6 ᠳ᠋ᠤᠭ᠋ᠠᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠵᠤᠬᠢᠶᠠᠨ ᠪᠠᠢ᠌ᠭᠤᠯᠤᠨ ᠪᠥᠬᠥ ᠣᠷᠣᠨ᠎ᠤ ᠬᠣᠲᠠ ᠪᠠᠯᠭ᠋ᠠᠰᠤ ᠵᠢᠨ ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠬᠦ ᠪᠠ ᠠᠳᠠᠯ ᠠᠬᠤᠢ ᠵᠢᠨ ᠬᠠᠮᠢᠶᠠᠷᠤᠯᠲᠠ ᠵᠢᠨ ᠠᠵᠢᠯ᠎ᠢ ᠪᠠᠢ᠌ᠷᠢᠯᠠᠭᠤᠯᠤᠨ ᠠᠬᠢᠭᠤᠯᠬᠤ ᠸᠢᠳᠢᠤ᠋ ᠬᠤᠷᠠᠯ ᠬᠤᠷᠠᠯᠳᠤᠪᠠ᠃ ᠬᠤᠷᠠᠯ᠎ᠠᠴᠠ ᠡᠯ᠎ᠡ ᠠᠢ᠌ᠮᠠᠭ ᠬᠣᠲᠠ ᠵᠢᠨ ᠬᠣᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠤᠨ ᠥᠭᠡᠷᠡᠴᠢᠯᠡᠯᠲᠡ᠂ ᠠᠳᠠᠯ ᠠᠬᠤᠢ ᠵᠢᠨ ᠬᠠᠮᠢᠶᠠᠷᠤᠯᠲᠠ ᠵᠡᠷᠭᠡ ᠭᠣᠣᠯᠳᠠᠯᠭ᠎ᠠ᠎ᠲᠠᠢ ᠠᠵᠢᠯ᠎ᠤᠨ ᠠᠬᠢᠴᠠ ᠵᠢᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠲᠡᠳ᠋ ᠳᠠᠷᠤᠭ᠎ᠠ ᠵᠠᠩ ᠾᠧ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ᠎ᠠᠴᠠ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠴᠢᠩᠭ᠋ᠠᠳᠬᠠᠵᠤ᠂ ᠶᠠᠪᠤᠴᠠ ᠵᠢᠨ ᠬᠠᠮᠢᠶᠠᠷᠤᠯᠲᠠ ᠵᠢ ᠴᠢᠩᠳᠠᠯᠠᠵᠤ᠂ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ᠎ᠤᠨ ᠱᠠᠭ᠋ᠠᠷᠳᠠᠯᠭ᠎ᠠ ᠶᠣᠰᠣᠭ᠋ᠠᠷ᠂ ᠬᠤᠳᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠤᠨ ᠥᠭᠡᠷᠡᠴᠢᠯᠡᠯᠲᠡ᠂ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠨᠢᠭᠡᠨᠲᠡ ᠪᠠᠢ᠌ᠭ᠎ᠠ ᠣᠷᠣᠨ ᠰᠠᠭᠤᠴᠠ᠎ᠳᠤ ᠴᠠᠬᠢᠯᠭ᠋ᠠᠨ ᠱᠠᠲᠤ ᠨᠡᠮᠡᠵᠦ ᠤᠭᠰᠠᠷᠠᠬᠤ᠂ ᠬᠠᠭᠤᠴᠢᠨ ᠣᠷᠣᠨ ᠰᠠᠭᠤᠴᠠ ᠵᠢᠨ ᠴᠠᠬᠢᠯᠭ᠋ᠠᠨ ᠱᠠᠲᠤ ᠵᠢ ᠰᠢᠨᠡᠴᠢᠯᠡᠬᠦ᠂ ᠪᠦᠷᠢᠨ ᠪᠦᠲᠦᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠡᠷᠭᠡ ᠬᠣᠯᠪᠣᠭᠳᠠᠯ ᠪᠦᠬᠦᠢ ᠠᠵᠢᠯ᠎ᠢ ᠲᠦᠷᠭᠡᠨ ᠠᠬᠢᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠵᠢ ᠪᠠᠷᠢᠮᠲᠠᠯᠠᠵᠤ᠂ ᠡᠯ᠎ᠡ ᠲᠦᠷᠦᠯ᠎ᠤᠨ ᠪᠡᠯᠡᠳᠭᠡᠮᠵᠢ ᠲᠥᠬᠦᠭᠡᠷᠦᠮᠵᠢ ᠵᠢᠨ ᠲᠤᠳᠠᠭᠳᠠᠯ᠎ᠢ ᠨᠥᠬᠥᠪᠦᠷᠢᠯᠡᠵᠦ᠂ ᠣᠨ᠎ᠤ ᠬᠠᠷᠠᠯᠲᠠ ᠡᠭᠦᠷᠭᠡ᠎ᠪᠠᠨ ᠤᠷᠤᠭᠰᠢᠲᠠᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠠᠳᠠᠯ ᠠᠬᠤᠢ ᠵᠢᠨ ᠬᠠᠮᠢᠶᠠᠷᠤᠯᠲᠠ ᠵᠢᠨ ᠠᠵᠢᠯ ᠪᠣᠯ ᠤᠯᠠᠨ ᠲᠦᠮᠡᠨ᠎ᠤ ᠠᠰᠢᠭ ᠲᠤᠰᠠᠲᠠᠢ ᠬᠣᠯᠪᠣᠭᠳᠠᠬᠤ 《ᠵᠠᠩᠭᠢᠯᠠᠭ᠎ᠠ ᠵᠢᠨ ᠪᠠᠭ᠎ᠠ ᠶᠠᠪᠤᠳᠠᠯ》 ᠪᠣᠯᠣᠨ᠎ᠠ᠂ ᠮᠥᠨᠴᠦ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ᠎ᠲᠠᠢ ᠬᠣᠯᠪᠣᠭᠳᠠᠬᠤ 《ᠠᠷᠠᠳ᠎ᠤᠨ ᠠᠮᠢᠳᠤᠷᠠᠯ᠎ᠤᠨ ᠶᠡᠬᠡ ᠶᠠᠪᠤᠳᠠᠯ》 ᠪᠣᠯᠣᠨ᠎ᠠ᠂ ᠠᠵᠢᠯ᠎ᠤᠨ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠠᠳᠠᠯ ᠠᠬᠤᠢ ᠵᠢᠨ ᠬᠠᠮᠢᠶᠠᠷᠤᠯᠲᠠ ᠵᠢᠨ ᠡᠯ᠎ᠡ ᠲᠠᠯ᠎ᠠ ᠵᠢᠨ ᠠᠵᠢᠯ᠎ᠢ ᠪᠣᠳᠠᠲᠠᠢ ᠪᠥᠭᠡᠳ ᠨᠠᠷᠢᠯᠢᠭ ᠬᠢᠵᠦ᠂ ᠪᠦᠬᠦ ᠣᠷᠣᠨ᠎ᠤ ᠠᠳᠠᠯ ᠠᠬᠤᠢ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠬᠠᠮᠢᠶ᠎ᠠ ᠪᠦᠬᠦᠢ ᠭᠠᠵᠠᠷ ᠭᠡᠷ᠎ᠤᠨ ᠬᠠᠷᠢᠭᠤᠴᠠᠯᠭ᠋ᠠᠲᠠᠨ᠂ ᠡᠯ᠎ᠡ ᠠᠢ᠌ᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃