9 ᠳ᠋ᠤᠭᠡᠷ ᠰᠠᠷ᠎ᠠ᠎ᠶ᠋ᠢᠨ 29 ᠤ ᠡᠳᠦᠷ᠂ ᠪᠥᠬᠦ᠌ ᠣᠷᠣᠨ᠎ᠤ ᠨᠠᠮ᠎ᠤᠨ ᠪᠠᠢᠭᠤᠯᠤᠯᠲᠠ᠎ᠪᠠᠷ ᠠᠳᠠᠯ ᠠᠬᠤᠶ᠎ᠶ᠋ᠢ ᠦᠨᠳᠦᠰᠦᠨ ᠱᠠᠲᠤᠨ᠎ᠤ ᠵᠠᠰᠠᠯᠲᠠ᠎ᠳᠤ ᠠᠭᠤᠰᠤᠯᠴᠠᠭᠤᠯᠬᠤ ᠬᠢᠭᠡᠳ ᠬᠤᠲᠠ ᠪᠠᠯᠭᠠᠰᠤᠨ᠎ᠤ ᠬᠠᠭᠤᠴᠢᠨ ᠬᠤᠷᠢᠶᠠᠯᠠᠯ᠎ᠢ ᠥᠭᠡᠷᠡᠴᠢᠯᠡᠬᠦ᠌ ᠠᠵᠢᠯ᠎ᠤᠨ ᠠᠬᠤᠢ ᠲᠠᠯᠠᠪᠠᠶ᠎ᠶ᠋ᠢᠨ ᠬᠤᠷᠠᠯ ᠣᠷᠳᠣᠰ ᠬᠤᠲᠠ᠎ᠳᠤ ᠬᠤᠷᠠᠯᠳᠤᠪᠠ᠂ ᠬᠤᠷᠠᠯ᠎ᠤᠨ ᠭᠤᠤᠯ ᠡᠭᠦᠷᠭᠡ ᠪᠣᠯ ᠲᠥᠪ᠎ᠤᠨ ᠬᠤᠲᠠ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠪᠠᠢᠭᠤᠯᠤᠯᠲᠠ᠎ᠪᠠᠷ ᠠᠳᠠᠯ ᠠᠬᠤᠶ᠎ᠶ᠋ᠢ ᠬᠥᠲᠥᠯᠥᠨ ᠳᠠᠭᠠᠭᠤᠯᠵᠤ ᠦᠨᠳᠦᠰᠦᠨ ᠱᠠᠲᠤᠨ᠎ᠤ ᠵᠠᠰᠠᠯᠲᠠ ᠪᠠ ᠬᠤᠲᠠ ᠪᠠᠯᠭᠠᠰᠤᠨ᠎ᠤ ᠬᠠᠭᠤᠴᠢᠨ ᠬᠤᠷᠢᠶᠠᠯᠠᠯ᠎ᠢ ᠥᠭᠡᠷᠡᠴᠢᠯᠡᠬᠦ᠌ ᠠᠵᠢᠯ᠎ᠤᠨ ᠲᠤᠷᠱᠢᠯᠭ᠎ᠠ᠎ᠳᠤ ᠠᠭᠤᠰᠤᠯᠴᠠᠭᠤᠯᠤᠨ᠂ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠭᠤᠤᠯᠳᠠᠯᠭ᠎ᠠ᠎ᠲᠠᠢ ᠡᠭᠦᠷᠭᠡ᠎ᠶ᠋ᠢ ᠪᠠᠢᠷᠢᠯᠠᠭᠤᠯᠬᠤ ᠶᠠᠪᠤᠳᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠭᠤᠤᠯ ᠬᠠᠷᠢᠭᠤᠴᠠᠯᠭᠠᠲᠠᠨ᠂ ᠭᠡᠯᠲᠡᠰ᠎ᠦᠨ ᠬᠠᠷᠢᠭᠤᠴᠠᠯᠭᠠᠲᠠᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠳᠤᠭᠤᠢᠯᠠᠩ᠎ᠤᠨ ᠬᠠᠷᠢᠭᠤᠴᠠᠯᠭᠠᠲᠠᠨ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠨᠡᠢᠭᠡᠮ᠎ᠤᠨ ᠠᠵᠢᠯ᠎ᠤᠨ ᠬᠡᠯᠲᠡᠰ᠂ ᠣᠷᠳᠣᠰ ᠬᠤᠲᠠ᠎ᠶ᠋ᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ᠎ᠳᠤ ᠣᠷᠣᠯᠴᠠᠪᠠ᠃

ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠤᠷᠢᠳ ᠬᠤᠵᠢᠳ ᠳ᠋ᠦᠩᠱᠧᠩ ᠲᠣᠭᠤᠷᠢᠭ᠎ᠤᠨ ᠢᠦᠶ ᠶᠢᠩ ᠨᠡᠢᠭᠡᠮ ᠲᠣᠭᠤᠷᠢᠭ ᠪᠣᠯᠤᠨ ᠱᠢᠨ ᠶᠠ ᠷᠦ᠋ ᠬᠤᠷᠢᠶᠠᠯᠠᠯ᠂ ᠬᠢᠶ᠎ᠠ ᠪᠠᠭ᠍ᠰᠢ ᠲᠣᠭᠤᠷᠢᠭ᠎ᠤᠨ ᠮᠠᠨ ᠱ᠌ᠢ ᠱᠠᠩ ᠳ᠋ᠦ᠋ B ᠲᠣᠭᠤᠷᠢᠭ᠂ ᠡᠵᠡᠨ ᠬᠤᠷᠤᠭ᠎ᠠ ᠬᠤᠱᠢᠭᠤᠨ᠎ᠤ ᠱᠦᠢ ᠠᠨ ᠱᠢᠨ ᠴᠸᠩ ᠲᠣᠭᠤᠷᠢᠭ᠎ᠤᠨ ᠯᠠᠨ ᠶᠤᠸᠠᠨ ᠬᠤᠷᠢᠶᠠᠯᠠᠯ᠂ ᠳᠡᠭᠡᠳᠦ ᠱᠢᠨ᠎ᠡ ᠮᠡᠷᠭᠡᠵᠢᠯ᠎ᠤᠨ ᠬᠦᠷᠢᠶᠡᠯᠡᠩ ᠲᠣᠭᠤᠷᠢᠭ᠎ᠤᠨ ᠨᠡᠢᠲᠡ᠎ᠶ᠋ᠢᠨ ᠲᠦᠷᠢᠶᠡᠰᠦᠨ ᠬᠡᠷ ᠵᠡᠷᠭᠡ ᠭᠠᠵᠠᠷ᠎ᠲᠤ ᠬᠦᠷᠴᠦ᠍᠂ ᠪᠦᠷᠢᠨ ᠪᠦᠲᠦᠨ ᠨᠡᠢᠭᠡᠮ ᠲᠣᠭᠤᠷᠢᠭ᠎ᠤᠨ ᠪᠥᠲᠥᠭᠡᠨ ᠪᠠᠢᠭᠤᠯᠤᠯᠲᠠ᠂ ᠨᠡᠢᠭᠡᠮ ᠲᠣᠭᠤᠷᠢᠭ᠎ᠤᠨ ᠬᠠᠮᠲᠤ᠎ᠶ᠋ᠢᠨ ᠠᠵᠤ ᠠᠬᠤᠶ᠎ᠶ᠋ᠢᠨ ᠳᠠᠭᠠᠭᠤᠯᠤᠨ ᠡᠷᠭᠢᠯᠡᠭ᠌ᠰᠡᠨ 《ᠢᠲᠡᠭᠡᠮᠵᠢ᠎ᠶ᠋ᠢᠨ ᠲᠦᠷᠢᠮ》᠎ᠤᠨ ᠠᠳᠠᠯ ᠠᠬᠤᠶ᠎ᠶ᠋ᠢᠨ ᠦᠶ᠋ᠯᠡᠴᠢᠯᠡᠭᠡ᠂ ᠨᠢᠭᠡᠨᠲᠡ ᠪᠠᠢᠭ᠎ᠠ ᠣᠷᠣᠨ ᠰᠠᠭᠤᠴᠠ᠎ᠳᠤ ᠴᠠᠬᠢᠯᠭᠠᠨ ᠱᠠᠲᠤ ᠨᠡᠮᠡᠵᠦ᠍ ᠤᠭ᠍ᠰᠠᠷᠠᠬᠤ᠂ ᠨᠠᠮ᠎ᠤᠨ ᠪᠠᠢᠭᠤᠯᠤᠯᠲᠠ᠎ᠪᠠᠷ ᠰᠡᠳᠭᠢᠯ᠎ᠢ ᠳᠤᠯᠠᠭᠠᠴᠠᠭᠤᠯᠬᠤ ᠠᠳᠠᠯ ᠠᠬᠤᠶ᠂ ᠤᠶᠤᠨᠲᠤ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠨᠡᠢᠭᠡᠮ ᠲᠣᠭᠤᠷᠢᠭ ᠪᠣᠯᠤᠨ ᠠᠳᠠᠯ ᠠᠬᠤᠶ᠎ᠶ᠋ᠢᠨ ᠨᠠᠮ᠎ᠤᠨ ᠪᠠᠢᠭᠤᠯᠤᠯᠲᠠ᠎ᠶ᠋ᠢ ᠬᠤᠯᠪᠣᠭᠠᠯᠠᠨ ᠪᠠᠢᠭᠤᠯᠬᠤ ᠵᠡᠷᠭᠡ ᠲᠠᠯ᠎ᠠ᠎ᠶ᠋ᠢᠨ ᠱᠢᠨ᠎ᠡ᠎ᠶ᠋ᠢ ᠡᠭᠦᠳᠦᠭ᠌ᠰᠡᠨ ᠦᠢᠯᠡᠳᠦᠯᠭᠡ᠎ᠶ᠋ᠢ ᠲᠤᠬᠠᠶ᠎ᠶ᠋ᠢᠨ ᠭᠠᠵᠠᠷ᠎ᠲᠤ ᠨᠢ ᠲᠣᠭᠤᠷᠢᠨ ᠦᠵᠡᠪᠡ᠃ ᠬᠤᠷᠠᠯ ᠳᠡᠭᠡᠷ᠎ᠡ᠂ ᠣᠷᠳᠣᠰ ᠬᠤᠲᠠ᠂ ᠬᠥᠬᠡᠬᠤᠲᠠ᠂ ᠣᠷᠳᠣᠰ ᠬᠤᠲᠠ᠎ᠶ᠋ᠢᠨ ᠳ᠋ᠦᠩᠱᠧᠩ ᠲᠣᠭᠤᠷᠢᠭ᠂ ᠦᠬᠠᠶ ᠬᠤᠲᠠ᠎ᠶ᠋ᠢᠨ ᠬᠠᠢᠷᠤᠪ᠎ᠤᠨ ᠲᠣᠬᠤᠢ ᠲᠣᠭᠤᠷᠢᠭ᠂ ᠬᠢᠩᠭᠠᠨ ᠠᠢᠮᠠᠭ᠎ᠤᠨ ᠤᠯᠠᠭᠠᠨᠬᠤᠲᠠ᠂ ᠪᠤᠭᠤᠲᠤ ᠬᠤᠲᠠ᠎ᠶ᠋ᠢᠨ ᠴᠢᠩ ᠱᠠᠨ ᠲᠣᠭᠤᠷᠢᠭ᠂ ᠤᠯᠠᠭᠠᠨᠬᠠᠳᠠ ᠬᠤᠲᠠ᠎ᠶ᠋ᠢᠨ ᠤᠯᠠᠭᠠᠨᠬᠠᠳᠠ ᠲᠣᠭᠤᠷᠢᠭ᠂ ᠣᠷᠳᠣᠰ ᠬᠤᠲᠠ᠎ᠶ᠋ᠢᠨ ᠳᠠᠯᠠᠳ ᠬᠤᠱᠢᠭᠤ ᠵᠡᠷᠭᠡ 8 ᠭᠠᠵᠠᠷ ᠣᠷᠣᠨ ᠪᠠ ᠰᠠᠯᠠᠭ᠎ᠠ ᠮᠥᠴᠢᠷ ᠲᠣᠰ ᠲᠣᠰ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃

ᠬᠤᠷᠠᠯ᠎ᠠᠴᠠ᠂ ᠠᠳᠠᠯ ᠠᠬᠤᠢ᠎ᠶ᠋ᠢᠨ ᠦᠢᠯᠡᠴᠢᠯᠡᠭᠡ ᠪᠣᠯ ᠬᠤᠳᠠ᠎ᠶ᠋ᠢᠨ ᠪᠦᠳᠦᠭᠡᠨ ᠪᠠᠢᠭᠤᠯᠤᠯᠲᠠ᠂ ᠵᠠᠰᠠᠯᠲᠠ ᠪᠣᠯᠤᠨ ᠰᠠᠭᠤᠭᠠᠯᠢ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠪᠣᠯᠤᠨ᠎ᠠ᠂ ᠠᠳᠠᠯ ᠠᠬᠤᠢ᠎ᠶ᠋ᠢᠨ ᠬᠠᠮᠢᠶᠠᠷᠤᠯᠲᠠ᠎ᠶ᠋ᠢᠨ ᠠᠵᠢᠯ ᠨᠡᠢᠭᠡᠮ᠎ᠤᠨ ᠠᠮᠤᠷ ᠲᠦᠪᠱᠢᠨ ᠲᠣᠭ᠍ᠲᠠᠭᠤᠨ᠎ᠲᠠᠢ ᠬᠤᠯᠪᠣᠭ᠍ᠳᠠᠵᠤ᠂ ᠠᠷᠠᠳ ᠤᠯᠠᠨ᠎ᠤ ᠠᠮᠢ ᠪᠡᠶ᠎ᠡ᠎ᠶ᠋ᠢᠨ ᠠᠱᠢᠭ ᠲᠤᠰᠠᠲᠠᠢ ᠬᠤᠯᠪᠣᠭ᠍ᠳᠠᠨ᠎ᠠ᠃ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠭᠡᠵᠦ᠍᠂ ᠬᠠᠷᠢᠭᠤᠴᠠᠯᠭ᠎ᠠ᠎ᠪᠠᠨ ᠪᠣᠳᠠᠲᠠᠢᠵᠢᠭᠤᠯᠤᠨ᠂ ᠠᠵᠢᠯ᠎ᠤᠨ ᠬᠤᠪᠢᠶᠠᠷᠢᠯᠠᠯ᠎ᠢᠶᠠᠨ ᠲᠣᠳᠣᠷᠬᠠᠢᠯᠠᠵᠤ᠂ ᠦᠨᠡᠨ᠎ᠢ ᠠᠳᠭᠤᠨ ᠪᠣᠳᠠᠲᠠᠶ ᠠᠵᠢᠯᠯᠠᠵᠤ᠂ ᠣᠷᠣᠨ ᠰᠠᠭᠤᠴᠠ᠎ᠶ᠋ᠢᠨ ᠠᠳᠠᠯ ᠠᠬᠤᠶ᠎ᠶ᠋ᠢᠨ ᠬᠠᠮᠢᠶᠠᠷᠤᠯᠲᠠ᠎ᠪᠠᠷ ᠭᠤᠤᠯᠳᠠᠯᠭ᠎ᠠ ᠪᠣᠯᠭᠠᠨ᠂ ᠠᠳᠠᠯ ᠠᠬᠤᠶ᠎ᠶ᠋ᠢᠨ ᠵᠥᠷᠢᠴᠡᠯ ᠵᠢᠭᠤᠷᠠᠯᠳᠤᠭᠠᠨ᠎ᠢ ᠱᠢᠢᠳᠪᠦᠷᠢᠯᠡᠬᠦ᠌᠎ᠪᠠᠷ ᠤᠳᠤᠷᠢᠳᠤᠮᠵᠢ ᠪᠣᠯᠭᠠᠵᠤ᠂ 《ᠠᠳᠠᠯ ᠠᠬᠤᠶ᠎ᠶ᠋ᠢᠨ ᠦᠢᠯᠡᠴᠢᠯᠡᠭᠡᠨ᠎ᠤ ᠭᠡᠷ᠎ᠡ᠎ᠶ᠋ᠢ ᠭᠦᠢᠴᠡᠳᠭᠡᠭ᠌ᠰᠡᠨ ᠨᠢ ᠬᠦᠷᠦᠯᠴᠡᠬᠦ᠌ ᠥᠬᠡᠶ ᠪᠠᠢᠬᠤ᠎ᠶ᠋ᠢ ᠴᠡᠭ᠌ᠴᠡᠯᠡᠨ ᠵᠠᠰᠠᠵᠤ᠂ ᠥᠮᠴᠢᠲᠡᠨ᠎ᠤ ᠣᠯᠠᠨ ᠨᠡᠢᠲᠡ᠎ᠶ᠋ᠢᠨ ᠠᠱᠢᠭ ᠣᠷᠣᠯᠭ᠎ᠠ᠎ᠶ᠋ᠢ ᠡᠵᠡᠯᠡᠬᠦ᠌》 ᠲᠤᠰᠭᠠᠶ ᠠᠵᠢᠯᠯᠠᠭ᠎ᠠ᠎ᠪᠠᠷ ᠭᠠᠷᠳᠠᠴᠠ ᠪᠣᠯᠭᠠᠵᠤ᠂ ᠨᠠᠮ᠎ᠤᠨ ᠪᠠᠢᠭᠤᠯᠤᠯᠲᠠ᠎ᠪᠠᠷ ᠠᠳᠠᠯ ᠠᠬᠤᠶ᠎ᠶ᠋ᠢᠨ ᠦᠨᠳᠦᠰᠦᠨ ᠱᠠᠲᠤᠨ᠎ᠤ ᠵᠠᠰᠠᠯᠲᠠ᠎ᠳᠤ ᠠᠭᠤᠰᠤᠯᠴᠠᠭᠤᠯᠬᠤ ᠪᠠᠷ ᠠᠷᠭ᠎ᠠ ᠵᠠᠮ ᠪᠣᠯᠭᠠᠵᠤ᠂ ᠰᠠᠭᠤᠷᠢ ᠪᠠᠨ ᠪᠡᠬᠢᠵᠢᠭᠦᠯᠵᠦ᠍᠂ ᠳᠦᠷᠢᠮ᠎ᠢᠶᠡᠨ ᠲᠡᠭᠦᠯᠲᠡᠷᠵᠢᠭᠦᠯᠵᠦ᠍᠂ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠤᠷᠢᠳ᠎ᠢᠶᠠᠷ ᠲᠤᠷᠱᠢᠯᠲᠠ ᠬᠢᠵᠦ᠍᠂ ᠪᠦᠬᠦ᠌ ᠲᠠᠯ᠎ᠠ᠎ᠪᠠᠷ ᠠᠬᠢᠭᠤᠯᠵᠤ᠂ ᠣᠷᠣᠨ ᠰᠠᠭᠤᠴᠠ᠎ᠶ᠋ᠢᠨ ᠠᠳᠠᠯ ᠠᠬᠤᠢ᠎ᠶ᠋ᠢᠨ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠦ ᠬᠢᠷᠢ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠠᠷᠠᠳ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠣᠯ ᠵᠢᠷᠭᠠᠯᠲᠤ ᠲᠥᠷᠥᠭ᠌ᠳᠡᠯ ᠪᠠ ᠠᠮᠤᠷ ᠲᠦᠪᠱᠢᠨ᠎ᠦ ᠲᠥᠷᠥᠭ᠌ᠳᠡᠯ᠎ᠢ ᠦᠨᠡᠨ ᠬᠦ᠌ ᠨᠡᠮᠡᠭ᠌ᠳᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠬᠤᠷᠠᠯ᠎ᠠᠴᠠ᠂ ᠬᠤᠷᠢᠶᠠᠯᠠᠯ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ ᠳᠣᠣᠷᠠᠬᠢ ᠰᠠᠭᠤᠭᠠᠯᠢ ᠠᠷᠠᠳ᠎ᠤᠨ ᠵᠥᠪᠯᠡᠯ᠂ ᠠᠵᠢᠯ ᠦᠢᠯᠡᠰ᠎ᠤᠨ ᠵᠥᠪᠯᠡᠯ᠂ ᠠᠳᠠᠯ ᠠᠬᠤᠢ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ᠎ᠤᠨ ᠵᠣᠬᠢᠴᠠᠩᠭᠤᠢ ᠠᠵᠢᠯᠯᠠᠭᠠᠨ᠎ᠤ ᠵᠠᠭ᠍ᠪᠤᠷ᠎ᠢ ᠰᠦᠪᠡᠭ᠌ᠴᠢᠯᠡᠵᠦ᠍᠂ ᠨᠠᠮ᠎ᠤᠨ ᠪᠠᠢᠭᠤᠯᠤᠯᠲᠠ᠎ᠪᠠᠷ ᠠᠳᠠᠯ ᠠᠬᠤᠢ᠎ᠶ᠋ᠢ ᠬᠦᠳᠦᠯᠦᠨ ᠳᠠᠭᠠᠭᠤᠯᠬᠤ ᠭᠤᠣᠯᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠳᠠᠯ ᠠᠬᠤᠢ᠎ᠶ᠋ᠢᠨ ᠬᠠᠮᠢᠶᠠᠷᠤᠯᠲᠠ᠎ᠶ᠋ᠢ ᠦᠨᠳᠦᠰᠦᠨ ᠱᠠᠲᠤᠨ᠎ᠤ ᠵᠠᠰᠠᠯᠲᠠ᠎ᠳᠤ ᠠᠭᠤᠰᠤᠯᠴᠠᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠠᠳᠠᠯ ᠠᠬᠤᠶ᠎ᠶ᠋ᠢᠨ ᠦᠢᠯᠡᠴᠢᠯᠡᠭᠡᠨ᠎ᠤ ᠪᠠᠷᠢᠮᠵᠢᠶ᠎ᠠ᠎ᠶ᠋ᠢ ᠲᠦᠷᠭᠡᠳᠭᠡᠨ ᠲᠡᠭᠦᠯᠳᠡᠷᠵᠢᠭᠦᠯᠵᠦ᠍᠂ ᠮᠠᠨ᠎ᠤ ᠣᠷᠣᠨ᠎ᠤ ᠪᠣᠳᠠᠲᠠᠶ᠎ᠳᠤ ᠨᠡᠢᠴᠡᠭ᠌ᠰᠡᠨ ᠦᠢᠯᠡᠴᠢᠯᠡᠭᠡᠨ᠎ᠤ ᠪᠠᠷᠢᠮᠵᠢᠶ᠎ᠠ᠂ ᠮᠡᠷᠭᠡᠵᠢᠯ᠎ᠤᠨ ᠶᠠᠪᠤᠴᠠ ᠵᠡᠷᠭᠡ᠎ᠶ᠋ᠢ ᠲᠥᠷᠥᠯ ᠬᠤᠪᠢᠶᠠᠨ ᠲᠣᠭ᠍ᠲᠠᠭᠠᠨ ᠲᠡᠭᠦᠯᠳᠡᠷᠵᠢᠭᠦᠯᠵᠦ᠍᠂ ᠠᠳᠠᠯ ᠠᠬᠤᠶ᠎ᠶ᠋ᠢᠨ ᠦᠢᠯᠡᠴᠢᠯᠡᠭᠡᠨ᠎ᠤ 《ᠶᠠᠰᠤ ᠴᠢᠨᠠᠷ ᠪᠠ ᠦᠨ᠎ᠡ ᠬᠠᠩᠰᠢ ᠬᠠᠷᠢᠯᠴᠠᠨ ᠨᠡᠢᠴᠡᠬᠦ᠌》᠎ᠶ᠋ᠢ ᠠᠬᠢᠭᠤᠯᠤᠨ᠂ ᠠᠳᠠᠯ ᠠᠬᠤᠶ᠎ᠶ᠋ᠢᠨ ᠠᠵᠢᠯ ᠲᠥᠷᠥᠯ᠎ᠤᠨ ᠰᠠᠢᠨ ᠰᠠᠢᠬᠠᠨ ᠥᠷᠢᠰᠥᠯᠳᠦᠭᠡᠨ᠎ᠢ ᠪᠡᠶᠡᠯᠡᠭᠦᠯᠬᠦ᠌ ᠬᠡᠷᠡᠭ᠌ᠲᠡᠶ᠃ ᠠᠳᠠᠯ ᠠᠬᠤᠶ᠎ᠶ᠋ᠢᠨ ᠦᠢᠯᠡᠴᠢᠯᠡᠭᠡᠨ᠎ᠤ ᠪᠥᠬᠦ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠲᠦᠷᠭᠡᠳᠭᠡᠨ ᠲᠡᠭᠦᠯᠳᠡᠷᠵᠢᠭᠦᠯᠵᠦ᠍᠂ ᠭᠡᠷ᠎ᠡ ᠭᠦᠢᠴᠡᠳᠭᠡᠬᠦ᠂ ᠢᠯᠡ ᠪᠣᠯᠭᠠᠨ ᠵᠠᠷᠯᠠᠨ ᠨᠡᠢᠲᠡᠯᠡᠬᠦ᠌ ᠬᠠᠮᠢᠶᠠᠷᠤᠯᠲᠠ᠎ᠶ᠋ᠢᠨ ᠲᠦᠷᠢᠮ᠎ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠡᠬᠢ ᠡᠭᠦᠰᠦᠯ᠎ᠠᠴᠠ᠎ᠨᠢ ᠵᠢᠷᠤᠮᠵᠢᠭᠤᠯᠤᠨ ᠬᠠᠮᠢᠶᠠᠷᠴᠤ᠌᠂ ᠵᠥᠷᠢᠴᠡᠯ ᠵᠢᠭᠤᠷᠠᠯᠳᠤᠭᠠᠨ᠎ᠢ ᠪᠠᠭᠠᠰᠭᠠᠬᠤ ᠬᠡᠷᠡᠭ᠌ᠲᠡᠶ᠃ ᠠᠳᠠᠯ ᠠᠬᠤᠢ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ᠎ᠤᠨ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠠᠳᠠᠯ ᠠᠬᠤᠢ᠎ᠶ᠋ᠢᠨ ᠦᠢᠯᠡᠴᠢᠯᠡᠭᠡᠨ᠎ᠤ ᠦᠨᠡᠯᠡᠯᠲᠡ᠎ᠶ᠋ᠢᠨ ᠭᠦᠢᠴᠡᠳᠭᠡᠯ ᠲᠤᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠤᠨ᠂ ᠠᠳᠠᠯ ᠠᠬᠤᠢ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ᠎ᠤᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠨᠡᠢᠲᠡᠯᠡᠬᠦ᠌ ᠲᠣᠭ᠍ᠲᠠᠴᠠ ᠪᠠ ᠱᠠᠩᠨᠠᠵᠤ ᠲᠣᠷᠭᠠᠬᠤ ᠲᠣᠭ᠍ᠲᠠᠴᠠ᠎ᠶ᠋ᠢ ᠪᠠᠢᠭᠤᠯᠵᠤ᠂ ᠱᠢᠯᠢᠳᠡᠭ᠎ᠨᠢ ᠦᠯᠡᠳᠡᠵᠦ᠍ ᠱᠢᠭᠠᠷᠤ᠎ᠨᠢ ᠱᠢᠭ᠌ᠰᠢᠭ᠌ᠳᠡᠬᠦ᠌ ᠵᠠᠬ᠎ᠠ ᠳᠡᠯᠭᠡᠭᠦᠷ᠎ᠤᠨ ᠣᠷᠴᠢᠨ ᠲᠣᠭᠤᠷᠢᠨ᠎ᠢ ᠪᠣᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠠᠴᠠ᠂ ᠠᠳᠠᠯ ᠠᠬᠤᠶ᠎ᠶ᠋ᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠎ᠶ᠋ᠢ ᠬᠠᠤᠯᠢ ᠶᠣᠰᠣᠭᠠᠷ ᠴᠢᠩᠭᠠᠳᠭᠠᠵᠤ᠂ ᠠᠳᠠᠯ ᠠᠬᠤᠶ᠎ᠶ᠋ᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠬᠦ᠌ ᠡᠷᠴᠢᠮ᠎ᠢ ᠴᠢᠩᠭᠠᠳᠭᠠᠬᠤ ᠬᠡᠷᠡᠭ᠌ᠲᠡᠶ᠃ ᠠᠳᠠᠯ ᠠᠬᠤᠶ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ᠂ ᠠᠳᠠᠯ ᠠᠬᠤᠶ᠎ᠶ᠋ᠢᠨ ᠦᠢᠯᠡᠴᠢᠯᠡᠭᠡᠨ᠎ᠤ ᠭᠡᠷ᠎ᠡ᠎ᠶ᠋ᠢ ᠳᠠᠩᠰᠠᠯᠠᠬᠤ ᠲᠦᠷᠢᠮ᠎ᠢ ᠱᠢᠮᠳᠠᠭᠤᠯᠤᠨ ᠨᠠᠢᠳᠠᠪᠤᠷᠢᠵᠢᠭᠤᠯᠵᠤ᠂ ᠠᠳᠠᠯ ᠠᠬᠤᠶ᠎ᠶ᠋ᠢᠨ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢ ᠭᠦᠨᠵᠡᠭᠡᠶ ᠠᠬᠢᠭᠤᠯᠤᠨ᠂ 《ᠬᠠᠤᠯᠢ ᠬᠡᠷᠡᠭ᠌ᠵᠢᠭᠦᠯᠦᠯᠲᠡ᠎ᠶ᠋ᠢ ᠬᠤᠷᠢᠶᠠᠯᠠᠯ᠎ᠳᠤ ᠣᠷᠣᠭᠤᠯᠬᠤ》᠎ᠶ᠋ᠢ ᠶᠡᠬᠡ ᠬᠦᠴᠦᠨ᠎ᠢᠶᠡᠷ ᠠᠬᠢᠭᠤᠯᠵᠤ᠂ ᠬᠠᠤᠯᠢ ᠬᠡᠷᠡᠭ᠌ᠵᠢᠭᠦᠯᠦᠯᠲᠡ᠎ᠶ᠋ᠢ ᠴᠤᠤᠷᠢᠶᠠᠲᠤᠨ ᠳᠠᠭᠠᠬᠤ ᠲᠠᠰ ᠳᠠᠷᠠᠭᠠᠯᠠᠯ᠎ᠢ ᠱᠢᠯᠤᠭᠤᠳᠭᠠᠨ᠂ ᠠᠳᠠᠯ ᠠᠬᠤᠶ᠎ᠶ᠋ᠢᠨ ᠬᠦᠷᠢᠶᠡᠨ᠎ᠳᠠᠬᠢ ᠲᠣᠪᠤᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠠᠮᠲᠤᠷᠠᠨ ᠬᠠᠤᠯᠢ ᠬᠡᠷᠡᠭ᠌ᠵᠢᠭᠦᠯᠬᠦ᠌᠎ᠶ᠋ᠢ ᠥᠷᠨᠢᠭᠦᠯᠦᠨ᠎ᠡ᠃ ᠳ᠋ᠢᠭᠢᠲᠴᠢᠯᠡᠭ᠌ᠰᠡᠨ ᠮᠡᠷᠭᠡᠵᠢᠯ᠎ᠢ ᠠᠳᠠᠯ ᠠᠬᠤᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠪᠦᠬᠦ᠌ ᠶᠠᠪᠤᠴᠠ᠎ᠳᠤ ᠭᠦᠨᠵᠡᠭᠡᠢ ᠠᠭᠤᠰᠤᠯᠴᠠᠭᠤᠯᠵᠤ᠂ ᠮᠡᠳᠡᠭᠡ ᠵᠠᠩᠭᠢ᠎ᠶ᠋ᠢᠨ ᠳ᠋ᠠᠢᠲ᠋ᠠ᠎ᠶ᠋ᠢ 《ᠰᠠᠨᠠᠭᠠᠴᠢᠯᠠᠭ᠎ᠠ᠎ᠠᠴᠠ᠎ᠪᠠᠨ ᠴᠤᠭ᠍ᠯᠠᠭᠤᠯᠬᠤ》᠎ᠠᠴᠠ 《ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠬᠦ᠌》 ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠤᠯᠠᠮᠵᠢᠯᠠᠯᠲᠤ ᠬᠢᠨᠠᠯᠲᠠ ᠬᠠᠮᠢᠶᠠᠷᠤᠯᠲᠠ᠎ᠶ᠋ᠢᠨ 《ᠮᠡᠳᠡᠭᠡ ᠵᠠᠩᠭᠢ ᠪᠤᠲᠠᠷᠬᠠᠢ᠂ ᠴᠤᠤᠷᠢᠶᠠᠲᠤᠨ ᠲᠠᠭᠠᠬᠤ ᠤᠳᠠᠭᠠᠨ᠂ ᠪᠦᠷᠬᠦᠴᠡ ᠢᠪᠴᠤᠤ 》᠎ᠶ᠋ᠢᠨ ᠡᠪᠡᠳᠦᠯ ᠴᠡᠭ᠎ᠢ ᠱᠢᠢᠳᠪᠦᠷᠢᠯᠡᠬᠦ᠌ ᠬᠡᠷᠡᠭ᠌ᠲᠡᠢ ᠭᠡᠵᠦ᠍ ᠱᠠᠭᠠᠷᠳᠠᠪᠠ᠃
ᠬᠤᠷᠠᠯ᠎ᠠᠴᠠ᠂ ᠵᠡᠭᠡᠯᠢ ᠭᠤᠳᠤᠮᠵᠢ ᠨᠡᠢᠭᠡᠮ ᠲᠣᠭᠤᠷᠢᠭ᠎ᠤᠨ ᠳᠠᠭᠠᠭᠤᠯᠭ᠎ᠠ ᠳᠣᠣᠷᠠᠬᠢ ᠠᠳᠠᠯ ᠠᠬᠤᠢ᠎ᠶ᠋ᠢᠨ ᠬᠠᠮᠢᠶᠠᠷᠤᠯᠲᠠ᠎ᠶ᠋ᠢᠨ ᠵᠥᠷᠢᠴᠡᠯ ᠵᠢᠭᠤᠷᠠᠯᠳᠤᠭᠠᠨ᠎ᠢ ᠡᠶᠡᠳᠡᠭᠦᠯᠦᠨ ᠱᠢᠢᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠠᠵᠢᠯ ᠲᠦᠷᠦᠯ᠎ᠤᠨ ᠥᠪᠡᠷ᠎ᠢ᠎ᠪᠠᠨ ᠱᠠᠭᠠᠷᠳᠠᠬᠤ ᠪᠠ ᠵᠢᠭᠤᠷᠠᠯᠳᠤᠭᠠᠨ᠎ᠢ ᠨᠠᠮᠳᠠᠭᠤᠯᠬᠤ᠎ᠶ᠋ᠢ ᠬᠤᠯᠪᠣᠯᠳᠤᠭᠤᠯᠬᠤ᠎ᠶ᠋ᠢ ᠴᠢᠩᠭᠠᠳᠭᠠᠵᠤ᠂ ᠤᠯᠠᠨ ᠲᠠᠯ᠎ᠠ᠎ᠶ᠋ᠢᠨ᠎ᠬᠢᠨ ᠣᠷᠣᠯᠴᠠᠭ᠍ᠰᠠᠨ ᠬᠠᠮᠲᠤ ᠪᠠᠷ ᠪᠠᠢᠭᠤᠯᠵᠤ ᠬᠠᠮᠲᠤ ᠪᠠᠷ ᠵᠠᠰᠠᠬᠤ ᠪᠠᠢᠷᠢᠱᠢᠯ᠎ᠢ ᠪᠠᠢᠭᠤᠯᠬᠤ ᠬᠡᠷᠡᠭ᠌ᠲᠡᠢ᠃ ᠠᠳᠠᠯ ᠠᠬᠤᠶ᠎ᠶ᠋ᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠬᠥᠬᠡᠬᠤᠲᠠ᠎ᠶ᠋ᠢᠨ ᠠᠳᠠᠯ ᠠᠬᠤᠶ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠲᠤᠷᠱᠢᠯᠲᠠ᠎ᠶ᠋ᠢ ᠰᠠᠢᠲᠤᠷ ᠠᠳᠭᠤᠵᠤ᠂ ᠣᠷᠳᠣᠰ ᠬᠤᠲᠠ᠎ᠶ᠋ᠢᠨ 《ᠢᠲᠡᠭᠡᠮᠵᠢ᠎ᠶ᠋ᠢᠨ ᠲᠦᠷᠢᠮ》᠎ᠤᠨ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠵᠠᠭ᠍ᠪᠤᠷ᠎ᠢ ᠳᠡᠯᠭᠡᠷᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃
ᠬᠤᠷᠠᠯ᠎ᠠᠴᠠ᠂ ᠬᠤᠲᠠ ᠪᠠᠯᠭᠠᠰᠤᠨ᠎ᠤ ᠬᠠᠭᠤᠴᠢᠨ ᠬᠤᠷᠢᠶᠠᠯᠠᠯ᠎ᠢ ᠥᠭᠡᠷᠡᠴᠢᠯᠡᠨ ᠱᠢᠨᠡᠳᠭᠡᠬᠦ᠌᠎ᠶ᠋ᠢ ᠦᠷᠭᠦᠯᠵᠢᠯᠡᠨ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠡᠭᠦᠯ ᠬᠤᠷᠢᠶᠠᠬᠤ ᠳᠠᠢᠨ᠎ᠢ ᠡᠷᠡᠰ ᠰᠠᠢᠲᠤᠷ ᠬᠢᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤᠨ ᠥᠭᠡᠷᠡᠴᠢᠯᠡᠨ ᠱᠢᠨᠡᠳᠭᠡᠬᠦ᠌ ᠡᠭᠦᠷᠭᠡ᠎ᠶ᠋ᠢ ᠲᠦᠷᠭᠡᠳᠭᠡᠨ ᠰᠦᠪᠡᠭ᠌ᠴᠢᠯᠡᠵᠦ᠍᠂ ᠬᠤᠲᠠ ᠪᠠᠯᠭᠠᠰᠤᠨ᠎ᠤ ᠬᠠᠭᠤᠴᠢᠨ ᠬᠤᠷᠢᠶᠠᠯᠠᠯ᠎ᠢ ᠥᠭᠡᠷᠡᠴᠢᠯᠡᠨ ᠱᠢᠨᠡᠳᠭᠡᠬᠦ᠂ ᠪᠦᠷᠢᠨ ᠪᠦᠲᠦᠨ ᠨᠡᠢᠭᠡᠮ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢ ᠬᠤᠲᠠ᠎ᠶ᠋ᠢᠨ ᠱᠢᠨᠡᠴᠢᠯᠡᠯᠲᠡ᠎ᠶ᠋ᠢᠨ ᠲᠤᠰᠭᠠᠶ ᠲᠥᠯᠥᠪᠵᠢᠭᠦᠯᠭᠡ᠎ᠳᠤ ᠣᠷᠣᠭᠤᠯᠵᠤ᠂ ᠰᠠᠢᠨ ᠬᠡᠷ᠂ ᠰᠠᠢᠨ ᠬᠤᠷᠢᠶᠠᠯᠠᠯ᠂ ᠰᠠᠢᠨ ᠨᠡᠢᠭᠡᠮ ᠲᠣᠭᠣᠷᠢᠭ᠂ ᠰᠠᠢᠨ ᠬᠤᠲᠠ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠲᠠᠢ ᠬᠠᠷᠢᠯᠴᠠᠨ ᠤᠶᠠᠯᠳᠤᠭᠤᠯᠵᠤ᠂ ᠪᠠᠢᠭᠤᠯᠬᠤ᠎ᠳᠤ ᠲᠣᠬᠢᠷᠠᠮᠵᠢᠲᠠᠶ ᠪᠣᠯ ᠪᠠᠢᠭᠤᠯᠵᠤ᠂ ᠥᠭᠡᠷᠡᠴᠢᠯᠡᠬᠦ᠌᠎ᠳᠤ ᠲᠣᠬᠢᠷᠠᠮᠵᠢᠲᠠᠶ ᠪᠣᠯ ᠥᠭᠡᠷᠡᠴᠢᠯᠡᠨ ᠰᠠᠢᠵᠢᠷᠠᠭᠤᠯᠬᠤ ᠵᠠᠷᠴᠢᠮ ᠶᠣᠰᠣᠭᠠᠷ ᠡᠮᠬᠢ ᠵᠢᠷᠤᠮ᠎ᠲᠠᠢ ᠠᠬᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠤᠨ ᠠᠵᠢᠯ᠎ᠤᠨ ᠬᠡᠯᠲᠡᠰ᠎ᠤᠨ ᠬᠠᠮᠢᠶ᠎ᠠ ᠪᠥᠬᠦᠶ ᠭᠠᠵᠠᠷ ᠲᠠᠰᠤᠭ᠎ᠤᠨ ᠬᠠᠷᠢᠭᠤᠴᠠᠯᠭᠠᠲᠠᠨ᠂ ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ᠎ᠶ᠋ᠢᠨ ᠭᠤᠤᠯ ᠬᠠᠷᠢᠭᠤᠴᠠᠯᠭᠠᠲᠠᠨ᠂ ᠡᠯ᠎ᠡ ᠠᠢᠮᠠᠭ ᠬᠤᠲᠠ᠎ᠶ᠋ᠢᠨ ᠨᠠᠮ᠎ᠤᠨ ᠬᠤᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ᠂ ᠨᠡᠢᠭᠡᠮ᠎ᠤᠨ ᠠᠵᠢᠯ᠎ᠤᠨ ᠬᠡᠰᠡᠭ ᠬᠠᠮᠢᠶᠠᠷᠤᠯᠲᠠ᠎ᠶ᠋ᠢᠨ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠬᠤᠱᠢᠭᠤ ᠬᠤᠲᠠ ᠲᠣᠭᠤᠷᠢᠭ᠂ ᠵᠡᠭᠡᠯᠢ ᠭᠤᠳᠤᠮᠵᠢ᠎ᠶ᠋ᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ᠎ᠳᠤ ᠣᠷᠣᠯᠴᠠᠪᠠ᠃