ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠪᠠ
2025-12-11

12 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ᠂ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠪᠠ᠃

ᠬᠤᠷᠠᠯ᠎ᠠᠴᠠ᠂ ᠶᠡᠷᠦᠩᠬᠡᠢ ᠱᠦᠵᠢ ᠰᠢ᠎ᠵᠢᠨ᠎ᠫᠢᠩ᠎ᠤᠨ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠤᠬᠠᠮᠰᠠᠷ᠎ᠠᠴᠠ᠎ᠪᠠᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠤᠯᠤᠰ ᠲᠦᠷᠦ ᠵᠢᠨ ᠠᠮᠢ ᠠᠬᠤᠢ ᠵᠢ ᠴᠡᠪᠡᠷᠰᠢᠭᠦᠯᠬᠦ ᠴᠢᠬᠤᠯᠠ ᠭᠠᠷᠳᠠᠴᠠ ᠪᠣᠯᠭ᠋ᠠᠵᠤ᠂ ᠴᠡᠭᠴᠡᠯᠡᠨ ᠰᠠᠶ᠋ᠢᠵᠢᠷᠠᠭᠤᠯᠬᠤ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠡᠷᠡᠰ ᠡᠷᠴᠢᠮᠳᠡᠢ ᠴᠡᠭᠴᠡᠯᠡᠨ ᠰᠠᠶ᠋ᠢᠵᠢᠷᠠᠭᠤᠯᠵᠤ᠂ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ᠃ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ ᠨᠠᠶ᠋ᠢᠳᠠᠪᠤᠷᠢᠵᠢᠭᠤᠯᠵᠤ᠂ ᠡᠷᠬᠡ ᠵᠢᠨ ᠠᠵᠢᠯᠯᠠᠭ᠋ᠠᠨ᠎ᠳᠤ ᠬᠢᠨᠠᠯᠲᠠ ᠲᠠᠯᠪᠢᠵᠤ ᠬᠢᠵᠠᠭ᠋ᠠᠷᠯᠠᠬᠤ ᠵᠢ ᠴᠢᠩᠭ᠋ᠠᠳᠬᠠᠵᠤ᠂ ᠠᠵᠢᠯ ᠨᠢᠭᠡᠪᠦᠷᠢ᠂ ᠭᠤᠭᠴᠤᠭ᠎ᠠ ᠨᠢᠭᠡᠪᠦᠷᠢ᠂ ᠬᠥᠮᠦᠨ ᠨᠢᠭᠡᠪᠦᠷᠢ ᠵᠢ ᠴᠢᠩᠭ᠎ᠠ ᠠᠩᠬᠠᠷᠴᠤ᠂ ᠤᠯᠤᠰ ᠲᠦᠷᠦ ᠵᠢᠨ ᠠᠮᠢ ᠠᠬᠤᠢ ᠵᠢ ᠦᠷᠭᠦᠯᠵᠢᠯᠡᠨ ᠴᠡᠪᠡᠷᠰᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ᠎ᠵᠢᠨ᠎ᠫᠢᠩ᠎ᠤᠨ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠦᠯᠵᠢᠶ᠎ᠡ ᠵᠢ ᠬᠠᠮᠢᠶᠠᠷᠬᠤ ᠰᠦᠯᠵᠢᠶ᠎ᠡ ᠵᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠰᠦᠯᠵᠢᠶᠡᠨ᠎ᠤ ᠠᠮᠢ ᠠᠬᠤᠢ ᠵᠢᠨ ᠵᠠᠰᠠᠯᠲᠠ ᠵᠢᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ ᠢᠨᠲ᠋ᠧᠷ ᠰᠦᠯᠵᠢᠶᠡᠨ᠎ᠤ ᠴᠠᠭ ᠦᠶ᠎ᠡ ᠵᠢᠨ ᠤᠯᠠᠨ ᠲᠦᠮᠡᠨ᠎ᠤ ᠠᠵᠢᠯ᠎ᠢ ᠰᠠᠢ᠌ᠳᠦᠷ ᠬᠢᠬᠦ ᠵᠢ ᠢᠳᠡᠪᠬᠢᠲᠡᠢ ᠰᠦᠪᠡᠭᠴᠢᠯᠡᠵᠦ᠂ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠵᠢᠨ ᠲᠤᠰᠬᠠᠭᠰᠠᠨ ᠠᠰᠠᠭᠤᠳᠠᠯ᠎ᠢ ᠰᠢᠢ᠍ᠳᠪᠦᠷᠢᠯᠡᠬᠦ ᠵᠡᠷᠭᠡ ᠠᠵᠢᠯ᠎ᠢ ᠦᠷᠭᠦᠯᠵᠢᠯᠡᠨ ᠰᠠᠶ᠋ᠢᠲᠤᠷ ᠬᠢᠬᠦ ᠬᠡᠷᠡᠭᠲᠡᠢ᠃ ᠰᠦᠯᠵᠢᠶᠡᠨ᠎ᠤ ᠠᠮᠤᠷ ᠲᠦᠪᠰᠢᠨ ᠪᠠ ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠰᠦᠯᠵᠢᠶᠡᠨ᠎ᠤ ᠠᠮᠤᠷ ᠲᠦᠪᠰᠢᠨ᠎ᠤ ᠰᠡᠷᠭᠡᠶ᠋ᠢᠯᠡᠨ ᠬᠠᠮᠠᠭ᠋ᠠᠯᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃

ᠬᠤᠷᠠᠯ᠎ᠠᠴᠠ᠂ ᠶᠡᠷᠦᠩᠬᠡᠶ ᠱᠦᠵᠢ ᠰᠢ᠎ᠵᠢᠨ᠎ᠫᠢᠩ᠎ᠤᠨ ᠰᠢᠶᠠᠩᠭ᠋ᠠᠩ᠎ᠤᠨ ᠰᠢᠨ ᠵᠢᠶᠸ ᠳ᠋ᠠ ᠫᠦ᠋ ᠲᠣᠭᠤᠷᠢᠭ᠎ᠤᠨ ᠣᠷᠣᠨ ᠰᠠᠭᠤᠴᠠ ᠵᠢᠨ ᠠᠰᠠᠷ᠎ᠤᠨ ᠬᠦᠨᠳᠦ ᠶᠡᠭᠡ ᠭᠠᠯ᠎ᠤᠨ ᠭᠠᠮᠰᠢᠭ᠎ᠤᠨ ᠠᠳᠡᠯ᠎ᠤᠨ ᠲᠤᠬᠠᠶ ᠭᠠᠷᠭ᠋ᠠᠭᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠠᠮᠤᠷ ᠲᠦᠪᠰᠢᠨ᠎ᠤ ᠬᠤᠷᠢᠭ᠎ᠠ ᠱᠤᠭᠤᠮ᠎ᠤᠨ ᠰᠡᠳᠬᠢᠬᠦᠶ ᠵᠢ ᠪᠠᠬᠢᠵᠢᠭᠦᠯᠵᠦ᠂ ᠥᠨᠳᠥᠷ ᠲᠠᠪᠬᠤᠷᠭ᠋ᠠᠳᠤ ᠪᠠᠷᠢᠯᠭ᠎ᠠ ᠵᠢᠨ ᠬᠦᠨᠳᠦ ᠶᠡᠭᠡ ᠭᠠᠯ᠎ᠤᠨ ᠭᠠᠮᠰᠢᠭ᠎ᠤᠨ ᠠᠶᠤᠯ ᠲᠦᠭᠰᠢᠭᠦᠷᠢ ᠵᠢᠨ ᠳᠠᠯᠳᠠ ᠬᠡᠮ ᠵᠶ᠋ᠠᠷ ᠭᠤᠤᠯᠳᠠᠯᠭ᠎ᠠ ᠪᠣᠯᠭ᠋ᠠᠵᠤ᠂ ᠨᠢᠭᠡ᠎ᠠᠴᠠ ᠵᠦᠢ᠍ᠴᠡᠯᠡᠵᠦ ᠨᠥᠭᠦᠭᠡ ᠵᠢ ᠮᠡᠳᠡᠵᠦ ᠡᠯ᠎ᠡ ᠲᠥᠷᠥᠯ᠎ᠤᠨ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠳᠠᠯᠳᠠ ᠬᠡᠮ᠎ᠢ ᠪᠥᠬᠦ ᠲᠠᠯ᠎ᠠ᠎ᠪᠠᠷ ᠭᠦᠨᠵᠡᠭᠡᠶ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠵᠤ᠂ ᠲᠤᠳᠠᠭᠳᠠᠯ᠎ᠢ ᠨᠥᠬᠦᠪᠥᠷᠢᠯᠡᠬᠦ᠂ ᠪᠠᠭᠤᠷᠠᠶ ᠲᠠᠯ᠎ᠠ᠎ᠪᠠᠨ ᠬᠦᠴᠦᠷᠬᠡᠭᠵᠢᠭᠦᠯᠬᠦ ᠵᠢ ᠪᠠᠷᠢᠮᠲᠠᠯᠠᠵᠤ᠂ ᠠᠮᠤᠷ ᠲᠦᠪᠰᠢᠨ᠎ᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠭ ᠨᠠᠶ᠋ᠢᠳᠠᠪᠤᠷᠢᠵᠢᠭᠤᠯᠵᠤ᠂ ᠰᠠᠭᠤᠷᠢ ᠠᠵᠢᠯ᠎ᠢ ᠪᠣᠳᠠᠲᠠᠶ ᠪᠥᠭᠡᠳ ᠪᠠᠲᠤ ᠠᠳᠬᠤᠵᠤ᠂ ᠮᠠᠨ᠎ᠤ ᠤᠷᠤᠨ᠎ᠤ ᠣᠷᠣᠨ ᠰᠠᠭᠤᠴᠠ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠠᠶᠤᠯᠭᠦᠶ ᠦᠢ᠍ᠯᠡᠳᠪᠦᠷᠢᠯᠡᠯ᠎ᠤᠨ ᠪᠠᠶ᠋ᠢᠳᠠᠯ᠎ᠤᠨ ᠦᠷᠭᠦᠯᠵᠢᠯᠡᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃

ᠬᠤᠷᠠᠯ᠎ᠠᠴᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠠᠵᠢᠯ᠎ᠢ ᠪᠡᠶᠡᠯᠡᠭᠦᠯᠦᠭᠰᠡᠨ ᠪᠠᠶ᠋ᠢᠳᠠᠯ᠂ ᠲᠣᠰ ᠵᠢᠯ᠎ᠤᠨ ᠭᠤᠤᠯᠳᠠᠯᠭ᠎ᠠ᠎ᠲᠠᠢ ᠡᠭᠦᠷᠭᠡ ᠵᠢ ᠠᠬᠢᠭᠤᠯᠤᠭᠰᠠᠨ ᠪᠠᠶ᠋ᠢᠳᠠᠯ᠎ᠢ ᠨᠠᠷᠢᠨ ᠬᠢᠨᠠᠮᠠᠭ᠋ᠠᠶ ᠡᠮᠬᠢᠯᠡᠵᠦ᠂ ᠵᠥᠷᠢᠶ᠎ᠡ᠎ᠲᠠᠢ ᠬᠦᠷᠦᠯᠴᠡᠬᠦ ᠥᠬᠡᠶ ᠲᠠᠯ᠎ᠠ᠎ᠪᠠᠨ ᠣᠨᠣᠪᠴᠢᠲᠠᠶ ᠡᠷᠢᠵᠦ᠂ ᠪᠥᠬᠦ ᠲᠠᠯ᠎ᠠ᠎ᠪᠠᠷ ᠬᠦᠴᠦᠯᠡᠨ ᠰᠢᠪᠲᠤᠯᠤᠯᠲᠠ ᠬᠢᠵᠦ᠂ ᠡᠯ᠎ᠡ ᠵᠦᠢ᠍ᠯ᠎ᠤᠨ ᠠᠵᠢᠯ᠎ᠤᠨ ᠵᠢᠱ᠌ᠢᠭᠰᠡᠨ ᠦᠷ᠎ᠡ ᠪᠦᠲᠦᠮᠵᠢ᠎ᠳᠤ ᠬᠦᠷᠬᠦ ᠵᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ᠎ᠠᠴᠠ᠂ ᠪᠦᠬᠦ ᠤᠯᠤᠰ᠎ᠤᠨ ᠬᠤᠳᠠ ᠵᠢᠨ ᠰᠢᠨᠡᠴᠢᠯᠡᠯᠳᠡ ᠵᠢᠨ ᠠᠵᠢᠯ᠎ᠢ ᠠᠬᠢᠭᠤᠯᠬᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠤᠳᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠣᠶ᠋ᠢᠯᠠᠭ᠋ᠠᠵᠤ᠂ ᠬᠤᠳᠠ ᠵᠢᠨ ᠠᠵᠢᠯ᠎ᠢ ᠰᠠᠶ᠋ᠢᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭ᠋ᠠᠮ᠎ᠠ ᠰᠡᠳᠬᠢᠯᠭᠡ᠎ᠪᠠᠨ ᠴᠢᠨᠠᠭᠰᠢᠳᠠ ᠴᠢᠩᠭ᠋ᠠᠳᠬᠠᠵᠤ᠂ ᠰᠡᠳᠬᠢᠴᠡ᠎ᠪᠠᠨ ᠲᠣᠳᠣᠷᠬᠠᠶ᠋ᠢᠯᠠᠵᠤ᠂ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠴᠢᠬᠤᠯᠠ ᠶᠡᠭᠡ ᠲᠦᠷᠦᠯ ᠵᠦᠢ᠍ᠯ᠎ᠢ ᠲᠥᠯᠥᠪᠵᠢᠭᠦᠯᠵᠦ᠂ ᠡᠯ᠎ᠡ ᠵᠦᠢ᠍ᠯ᠎ᠤᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠤᠲᠠ ᠵᠢᠨ ᠠᠵᠢᠯ᠎ᠤᠨ ᠬᠤᠷᠠᠯ ᠪᠠ ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠳᠥᠯᠭᠢᠨ ᠠᠬᠢᠭᠤᠯᠬᠤ ᠬᠡᠷᠡᠭᠵᠢᠭᠦᠯᠬᠦ ᠰᠠᠨᠠᠯ᠎ᠳᠤ ᠲᠣᠳᠣᠷᠬᠠᠶ᠋ᠢᠯᠠᠭᠰᠠᠨ ᠬᠠᠷᠠᠯᠲᠠ ᠡᠭᠦᠷᠭᠡ᠎ᠲᠠᠢ ᠪᠥᠬᠦ ᠲᠠᠯ᠎ᠠ᠎ᠪᠠᠷ ᠬᠠᠷᠢᠴᠠᠭᠤᠯᠤᠨ᠂ ᠶᠠᠭ ᠰᠠᠶ᠋ᠢᠬᠠᠨ ᠨᠠᠶ᠋ᠢᠷᠠᠭᠤᠯᠤᠨ ᠵᠣᠬᠢᠶᠠᠵᠤ ᠪᠠᠶ᠋ᠢᠭ᠎ᠠ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰ᠎ᠤᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ᠎ᠲᠠᠢ ᠤᠶᠠᠯᠳᠤᠭᠤᠯᠤᠨ᠂ ᠵᠦᠢ᠍ᠯ ᠳᠠᠷᠠᠭ᠋ᠠᠯᠠᠨ ᠵᠠᠳᠠᠯᠤᠨ ᠨᠠᠷᠢᠯᠢᠬ᠍ᠵᠢᠭᠤᠯᠵᠤ᠂ ᠬᠠᠷᠢᠭᠤᠴᠠᠯᠭ᠎ᠠ ᠵᠢᠨ ᠭᠤᠤᠯ ᠴᠣᠭᠴᠠ ᠬᠢᠭᠡᠳ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠨ᠂ ᠳᠡᠭᠡᠳᠦ ᠳᠣᠤᠷᠠᠳᠤ ᠱᠠᠲᠤ ᠬᠤᠯᠪᠣᠭ᠋ᠠᠯᠠᠨ ᠬᠥᠳᠡᠯᠦᠯᠴᠡᠬᠦ᠂ ᠬᠠᠮᠵᠢᠯᠴᠠᠨ ᠠᠬᠢᠭᠤᠯᠬᠤ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠡᠭᠦᠷᠭᠡ ᠵᠢᠨ ᠠᠯᠢ ᠲᠦᠷᠭᠡᠨ ᠵᠶ᠋ᠠᠷ ᠪᠣᠳᠠᠲᠤ ᠦᠷ᠎ᠡ ᠪᠦᠲᠦᠮᠵᠢ ᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃ ᠤᠯᠤᠰ᠎ᠤᠨ ᠬᠠᠮᠢᠶ᠎ᠠ ᠪᠥᠬᠦᠶ ᠶᠠᠮᠤᠨ ᠵᠥᠪᠯᠡᠯ᠎ᠯᠦᠭᠡ ᠵᠢᠨ ᠨᠡᠪᠲᠡᠷᠡᠯᠴᠡᠭᠡ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ ᠨᠠᠩ ᠣᠯᠠᠨ ᠲᠥᠷᠥᠯ ᠵᠦᠢ᠍ᠯ᠎ᠢ ᠤᠯᠤᠰ᠎ᠤᠨ ᠲᠥᠯᠥᠪᠵᠢᠭᠦᠯᠭᠡ ᠵᠢᠨ ᠪᠠᠶ᠋ᠢᠷᠢᠰᠢᠭᠤᠯᠤᠯ᠎ᠳᠤ ᠣᠷᠣᠭᠤᠯᠬᠤ᠎ᠪᠠᠷ ᠢᠳᠡᠪᠬᠢᠲᠡᠶ ᠴᠢᠷᠮᠠᠶ᠋ᠢᠵᠤ᠂ ᠮᠠᠨ᠎ᠤ ᠤᠷᠤᠨ᠎ᠤ ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠨᠠᠩ ᠣᠯᠠᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠲᠡᠮᠡᠴᠡᠨ ᠤᠯᠬᠤ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠠᠯᠪᠠᠨ ᠬᠡᠷ