2025 ᠣᠨ᠎ᠤ ᠭᠤᠴᠢᠨ ᠨᠠᠢ᠍ᠮᠠᠳᠤᠭᠠᠷ ᠪᠦᠯᠦᠭ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠵᠦᠢᠯᠡᠰ᠎ᠢ ᠬᠢᠨᠠᠨ ᠵᠥᠪᠰᠢᠶᠡᠷᠡᠭᠰᠡᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠢᠩᠬᠢᠮ᠎ᠤᠨ ᠵᠠᠷᠯᠠᠯ
2025-11-06

 [2025] 131 ᠳ᠋ᠦ᠍ᠭᠡᠷ ᠲᠣᠭᠠᠲᠤ


        《 ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭᠠᠨ᠎ᠤ ᠵᠥᠪᠰᠢᠶᠡᠷᠡᠯ᠎ᠤᠨ ᠬᠠᠤᠯᠢ》 ᠵᠢᠴᠢ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠬᠦᠷᠢᠶᠡᠨ᠎ᠳᠠᠬᠢ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ᠎ᠶᠢᠨ ᠬᠣᠯᠪᠣᠭᠳᠠᠯ ᠪᠥᠬᠦᠶ ᠲᠣᠭᠲᠠᠭᠠᠯ ᠶᠣᠰᠣᠭᠠᠷ ᠂ ᠮᠠᠨ᠎ᠤ ᠲᠢᠩᠬᠢᠮ᠎ᠠᠴᠠ 2025 ᠣᠨ᠎ᠤ ᠭᠤᠴᠢᠨ ᠨᠠᠢ᠍ᠮᠠᠳᠤᠭᠠᠷ ᠪᠦᠯᠦᠭ᠎ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠵᠦᠢᠯᠡᠰ᠎ᠲᠤ ᠬᠢᠨᠠᠨ ᠪᠠᠶ᠋ᠢᠴᠠᠭᠠᠯᠲᠠ ᠬᠢᠵᠦ ᠂ ᠣᠲᠣ᠌ ᠬᠢᠨᠠᠨ ᠵᠥᠪᠰᠢᠶᠡᠷᠡᠭᠰᠡᠨ 2 ᠬᠠᠢᠨ ᠪᠠᠢᠴᠠᠭᠠᠵᠤ ᠵᠢᠷᠤᠵᠤ ᠲᠥᠯᠥᠪᠯᠡᠬᠦ ᠠᠵᠤ ᠠᠬᠤᠢᠯᠠᠯ ᠂ 61 ᠪᠠᠷᠢᠯᠭ᠎ᠠ᠎ᠶᠢᠨ ᠦᠢᠯᠡᠰ᠎ᠦᠨ ᠠᠵᠤ ᠠᠬᠤᠢᠯᠠᠯ ᠂ 93 ᠪᠠᠷᠢᠯᠭ᠎ᠠ᠎ᠶᠢᠨ ᠦᠢᠯᠡᠰ᠎ᠤᠨ ᠠᠵᠤ ᠠᠬᠤᠶ᠋ᠢᠯᠠᠯ᠎ᠤᠨ ᠠᠶᠤᠯ ᠦᠭᠡᠢ ᠦᠢᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ ᠂ 6 ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠠᠵᠤ ᠠᠬᠤᠢᠯᠠᠯ᠎ᠤᠨ ᠬᠢᠷᠢ ᠭᠡᠮ ᠎ᠢᠶᠡᠨ ᠦᠷᠭᠦᠯᠵᠢᠯᠡᠭᠦᠯᠬᠦ ᠠᠵᠤ ᠠᠬᠤᠶ᠋ᠢᠯᠠᠯ ᠂ 2 ᠭᠡᠷ ᠪᠠᠢᠱᠢᠩ ᠭᠠᠵᠠᠷ ᠬᠥᠷᠥᠩᠭᠡ᠎ᠶ᠋ᠢᠨ ᠪᠠᠷᠤᠭ᠍ᠯᠠᠵᠤ ᠦᠨᠡᠯᠡᠬᠦ᠌ ᠪᠠᠢᠭᠤᠯᠤᠮᠵᠢ᠎ᠶ᠋ᠢᠨ ᠨᠡᠷᠡᠰ᠎ᠢ ᠨᠡᠢᠲᠡᠯᠡᠨ᠎ᠡ ᠃ ᠳᠡᠭᠡᠷᠡᠬᠢ ᠨᠢᠭᠡᠨᠲᠡ ᠡᠯᠸᠺᠲᠷᠣᠨ ᠦᠨᠡᠮᠯᠡᠯ᠎ᠢ ᠡᠬᠢᠯᠡᠵᠦ ᠬᠡᠷᠡᠭᠯᠡᠭᠰᠡᠨ ᠵᠦᠢᠯᠡᠰ᠎ᠨᠢ ᠡᠯᠸᠺᠲᠷᠣᠨ ᠦᠨᠡᠮᠯᠡᠯ᠎ᠢ ᠬᠢᠨᠠᠨ ᠣᠯᠭᠤᠭᠰᠠᠨ ᠡᠳᠦᠷ᠎ᠠᠴᠠ ᠡᠬᠢᠯᠡᠨ ᠂ ᠤᠤᠯ᠎ᠤᠨ ᠬᠢᠨᠠᠨ ᠣᠯᠭᠤᠭᠰᠠᠨ ᠴᠠᠭᠠᠰᠤᠨ ᠦᠨᠡᠮᠯᠡᠯ ᠠᠶᠠᠨᠳᠠᠭᠠᠨ ᠬᠦᠴᠦᠨ ᠦᠭᠡᠢ ᠪᠣᠯᠣᠨ᠎ᠠ ᠃ ᠠᠵᠤ ᠠᠬᠤᠶ᠋ᠢᠯᠠᠯ᠎ᠢ ᠦᠯᠦ ᠬᠢᠨᠠᠨ ᠵᠥᠪᠰᠢᠶᠡᠷᠡᠭᠰᠡᠨ ᠰᠢᠯᠲᠠᠭᠠᠨ᠎ᠢ ᠠᠵᠤ ᠠᠬᠤᠶ᠋ᠢᠯᠠᠯ᠎ᠤᠨ ᠢᠮᠸᠯ (ᠮᠡᠳᠡᠭᠦᠯᠬᠦ ᠬᠦᠰᠦᠨᠦᠭ᠎ᠲᠦ ᠲᠠᠭᠯᠠᠭᠰᠠᠨ ᠢᠮᠸᠯ)᠎ᠳᠦ ᠢᠯᠡᠭᠡᠪᠡ ᠂ ᠠᠵᠤ ᠠᠬᠤᠶ᠋ᠢᠯᠠᠯ ᠥᠪᠡᠷᠲᠡᠭᠡᠨ ᠪᠠᠶ᠋ᠢᠴᠠᠭᠠᠨ ᠦᠵᠡᠭᠡᠷᠡᠢ ᠃
ᠣᠨᠴᠠᠭᠠᠢᠯᠠᠨ ᠵᠠᠷᠯᠠᠪᠠ ᠃

ᠳᠠᠭᠠᠯᠳᠤᠭᠤᠯᠤᠯ ᠄
        1. ᠭᠤᠴᠢᠨ ᠨᠠᠢ᠍ᠮᠠᠳᠤᠭᠠᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠬᠠᠢᠨ ᠪᠠᠢᠴᠠᠭᠠᠵᠤ ᠵᠢᠷᠤᠵᠤ ᠲᠥᠯᠥᠪᠯᠡᠬᠦ ᠠᠵᠤ ᠠᠬᠤᠶ᠋ᠢᠯᠠᠯ᠎ᠤᠨ ᠨᠡᠷᠡᠰ
        2. ᠭᠤᠴᠢᠨ ᠨᠠᠢ᠍ᠮᠠᠳᠤᠭᠠᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠪᠠᠷᠢᠯᠭ᠎ᠠ᠎ᠶᠢᠨ ᠦᠢᠯᠡᠰ᠎ᠦᠨ ᠠᠵᠤ ᠠᠬᠤᠶ᠋ᠢᠯᠠᠯ᠎ᠤᠨ ᠨᠡᠷᠡᠰ
        3. ᠭᠤᠴᠢᠨ ᠨᠠᠢ᠍ᠮᠠᠳᠤᠭᠠᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠪᠠᠷᠢᠯᠭ᠎ᠠ᠎ᠶᠢᠨ ᠦᠢᠯᠡᠰ᠎ᠦᠨ ᠠᠵᠤ ᠠᠬᠤᠢᠯᠠᠯ᠎ᠤᠨ ᠠᠶᠤᠯ ᠦᠭᠡᠢ ᠦᠢᠯᠡᠳᠪᠦᠷᠢᠯᠡᠯ᠎ᠦᠨ ᠵᠥᠪᠰᠢᠶᠡᠷᠡᠯ᠎ᠦᠨ ᠨᠡᠷᠡᠰ
        4. ᠭᠤᠴᠢᠨ ᠨᠠᠢ᠍ᠮᠠᠳᠤᠭᠠᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠠᠵᠤ ᠠᠬᠤᠶ᠋ᠢᠯᠠᠯ᠎ᠤᠨ ᠬᠢᠷᠢ ᠭᠡᠮ᠎ᠢᠶᠡᠨ ᠦᠷᠭᠦᠯᠵᠢᠯᠡᠭᠦᠯᠬᠦ᠎ᠨᠡᠷᠡᠰ

5. ᠭᠤᠴᠢᠨ ᠨᠠᠢ᠍ᠮᠠᠳᠤᠭᠠᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠭᠡᠷ ᠪᠠᠢᠱᠢᠩ ᠭᠠᠵᠠᠷ ᠬᠥᠷᠥᠩᠭᠡ᠎ᠶ᠋ᠢᠨ ᠪᠠᠷᠤᠭ᠍ᠯᠠᠵᠤ ᠦᠨᠡᠯᠡᠬᠦ᠌ ᠪᠠᠢᠭᠤᠯᠤᠮᠵᠢ᠎ᠶᠢᠨ ᠬᠢᠷᠢ ᠭᠡᠮ᠎ᠦᠨ ᠨᠡᠷᠡ


                                   2025 ᠣᠨ᠎ᠤ 10 ᠳ᠋ᠤᠭᠠᠷ ᠰᠠᠷ᠎ᠠ᠎ᠶᠢᠨ 31 ᠎ᠤ ᠡᠳᠦᠷ

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠢᠩᠬᠢᠮ