ᠡᠨᠡ ᠵᠢᠯ᠎ᠤᠨ 6 ᠳ᠋ᠤᠭ᠋ᠠᠷ ᠰᠠᠷ᠎ᠠ ᠪᠣᠯ 24 ᠳ᠋ᠤᠭᠡᠷ ᠪᠥᠬᠥ ᠤᠯᠤᠰ᠎ᠤᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠪᠣᠯᠣᠨ᠎ᠠ᠂ ᠲᠤᠰ ᠠᠵᠢᠯᠯᠠᠭ᠋ᠠᠨ᠎ᠤ ᠭᠣᠣᠯ ᠰᠡᠳᠦᠪ᠎ᠨᠢ 《ᠬᠥᠮᠥᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠴᠢᠳᠠᠬᠤ — ᠳᠡᠷᠭᠡᠳᠡᠬᠢ ᠠᠮᠤᠷ ᠲᠦᠪᠰᠢᠨ᠎ᠤ ᠬᠡᠮ ᠰᠣᠭᠣᠭ᠎ᠢ ᠡᠷᠢᠶ᠎ᠡ》 ᠪᠤᠯᠤᠨ᠎ᠠ᠃

6 ᠳ᠋ᠤᠭ᠋ᠠᠷ ᠰᠠᠷ᠎ᠠ ᠵᠢᠨ 16᠎ᠤ ᠡᠳᠦᠷ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠤᠮᠠᠷᠠᠲᠤ ᠣᠷᠣᠨ᠎ᠤ ᠠᠭ᠋ᠠᠷ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠲᠥᠷᠥᠯ ᠵᠦᠢ᠍ᠯ᠎ᠤᠨ ᠬᠡᠯᠲᠡᠰ᠎ᠲᠤ 2025 ᠣᠨ᠎ᠤ ᠪᠥᠬᠥ ᠤᠯᠤᠰ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ 《ᠠᠮᠤᠷ ᠲᠦᠪᠰᠢᠨ᠎ᠤ ᠤᠬᠠᠭᠤᠯᠭ᠎ᠠ ᠯᠠᠪᠯᠠᠯᠭ᠎ᠠ ᠵᠢᠨ ᠡᠳᠦᠷ》᠎ᠤᠨ ᠲᠤᠬᠠᠢ ᠵᠢᠨ ᠲᠠᠯᠠᠪᠤᠷ᠎ᠤᠨ ᠠᠵᠢᠯᠯᠠᠭ᠎ᠠ ᠡᠷᠬᠢᠯᠡᠪᠡ᠃
ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠯᠢ ᠰᠢᠶᠣᠣ ᠯᠦᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠶᠤᠤ ᠶᠦᠩ ᠪᠥᠸᠧ ᠪᠠᠶᠠᠷ᠎ᠤᠨ ᠦᠭᠡ ᠬᠡᠯᠡᠵᠡᠢ᠃
ᠯᠢ ᠰᠢᠶᠣᠣ ᠯᠦᠩ᠂ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢ ᠥᠷᠨᠢᠭᠦᠯᠬᠦ ᠵᠢᠨ ᠴᠢᠬᠤᠯᠠ ᠡᠭᠦᠷᠭᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠨ ᠦᠨᠡᠨᠬᠦ ᠴᠢᠨᠠᠷ ᠰᠠᠢ᠌ᠲᠠᠢ ᠬᠥᠭᠵᠢᠯᠲᠡ ᠪᠣᠯᠣᠨ ᠥᠨᠳᠥᠷ ᠲᠦᠪᠰᠢᠨ᠎ᠲᠠᠢ ᠠᠮᠤᠷ ᠲᠦᠪᠰᠢᠨ᠎ᠤ ᠬᠠᠮᠵᠢᠯᠴᠠᠨ ᠤᠷᠤᠭᠰᠢᠯᠠᠬᠤ ᠵᠢ ᠠᠬᠢᠭᠤᠯᠬᠤ ᠦᠢ᠍ᠯᠡᠳᠦᠯᠭᠡ ᠵᠢᠨ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠬᠤ ᠶᠠᠪᠤᠳᠠᠯ ᠪᠣᠯᠣᠨ᠎ᠠ᠃ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠰᠢᠰᠲ᠋ᠧᠮ᠎ᠨᠢ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠭᠣᠣᠯ ᠰᠡᠳᠦᠪ ᠱᠠᠭ᠋ᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠪᠥᠬᠥ ᠠᠷᠠᠳ᠎ᠤᠨ ᠠᠮᠤᠷ ᠲᠦᠪᠰᠢᠨ᠎ᠤ ᠰᠣᠶᠣᠯ᠎ᠢ ᠶᠡᠬᠡᠪᠡᠷ ᠭᠦᠨᠵᠡᠭᠡᠢ᠌ᠷᠡᠭᠦᠯᠵᠦ᠂ ᠠᠮᠤᠷ ᠲᠦᠪᠰᠢᠨ᠎ᠤ ᠶᠡᠷᠦ ᠵᠢᠨ ᠮᠡᠳᠡᠯᠭᠡ ᠵᠢ ᠰᠢᠰᠲ᠋ᠧᠮ᠎ᠲᠠᠢ ᠲᠦᠭᠡᠮᠡᠯᠵᠢᠭᠦᠯᠦᠨ᠂ ᠠᠶᠤᠯ ᠲᠦᠭᠰᠢᠭᠦᠷᠢ ᠵᠢᠨ ᠳᠠᠯᠳᠠ ᠬᠡᠮ᠎ᠢ ᠢᠯᠭ᠋ᠠᠨ ᠲᠠᠨᠢᠬᠤ ᠪᠠ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠢ᠌ᠯᠠᠯ᠎ᠤᠨ ᠬᠠᠤᠯᠢ ᠵᠢᠨ ᠡᠷᠬᠡᠲᠡᠨ᠂ ᠠᠮᠤᠷ ᠲᠦᠪᠰᠢᠨ᠎ᠤ ᠶᠡᠷᠦᠩᠬᠡᠢ ᠬᠢᠨᠠᠭᠴᠢ᠂ ᠲᠥᠷᠥᠯ ᠵᠦᠢ᠍ᠯ᠎ᠤᠨ ᠳᠠᠭ᠋ᠠᠭ᠋ᠠᠮᠠᠯ ᠵᠡᠷᠭᠡ ᠵᠠᠩᠭᠢᠯᠠᠭ᠎ᠠ ᠵᠢᠨ ᠠᠵᠢᠯ᠎ᠤᠨ ᠪᠠᠢ᠌ᠷᠢ ᠵᠢᠨ ᠠᠵᠢᠯᠲᠠᠨ᠎ᠤ ᠬᠠᠤᠯᠢ᠎ᠪᠠᠷ ᠵᠠᠰᠠᠬᠤ ᠬᠥᠮᠦᠵᠢᠯ᠎ᠢ ᠭᠣᠣᠯᠳᠠᠯᠭ᠎ᠠ᠎ᠲᠠᠢ ᠰᠠᠢ᠌ᠲᠤᠷ ᠠᠳᠬᠤᠵᠤ᠂ ᠠᠮᠤᠷ ᠲᠦᠪᠰᠢᠨ᠎ᠤ ᠪᠤᠯᠪᠠᠰᠤᠷᠠᠯ᠎ᠢ ᠦᠢ᠍ᠯᠡᠳᠪᠦᠷᠢᠯᠡᠯ᠎ᠤᠨ ᠨᠢᠭᠡᠳᠦᠭᠡᠷ ᠹᠷᠣᠨᠲ ᠳᠠᠰᠢ ᠤᠷᠲᠤᠳᠬᠠᠬᠤ᠂ ᠦᠨᠳᠦᠰᠦᠨ ᠱᠠᠲᠤᠨ᠎ᠤ ᠠᠩᠬᠢ ᠳᠤᠭᠤᠢ᠌ᠯᠠᠩ᠎ᠳᠤ ᠭᠦᠨᠵᠡᠭᠡᠢ᠌ᠷᠡᠭᠦᠯᠬᠦ ᠵᠢ ᠠᠬᠢᠭᠤᠯᠤᠨ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠣᠨᠣᠯᠵᠢᠬᠤᠨ᠎ᠤ ᠲᠠᠰ ᠳᠡᠪᠰᠢᠬᠦ ᠵᠢ ᠬᠦᠴᠦᠯᠡᠨ ᠠᠬᠢᠭᠤᠯᠵᠤ᠂ ᠠᠮᠤᠷ ᠲᠦᠪᠰᠢᠨ᠎ᠤ ᠰᠡᠷᠭᠡᠢ᠌ᠯᠡᠨ ᠡᠵᠡᠮᠳᠡᠬᠦ ᠰᠢᠰᠲ᠋ᠧᠮᠵᠢ ᠵᠢᠨ 《ᠬᠡᠷᠡᠭ᠎ᠤᠨ ᠳᠠᠷᠠᠭ᠎ᠠ ᠨᠥᠬᠥᠪᠦᠷᠢᠯᠡᠬᠦ》᠎ᠠᠴᠠ 《ᠬᠡᠷᠡᠭ᠎ᠤᠨ ᠡᠮᠦᠨ᠎ᠡ ᠰᠡᠷᠭᠡᠢ᠌ᠯᠡᠬᠦ》 ᠪᠠᠢ᠌ᠯᠳᠤᠬᠤ ᠪᠣᠳᠣᠯᠭ᠎ᠠ ᠵᠢᠨ ᠬᠡᠯᠪᠡᠷᠢ ᠬᠤᠪᠢᠷᠠᠭᠤᠯᠬᠤ ᠵᠢ ᠠᠬᠢᠭᠤᠯᠤᠨ᠎ᠠ ᠭᠡᠵᠦ ᠢᠯᠡᠷᠬᠡᠢ᠌ᠯᠡᠪᠡ᠃
ᠯᠢ ᠰᠢᠶᠣᠣ ᠯᠦᠩ᠂ ᠡᠨᠡ ᠵᠢᠯ ᠪᠣᠯ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠤᠷᠢᠳᠤᠬᠢ ᠵᠢ ᠵᠠᠯᠭ᠋ᠠᠮᠵᠢᠯᠠᠨ ᠬᠣᠢ᠌ᠰᠢᠬᠢ᠎ᠳᠤ ᠵᠠᠮ ᠨᠡᠭᠡᠭᠡᠬᠦ ᠵᠢᠯ ᠪᠣᠯᠣᠨ᠎ᠠ᠂ ᠡᠯ᠎ᠡ ᠭᠠᠵᠠᠷ᠎ᠤᠨ᠎ᠬᠢᠨ ᠠᠮᠤᠷ ᠲᠦᠪᠰᠢᠨ᠎ᠤ ᠭᠡᠮ ᠰᠣᠭᠣᠭ᠎ᠢ ᠪᠠᠢ᠌ᠴᠠᠭ᠋ᠠᠨ ᠵᠠᠰᠠᠬᠤ ᠵᠢ ᠭᠦᠨᠵᠡᠭᠡᠢ ᠥᠷᠨᠢᠭᠦᠯᠵᠦ᠂ ᠳᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠮᠥᠨ ᠴᠢᠨᠠᠷ᠎ᠤᠨ ᠠᠮᠤᠷ ᠲᠦᠪᠰᠢᠨ᠎ᠤ ᠬᠢᠷᠢ ᠲᠦᠪᠰᠢᠨ᠎ᠢ ᠦᠨᠡᠨᠬᠦ ᠳᠡᠭᠡᠭᠰᠢᠯᠡᠭᠦᠯᠵᠦ᠂ ᠬᠦᠨᠳᠦ ᠶᠡᠬᠡ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠡᠷᠡᠰ ᠰᠡᠷᠭᠡᠢ᠌ᠯᠡᠨ ᠬᠣᠷᠢᠭᠯᠠᠵᠤ᠂ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠬᠤᠷᠠᠯ᠎ᠳᠤ ᠤᠷᠤᠯᠴᠠᠭᠰᠠᠳ᠎ᠢ ᠵᠣᠬᠢᠶᠠᠨ ᠪᠠᠢ᠌ᠭᠤᠯᠤᠨ 2025 ᠣᠨ᠎ᠤ ᠭᠡᠷ ᠪᠠᠢ᠌ᠰᠢᠩ ᠬᠤᠳᠠ ᠵᠢᠨ ᠶᠠᠪᠤᠳᠠᠯ᠎ᠤᠨ ᠢᠨᠵᠧᠨᠧᠷᠢᠩ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠤᠨ ᠰᠡᠷᠡᠮᠵᠢ ᠬᠥᠮᠦᠵᠢᠯ᠎ᠤᠨ ᠹᠢᠯᠢᠮ᠎ᠢ ᠦᠵᠡᠭᠦᠯᠵᠦ᠂ ᠲᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠳᠠ᠎ᠳᠤ ᠣᠷᠣᠯᠴᠠᠭᠰᠠᠨ ᠨᠢᠭᠡᠴᠢ ᠵᠢᠨ ᠲᠥᠯᠥᠭᠡᠯᠡᠭᠴᠢᠳ 《ᠬᠥᠮᠥᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠴᠢᠳᠠᠬᠤ — ᠳᠡᠷᠭᠡᠳᠡᠬᠢ ᠠᠮᠤᠷ ᠲᠦᠪᠰᠢᠨ᠎ᠤ ᠬᠡᠮ ᠰᠣᠭᠣᠭ᠎ᠢ ᠡᠷᠢᠶ᠎ᠡ》 ᠭᠤᠤᠯ ᠰᠡᠳᠦᠪᠳᠦ ᠰᠠᠨᠠᠭ᠋ᠠᠴᠢᠯᠠᠭ᠎ᠠ ᠵᠢᠨ ᠪᠢᠴᠢᠭ᠎ᠢ ᠤᠩᠰᠢᠨ ᠨᠡᠢ᠌ᠲᠡᠯᠡᠵᠦ᠂ ᠪᠠᠷᠢᠯᠭ᠎ᠠ ᠵᠢᠨ ᠲᠤᠬᠠᠢ ᠵᠢᠨ ᠲᠠᠯᠠᠪᠠᠢ ᠵᠢᠨ ᠬᠡᠮ ᠰᠣᠭᠣᠭ᠎ᠢ ᠡᠷᠢᠬᠦ᠂ ᠭᠠᠯ ᠤᠨᠲᠠᠷᠠᠭ᠋ᠠᠬᠤ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠰᠣᠷᠢᠯᠲᠠ ᠵᠡᠷᠭᠡ ᠠᠵᠢᠯᠯᠠᠭ᠎ᠠ ᠵᠢ ᠥᠷᠨᠢᠭᠦᠯᠪᠡ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠪᠠᠰᠠ ᠤᠯᠠᠨ ᠦᠵᠡᠭᠦᠯᠦᠯᠭᠡ ᠵᠢᠨ ᠣᠷᠣᠨ ᠲᠣᠭᠣᠷᠢᠭ ᠲᠣᠬᠢᠷᠠᠭᠤᠯᠵᠤ᠂ ᠶᠠᠰᠤ ᠴᠢᠨᠠᠷ ᠠᠮᠤᠷ ᠲᠦᠪᠰᠢᠨ᠎ᠤ ᠬᠡᠮ ᠰᠣᠭᠣᠭ᠎ᠢ ᠣᠶᠤᠨᠴᠢ ᠵᠢᠭᠰᠠᠭ᠋ᠠᠨ ᠪᠠᠢ᠌ᠴᠠᠭ᠋ᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠡᠬᠢ ᠪᠠᠶᠠᠯᠢᠭ᠎ᠤᠨ ᠳᠠᠬᠢᠯᠲᠠ ᠠᠰᠢᠭᠯᠠᠬᠤ ᠮᠡᠷᠭᠡᠵᠢᠯ᠂ ᠡᠨᠧᠷᠭᠢ ᠠᠷᠪᠢᠯᠠᠵᠤ ᠳᠤᠯᠠᠭ᠋ᠠᠨ᠎ᠢ ᠬᠠᠮᠠᠭ᠋ᠠᠯᠠᠬᠤ ᠪᠠ ᠪᠠᠷᠢᠯᠭ᠎ᠠ ᠵᠢᠨ ᠪᠦᠲᠦᠴᠡ ᠵᠢ ᠨᠢᠭᠡ ᠴᠣᠭᠴᠠᠵᠢᠭᠤᠯᠤᠭᠰᠠᠨ ᠪᠠᠷᠢᠯᠭ᠎ᠠ ᠵᠢᠨ ᠮᠡᠷᠭᠡᠵᠢᠯ᠂ 5G ᠠᠯᠤᠰ᠎ᠠᠴᠠ ᠡᠵᠡᠮᠳᠡᠬᠦ᠂ ᠪᠠᠷᠢᠯᠭ᠎ᠠ ᠵᠢᠨ ᠮᠠᠰᠢᠨ ᠬᠥᠮᠥᠨ ᠪᠣᠯᠣᠨ ᠣᠶᠤᠨᠲᠤ ᠪᠠᠷᠢᠯᠭ᠎ᠠ ᠵᠢᠨ ᠭᠠᠵᠠᠷ᠎ᠤᠨ ᠲᠤᠭ᠋ᠠᠴᠢᠯᠠᠭᠰᠠᠨ ᠲᠠᠪᠴᠠᠩ ᠵᠡᠷᠭᠡ ᠪᠠᠷᠢᠯᠭ᠎ᠠ ᠵᠢᠨ ᠬᠦᠷᠢᠶᠡᠨ᠎ᠤ ᠲᠡᠷᠢᠭᠦᠨ᠎ᠤ ᠮᠡᠷᠭᠡᠵᠢᠯ᠎ᠤᠨ ᠲᠤᠨᠤᠭ ᠲᠥᠬᠦᠭᠡᠷᠦᠮᠵᠢ ᠵᠢ ᠳᠡᠯᠭᠡᠨ ᠦᠵᠡᠭᠦᠯᠵᠡᠢ᠃ ᠤᠬᠠᠭᠤᠯᠭ᠎ᠠ ᠵᠢᠨ ᠰᠠᠮᠪᠠᠷ᠎ᠠ᠂ ᠪᠠᠷᠢᠯᠭ᠎ᠠ ᠵᠢᠨ ᠭᠣᠭᠴᠣᠭ᠎ᠠ ᠵᠢᠨ ᠦᠵᠡᠭᠦᠯᠦᠯᠭᠡ᠂ ᠪᠠᠴᠢᠮ ᠪᠠᠢ᠌ᠳᠠᠯ᠎ᠢ ᠠᠷᠭ᠋ᠠᠴᠠᠬᠤ ᠮᠡᠳᠡᠯᠭᠡ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠶᠦᠯᠭᠦᠢ ᠦᠢ᠍ᠯᠡᠳᠪᠦᠷᠢᠯᠡᠯ᠎ᠤᠨ ᠬᠤᠷᠢᠭ᠎ᠠ ᠱᠤᠭᠤᠮ᠎ᠤᠨ ᠦᠵᠡᠯ ᠤᠬᠠᠮᠰᠠᠷ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠠᠮᠤᠷ ᠲᠦᠪᠰᠢᠨ᠎ᠤ ᠶᠡᠷᠦ ᠵᠢᠨ ᠮᠡᠳᠡᠯᠭᠡ ᠵᠢ ᠤᠬᠠᠭᠤᠯᠵᠤ᠂ ᠠᠵᠢᠯ ᠡᠷᠬᠢᠯᠡᠭᠰᠡᠳ᠎ᠤᠨ ᠠᠮᠤᠷ ᠲᠦᠪᠰᠢᠨ᠎ᠤ ᠦᠵᠡᠯ ᠤᠬᠠᠮᠰᠠᠷ ᠪᠠ ᠠᠶᠤᠯ᠎ᠠᠴᠠ ᠵᠠᠢ᠌ᠯᠠᠵᠤ ᠠᠮᠢ ᠵᠢᠭᠤᠲᠠᠬᠤ ᠴᠢᠳᠠᠪᠤᠷᠢ ᠵᠢ ᠳᠡᠭᠡᠭᠰᠢᠯᠡᠭᠦᠯᠦᠨ᠂ 《ᠬᠥᠮᠥᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠢ᠌ᠳᠠᠯ᠎ᠢ ᠠᠷᠭ᠋ᠠᠴᠠᠵᠤ ᠴᠢᠳᠠᠬᠤ》 ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠤᠯᠭ᠋ᠠᠪᠠ᠃

ᠯᠢ ᠰᠢᠶᠣᠣ ᠯᠦᠩ᠂ ᠶᠤᠤ ᠶᠦᠩ ᠪᠥᠸᠧ ᠨᠠᠷ ᠨᠢᠭᠡᠳᠦᠭᠡᠷ ᠹᠷᠣᠨᠲ᠎ᠤᠨ ᠪᠠᠷᠢᠯᠭ᠎ᠠ ᠵᠢᠨ ᠠᠵᠢᠯᠳᠠᠨ᠎ᠤ ᠲᠥᠯᠥᠭᠡᠯᠡᠭᠴᠢᠳ᠎ᠲᠤ 《ᠭᠡᠷ ᠪᠠᠢ᠌ᠰᠢᠩ ᠬᠤᠳᠠ ᠵᠢᠨ ᠶᠠᠪᠤᠳᠠᠯ᠎ᠤᠨ ᠢᠨᠵᠧᠨᠧᠷᠢᠩ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠬᠦᠨᠳᠦ ᠶᠡᠬᠡ ᠡᠨᠳᠡᠯ᠎ᠤᠨ ᠭᠡᠮ ᠰᠣᠭᠣᠭ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ (2024 ᠬᠡᠪᠯᠡᠯ) ᠵᠢᠨ ᠤᠬᠠᠭᠤᠯᠭ᠎ᠠ ᠵᠢᠨ ᠵᠢᠷᠤᠭᠲᠤ ᠳᠡᠪᠲᠡᠷ》᠂ 《ᠠᠶᠤᠯᠲᠤ ᠴᠢᠨᠠᠷ ᠵᠶ᠋ᠠᠷ ᠨᠡᠯᠢᠶᠡᠳ ᠶᠡᠬᠡ ᠬᠡᠰᠡᠭ ᠲᠦᠷᠦᠯ ᠬᠤᠪᠢᠶᠠᠭᠰᠠᠨ ᠪᠠᠷᠢᠯᠭ᠎ᠠ ᠵᠢᠨ ᠲᠤᠰᠬᠠᠢ ᠲᠦᠷᠦᠯ᠎ᠤᠨ ᠪᠠᠷᠢᠯᠭ᠎ᠠ ᠵᠢᠨ ᠲᠥᠰᠥᠯ᠎ᠤᠨ ᠬᠦᠨᠳᠦ ᠨᠣᠴᠢᠲᠠᠢ ᠭᠡᠮ ᠰᠣᠭᠣᠭ᠎ᠤᠨ ᠨᠠᠷᠢᠨ ᠳᠠᠩᠰᠠ (ᠲᠤᠷᠰᠢᠨ ᠬᠡᠷᠡᠭᠵᠢᠭᠦᠯᠬᠦ) ᠤᠬᠠᠭᠤᠯᠭ᠎ᠠ ᠵᠢᠨ ᠵᠢᠷᠤᠭᠲᠤ ᠳᠡᠪᠲᠡᠷ》 ᠵᠡᠷᠭᠡ ᠠᠶᠤᠯᠭᠦᠢ ᠦᠢ᠍ᠯᠡᠳᠪᠦᠷᠢᠯᠡᠯ᠎ᠤᠨ ᠨᠣᠮ ᠪᠢᠴᠢᠭ᠎ᠢ ᠬᠦᠷᠭᠡᠵᠡᠢ᠃ ᠡᠲᠡᠭᠡᠷ᠎ᠨᠢ ᠪᠠᠷᠢᠯᠭ᠎ᠠ ᠵᠢᠨ ᠲᠤᠬᠠᠢ ᠵᠢᠨ ᠲᠠᠯᠠᠪᠤᠷ᠎ᠤᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠰᠢᠰᠲ᠋ᠧᠮ᠎ᠢ ᠲᠡᠭᠦᠯᠳᠡᠷᠵᠢᠭᠦᠯᠬᠦ ᠵᠠᠩᠭᠢᠯᠠᠭ᠎ᠠ ᠵᠢᠨ ᠪᠢᠴᠢᠭ ᠮᠠᠲ᠋ᠧᠷᠢᠶᠠᠯ ᠪᠣᠯᠤᠭᠰᠠᠨ᠎ᠤ ᠬᠤᠪᠢ᠎ᠳᠤ᠂ ᠬᠦᠨᠳᠦ ᠶᠡᠬᠡ ᠡᠨᠳᠡᠯ᠎ᠤᠨ ᠬᠡᠮ ᠰᠣᠭᠣᠭ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠪᠠ ᠬᠦᠨᠳᠦ ᠨᠣᠴᠢᠲᠠᠢ ᠬᠡᠮ ᠰᠣᠭᠣᠭ᠎ᠤᠨ ᠲᠣᠳᠣᠷᠬᠠᠢ ᠬᠠᠭᠤᠳᠠᠰᠤ ᠵᠢᠨ ᠪᠠᠷᠢᠯᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ᠂ ᠭᠦᠨ ᠨᠦᠬᠡ ᠵᠢᠨ ᠪᠠᠷᠢᠯᠭ᠎ᠠ᠂ ᠬᠢᠵᠠᠭ᠋ᠠᠷ᠎ᠲᠠᠢ ᠣᠷᠣᠨ ᠵᠠᠢ ᠳᠤ ᠠᠵᠢᠯᠯᠠᠬᠤ ᠵᠡᠷᠭᠡ ᠣᠯᠠᠨ ᠬᠦᠷᠢᠶ᠎ᠡ ᠵᠢ ᠬᠠᠮᠦᠷᠠᠵᠤ᠂
ᠨᠢᠭᠡᠳᠦᠯᠲᠡᠢ᠂ ᠰᠢᠨᠵᠢᠯᠡᠬᠦ ᠤᠬᠠᠭ᠋ᠠᠨᠴᠢ᠂ ᠬᠠᠨᠳᠤᠯᠭ᠋ᠠᠲᠤ ᠴᠢᠨᠠᠷᠲᠠᠢ ᠮᠠᠭ᠋ᠠᠳᠯᠠᠨ ᠲᠣᠭᠲᠠᠭ᠋ᠠᠬᠤ ᠦᠨᠳᠦᠰᠦᠯᠡᠯ᠎ᠢ ᠲᠣᠳᠣᠷᠬᠠᠢ᠌ᠯᠠᠵᠤ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠳᠤ ᠨᠠᠷᠢᠯᠢᠭ ᠣᠨᠣᠴᠠᠲᠠᠢ ᠵᠢᠯᠣᠭᠣᠳᠤᠯᠭ᠎ᠠ ᠬᠠᠩᠭ᠋ᠠᠭᠰᠠᠨ ᠪᠠᠢ᠌ᠨ᠎ᠠ᠃
ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠬᠠᠮᠢᠶ᠎ᠠ ᠪᠦᠬᠦᠢ ᠵᠤᠷᠭ᠋ᠠᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠬᠡᠰᠡᠭ ᠭᠡᠷ ᠪᠠᠢ᠌ᠰᠢᠩ ᠬᠣᠲᠠ ᠵᠢᠨ ᠶᠠᠪᠤᠳᠠᠯ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠠᠵᠤ ᠠᠬᠤᠢ᠌ᠯᠠᠯ ᠪᠠ ᠨᠢᠭᠡᠳᠦᠭᠡᠷ ᠹᠷᠣᠨᠲ᠎ᠤᠨ ᠪᠠᠷᠢᠯᠭ᠎ᠠ ᠵᠢᠨ ᠠᠵᠢᠯᠴᠢᠨ᠎ᠤ ᠲᠥᠯᠥᠭᠡᠯᠡᠭᠴᠢ ᠠᠵᠢᠯᠯᠠᠭ᠎ᠠ᠎ᠳᠤ ᠤᠷᠤᠯᠴᠠᠵᠠᠢ᠂ ᠲᠤᠬᠠᠢ ᠵᠢᠨ ᠲᠠᠯᠠᠪᠤᠷ᠎ᠤᠨ ᠠᠰᠠᠭᠤᠨ ᠯᠠᠪᠯᠠᠬᠤ ᠡᠳᠦᠷ᠎ᠤᠨ ᠠᠵᠢᠯᠯᠠᠭ᠎ᠠ ᠵᠢ ᠸᠢᠳᠢᠤ᠋᠎ᠪᠠᠷ ᠰᠢᠭᠤᠳ ᠨᠡᠪᠳᠡᠷᠡᠭᠦᠯᠵᠦ᠂ 《ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ》 ᠵᠡᠷᠭᠡ᠎ᠪᠡᠷ ᠥᠷᠨᠢᠭᠦᠯᠵᠦ᠂ 5.7 ᠲᠦᠮᠡᠨ ᠬᠥᠮᠥᠨ ᠰᠢᠭᠤᠳ ᠨᠡᠪᠲᠡᠷᠡᠭᠦᠯᠭᠡ ᠵᠢ ᠭᠥᠯᠢᠶᠡᠨ ᠠᠪᠴᠤ ᠦᠵᠡᠪᠡ᠃