[2025] 132 ᠳ᠋ᠤᠭᠠᠷ ᠲᠣᠭᠠᠲᠤ
《 ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭᠠᠨ᠎ᠤ ᠵᠥᠪᠰᠢᠶᠡᠷᠡᠯ᠎ᠤᠨ ᠬᠠᠤᠯᠢ 》 ᠵᠢᠴᠢ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠬᠦᠷᠢᠶᠡᠨ᠎ᠳᠠᠬᠢ ᠠᠵᠢᠯᠲᠠᠨ᠎ᠤ ᠬᠢᠷᠢ ᠬᠡᠮ᠎ᠤᠨ ᠬᠠᠮᠢᠶᠠᠷᠤᠯᠲᠠ᠎ᠶᠢᠨ ᠬᠣᠯᠪᠣᠭᠳᠠᠯ ᠪᠥᠬᠦᠶ ᠬᠠᠤᠯᠢ ᠴᠠᠭᠠᠵᠠ ᠲᠦᠷᠢᠮ ᠲᠣᠭᠲᠠᠭᠠᠯ᠎ᠤᠨ ᠲᠣᠭᠲᠠᠭᠠᠯ ᠶᠣᠰᠣᠭᠠᠷ ᠂ ᠮᠠᠨ᠎ᠤ ᠲᠢᠩᠬᠢᠮ᠎ᠠᠴᠠ 2025 ᠣᠨ᠎ᠤ ᠭᠤᠴᠢ ᠶᠢᠰᠦᠳᠦᠭᠡᠷ ᠪᠦᠯᠦᠭᠠᠵᠢᠯᠲᠠᠨᠤ ᠬᠢᠷᠢ ᠬᠡᠮ᠎ᠢ ᠬᠢᠨᠠᠨ ᠵᠥᠪᠰᠢᠶᠡᠷᠡᠬᠦ ᠵᠦᠢᠯᠡᠰ᠎ᠲᠤ ᠬᠢᠨᠠᠨ ᠪᠠᠶ᠋ᠢᠴᠠᠭᠠᠯᠲᠠ ᠬᠢᠵᠦ ᠂ ᠣᠲᠣ᠌ ᠬᠢᠨᠠᠨ ᠵᠥᠪᠰᠢᠶᠡᠷᠡᠭᠰᠡᠨ 323 ᠨᠡᠷ᠎ᠡ ᠪᠠᠷᠢᠯᠭ᠎ᠠ᠎ᠶᠢᠨ ᠠᠵᠢᠯ᠎ᠤᠨ ᠠᠵᠤ ᠠᠬᠤᠶ᠋ᠢᠯᠠᠯ᠎ᠤᠨ 《 ᠠᠶᠤᠯ ᠦᠭᠡᠢ ᠦᠢᠯᠡᠳᠪᠦᠷᠢᠯᠡᠯ᠎ᠦᠨ ᠬᠠᠮᠢᠶᠠᠷᠤᠭ᠍ᠴᠢ》᠎ᠶᠢᠨ ᠨᠡᠷᠡᠰ ᠂ 301 ᠨᠡᠷ᠎ᠡ ᠬᠤᠶᠠᠳᠤᠭᠠᠷ ᠳᠡᠰ᠎ᠤᠨ ᠳᠠᠩᠰᠠᠯᠠᠭᠤᠯᠤᠭᠰᠠᠨ ᠪᠠᠢᠭᠤᠯᠤᠭ᠍ᠴᠢ᠎ᠶᠢᠨ ᠨᠡᠷᠡᠰ ᠂ 1 ᠨᠡᠷ᠎ᠡ ᠬᠤᠶᠠᠳᠤᠭᠠᠷ ᠳᠡᠰ᠎ᠤᠨ ᠳᠠᠩᠰᠠᠯᠠᠭᠤᠯᠤᠭᠰᠠᠨ ᠪᠠᠷᠢᠯᠭᠠᠴᠢᠨᠤᠲᠠᠩᠰᠠᠯᠠᠬᠤ ᠨᠦᠭᠦᠴᠡᠯ᠎ᠳᠤ ᠨᠡᠶ᠋ᠢᠴᠡᠭᠰᠡᠨ ᠬᠥᠮᠥᠰ᠎ᠦᠨ ᠨᠡᠷᠡᠰ ᠂ 3 ᠨᠡᠷ᠎ᠡ ᠳᠠᠩᠰᠠᠯᠠᠭᠤᠯᠤᠭᠰᠠᠨ ᠬᠤᠶᠠᠳᠤᠭᠠᠷ ᠳᠡᠰ᠎ᠤᠨ ᠪᠦᠲᠦᠴᠡ᠎ᠶᠢᠨ ᠢᠨᠵᠧᠨᠧᠷ᠎ᠦᠨ ᠲᠠᠩᠰᠠᠯᠠᠬᠤ ᠨᠦᠭᠦᠴᠡᠯ᠎ᠳᠤ ᠨᠡᠶ᠋ᠢᠴᠡᠭᠰᠡᠨ ᠬᠥᠮᠥᠰ᠎ᠦᠨ ᠨᠡᠷᠡᠰ ᠂ 1 ᠨᠡᠷ᠎ᠡ ᠳᠠᠩᠰᠠᠯᠠᠭᠤᠯᠤᠭᠰᠠᠨ ᠬᠤᠶᠠᠳᠤᠭᠠᠷ ᠳᠡᠰ᠎ᠤᠨ ᠥᠷᠳᠡᠭ᠎ᠦᠨ ᠢᠨᠵᠧᠨᠧᠷ ᠦ᠋ᠨ ᠲᠠᠩᠰᠠᠯᠠᠬᠤ ᠨᠦᠭᠦᠴᠡᠯ᠎ᠳᠤ ᠨᠡᠶ᠋ᠢᠴᠡᠭᠰᠡᠨ ᠬᠥᠮᠥᠰ᠎ᠦᠨ ᠨᠡᠷᠡᠰ ᠂ 77 ᠨᠡᠷ᠎ᠡ ᠪᠠᠷᠢᠯᠭ᠎ᠠ᠎ᠶᠢᠨ ᠠᠵᠢᠯ᠎ᠤᠨ ᠣᠨᠴᠠᠭᠠᠢ ᠠᠵᠢᠯᠯᠠᠭᠠᠨ᠎ᠤ ᠠᠵᠢᠯᠯᠠᠬᠤ ᠬᠢᠷᠢ ᠬᠡᠮ᠎ᠤᠨ ᠰᠢᠯᠭᠠᠨ ᠬᠢᠨᠠᠯᠲᠠ᠎ᠳᠤ ᠬᠢᠷᠢ ᠲᠡᠩᠴᠡᠭᠰᠡᠨ ᠬᠥᠮᠥᠰ᠎ᠦᠨ ᠨᠡᠷᠡᠰ᠎ᠢ ᠨᠡᠢᠲᠡᠯᠡᠨ᠎ᠡ ᠃ ᠬᠢᠨᠠᠨ ᠵᠥᠪᠰᠢᠶᠡᠷᠡᠭᠳᠡᠭᠰᠡᠨ ᠦᠭᠡᠢ ᠂ ᠳᠠᠩᠰᠠᠯᠠᠭᠳᠠᠭᠰᠠᠨ ᠦᠭᠡᠢ ᠬᠥᠮᠦᠰ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠢᠩᠬᠢᠮ᠎ᠤᠨ ᠰᠦᠯᠵᠢᠶᠡᠨ᠎ᠤ 《 ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠲᠤᠰᠬᠠᠶ ᠪᠤᠯᠤᠩ — ᠬᠠᠮᠤᠭ᠎ᠤᠨ ᠰᠢᠨ᠎ᠡ ᠠᠬᠢᠴᠠ᠎ᠶᠢ ᠪᠠᠶ᠋ᠢᠴᠠᠭᠠᠨ ᠯᠠᠪᠯᠠᠬᠤ 》 ᠪᠣᠯᠤᠩ ᠡᠴᠡ ᠬᠢᠨᠠᠨ ᠵᠥᠪᠰᠢᠶᠡᠷᠡᠭᠳᠡᠭᠰᠡᠨ ᠦᠭᠡᠢ ᠂ ᠳᠠᠩᠰᠠᠯᠠᠭᠳᠠᠭᠰᠠᠨ ᠦᠭᠡᠢ ᠰᠢᠯᠲᠠᠭᠠᠨ᠎ᠢ ᠪᠠᠶ᠋ᠢᠴᠠᠭᠠᠨ ᠯᠠᠪᠯᠠᠵᠤ ᠪᠣᠯᠤᠨ᠎ᠠ ᠃
ᠣᠨᠴᠠᠭᠠᠢᠯᠠᠨ ᠵᠠᠷᠯᠠᠪᠠ ᠃
ᠳᠠᠭᠠᠯᠳᠤᠭᠤᠯᠤᠯ ᠄
2025 ᠣᠨ᠎ᠤ 10 ᠳ᠋ᠤᠭᠠᠷ ᠰᠠᠷ᠎ᠠ᠎ᠶᠢᠨ 31 ᠤ᠋ ᠡᠳᠦᠷ