ᠢ ᠳᠠᠭᠠᠭᠠᠴᠢᠯᠠᠯᠲᠠ ᠬᠦᠯᠢᠶᠡᠬᠦ᠌᠎ᠶ᠋ᠢ ᠦᠭᠡᠢᠰᠭᠡᠬᠦ᠌ ᠪᠠᠢᠳᠠᠯ ᠪᠣᠯᠭᠠᠵᠤ ᠪᠣᠯᠬᠤ ᠦᠭᠡᠢ》᠎ᠶ᠋ᠢ 《 ᠨᠠᠶ᠋ᠮᠠ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠤ ᠴᠢᠬᠤᠯᠠ ᠶᠡᠬᠡ ᠠᠯᠳᠠᠭ᠎ᠠ ᠪᠤᠷᠤᠭᠤ ᠲᠠᠢ᠂ ᠪᠣᠳᠠᠲᠤ ᠴᠢᠨᠠᠷ᠎ᠤᠨ ᠪᠤᠰᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠵᠢᠴᠢ ᠬᠠᠤᠯᠢ᠎ᠪᠠᠷ ᠲᠣᠭ᠍ᠲᠠᠭᠠᠭ᠍ᠰᠠᠨ ᠱᠠᠭᠠᠷᠳᠠᠯᠭ᠎ᠠ᠎ᠳᠤ ᠥᠯᠥ᠍ ᠨᠡᠢᠴᠡᠬᠦ ᠵᠡᠷᠭᠡ ᠦᠭᠡᠢᠰᠭᠡᠬᠦ᠌ ᠴᠢᠨᠠᠷᠲᠠᠶ ᠪᠠᠢᠳᠠᠯ᠎ᠢ ᠲᠥᠪᠯᠡᠷᠡᠩᠭᠦᠢ ᠲᠣᠭᠠᠴᠢᠯᠲᠠ ᠬᠢᠬᠦ᠌ ᠬᠡᠷᠡᠭ᠌ᠲᠡᠢ᠂ ᠡᠩ᠎ᠦᠨ ᠪᠠᠢᠳᠠᠯ᠎ᠳᠤ ᠦᠳᠡᠬᠦ᠌᠂ ᠬᠠᠭᠤᠳᠠᠰᠤ ᠴᠠᠭᠠᠰᠤ᠂ ᠢᠯᠡᠷᠬᠡᠶ ᠦᠰᠦᠭ ᠪᠢᠴᠢᠭ᠎ᠦᠨ ᠠᠯᠳᠠᠭ᠎ᠠ ᠪᠤᠷᠤᠭᠤ ᠪᠠ ᠪᠣᠳᠣᠯᠭ᠎ᠠ᠎ᠶ᠋ᠢᠨ ᠠᠯᠳᠠᠭ᠎ᠠ ᠪᠤᠷᠤᠭᠤ ᠵᠡᠷᠭᠡ᠎ᠶ᠋ᠢ ᠳᠠᠭᠠᠭᠠᠴᠢᠯᠠᠯᠲᠠ ᠬᠦᠯᠢᠶᠡᠬᠦ᠌᠎ᠶ᠋ᠢ ᠦᠭᠡᠢᠰᠭᠡᠬᠦ᠌ ᠪᠠᠢᠳᠠᠯ ᠪᠣᠯᠭᠠᠵᠤ ᠪᠣᠯᠬᠤ ᠦᠭᠡᠶ᠃ ᠲᠠᠷᠢᠶᠠᠴᠢᠨ᠎ᠤ ᠬᠦᠴᠦ᠍ ᠶᠠᠪᠤᠭ᠍ᠰᠠᠳ᠎ᠤᠨ ᠴᠠᠯᠢᠩ᠎ᠢ ᠥᠷᠢᠲᠦᠵᠦ᠍ ᠢᠲᠡᠭᠡᠮᠵᠢ ᠠᠯᠳᠠᠭ᠍ᠰᠠᠳ᠎ᠢ ᠬᠠᠮᠲᠤᠷᠠᠨ ᠵᠠᠯᠬᠠᠭᠠᠨ ᠴᠡᠭᠡᠷᠯᠡᠭᠦᠯᠬᠦ᠌ ᠡᠲᠡᠭᠡᠳ᠎ᠤᠨ ᠨᠡᠷᠡᠰ ᠵᠢᠴᠢ ᠬᠠᠤᠯᠢ ᠴᠠᠭᠠᠵᠠ ᠬᠠᠤᠯᠢ ᠲᠣᠭ᠍ᠲᠠᠭᠠᠯ ᠳᠦᠷᠢᠮ ᠲᠣᠭ᠍ᠲᠠᠭᠠᠯ᠂ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠳᠤ ᠬᠠᠮᠲᠤᠷᠠᠨ ᠵᠠᠯᠬᠠᠭᠠᠨ ᠴᠡᠭᠡᠷᠯᠡᠭᠦᠯᠬᠦ᠌᠎ᠶ᠋ᠢ ᠬᠡᠷᠡᠭ᠌ᠵᠢᠭᠦᠯᠬᠦ᠌ ᠲᠠᠯ᠎ᠠ᠎ᠪᠠᠷ ᠱᠠᠭᠠᠷᠳᠠᠭ᠍ᠰᠠᠨ ᠪᠠᠢᠪᠠᠯ ᠲᠤᠬᠠᠢ᠎ᠶ᠋ᠢᠨ ᠬᠦᠮᠦᠨ᠂ ᠳᠠᠭᠠᠭᠠᠴᠢᠯᠠᠯᠲᠠ ᠵᠠᠷᠯᠠᠭ᠍ᠴᠢ ᠨᠢ ᠲᠡᠭᠦᠨ᠎ᠤ ᠳᠠᠭᠠᠭᠠᠴᠢᠯᠠᠯᠲᠠ ᠬᠦᠯᠢᠶᠡᠬᠦ᠌᠎ᠶ᠋ᠢ ᠬᠠᠤᠯᠢ ᠶᠣᠰᠣᠭᠠᠷ ᠬᠢᠵᠠᠭᠠᠷᠯᠠᠬᠤ ᠬᠡᠷᠡᠭ᠌ᠲᠡᠶ》 ᠭᠡᠵᠦ᠍ ᠵᠠᠰᠠᠨ᠎ᠠ᠃
ᠬᠣᠶᠠᠷ᠂ 《ᠠᠷᠪᠠᠨ ᠨᠢᠭᠡ᠂ ᠪᠠᠷᠢᠯᠭ᠎ᠠ ᠪᠠᠷᠢᠬᠤ ᠶᠡᠷᠦᠩᠬᠡᠶ ᠳᠠᠭᠠᠭᠠᠴᠢᠯᠠᠯᠲᠠ᠎ᠶ᠋ᠢᠨ ᠬᠢᠷᠢ ᠭᠡᠮ᠎ᠢ ᠣᠯᠤᠭ᠍ᠰᠠᠨ ᠥᠪᠡᠷᠲᠡᠭᠡᠨ ᠵᠠᠰᠠᠬᠤ ᠣᠷᠣᠨ᠎ᠤ ᠬᠤᠳᠭᠤᠯᠳᠤᠭᠤᠯᠤᠨ ᠥᠭᠡᠷᠡᠴᠢᠯᠡᠬᠦ᠌ ᠪᠠᠷᠢᠯᠭ᠎ᠠ᠎ᠶ᠋ᠢᠨ ᠦᠢᠯᠡᠰ᠎ᠦᠨ ᠠᠵᠤ ᠠᠬᠤᠢᠯᠠᠯ᠂ ᠡᠬᠡ ᠺᠣᠮᠫᠠᠨᠢ ᠨᠢ ᠢᠨᠵᠧᠨᠧᠷᠢᠩ᠎ᠤᠨ ᠶᠠᠰᠤ ᠴᠢᠨᠠᠷ᠂ ᠠᠮᠤᠷ ᠲᠦᠪᠱᠢᠨ᠂ ᠥᠷᠢ ᠥᠭ᠌ᠴᠡᠭᠡ᠂ ᠡᠷᠬᠡᠨ᠎ᠳᠦ ᠬᠠᠯᠳᠠᠬᠤ᠂ ᠭᠡᠷ᠎ᠡ᠎ᠡᠴᠡ ᠵᠥᠷᠢᠴᠡᠬᠦ᠌ ᠵᠡᠷᠭᠡ ᠲᠠᠯ᠎ᠠ᠎ᠪᠠᠷ ᠳᠠᠭᠠᠭᠠᠯᠲᠠ ᠬᠢᠬᠦ᠌᠎ᠪᠡᠷ ᠠᠮᠠᠯᠠᠭ᠍ᠰᠠᠨ ᠮᠥᠷᠲᠡᠭᠡᠨ ᠬᠣᠯᠪᠣᠯᠳᠤᠭ᠍ᠰᠠᠨ ᠬᠠᠷᠢᠭᠤᠴᠠᠯᠭ᠎ᠠ ᠡᠭᠦᠷᠭᠡᠯᠡᠭ᠌ᠰᠡᠨ ᠪᠣᠯ᠂ ᠳᠠᠭᠠᠭᠠᠴᠢᠯᠠᠯᠲᠠ ᠵᠠᠷᠯᠠᠭ᠍ᠰᠠᠨ ᠪᠢᠴᠢᠭ ᠮᠠᠲ᠋ᠧᠷᠢᠶᠠᠯ᠎ᠢ ᠨᠢ ᠬᠤᠳᠭᠤᠯᠳᠤᠭᠤᠯᠤᠨ ᠥᠭᠡᠷᠡᠴᠢᠯᠡᠵᠦ᠍ ᠪᠡᠶᠡᠯᠡᠭᠦᠯᠦᠭ᠌ᠰᠡᠨ ᠡᠳᠦᠷ᠎ᠡᠴᠡ ᠡᠬᠢᠯᠡᠨ 3 ᠵᠢᠯ᠎ᠦᠨ ᠳᠣᠲᠣᠷ᠎ᠠ ᠡᠬᠡ ᠺᠣᠮᠫᠠᠨᠢ᠎ᠶ᠋ᠢᠨ ᠠᠮᠵᠢᠯᠲᠠ ᠪᠦᠲᠦᠮᠵᠢ᠂ ᠢᠲᠡᠭᠡᠮᠵᠢ᠎ᠶ᠋ᠢᠨ ᠮᠡᠳᠡᠭᠡ ᠵᠠᠩᠭᠢ᠂ ᠱᠠᠩᠨᠠᠯ ᠣᠯᠤᠭ᠍ᠰᠠᠨ ᠪᠠᠢᠳᠠᠯ᠎ᠢᠶᠠᠨ ᠮᠠᠨ᠎ᠤ ᠣᠷᠣᠨ᠎ᠤ ᠢᠨᠵᠧᠨᠧᠷᠢᠩ᠎ᠢ ᠳᠠᠭᠠᠭᠠᠨ ᠠᠪᠤᠭ᠍ᠰᠠᠨ ᠳᠠᠭᠠᠭᠠᠴᠢᠯᠠᠯᠲᠠ ᠬᠦᠯᠢᠶᠡᠭ᠌ᠴᠢᠶ᠋ᠢᠨ ᠢᠲᠡᠭᠡᠮᠵᠢ᠎ᠶ᠋ᠢᠨ ᠢᠲᠡᠭᠡᠮᠵᠢ ᠪᠣᠯᠭᠠᠬᠤ ᠬᠡᠷᠡᠭ᠌ᠲᠡᠶ 》 ᠶ᠋ᠢ 《ᠠᠷᠪᠠᠨ ᠨᠢᠭᠡ᠂ ᠪᠠᠷᠢᠯᠭ᠎ᠠ ᠪᠠᠷᠢᠬᠤ ᠶᠡᠷᠦᠩᠬᠡᠶ ᠳᠠᠭᠠᠭᠠᠴᠢᠯᠠᠯᠲᠠ᠎ᠶ᠋ᠢᠨ ᠬᠢᠷᠢ ᠭᠡᠮ᠎ᠢ ᠣᠯᠤᠭ᠍ᠰᠠᠨ ᠬᠤᠳᠭᠤᠯᠳᠤᠭᠤᠯᠤᠨ ᠥᠭᠡᠷᠡᠴᠢᠯᠡᠬᠦ᠌ ᠪᠠᠷᠢᠯᠭ᠎ᠠ᠎ᠶ᠋ᠢᠨ ᠦᠢᠯᠡᠰ᠎ᠦᠨ ᠠᠵᠤ ᠠᠬᠤᠢᠯᠠᠯ᠂ ᠡᠬᠡ ᠺᠣᠮᠫᠠᠨᠢ ᠨᠢ ᠢᠨᠵᠧᠨᠧᠷᠢᠩ᠎ᠤᠨ ᠶᠠᠰᠤ ᠴᠢᠨᠠᠷ᠂ ᠠᠮᠤᠷ ᠲᠦᠪᠱᠢᠨ᠂ ᠥᠷᠢ ᠥᠭ᠌ᠴᠡᠭᠡ᠂ ᠡᠷᠬᠡᠨ᠎ᠳᠦ ᠬᠠᠯᠳᠠᠬᠤ᠂ ᠭᠡᠷ᠎ᠡ᠎ᠡᠴᠡ ᠵᠥᠷᠢᠴᠡᠬᠦ᠌ ᠵᠡᠷᠭᠡ ᠲᠠᠯ᠎ᠠ᠎ᠪᠠᠷ ᠳᠠᠭᠠᠭᠠᠯᠲᠠ ᠬᠢᠬᠦ᠌᠎ᠪᠡᠷ ᠠᠮᠠᠯᠠᠭ᠍ᠰᠠᠨ ᠮᠥᠷᠲᠡᠭᠡᠨ ᠬᠣᠯᠪᠣᠯᠳᠤᠭ᠍ᠰᠠᠨ ᠬᠠᠷᠢᠭᠤᠴᠠᠯᠭ᠎ᠠ ᠡᠭᠦᠷᠭᠡᠯᠡᠭ᠌ᠰᠡᠨ ᠪᠣᠯ᠂ ᠳᠠᠭᠠᠭᠠᠴᠢᠯᠠᠯᠲᠠ ᠵᠠᠷᠯᠠᠭ᠍ᠰᠠᠨ ᠪᠢᠴᠢᠭ ᠮᠠᠲ᠋ᠧᠷᠢᠶᠠᠯ᠎ᠢ ᠨᠢ ᠬᠤᠳᠭᠤᠯᠳᠤᠭᠤᠯᠤᠨ ᠥᠭᠡᠷᠡᠴᠢᠯᠡᠵᠦ᠍ ᠪᠡᠶᠡᠯᠡᠭᠦᠯᠦᠭ᠌ᠰᠡᠨ ᠡᠳᠦᠷ᠎ᠡᠴᠡ ᠡᠬᠢᠯᠡᠨ 3 ᠵᠢᠯ᠎ᠦᠨ ᠳᠣᠲᠣᠷ᠎ᠠ ᠡᠬᠡ ᠺᠣᠮᠫᠠᠨᠢ᠎ᠶ᠋ᠢᠨ ᠠᠮᠵᠢᠯᠲᠠ ᠪᠦᠲᠦᠮᠵᠢ᠂ ᠢᠲᠡᠭᠡᠮᠵᠢ᠎ᠶ᠋ᠢᠨ ᠮᠡᠳᠡᠭᠡ ᠵᠠᠩᠭᠢ᠂ ᠱᠠᠩᠨᠠᠯ ᠣᠯᠤᠭ᠍ᠰᠠᠨ ᠪᠠᠢᠳᠠᠯ᠎ᠢᠶᠠᠨ ᠮᠠᠨ᠎ᠤ ᠣᠷᠣᠨ᠎ᠤ ᠢᠨᠵᠧᠨᠧᠷᠢᠩ᠎ᠢ ᠳᠠᠭᠠᠭᠠᠨ ᠠᠪᠤᠭ᠍ᠰᠠᠨ ᠳᠠᠭᠠᠭᠠᠴᠢᠯᠠᠯᠲᠠ ᠬᠦᠯᠢᠶᠡᠭ᠌ᠴᠢᠶ᠋ᠢᠨ ᠢᠲᠡᠭᠡᠮᠵᠢ᠎ᠶ᠋ᠢᠨ ᠢᠲᠡᠭᠡᠮᠵᠢ ᠪᠣᠯᠭᠠᠬᠤ ᠬᠡᠷᠡᠭ᠌ᠲᠡᠶ 》 ᠭᠡᠵᠦ᠍ ᠵᠠᠰᠠᠨ᠎ᠠ ᠃
ᠭᠤᠷᠪᠠ᠂ 《ᠠᠷᠪᠠᠨ ᠬᠣᠶᠠᠷ᠂ ᠢᠨᠵᠧᠨᠧᠷᠢᠩ᠎ᠤᠨ ᠶᠡᠷᠦᠩᠬᠡᠶ ᠳᠠᠭᠠᠭᠠᠴᠢᠯᠠᠯᠲᠠ᠎ᠶ᠋ᠢᠨ ᠲᠥᠷᠥᠯ ᠵᠦᠢᠯ᠎ᠢ ᠬᠤᠪᠢᠶᠠᠨ ᠳᠠᠭᠠᠭᠠᠴᠢᠯᠠᠭᠤᠯᠤᠭ᠍ᠰᠠᠨ ᠪᠣᠯ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠤ ᠶᠡᠷᠦᠩᠬᠡᠶ ᠳᠠᠭᠠᠭᠠᠴᠢᠯᠠᠭ᠍ᠰᠠᠨ ᠠᠵᠤ ᠠᠬᠤᠢᠯᠠᠯ᠎ᠤᠨ ᠬᠠᠤᠯᠢ ᠲᠣᠭ᠍ᠲᠠᠭᠠᠯ ᠶᠣᠰᠣᠭᠠᠷ ᠢᠨᠵᠧᠨᠧᠷᠢᠩ ᠬᠤᠪᠢᠶᠠᠨ ᠲᠤᠬᠠᠢ᠎ᠶ᠋ᠢᠨ ᠭᠠᠵᠠᠷ᠎ᠤᠨ ᠳᠤᠮᠳᠠ ᠵᠢᠵᠢᠭ ᠪᠢᠴᠢᠯ ᠪᠠᠷᠢᠯᠭ᠎ᠠ᠎ᠶ᠋ᠢᠨ ᠦᠢᠯᠡᠰ᠎ᠦᠨ ᠠᠵᠤ ᠠᠬᠤᠢ᠍ᠯᠠᠯ᠎ᠳᠤ ᠳᠠᠭᠠᠭᠠᠴᠢᠯᠠᠭᠤᠯᠤᠨ ᠥᠭ᠌ᠬᠦ᠎ᠶ᠋ᠢ ᠵᠣᠷᠢᠭ᠍ᠵᠢᠭᠤᠯᠬᠤ ᠬᠡᠷᠡᠭ᠌ᠲᠡᠶ ᠭᠡᠬᠦ᠌ ᠵᠦᠢᠯ ᠵᠤᠷᠪᠤᠰ》᠎ᠢ 《ᠠᠷᠪᠠᠨ ᠬᠣᠶᠠᠷ᠂ ᠢᠨᠵᠧᠨᠧᠷᠢᠩ᠎ᠤᠨ ᠶᠡᠷᠦᠩᠬᠡᠶ ᠳᠠᠭᠠᠭᠠᠴᠢᠯᠠᠯᠲᠠ᠎ᠶ᠋ᠢᠨ ᠲᠥᠷᠥᠯ ᠵᠦᠢᠯ᠎ᠳᠦ ᠬᠤᠪᠢᠶᠠᠨ ᠳᠠᠭᠠᠭᠠᠴᠢᠯᠠᠭᠤᠯᠤᠭ᠍ᠰᠠᠨ ᠪᠣᠯ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠤ ᠶᠡᠷᠦᠩᠬᠡᠶ ᠳᠠᠭᠠᠭᠠᠴᠢᠯᠠᠭ᠍ᠰᠠᠨ ᠠᠵᠤ ᠠᠬᠤᠢᠯᠠᠯ᠎ᠤᠨ ᠬᠠᠤᠯᠢ ᠲᠣᠭ᠍ᠲᠠᠭᠠᠯ ᠶᠣᠰᠣᠭᠠᠷ ᠢᠨᠵᠧᠨᠧᠷᠢᠩ ᠬᠤᠪᠢᠶᠠᠨ ᠳᠤᠮᠳᠠ ᠵᠢᠵᠢᠭ ᠪᠢᠴᠢᠯ ᠪᠠᠷᠢᠯᠭ᠎ᠠ᠎ᠶ᠋ᠢᠨ ᠦᠢᠯᠡᠰ᠎ᠦᠨ ᠠᠵᠤ ᠠᠬᠤᠢᠯᠠᠯ᠎ᠳᠤ ᠳᠠᠭᠠᠭᠠᠴᠢᠯᠠᠭᠤᠯᠤᠨ ᠥᠭ᠌ᠬᠦ᠎ᠶ᠋ᠢ ᠵᠣᠷᠢᠭ᠍ᠵᠢᠭᠤᠯᠬᠤ ᠬᠡᠷᠡᠭ᠌ᠲᠡᠶ ᠭᠡᠬᠦ᠌ ᠵᠦᠢᠯ ᠵᠤᠷᠪᠤᠰ》 ᠭᠡᠵᠦ᠍ ᠵᠠᠰᠠᠨ᠎ᠠ ᠃
2025 ᠣᠨ᠎ᠤ10 ᠳ᠋ᠤᠭᠠᠷ ᠰᠠᠷ᠎ᠠ᠎ᠶ᠋ᠢᠨ 24 ᠦ ᠡᠳᠦᠷ