ᠪᠥᠬᠦ᠌ ᠣᠷᠣᠨ᠎ᠤ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠠᠵᠢᠯ ᠲᠥᠷᠥᠯ᠎ᠤᠨ ᠠᠵᠢᠯᠲᠠᠨ ᠠᠵᠢᠯᠴᠢᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠤᠷᠤᠯᠳᠤᠭᠠᠨ ᠬᠢᠭᠡᠳ ᠵᠢᠷᠭᠤᠳᠤᠭᠠᠷ ᠬᠤᠭᠤᠴᠠᠭᠠᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠎ᠶ᠋ᠢᠨ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠤ ᠤᠷ᠎ᠠ ᠴᠢᠳᠠᠪᠤᠷᠢ᠎ᠶ᠋ᠢᠨ ᠤᠷᠤᠯᠳᠤᠭᠠᠨ ᠵᠢᠩᠬᠢᠨᠢ᠎ᠪᠠᠷ ᠶᠠᠪᠤᠭ᠍ᠳᠠᠪᠠ
2025-10-14

10 ᠳ᠋ᠤᠭᠠᠷ ᠰᠠᠷ᠎ᠠ᠎ᠶ᠋ᠢᠨ 10 ᠎ᠤ ᠡᠳᠦᠷ᠂ ᠪᠥᠬᠦ᠌ ᠣᠷᠣᠨ᠎ᠤ ᠠᠳᠠᠯ ᠠᠬᠤᠶ ᠎ᠶ᠋ᠢᠨ ᠬᠠᠮᠢᠶᠠᠷᠤᠯᠲᠠ᠎ᠶ᠋ᠢᠨ ᠠᠵᠢᠯ ᠲᠥᠷᠥᠯ ᠎ᠤᠨ ᠠᠵᠢᠯᠲᠠᠨ ᠠᠵᠢᠯᠴᠢᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠤᠷᠤᠯᠳᠤᠭᠠᠨ ᠬᠢᠭᠡᠳ ᠵᠢᠷᠭᠤᠳᠤᠭᠠᠷ ᠬᠤᠭᠤᠴᠠᠭᠠᠨ᠎ᠤ ᠥᠪᠥᠷ ᠮᠣᠩᠭᠤᠯ ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠎ᠶ᠋ᠢᠨ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠤ ᠤᠷ᠎ᠠ ᠴᠢᠳᠠᠪᠤᠷᠢ ᠎ᠶ᠋ᠢᠨ ᠤᠷᠤᠯᠳᠤᠭᠠᠨ ᠦᠬᠠᠶ ᠬᠤᠲᠠ᠎ᠳᠤ ᠠᠮᠵᠢᠯᠲᠠ᠎ᠲᠠᠢ ᠶᠠᠪᠤᠭ᠍ᠳᠠᠪᠠ᠃

ᠲᠣᠰ ᠬᠤᠭᠤᠴᠠᠭᠠᠨ᠎ᠤ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ ᠎ᠶ᠋ᠢᠨ ᠲᠢᠩᠬᠢᠮ᠎ᠠᠴᠠ ᠬᠠᠮᠲᠤᠷᠠᠨ ᠭᠤᠤᠯᠯᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ᠎ᠶ᠋ᠢᠨ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠵᠠᠮ ᠬᠠᠷᠢᠯᠴᠠᠭᠠᠨ᠎ᠤ ᠮᠠᠱᠢᠨ ᠬᠠᠢᠯᠤᠭᠤᠯᠬᠤ ᠠᠵᠢᠯᠴᠢᠨ᠎ᠤ ᠡᠪᠯᠡᠯ᠂ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠎ᠶ᠋ᠢᠨ ᠬᠠᠮᠢᠶᠠᠷᠤᠯᠲᠠ᠎ᠶ᠋ᠢᠨ ᠨᠡᠢᠭᠡᠮᠯᠢᠭ ᠬᠠᠮᠲᠤ᠎ᠪᠠᠷ ᠳᠠᠭᠠᠭᠠᠴᠢᠯᠠᠨ ᠡᠷᠭᠢᠯᠡᠵᠦ᠍᠂ ᠦᠬᠠᠶ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠦᠬᠠᠶ ᠬᠤᠲᠠ ᠎ᠶ᠋ᠢᠨ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠨᠡᠢᠭᠡᠮᠯᠢᠭ ᠬᠠᠮᠵᠢᠨ ᠡᠷᠭᠢᠯᠡᠪᠡ᠃ ᠡᠮᠦᠨᠡᠬᠢ ᠬᠤᠭᠤᠴᠠᠭᠠᠨ᠎ᠤ ᠡᠯ᠎ᠡ ᠠᠢᠮᠠᠭ ᠬᠤᠲᠠ ᠎ᠶ᠋ᠢᠨ ᠰᠣᠩᠭᠤᠨ ᠲᠠᠨᠢᠯᠴᠠᠭᠤᠯᠭ᠎ᠠ ᠎ᠪᠠᠷ ᠳᠡᠮᠵᠢᠨ᠂ ᠪᠥᠬᠦ᠌ ᠣᠷᠣᠨ᠎ᠤ 12 ᠠᠢᠮᠠᠭ ᠬᠤᠲᠠ ᠎ᠶ᠋ᠢᠨ 311 ᠨᠡᠷ᠎ᠡ ᠣᠷᠣᠯᠴᠠᠭ᠍ᠴᠢ ᠤᠷᠤᠯᠳᠤᠭᠠᠨ᠎ᠳᠤ ᠣᠷᠣᠯᠴᠠᠪᠠ᠃

ᠬᠤᠷᠴᠠ ᠱᠢᠷᠦᠭᠦᠨ ᠮᠥᠷᠦ᠋ᠢᠴᠡᠭᠡᠨ ᠎ᠢᠶᠠᠷ ᠲᠠᠮᠵᠢᠨ᠂ ᠤᠯᠠᠭᠠᠨᠬᠠᠳᠠ ᠬᠤᠲᠠ ᠎ᠶ᠋ᠢᠨ ᠲᠥᠯᠥᠭᠡᠯᠡᠭ᠌ᠴᠢᠳ᠎ᠤᠨ ᠠᠩᠭᠢ ᠠᠢᠮᠠᠭ ᠬᠤᠲᠠ᠎ᠶ᠋ᠢᠨ ᠪᠦᠯᠬᠦᠮ᠎ᠤᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠵᠦ᠍᠂ ᠥᠪᠥᠷ ᠮᠣᠩᠭᠤᠯ ᠎ᠤᠨ ᠾᠧᠩ ᠵᠢᠶ ᠱᠢᠨ᠎ᠡ ᠠᠮᠢᠳᠤᠷᠠᠯ ᠬᠢᠵᠠᠭᠠᠷᠲᠤ ᠺᠣᠮᠫᠠᠨᠢ ᠠᠵᠤ ᠠᠬᠤᠢᠯᠠᠯ᠎ᠤᠨ ᠪᠦᠯᠬᠦᠮ ᠎ᠤᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠵᠦ᠍᠂ ᠥᠪᠥᠷ ᠮᠣᠩᠭᠤᠯ ᠎ᠤᠨ ᠸᠧᠶ ᠪᠠᠩ ᠠᠳᠠᠯ ᠠᠬᠤᠶ ᠎ᠶ᠋ᠢᠨ ᠦᠢᠯᠡᠴᠢᠯᠡᠭᠡᠨ᠎ᠤ ᠬᠤᠪᠢ ᠣᠷᠤᠭᠤᠯᠤᠭ᠍ᠰᠠᠨ ᠬᠢᠵᠠᠭᠠᠷᠲᠤ ᠺᠣᠮᠫᠠᠨᠢ ᠎ᠶ᠋ᠢᠨ ᠴᠢᠶᠤᠤ ᠷᠦᠩ ᠠᠳᠠᠯ ᠠᠬᠤᠢ ᠶ᠋ᠢᠨ ᠬᠠᠮᠢᠶᠠᠷᠤᠯᠲᠠ᠎ᠶ᠋ᠢᠨ ᠰᠤᠳᠤᠯᠤᠭ᠍ᠴᠢ ᠎ᠶ᠋ᠢᠨ ᠤᠷᠤᠯᠳᠤᠭᠠᠨ᠎ᠤ ᠬᠤᠪᠢ ᠬᠥᠮᠦᠨ᠎ᠤ ᠨᠢᠭᠡᠳᠦᠭᠡᠷ ᠨᠡᠷ᠎ᠡ᠎ᠳᠦ ᠲᠣᠳᠤᠷᠠᠵᠤ᠂ ᠥᠪᠥᠷ ᠮᠣᠩᠭᠤᠯ ᠎ᠤᠨ ᠾᠧᠩ ᠵᠢᠶ ᠱᠢᠨ᠎ᠡ ᠠᠮᠢᠳᠤᠷᠠᠯ ᠬᠢᠵᠠᠭᠠᠷᠲᠤ ᠺᠣᠮᠫᠠᠨᠢ ᠎ᠶ᠋ᠢᠨ ᠰᠦᠨ ᠬᠠᠶ ᠲᠤᠤ ᠴᠠᠬᠢᠯᠭᠠᠨ᠎ᠤ ᠠᠵᠢᠯᠴᠢᠨ᠎ᠤ ᠤᠷᠤᠯᠳᠤᠭᠠᠨ᠎ᠤ ᠬᠤᠪᠢ ᠬᠥᠮᠦᠨ᠎ᠤ ᠨᠢᠭᠡᠳᠦᠭᠡᠷ ᠎ᠨᠡᠷ᠎ᠡ᠎ᠳᠦ ᠲᠣᠳᠤᠷᠠᠵᠤ᠂ ᠬᠥᠬᠡᠬᠤᠲᠠ᠎ᠶ᠋ᠢᠨ ᠿᠢ ᠱᠢᠨ ᠬᠠᠶ ᠴᠢᠩ ᠠᠳᠠᠯ ᠠᠬᠤᠶ ᠎ᠶ᠋ᠢᠨ ᠺᠣᠮᠫᠠᠨᠢ᠎ᠶ᠋ᠢᠨ ᠲᠢᠶᠠᠨ ᠯᠢ ᠲᠢᠩ ᠣᠯᠠᠨ ᠨᠡᠢᠲᠡ ᠎ᠶ᠋ᠢᠨ ᠣᠷᠣᠨ ᠪᠦᠰᠡ᠎ᠶ᠋ᠢᠨ ᠴᠡᠪᠡᠷᠯᠡᠭ᠌ᠴᠢ ᠎ᠶ᠋ᠢᠨ ᠤᠷᠤᠯᠳᠤᠭᠠᠨ᠎ᠤ ᠬᠤᠪᠢ ᠬᠥᠮᠦᠨ᠎ᠤ ᠨᠢᠭᠡᠳᠦᠭᠡᠷ᠎ᠨᠡᠷ᠎ᠡ᠎ᠳᠦ ᠲᠣᠳᠣᠷᠠᠵᠤ᠂ ᠥᠪᠥᠷ ᠮᠣᠩᠭᠤᠯ ᠎ᠤᠨ ᠵᠥᠩ ᠲᠢᠶᠠᠨ ᠢ ᠴᠧᠩ ᠠᠳᠠᠯ ᠠᠬᠤᠶ᠎ᠶ᠋ᠢᠨ ᠦᠢᠯᠡᠴᠢᠯᠡᠭᠡᠨ᠎ᠤ ᠪᠦᠯᠦᠭ᠌ᠯᠡᠯ᠎ᠤᠨ ᠬᠢᠵᠠᠭᠠᠷᠲᠤ ᠺᠣᠮᠫᠠᠨᠢ ᠎ᠶ᠋ᠢᠨ ᠴᠧᠨ ᠱᠢᠶᠤᠤ ᠬᠤ᠌ ᠡᠮᠬᠢ ᠳᠢᠭ᠌ᠯᠢᠮ᠎ᠤᠨ ᠬᠠᠮᠢᠶᠠᠷᠤᠭ᠍ᠴᠢ ᠎ᠶ᠋ᠢᠨ ᠤᠷᠤᠯᠳᠤᠭᠠᠨ᠎ᠤ ᠬᠤᠪᠢ ᠬᠥᠮᠦᠨ᠎ᠤ ᠨᠢᠭᠡᠳᠦᠭᠡᠷ᠎ᠨᠡᠷ᠎ᠡ᠎ᠳᠦ ᠲᠣᠳᠣᠷᠠᠪᠠ᠃

ᠲᠤᠰ ᠤᠳᠠᠭᠠᠨ᠎ᠤ ᠤᠷᠤᠯᠳᠤᠭᠠᠨ᠎ᠨᠢ ᠤᠷᠤᠯᠳᠤᠭᠠᠨ᠎ᠢᠶᠠᠷ ᠴᠢᠳᠠᠪᠤᠷᠢᠲᠠᠨ ᠎ᠢ ᠬᠦᠮᠦᠵᠢᠭᠦᠯᠵᠦ᠍᠂ ᠤᠷᠤᠯᠳᠤᠭᠠᠨ᠎ᠢᠶᠠᠷ ᠴᠢᠳᠠᠪᠤᠷᠢᠲᠠᠨ ᠎ᠢ ᠴᠣᠭ᠍ᠴᠠᠯᠠᠵᠤ᠂ ᠤᠷᠤᠯᠳᠤᠭᠠᠨ᠎ᠢᠶᠠᠷ ᠴᠢᠳᠠᠪᠤᠷᠢᠲᠠᠨ ᠎ᠢ ᠰᠣᠩᠭᠣᠵᠣ᠂ ᠥᠷᠭᠡᠨ ᠣᠯᠠᠨ ᠠᠳᠠᠯ ᠠᠬᠤᠢ ᠎ᠶ᠋ᠢᠨ ᠠᠵᠢᠯᠲᠠᠨ ᠠᠵᠢᠯᠴᠢᠨ᠎ᠤ ᠬᠥᠳᠡᠯᠮᠦᠷᠢ᠎ᠶ᠋ᠢᠨ ᠮᠡᠷᠭᠡᠵᠢᠯ ᠴᠢᠳᠠᠪᠤᠷᠢ ᠪᠠ ᠶᠡᠷᠦᠩᠬᠡᠢᠯᠡᠭ᠌ᠰᠡᠨ ᠬᠡᠪ ᠴᠢᠨᠠᠷ ᠎ᠢ ᠳᠡᠭᠡᠭ᠌ᠰᠢᠯᠡᠭᠦᠯᠬᠦ᠂ ᠰᠤᠷᠤᠯᠴᠠᠬᠤ᠂ ᠱᠢᠨ᠎ᠡ ᠎ᠶ᠋ᠢ ᠡᠭᠦᠳᠬᠦ᠌ ᠪᠠ ᠥᠷᠢᠰᠦᠯᠳᠦᠬᠦ᠌ ᠴᠢᠳᠠᠪᠤᠷᠢ ᠎ᠶ᠋ᠢ ᠴᠢᠩᠭᠠᠳᠭᠠᠬᠤ ᠵᠢᠴᠢ ᠥᠨᠳᠥᠷ ᠬᠡᠪ ᠪᠣᠯᠪᠠᠰᠤᠷᠠᠯ᠎ᠲᠠᠢ ᠠᠳᠠᠯ ᠠᠬᠤᠢ ᠎ᠶ᠋ᠢᠨ ᠠᠵᠢᠯᠲᠠᠨ ᠠᠵᠢᠯᠴᠢᠨ᠎ᠤ ᠡᠩᠨᠡᠭᠡ᠎ᠶ᠋ᠢ ᠬᠥᠮᠦᠵᠢᠭᠦᠯᠦᠨ ᠪᠣᠢᠵᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃ ᠲᠠᠷᠠᠭᠠᠴᠢ ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠨᠢ ᠨᠠᠮ᠎ᠤᠨ ᠪᠠᠢᠭᠤᠯᠤᠯᠲᠠ᠎ᠪᠠᠷ ᠠᠳᠠᠯ ᠠᠬᠤᠶ᠎ᠶ᠋ᠢ ᠬᠥᠲᠥᠯᠦᠨ ᠳᠠᠭᠠᠭᠤᠯᠬᠤ ᠭᠤᠤᠯᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠤᠷᠠᠨ ᠳᠠᠷᠬᠠᠨ᠎ᠤ ᠵᠣᠷᠢᠭ ᠰᠠᠨᠠᠭ᠎ᠠ ᠎ᠶ᠋ᠢ ᠤᠯᠠᠮ ᠨᠢᠭᠡ ᠠᠯᠬᠤᠮ ᠪᠠᠳᠠᠷᠠᠭᠤᠯᠤᠨ᠂ ᠠᠳᠠᠯ ᠠᠬᠤᠶ ᠎ᠶ᠋ᠢᠨ ᠦᠶ᠋ᠯᠡᠴᠢᠯᠡᠭᠡᠨ᠎ᠤ ᠲᠤᠰᠭᠠᠶ ᠮᠡᠷᠭᠡᠵᠢᠯ᠎ᠤᠨ ᠴᠢᠳᠠᠪᠤᠷᠢ᠎ᠶ᠋ᠢ ᠭᠦᠨᠵᠡᠭᠡᠢᠷᠡᠭᠦᠯᠵᠦ᠍᠂ ᠠᠳᠠᠯ ᠠᠬᠤᠶ ᠎ᠶ᠋ᠢᠨ ᠦᠶ᠋ᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠪᠣᠳᠠᠲᠤ ᠠᠵᠢᠯᠯᠠᠭ᠎ᠠ ᠎ᠪᠠᠷ ᠎ᠢᠶᠠᠨ ᠣᠯᠠᠨ ᠲᠦᠮᠡᠨ᠎ᠤ ᠰᠡᠳᠭᠢᠵᠦ᠍ ᠪᠠᠢᠭ᠎ᠠ᠂ ᠪᠤᠳᠤᠵᠤ ᠪᠠᠢᠭ᠎ᠠ᠂ ᠬᠦᠰᠡᠵᠦ᠍ ᠪᠠᠢᠭ᠎ᠠ ᠠᠰᠠᠭᠤᠳᠠᠯ᠎ᠳᠤ ᠬᠠᠷᠢᠭᠤ ᠥᠭ᠌ᠴᠦ᠂ ᠠᠳᠠᠯ ᠠᠬᠤᠶ ᠎ᠶ᠋ᠢᠨ ᠠᠵᠢᠯ ᠲᠥᠷᠥᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠤᠨ᠎ᠠ᠃A

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ