12 ᠳ᠋ᠤᠭ᠋ᠠᠷ ᠰᠠᠷ᠎ᠠ ᠵᠢᠨ 22ᠠᠴᠠ 23ᠤ ᠡᠳᠦᠷ ᠪᠣᠯᠲᠠᠯ᠎ᠠ᠂ ᠪᠦᠬᠦ ᠤᠯᠤᠰᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯᠤᠨ ᠬᠤᠷᠠᠯ ᠪᠡᠭᠡᠵᠢᠩᠳᠤ ᠬᠤᠷᠠᠯᠳᠤᠪᠠ᠃ ᠬᠤᠷᠠᠯᠨᠢ ᠰᠢᠵᠢᠨᠫᠢᠩᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰᠤᠨ ᠣᠨᠴᠠᠯᠢᠭᠲᠠᠢ ᠨᠡᠶ᠋ᠢᠭᠡᠮ ᠵᠢᠷᠤᠮᠤᠨ ᠦᠵᠡᠯ ᠰᠠᠨᠠᠭᠠᠪᠠᠷ ᠵᠢᠯᠤᠭᠤᠳᠤᠯᠭ᠎ᠠ ᠪᠣᠯᠭ᠋ᠠᠵᠤ᠂ ᠨᠠᠮᠤᠨ ᠬᠤᠷᠢᠳᠤᠭ᠋ᠠᠷ ᠬᠤᠭᠤᠴᠠᠭ᠋ᠠᠨᠤ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨᠤ ᠤᠳᠠᠭ᠎ᠠ ᠪᠦᠷᠢ ᠵᠢᠨ ᠪᠦᠬᠦᠳᠡ ᠬᠤᠷᠠᠯᠤᠨ ᠵᠣᠷᠢᠭ ᠰᠠᠨᠠᠭ᠎ᠠ ᠵᠢ ᠪᠦᠬᠦ ᠲᠠᠯᠠᠪᠠᠷ ᠲᠤᠭᠤᠰᠢᠯᠠᠭᠤᠯᠵᠤ᠂ ᠲᠥᠪᠤᠨ ᠠᠵᠤ ᠠᠬᠤᠢ ᠵᠢᠨ ᠠᠵᠢᠯᠤᠨ ᠬᠤᠷᠠᠯ᠂ ᠲᠥᠪᠤᠨ ᠬᠤᠳᠠ ᠵᠢᠨ ᠠᠵᠢᠯᠤᠨ ᠬᠤᠷᠠᠯᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ 2025 ᠣᠨᠤ ᠠᠵᠢᠯᠢ ᠪᠦᠬᠦ ᠲᠠᠯᠠᠪᠠᠷ ᠡᠷᠬᠢᠴᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》ᠤᠨ ᠬᠤᠭᠤᠴᠠᠭ᠋ᠠᠨᠳᠠᠬᠢ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠦᠢ᠍ᠯᠡᠰᠤᠨ ᠬᠥᠭᠵᠢᠯᠲᠡ ᠵᠢᠨ ᠠᠮᠵᠢᠯᠲᠠ ᠵᠢ ᠰᠢᠰᠲ᠋ᠧᠮᠲᠠᠢ ᠳ᠋ᠦᠩᠨᠡᠵᠦ᠂ 《ᠠᠷᠪᠠᠨ ᠲᠠᠪᠤᠳᠤᠭ᠋ᠠᠷ ᠲᠠᠪᠤᠨ ᠵᠢᠯ》ᠤᠨ ᠲᠦᠯᠦᠪᠵᠢᠭᠦᠯᠦᠯᠭᠡ ᠵᠢᠨ ᠬᠤᠭᠤᠴᠠᠭ᠎ᠠ ᠪᠣᠯᠤᠨ 2026 ᠣᠨᠤ ᠭᠤᠣᠯᠳᠠᠯᠭᠠᠲᠠᠢ ᠡᠭᠦᠷᠭᠡ ᠵᠢ ᠰᠤᠳᠤᠯᠤᠨ ᠪᠠᠶ᠋ᠢᠷᠢᠯᠠᠭᠤᠯᠪᠠ᠃
2026 ᠣᠨᠳᠤ 4 ᠲᠠᠯ᠎ᠠ ᠵᠢᠨ ᠠᠵᠢᠯᠢ ᠬᠦᠴᠦᠯᠡᠨ ᠰᠠᠶ᠋ᠢᠲᠤᠷ ᠠᠳᠬᠤᠬᠤ ᠬᠡᠷᠡᠭᠲᠡᠶ᠄
1.ᠣᠳᠣᠬᠢᠴᠢᠯᠠᠭᠰᠠᠨ ᠠᠷᠠᠳᠤᠨ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ
2.ᠭᠡᠷ ᠪᠠᠶ᠋ᠢᠰᠢᠩ ᠭᠠᠵᠠᠷ ᠬᠦᠷᠦᠩᠭᠡ ᠵᠢᠨ ᠵᠠᠬ᠎ᠠ ᠳᠡᠯᠭᠡᠭᠦᠷᠢ ᠬᠦᠴᠦᠯᠡᠨ ᠳᠣᠭᠲᠠᠪᠤᠷᠢᠵᠢᠭᠤᠯᠤᠨᠠ
3.ᠪᠠᠷᠢᠯᠭ᠎ᠠ ᠵᠢᠨ ᠦᠢ᠍ᠯᠡᠰᠤᠨ ᠶᠠᠰᠤ ᠴᠢᠨᠠᠷᠢ ᠳᠡᠭᠡᠭᠰᠢᠯᠡᠭᠦᠯᠦᠨ ᠳᠡᠰ ᠳᠡᠪᠰᠢᠭᠦᠯᠬᠦ ᠵᠢ ᠲᠦᠷᠭᠡᠳᠭᠡᠨ᠎ᠡ
4.ᠴᠢᠨᠠᠷ ᠰᠠᠶ᠋ᠢᠲᠠᠢ ᠬᠥᠭᠵᠢᠯᠲᠡ ᠵᠢᠨ ᠰᠠᠭᠤᠷᠢ ᠲᠤᠯᠭ᠋ᠠᠭᠤᠷᠢᠯᠠᠯᠢ ᠪᠠᠲᠤᠳᠬᠠᠨ᠎ᠠ
2026 ᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠭᠤᠤᠯᠳᠠᠯᠭᠠᠲᠠᠢ ᠠᠵᠢᠯᠤᠨ ᠡᠭᠦᠷᠭᠡ
ᠶᠡᠷᠦᠩᠬᠡᠢ ᠰᠡᠳᠬᠢᠴᠡ᠄ ᠰᠢᠵᠢᠨᠫᠢᠩᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰᠤᠨ ᠣᠨᠴᠠᠯᠢᠭᠲᠠᠢ ᠨᠡᠶ᠋ᠢᠭᠡᠮ ᠵᠢᠷᠤᠮᠤᠨ ᠦᠵᠡᠯ ᠰᠠᠨᠠᠭᠠᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮᠤᠨ ᠬᠤᠷᠢᠳᠤᠭ᠋ᠠᠷ ᠬᠤᠭᠤᠴᠠᠭ᠋ᠠᠨᠤ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨᠤ ᠤᠳᠠᠭ᠎ᠠ ᠪᠦᠷᠢ ᠵᠢᠨ ᠪᠦᠬᠦᠳᠡ ᠬᠤᠷᠠᠯᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠲᠥᠪᠤᠨ ᠠᠵᠤ ᠠᠬᠤᠢ ᠵᠢᠨ ᠠᠵᠢᠯᠤᠨ ᠬᠤᠷᠠᠯ᠂ ᠲᠥᠪᠤᠨ ᠬᠤᠳᠠ ᠵᠢᠨ ᠠᠵᠢᠯᠤᠨ ᠬᠤᠷᠠᠯᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠦᠢ᠍ᠯᠡᠳᠦᠯᠭᠡᠵᠢᠭᠦᠯᠵᠦ᠂ ᠠᠷᠠᠳᠤᠨ ᠬᠤᠳᠠ ᠵᠢᠨ ᠤᠢ᠍ᠢ᠍ᠯᠠᠭ᠋ᠠᠭᠳᠠᠬᠤᠨᠢ ᠨᠠᠷᠢᠨ ᠬᠢᠨᠠᠮᠠᠭ᠋ᠠᠢ ᠦᠢ᠍ᠯᠡᠳᠦᠯᠭᠡᠵᠢᠭᠦᠯᠵᠦ᠂ ᠲᠣᠭᠲᠠᠭᠤᠨᠤ ᠳᠤᠮᠳᠠ ᠤᠷᠤᠭᠰᠢᠯᠠᠨ ᠲᠠᠪᠰᠢᠬᠤ ᠠᠵᠢᠯᠤᠨ ᠶᠡᠷᠦᠩᠬᠡᠢ ᠬᠦᠭ ᠠᠶᠠᠰᠢ ᠪᠠᠷᠢᠮᠲᠠᠯᠠᠵᠤ᠂ ᠭᠦᠨᠵᠡᠭᠡᠢ ᠤᠢ᠌ᠯᠠᠭ᠋ᠠᠨ ᠪᠣᠳᠠᠲᠠᠢ ᠠᠵᠢᠯᠯᠠᠬᠤ ᠵᠢ ᠪᠠᠷᠢᠮᠲᠠᠯᠠᠵᠤ᠂ ᠲᠤᠬᠠᠢ ᠵᠢᠨ ᠭᠠᠵᠠᠷ ᠣᠷᠣᠨᠤ ᠪᠠᠶ᠋ᠢᠳᠠᠯᠳᠤᠨᠢ ᠲᠤᠬᠢᠷᠠᠭᠤᠯᠬᠤ᠂ ᠲᠦᠷᠦᠯ ᠬᠤᠪᠢᠶᠠᠨ ᠵᠢᠯᠣᠭᠤᠳᠬᠤ ᠵᠢ ᠪᠠᠷᠢᠮᠲᠠᠯᠠᠵᠤ᠂ ᠠᠷᠠᠳᠤᠨ ᠠᠮᠢᠳᠤᠷᠠᠯᠳᠤ ᠠᠰᠢᠭ ᠬᠦᠷᠲᠡᠭᠡᠬᠦ ᠪᠠ ᠨᠡᠮᠡᠭᠳᠡᠯᠢ ᠲᠣᠭᠲᠠᠪᠤᠷᠢᠵᠢᠭᠤᠯᠬᠤ ᠵᠢ ᠨᠡᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠂ ᠬᠤᠳᠠ ᠵᠢᠨ ᠰᠢᠨᠡᠴᠢᠯᠡᠯᠲᠡ ᠵᠢ ᠨᠡᠩ ᠰᠠᠶ᠋ᠢᠲᠤᠷ ᠬᠡᠷᠡᠭᠵᠢᠭᠦᠯᠵᠦ᠂ ᠬᠤᠳᠠ ᠵᠢᠨ ᠵᠠᠰᠠᠯᠲᠠ ᠵᠢᠨ ᠲᠦᠪᠰᠢᠨᠢ ᠬᠦᠴᠦᠯᠡᠨ ᠳᠡᠭᠡᠭᠰᠢᠯᠡᠭᠦᠯᠵᠦ᠂ ᠰᠠᠢ᠌ᠨ ᠭᠡᠷ ᠪᠠᠶ᠋ᠢᠰᠢᠩ᠂ ᠰᠠᠢ᠌ᠨ ᠰᠠᠭᠤᠭ᠋ᠠᠯᠢ ᠠᠷᠠᠳᠤᠨ ᠲᠣᠭᠤᠷᠢᠭ᠂ ᠰᠠᠢ᠌ᠨ ᠨᠡᠶ᠋ᠢᠭᠡᠮ ᠲᠣᠭᠤᠷᠢᠭ᠂ ᠰᠠᠢ᠌ᠨ ᠬᠤᠳᠠ ᠵᠢᠨ ᠲᠣᠭᠤᠷᠢᠭᠤᠨ 《ᠲᠦᠷᠪᠡᠨ ᠰᠠᠢ᠌ᠨ》 ᠪᠦᠳᠦᠭᠡᠨ ᠪᠠᠶ᠋ᠢᠭᠤᠯᠤᠯᠲᠠ ᠵᠢ ᠰᠠᠶ᠋ᠢᠲᠤᠷ ᠠᠬᠢᠭᠤᠯᠵᠤ᠂ ᠰᠢᠨ᠎ᠡ ᠵᠢ ᠡᠭᠦᠳᠬᠦ᠂ ᠣᠷᠣᠰᠢᠨ ᠰᠠᠭᠤᠬᠤᠳᠤ ᠲᠣᠬᠢᠷᠠᠮᠵᠢᠲᠠᠢ᠂ ᠦᠵᠡᠰᠬᠦᠯᠡᠩᠲᠦ ᠰᠠᠶ᠋ᠢᠬᠠᠨ᠂ ᠤᠶᠠᠨ ᠬᠠᠳᠠᠨ᠂ ᠪᠣᠯᠪᠠᠰᠤᠨ᠂ ᠤᠶᠤᠨᠳᠤ ᠣᠳᠣᠬᠢᠴᠢᠯᠠᠭᠰᠠᠨ ᠠᠷᠠᠳᠤᠨ ᠬᠤᠳᠠ ᠵᠢ ᠪᠦᠳᠦᠭᠡᠨ ᠪᠠᠶ᠋ᠢᠭᠤᠯᠵᠤ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠦᠢ᠍ᠯᠡᠰᠤᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠪᠠᠶ᠋ᠢᠳᠠᠯᠢ ᠡᠭᠦᠳᠴᠦ᠂ 《ᠠᠷᠪᠠᠨ ᠲᠠᠪᠤᠳᠤᠭ᠋ᠠᠷ ᠲᠠᠪᠤᠨ ᠵᠢᠯ》ᠤᠨ ᠰᠠᠶ᠋ᠢᠨ ᠰᠠᠶ᠋ᠢᠬᠠᠨ ᠡᠬᠢᠯᠡᠯᠲᠡ ᠵᠢ ᠪᠡᠶᠡᠯᠡᠭᠦᠯᠬᠦᠳᠤ ᠬᠤᠪᠢ ᠨᠡᠮᠡᠷᠢ ᠦᠵᠡᠭᠦᠯᠦᠨ᠎ᠡ᠃
ᠣᠳᠣᠬᠢᠴᠢᠯᠠᠭᠰᠠᠨ ᠠᠷᠠᠳᠤᠨ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ
· ᠬᠤᠲᠠ ᠵᠢᠨ ᠰᠢᠨᠡᠴᠢᠯᠡᠯᠲᠡ ᠵᠢᠨ ᠠᠵᠢᠯᠢ ᠴᠢᠨᠠᠷ ᠰᠠᠶ᠋ᠢᠲᠠᠶ ᠦᠷᠨᠢᠭᠦᠯᠦᠨ᠎ᠡ᠂ 《ᠠᠷᠪᠠᠨ ᠲᠠᠪᠤᠳᠤᠭ᠋ᠠᠷ ᠲᠠᠪᠤᠨ ᠵᠢᠯ》ᠤᠨ ᠬᠤᠲᠠ ᠵᠢᠨ ᠰᠢᠨᠡᠴᠢᠯᠡᠯᠳᠡ ᠵᠢᠨ ᠲᠤᠰᠬᠠᠶ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ ᠬᠡᠷᠡᠭᠵᠢᠭᠦᠯᠦᠨ᠂ 《ᠬᠤᠸᠠᠷ ᠬᠠᠳᠬᠤᠬᠤ》 ᠤᠷ᠎ᠠ ᠮᠡᠷᠭᠡᠵᠢᠯ ᠵᠶ᠋ᠠᠷ ᠬᠤᠲᠠ ᠪᠠᠯᠭ᠋ᠠᠰᠤᠨᠤ ᠬᠠᠭᠤᠴᠢᠨ ᠰᠠᠭᠤᠭ᠋ᠠᠯᠢ ᠠᠷᠠᠳᠤᠨ ᠲᠣᠭᠤᠷᠢᠭᠤᠨ ᠥᠭᠡᠷᠡᠴᠢᠯᠡᠯᠲᠡ ᠵᠢ ᠨᠠᠷᠢᠯᠢᠬ᠍ᠵᠢᠭᠤᠯᠤᠨ ᠠᠬᠢᠭᠤᠯᠵᠤ᠂ 《ᠬᠤᠶᠠᠷᠢ ᠴᠢᠬᠤᠯᠠᠴᠢᠯᠠᠬᠤ》 《ᠬᠤᠶᠠᠷᠢ ᠰᠢᠨᠡᠴᠢᠯᠡᠬᠦ》 ᠲᠥᠷᠥᠯ ᠵᠦᠢ᠍ᠯᠤᠨ ᠪᠥᠲᠥᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠶ ᠬᠡᠷᠡᠭᠵᠢᠭᠦᠯᠦᠨ᠂ ᠰᠢᠨ᠎ᠡ ᠬᠡᠯᠪᠡᠷᠢ ᠵᠢᠨ ᠬᠤᠲᠠ ᠵᠢᠨ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠢᠳᠡᠪᠬᠢᠲᠡᠶ ᠥᠷᠨᠢᠭᠦᠯᠦᠨ᠎ᠡ᠃
· ᠥᠨᠳᠥᠷ ᠪᠦᠲᠦᠮᠵᠢᠲᠡᠶᠪᠠᠷ ᠬᠤᠲᠠ ᠵᠢᠨ ᠵᠠᠰᠠᠯᠲᠠ ᠵᠢ ᠳᠥᠯᠭᠢᠨ ᠠᠬᠢᠭᠤᠯᠤᠨ᠎ᠠ᠂ ᠬᠤᠲᠠ ᠵᠢᠨ ᠬᠠᠮᠢᠶᠠᠷᠤᠯᠲᠠ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠬᠤ ᠵᠢ ᠳᠥᠯᠭᠢᠨ ᠠᠬᠢᠭᠤᠯᠵᠤ᠂ 《ᠨᠢᠭᠡ ᠵᠥᠪᠯᠡᠯ ᠨᠢᠭᠡ ᠠᠯᠪᠠᠨ ᠬᠡᠷ ᠨᠢᠭᠡ ᠲᠠᠪᠴᠠᠩ》ᠤᠨ ᠦᠢ᠍ᠯᠡᠳᠦᠯᠢ ᠰᠠᠶ᠋ᠢᠲᠤᠷ ᠪᠠᠳᠠᠷᠠᠭᠤᠯᠤᠨ᠂ ᠬᠤᠲᠠ ᠵᠢᠨ ᠬᠠᠮᠢᠶᠠᠷᠤᠯᠲᠠ ᠵᠢ ᠨᠡᠶ᠋ᠢᠭᠡᠮ ᠲᠣᠭᠤᠷᠢᠭᠲᠤ ᠣᠷᠣᠭᠤᠯᠬᠤ ᠠᠵᠢᠯᠢ ᠭᠦᠨᠵᠡᠭᠡᠶ ᠥᠷᠨᠢᠭᠦᠯᠦᠨ᠎ᠡ᠃
· ᠥᠨᠳᠥᠷ ᠪᠠᠷᠢᠮᠵᠢᠶᠠᠪᠠᠷ ᠪᠣᠯᠪᠠᠰᠤᠨ ᠬᠤᠳᠠ ᠵᠢ ᠪᠦᠳᠦᠭᠡᠨ ᠪᠠᠢ᠌ᠭᠤᠯᠤᠨ᠎ᠠ᠂ ᠲᠡᠦᠬᠡ ᠰᠣᠶᠣᠯᠢ ᠬᠠᠮᠠᠭ᠋ᠠᠯᠠᠨ ᠤᠯᠠᠮᠵᠢᠯᠠᠬᠤ ᠰᠢᠰᠲ᠋ᠧᠮᠢ ᠲᠡᠭᠦᠯᠳᠡᠷᠵᠢᠭᠦᠯᠵᠦ᠂ ᠬᠠᠭᠤᠴᠢᠨ ᠬᠤᠳᠠ ᠵᠢᠨ ᠲᠣᠭᠤᠷᠢᠭ ᠪᠣᠯᠤᠨ ᠬᠠᠭᠤᠴᠢᠨ ᠵᠡᠭᠡᠯᠢ ᠲᠣᠭᠤᠷᠢᠭᠤᠨ ᠲᠤᠰᠬᠠᠢ ᠪᠠᠶ᠋ᠢᠴᠠᠭ᠋ᠠᠯᠲᠠ ᠵᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠤᠯᠤᠰᠤᠨ ᠲᠡᠦᠬᠡ ᠰᠣᠶᠣᠯᠤᠨ ᠨᠡᠷᠡᠳᠦ ᠬᠤᠳᠠ ᠵᠢᠨ ᠲᠤᠰᠬᠠᠢ ᠲᠦᠷᠦᠯᠤᠨ ᠦᠨᠡᠯᠡᠯᠲᠡ ᠪᠣᠯᠤᠨ ᠬᠢᠨᠠᠨ ᠪᠠᠢ᠌ᠴᠠᠭ᠋ᠠᠯᠳᠠ ᠵᠢ ᠭᠦᠨᠵᠡᠭᠡᠢ ᠥᠷᠨᠢᠭᠦᠯᠵᠦ᠂ ᠬᠤᠳᠠ ᠵᠢᠨ ᠳᠦᠷᠰᠦ ᠪᠠᠶ᠋ᠢᠳᠠᠯᠤᠨ ᠬᠠᠮᠢᠶᠠᠷᠤᠯᠲᠠ ᠵᠢᠨ ᠲᠦᠷᠢᠮᠢ ᠲᠡᠭᠦᠯᠳᠡᠷᠵᠢᠭᠦᠯᠦᠨ᠎ᠡ᠃
· ᠥᠨᠳᠥᠷ ᠬᠢᠷᠢ ᠲᠦᠪᠰᠢᠨ ᠵᠶ᠋ᠠᠷ ᠬᠤᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠤᠨ᠎ᠠ᠂ ᠣᠷᠣᠰᠢᠨ ᠰᠠᠭᠤᠬᠤᠳᠤ ᠲᠣᠬᠢᠷᠠᠮᠵᠢᠲᠠᠶ ᠰᠢᠶᠠᠨᠤ ᠬᠤᠲᠠ ᠵᠢ ᠪᠥᠲᠥᠭᠡᠨ ᠪᠠᠶ᠋ᠢᠭᠤᠯᠵᠤ᠂ ᠬᠢᠯᠢ ᠵᠢᠨ ᠵᠢᠵᠢᠭ ᠬᠤᠲᠠ ᠪᠠᠯᠭ᠋ᠠᠰᠤ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠤᠨᠤ ᠨᠤᠷᠠᠬᠤ ᠠᠶᠤᠯᠲᠠᠶ ᠬᠡᠷ ᠪᠠᠶ᠋ᠢᠰᠢᠩᠢ ᠥᠭᠡᠷᠡᠴᠢᠯᠡᠨ ᠰᠠᠶ᠋ᠢᠵᠢᠷᠠᠭᠤᠯᠤᠭᠰᠠᠨ ᠦᠷ᠎ᠡ ᠪᠦᠲᠦᠭᠡᠯᠢ ᠪᠠᠬᠢᠵᠢᠭᠦᠯᠵᠦ᠂ ᠤᠯᠠᠮᠵᠢᠯᠠᠯᠲᠤ ᠠᠶ᠋ᠢᠯ ᠲᠣᠰᠬᠤᠨᠤ ᠤᠨᠴᠠᠯᠢᠭᠳᠤ ᠬᠠᠮᠠᠭ᠋ᠠᠯᠠᠯᠲᠠ ᠵᠢᠨ ᠣᠷᠣᠨᠤ ᠲᠤᠷᠰᠢᠯᠲᠠ ᠵᠢᠨ ᠴᠡᠭᠢ ᠥᠷᠨᠢᠭᠦᠯᠦᠨ᠎ᠡ᠃
ᠭᠡᠷ ᠪᠠᠶ᠋ᠢᠰᠢᠩ ᠭᠠᠵᠠᠷ ᠬᠦᠷᠦᠩᠭᠡ ᠵᠢᠨ ᠵᠠᠬ᠎ᠠ ᠳᠡᠯᠭᠡᠭᠦᠷᠢ ᠬᠦᠴᠦᠯᠡᠨ ᠳᠣᠭᠲᠠᠪᠤᠷᠢᠵᠢᠭᠤᠯᠤᠨᠠ
· ᠬᠤᠲᠠ ᠵᠢᠨ ᠪᠠᠢ᠌ᠳᠠᠯᠳᠤᠨᠢ ᠲᠤᠬᠢᠷᠠᠭᠤᠯᠤᠨ ᠲᠥᠷᠥ ᠵᠢᠨ ᠪᠣᠳᠣᠯᠭ᠎ᠠ ᠬᠡᠷᠡᠭᠵᠢᠭᠦᠯᠵᠦ ᠨᠡᠮᠡᠭᠳᠡᠯᠢ ᠬᠢᠵᠠᠭ᠋ᠠᠷᠯᠠᠬᠤ᠂ ᠬᠠᠳᠠᠭ᠋ᠠᠯᠠᠯᠲᠠ ᠵᠢ ᠪᠠᠭ᠋ᠠᠰᠬᠠᠬᠤ᠂ ᠬᠠᠩᠭ᠋ᠠᠯᠭ᠎ᠠ ᠵᠢ ᠰᠢᠯᠢᠳᠡᠭᠵᠢᠭᠦᠯᠦᠨ᠎ᠡ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠬᠠᠩᠭ᠋ᠠᠯᠭ᠎ᠠ ᠵᠢ ᠰᠢᠯᠢᠳᠡᠭᠵᠢᠭᠦᠯᠬᠦ ᠪᠠ ᠨᠠᠷᠢᠯᠢᠭ ᠣᠨᠣᠴᠠᠲᠠᠢᠪᠠᠷ ᠬᠡᠷᠡᠭᠵᠢᠭᠦᠯᠵᠦ᠂ ᠭᠡᠷ ᠪᠠᠶ᠋ᠢᠰᠢᠩᠤᠨ ᠶᠠᠰᠤ ᠴᠢᠨᠠᠷᠢ ᠳᠡᠭᠡᠭᠰᠢᠯᠡᠭᠦᠯᠬᠦ ᠢᠨᠵᠧᠨᠧᠷᠢᠩᠢ ᠬᠡᠷᠡᠭᠵᠢᠭᠦᠯᠦᠨ᠂ 《ᠰᠠᠶ᠋ᠢᠨ ᠭᠡᠷ ᠪᠠᠢ᠌ᠰᠢᠩ》ᠤᠨ ᠪᠦᠲᠦᠭᠡᠨ ᠪᠠᠶ᠋ᠢᠭᠤᠯᠤᠯᠲᠠ ᠵᠢ ᠡᠮᠬᠢ ᠵᠢᠷᠤᠮᠲᠠᠢ ᠠᠬᠢᠭᠤᠯᠤᠨ᠎ᠠ᠃
· ᠭᠡᠷ ᠪᠠᠢ᠌ᠰᠢᠩ ᠭᠠᠵᠠᠷ ᠬᠥᠷᠥᠩᠭᠡ ᠵᠢᠨ ᠲᠥᠷᠥᠯ ᠵᠦᠢ᠍ᠯᠤᠨ 《ᠴᠠᠭ᠋ᠠᠨ ᠨᠡᠷᠡᠰᠤᠨ ᠵᠢᠭᠰᠠᠭ᠋ᠠᠯᠲᠠ》 ᠵᠢᠨ ᠳᠦᠷᠢᠮᠤᠨ ᠦᠢ᠍ᠯᠡᠳᠦᠯᠢ ᠤᠯᠠᠮ ᠨᠢᠭᠡ ᠠᠯᠬᠤᠮ ᠪᠠᠳᠠᠷᠠᠭᠤᠯᠤᠨ᠎ᠠ᠂ ᠭᠡᠷ ᠪᠠᠢ᠌ᠰᠢᠩ ᠭᠠᠵᠠᠷ ᠬᠥᠷᠥᠩᠭᠡ ᠵᠢᠨ ᠠᠵᠤ ᠠᠬᠤᠢ᠍ᠯᠠᠯᠤᠨ ᠪᠡᠯᠡ ᠲᠣᠬᠢᠷᠠᠭᠤᠯᠬᠤ ᠵᠣᠬᠢᠰᠲᠠᠢ ᠬᠡᠷᠡᠭᠴᠡᠭᠡ ᠱᠠᠭ᠋ᠠᠷᠳᠠᠯᠭ᠎ᠠ ᠵᠢ ᠳᠡᠮᠵᠢᠨ᠎ᠡ᠃
· ᠭᠡᠷ ᠪᠠᠢ᠌ᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷᠢ ᠲᠦᠷᠭᠡᠪᠴᠢᠯᠡᠨ ᠪᠠᠢ᠌ᠭᠤᠯᠬᠤ ᠵᠢᠨ ᠬᠠᠮᠲᠤ ᠣᠷᠣᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠳᠦᠷᠢᠮᠤᠨ ᠥᠭᠡᠷᠡᠴᠢᠯᠡᠯᠲᠡ ᠵᠢ ᠭᠦᠨᠵᠡᠭᠡᠢ᠍ᠷᠡᠭᠦᠯᠦᠨᠡ᠃
ᠪᠠᠷᠢᠯᠭ᠎ᠠ ᠵᠢᠨ ᠦᠢ᠍ᠯᠡᠰᠤᠨ ᠶᠠᠰᠤ ᠴᠢᠨᠠᠷᠢ ᠳᠡᠭᠡᠭᠰᠢᠯᠡᠭᠦᠯᠦᠨ ᠳᠡᠰ ᠳᠡᠪᠰᠢᠭᠦᠯᠬᠦ ᠵᠢ ᠲᠦᠷᠭᠡᠳᠭᠡᠨ᠎ᠡ
· ᠠᠵᠤ ᠦᠢ᠍ᠯᠡᠰᠤᠨ ᠬᠡᠯᠪᠡᠷᠢ ᠬᠤᠪᠢᠷᠠᠭᠤᠯᠤᠨ ᠳᠡᠰ ᠳᠡᠪᠰᠢᠬᠦ ᠵᠢ ᠲᠦᠯᠬᠢᠨ ᠠᠬᠢᠭᠤᠯᠤᠨ᠎ᠠ᠂ ᠣᠶᠤᠨᠴᠢ ᠪᠦᠲᠦᠭᠡᠨ ᠪᠠᠢ᠌ᠭᠤᠯᠤᠯᠳᠠ᠂ ᠪᠣᠬᠢᠷᠲᠤᠯ ᠥᠬᠡᠢ ᠪᠦᠲᠦᠭᠡᠨ ᠪᠠᠢ᠌ᠭᠤᠯᠤᠯᠳᠠ ᠵᠢ ᠶᠡᠬᠡᠪᠡᠷ ᠬᠥᠭᠵᠢᠭᠦᠯᠦᠨ᠎ᠡ᠃
· ᠪᠠᠷᠢᠯᠭ᠎ᠠ ᠵᠢᠨ ᠵᠠᠬ᠎ᠠ ᠳᠡᠯᠭᠡᠭᠦᠷᠤᠨ ᠡᠮᠬᠢ ᠳᠢᠭᠯᠢᠮᠢ ᠵᠢᠷᠤᠮᠵᠢᠭᠤᠯᠤᠨ᠎ᠠ᠂ ᠭᠡᠷ ᠪᠠᠶ᠋ᠢᠰᠢᠩ ᠪᠣᠯᠤᠨ ᠬᠣᠲᠠ ᠵᠢᠨ ᠶᠠᠪᠤᠳᠠᠯᠤᠨ ᠬᠦᠷᠢᠶᠡᠨᠤ ᠪᠠᠷᠢᠯᠭ᠎ᠠ ᠵᠢᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠳᠣᠪᠣᠶ᠋ᠢᠮ᠎ᠠ ᠠᠰᠠᠭᠤᠳᠠᠯᠢ ᠲᠤᠰᠬᠠᠶ ᠵᠦᠢ᠍ᠯ ᠵᠶ᠋ᠠᠷ ᠴᠡᠭᠴᠡᠯᠡᠨ ᠵᠠᠰᠠᠬᠤ ᠠᠵᠢᠯᠢ ᠭᠦᠨᠵᠡᠭᠡᠶ ᠥᠷᠨᠢᠭᠦᠯᠦᠨ᠎ᠡ᠃
· ᠲᠤᠬᠠᠢ ᠵᠢᠨ ᠲᠠᠯᠠᠪᠤᠷᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠂ ᠠᠶᠤᠯᠭᠦᠢ ᠦᠢ᠍ᠯᠡᠳᠪᠦᠷᠢᠯᠡᠯᠤᠨ ᠦᠨᠳᠦᠰᠦᠨᠠᠴᠠᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯᠤᠨ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠤᠨ᠎ᠠ᠃
ᠴᠢᠨᠠᠷ ᠰᠠᠶ᠋ᠢᠲᠠᠢ ᠬᠥᠭᠵᠢᠯᠲᠡ ᠵᠢᠨ ᠰᠠᠭᠤᠷᠢ ᠲᠤᠯᠭ᠋ᠠᠭᠤᠷᠢᠯᠠᠯᠢ ᠪᠠᠲᠤᠳᠬᠠᠨ᠎ᠠ
· ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠬᠢᠷᠢ ᠲᠦᠪᠰᠢᠨᠢ ᠳᠡᠭᠡᠭᠰᠢᠯᠡᠭᠦᠯᠵᠦ᠂ ᠪᠠᠷᠢᠮᠵᠢᠶ᠎ᠠ ᠵᠢᠨ ᠰᠢᠰᠲ᠋ᠧᠮᠢ ᠲᠡᠭᠦᠯᠳᠡᠷᠵᠢᠭᠦᠯᠦᠨ᠎ᠡ᠃
· ᠪᠦᠷᠢᠳᠬᠡᠵᠦ ᠵᠠᠳᠠᠯᠤᠯᠲᠠ ᠬᠢᠬᠦ ᠵᠢ ᠴᠢᠩᠭ᠋ᠠᠳᠬᠠᠨ᠂ ᠣᠳᠣ ᠵᠢᠨ ᠬᠡᠷᠡᠭᠵᠢᠭᠦᠯᠵᠦ ᠪᠠᠶ᠋ᠢᠭ᠎ᠠ ᠲᠣᠭ᠎ᠠ ᠪᠦᠷᠢᠳᠬᠡᠯᠤᠨ ᠭᠦᠢ᠍ᠴᠡᠳᠭᠡᠯ ᠲᠣᠭ᠎ᠠ ᠵᠢ ᠰᠢᠯᠢᠳᠡᠭᠵᠢᠭᠦᠯᠬᠦ ᠵᠢ ᠠᠬᠢᠭᠤᠯᠤᠨ᠎ᠠ᠃
· ᠲᠤᠭ᠋ᠠᠴᠢᠯᠠᠯᠳᠠ ᠵᠢᠨ ᠬᠢᠷᠢ ᠲᠦᠪᠰᠢᠨᠢ ᠳᠡᠭᠡᠭᠰᠢᠯᠡᠭᠦᠯᠵᠦ᠂ ᠬᠤᠲᠠ ᠵᠢᠨ ᠮᠡᠳᠡᠭᠡ ᠵᠠᠩᠭᠢ ᠵᠢᠨ ᠵᠠᠭᠪᠤᠷ (CIM)ᠤᠨ ᠪᠦᠲᠦᠭᠡᠨ ᠪᠠᠶ᠋ᠢᠭᠤᠯᠤᠯᠲᠠ ᠵᠢ ᠬᠦᠴᠦᠯᠡᠨ ᠠᠬᠢᠭᠤᠯᠤᠨ᠎ᠠ᠃
· ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠴᠢᠳᠠᠪᠤᠷᠢᠲᠠᠨ ᠵᠶ᠋ᠠᠷ ᠲᠤᠯᠭ᠋ᠠᠭᠤᠷᠢᠯᠠᠭᠤᠯᠬᠤ ᠵᠢ ᠴᠢᠩᠭ᠋ᠠᠳᠬᠠᠵᠤ᠂ ᠨᠢᠭᠡ ᠪᠦᠯᠦᠭ ᠭᠤᠣᠯᠳᠠᠯᠭᠠᠲᠠᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯᠤᠨ ᠪᠣᠭᠤᠮᠲᠠ ᠰᠢᠪᠲᠤᠯᠬᠤ ᠲᠦᠷᠦᠯ ᠵᠦᠢ᠍ᠯᠢ ᠲᠥᠯᠥᠪᠵᠢᠭᠦᠯᠦᠨ᠎ᠡ᠃
· ᠰᠣᠨᠢᠨ ᠮᠡᠳᠡᠭᠡᠨᠤ ᠤᠬᠠᠭᠤᠯᠭ᠎ᠠ ᠵᠢ ᠴᠢᠩᠭ᠋ᠠᠳᠬᠠᠨ᠎ᠠ᠃
· ᠣᠯᠠᠨ ᠤᠯᠤᠰᠤᠨ ᠰᠣᠯᠢᠯᠴᠠᠭ᠎ᠠ ᠬᠠᠮᠳᠤᠷᠠᠯᠴᠠᠭ᠎ᠠ ᠵᠢ ᠴᠢᠩᠭ᠋ᠠᠳᠬᠠᠵᠤ᠂ 《ᠲᠤᠮᠳᠠᠳᠤ ᠤᠯᠤᠰᠤᠨ ᠦᠢ᠍ᠯᠡᠳᠭᠦᠨ》ᠤ ᠳᠡᠯᠡᠬᠡᠢ ᠵᠢᠨ ᠵᠠᠬ᠎ᠠ ᠲᠡᠯᠭᠡᠭᠦᠷᠳᠠᠬᠢ ᠪᠠᠶ᠋ᠢᠷᠢ ᠰᠠᠭᠤᠷᠢ ᠪᠣᠯᠤᠨ ᠥᠷᠢᠰᠦᠯᠳᠡᠬᠦ ᠬᠦᠴᠦ ᠵᠢ ᠡᠷᠴᠢᠮᠵᠢᠭᠦᠯᠦᠨ᠎ᠡ᠃
ᠨᠠᠷᠢᠨ ᠠᠭᠤᠯᠭ᠎ᠠ ᠵᠢ ᠪᠦᠬᠦ ᠤᠯᠤᠰᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯᠤᠨ ᠬᠤᠷᠠᠯ ᠪᠡᠭᠡᠵᠢᠩᠳᠤ ᠬᠤᠷᠠᠯᠳᠤᠪᠠ ᠵᠢ ᠲᠤᠪᠴᠢᠳᠠᠭ᠋ᠠᠷᠠᠢ