4 ᠳ᠋ᠤᠭᠡᠷ ᠰᠠᠷ᠎ᠠ ᠵᠢᠨ 24᠎ᠤ ᠡᠳᠦᠷ᠂ ᠪᠥᠬᠥ ᠣᠷᠣᠨ᠎ᠤ ᠪᠠᠷᠢᠮᠵᠢᠶ᠎ᠠ ᠨᠣᠷᠮ᠎ᠠ ᠲᠤᠭᠳᠠᠭ᠋ᠠᠬᠤ ᠬᠢᠭᠡᠳ ᠪᠠᠷᠢᠯᠭ᠎ᠠ ᠵᠢᠨ ᠡᠨᠧᠷᠭᠢ ᠠᠷᠪᠢᠯᠠᠬᠤ ᠰᠢᠨᠵᠢᠯᠡᠬᠦ ᠤᠬᠠᠭ᠋ᠠᠨ ᠮᠡᠷᠭᠡᠵᠢᠯ ᠵᠢᠴᠢ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃
ᠬᠤᠷᠠᠯ᠎ᠠᠴᠠ 2024 ᠣᠨ᠎ᠤ ᠪᠥᠬᠥ ᠣᠷᠣᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠪᠠ ᠨᠣᠷᠮ᠎ᠠ ᠲᠤᠭᠳᠠᠭ᠋ᠠᠬᠤ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠰᠢᠨᠵᠢᠯᠡᠬᠦ ᠤᠬᠠᠭ᠋ᠠᠨ ᠮᠡᠷᠭᠡᠵᠢᠯ᠂ ᠬᠠᠷᠰᠢ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠲᠣᠬᠢᠷᠠᠭᠤᠯᠤᠨ ᠪᠠᠶ᠋ᠢᠭᠤᠯᠬᠤ ᠵᠢᠴᠢ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠳ᠋ᠦᠩᠨᠡᠨ ᠡᠷᠭᠢᠴᠡᠭᠦᠯᠵᠦ᠂ ᠲᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠵᠢᠶᠠᠨ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠬᠥᠬᠡᠬᠣᠲᠠ᠂ ᠲᠦᠩᠯᠢᠶᠣᠣ ᠬᠤᠳᠠ᠂ ᠣᠷᠳᠣᠰ ᠬᠤᠳᠠ ᠵᠢᠨ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ ᠰᠣᠯᠢᠯᠴᠠᠭ᠋ᠠᠨ᠎ᠤ ᠶᠠᠷᠢᠶ᠎ᠠ ᠲᠠᠯᠪᠢᠵᠠᠢ᠃
ᠬᠤᠷᠠᠯ᠎ᠠᠴᠠ᠂ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠵᠢᠨ ᠠᠵᠢᠯ ᠲᠥᠷᠥᠯ᠎ᠤᠨ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠵᠤ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠵᠢᠨ ᠬᠠᠩᠭ᠋ᠠᠯᠭ᠎ᠠ ᠵᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ᠎ᠪᠠᠷ ᠪᠠᠢ᠌ᠭᠤᠯᠬᠤ ᠣᠷᠣᠨ ᠰᠠᠭᠤᠴᠠ ᠵᠢᠨ ᠲᠣᠭᠣᠷᠢᠭ᠎ᠲᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠲᠣᠬᠢᠷᠠᠭᠤᠯᠤᠨ ᠪᠠᠶ᠋ᠢᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠠᠬᠢᠭᠤᠯᠵᠤ᠂ ᠬᠠᠷᠰᠢ ᠰᠠᠭ᠋ᠠᠳ ᠦᠭᠡᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠬᠢᠷᠢ ᠲᠦᠪᠰᠢᠨ᠎ᠢ ᠲᠡᠭᠡᠭᠰᠢᠯᠡᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠨᠡᠭᠦᠷᠡᠰᠦᠲᠥ᠋ᠷᠥᠭᠴᠢ ᠵᠢ ᠤᠷᠬᠢᠯ᠎ᠳᠤ ᠬᠦᠷᠭᠡᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ᠂ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠪᠣᠬᠢᠷᠲᠤᠯ ᠦᠭᠡᠢ ᠬᠥᠭᠵᠢᠯᠲᠡ ᠪᠠ ᠠᠷᠪᠢᠯᠠᠨ ᠭᠠᠮᠨᠠᠬᠤ ᠵᠢ ᠡᠷᠴᠢᠮᠵᠢᠭᠦᠯᠬᠦ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠪᠠᠷᠢᠯᠭ᠎ᠠ ᠵᠢᠨ ᠦᠢ᠍ᠯᠡᠰ᠎ᠤᠨ ᠬᠡᠯᠪᠡᠷᠢ ᠬᠤᠪᠢᠷᠠᠭᠤᠯᠤᠨ ᠬᠦᠭᠵᠢᠭᠦᠯᠬᠦ ᠵᠢ ᠤᠯᠠᠮ ᠨᠢᠭᠡ ᠠᠯᠬᠤᠮ ᠠᠬᠢᠭᠤᠯᠵᠤ᠂ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠡᠵᠡᠩᠨᠡᠯᠲᠡ ᠵᠢᠨ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢ᠌ᠯᠠᠯ᠎ᠤᠨ ᠵᠣᠭᠣᠰ ᠥᠷᠢᠲᠦᠬᠦ ᠪᠠ ᠬᠦᠯᠦᠰᠦᠨ ᠠᠵᠢᠯᠴᠢᠳ᠎ᠤᠨ ᠴᠠᠯᠢᠩ᠎ᠤᠨ ᠠᠰᠠᠭᠤᠳᠠᠯ᠎ᠢ ᠴᠡᠭᠴᠡᠯᠡᠨ ᠵᠠᠰᠠᠬᠤ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠬᠠᠮᠢᠶ᠎ᠠ ᠪᠦᠬᠦᠢ ᠭᠠᠵᠠᠷ ᠭᠡᠷ᠎ᠤᠨ ᠬᠠᠷᠢᠭᠤᠴᠠᠯᠭ᠋ᠠᠲᠠᠨ᠂ ᠡᠯ᠎ᠡ ᠠᠢ᠌ᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠡᠯ᠎ᠡ ᠨᠡᠢ᠌ᠭᠡᠮᠯᠢᠭ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠢ᠃