ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
2025-07-09

7 ᠳ᠋ᠤᠭ᠋ᠠᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠂ ᠴᠢᠬᠤᠯᠠ ᠵᠠᠬᠢᠳᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ᠃ 

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠵᠥᠪᠯᠡᠯ᠎ᠤᠨ ᠵᠢᠷᠭᠤᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠠᠵᠢᠯ ᠲᠦᠷᠦᠯ᠎ᠤᠨ ᠲᠠᠯᠳᠠ ᠬᠣᠷᠢᠭ᠎ᠠ ᠰᠠᠭ᠋ᠠᠳ᠎ᠢ ᠡᠪᠳᠡᠵᠦ᠂ ᠨᠡᠩ ᠵᠢᠷᠤᠮᠵᠢᠭᠰᠠᠨ ᠥᠨᠳᠥᠷ ᠪᠦᠲᠦᠮᠵᠢᠲᠡᠢ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠬᠠᠢ᠌ᠨ ᠰᠦᠪᠡᠭᠴᠢᠯᠡᠬᠦ ᠬᠡᠷᠡᠭᠲᠡᠢ᠃ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ᠂ ᠬᠠᠤᠯᠢ ᠶᠣᠰᠣᠭ᠋ᠠᠷ ᠠᠵᠢᠯᠯᠠᠬᠤ ᠵᠢ ᠴᠢᠩᠳᠠᠯᠠᠵᠤ᠂ ᠭᠡᠷ ᠪᠠᠢ᠌ᠰᠢᠩ᠎ᠤᠨ ᠪᠠᠷᠢᠯᠭ᠎ᠠ ᠪᠠ ᠬᠤᠳᠠ ᠵᠢᠨ ᠶᠠᠪᠤᠳᠠᠯ᠎ᠤᠨ ᠰᠠᠭᠤᠷᠢ ᠲᠥᠬᠦᠭᠡᠷᠦᠮᠵᠢ ᠵᠢᠨ ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠦᠷᠢᠶ᠎ᠡ ᠵᠢ ᠲᠤᠰᠬᠠᠢ ᠴᠡᠭᠴᠡᠯᠡᠨ ᠵᠠᠰᠠᠬᠤ ᠠᠵᠢᠯ᠎ᠢ ᠪᠠᠢ᠌ᠩᠭᠤᠵᠢᠭᠤᠯᠤᠨ ᠥᠷᠨᠢᠭᠦᠯᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠵᠡᠷᠭᠡ ᠠᠵᠢᠯ᠎ᠤᠨ ᠲᠡᠰ ᠳᠠᠷᠠᠭ᠋ᠠᠯᠠᠯ᠎ᠢ ᠵᠢᠷᠤᠮᠵᠢᠭᠤᠯᠵᠤ᠂ ᠠᠵᠢᠯ ᠲᠦᠷᠦᠯ᠎ᠤᠨ ᠡᠮᠬᠢ ᠵᠠᠮᠪᠠᠷᠠᠭ᠎ᠠ ᠦᠭᠡᠢ ᠦᠵᠡᠭᠳᠡᠯ᠎ᠢ ᠴᠢᠩᠭ᠎ᠠ ᠴᠡᠭᠴᠡᠯᠡᠨ ᠵᠠᠰᠠᠵᠤ᠂ ᠡᠷᠬᠡ ᠲᠡᠭᠰᠢ᠎ᠪᠠᠷ ᠥᠷᠢᠰᠦᠯᠳᠦᠬᠦ ᠵᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃  

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ᠂ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠲᠣᠭᠣᠷᠢᠨ ᠪᠠᠢ᠌ᠴᠠᠭ᠋ᠠᠬᠤ ᠠᠵᠢᠯ᠎ᠤᠨ ᠳᠦᠷᠢᠮ᠎ᠢ ᠨᠠᠷᠢᠨ ᠬᠢᠨᠠᠮᠠᠭ᠋ᠠᠢ ᠰᠤᠷᠤᠯᠴᠠᠨ ᠪᠤᠳᠠᠳᠠᠢ᠌ᠵᠢᠭᠤᠯᠵᠤ᠂ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠰᠠᠢ᠌ᠲᠤᠷ ᠠᠳᠬᠤᠬᠤ᠎ᠪᠠᠷ 《ᠬᠣᠶᠠᠷ᠎ᠢ ᠬᠦᠷᠢᠶᠡᠯᠡᠬᠦ》ᠵᠢ ᠰᠢᠯᠭ᠋ᠠᠬᠤ ᠰᠢᠯᠭ᠋ᠠᠭᠤᠷ ᠪᠣᠯᠭ᠋ᠠᠵᠤ᠂ ᠦᠳᠲᠡᠷ ᠲᠦᠷᠭᠡᠨ ᠬᠥᠳᠡᠯᠦᠯᠴᠡᠵᠦ᠂ ᠡᠯ᠎ᠡ ᠵᠦᠢ᠍ᠯ᠎ᠤᠨ ᠠᠵᠢᠯ᠎ᠢ ᠦᠨᠡᠨᠬᠦ ᠰᠠᠢ᠌ᠲᠤᠷ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠴᠡᠭᠴᠡᠯᠡᠨ ᠰᠠᠢ᠌ᠵᠢᠷᠠᠭᠤᠯᠬᠤ ᠵᠢᠨ ᠲᠦᠷᠦᠭᠦᠯᠡᠬᠦ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠴᠡᠭᠴᠡᠯᠡᠨ ᠰᠠᠢ᠌ᠵᠢᠷᠠᠭᠤᠯᠬᠤ ᠬᠠᠷᠢᠭᠤᠴᠠᠯᠭ᠎ᠠ ᠵᠢ ᠲᠦᠷᠦᠭᠦᠯᠡᠨ ᠨᠠᠢ᠌ᠳᠠᠪᠤᠷᠢᠵᠢᠭᠤᠯᠵᠤ᠂ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢ ᠪᠡᠶᠡᠯᠡᠭᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠣᠪᠣᠢ᠌ᠮ᠎ᠠ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃ ᠤᠳᠤᠷᠢᠳᠬᠤ ᠪᠠᠭ᠎ᠤᠨ ᠪᠦᠷᠢᠯᠳᠦᠭᠦᠨ ᠨᠠᠷ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶᠡᠨ᠎ᠳᠠᠬᠢ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠬᠢᠨᠠᠮᠠᠭ᠋ᠠᠢ ᠰᠠᠢ᠌ᠲᠤᠷ ᠠᠳᠬᠤᠵᠤ᠂ ᠠᠢ᠌ᠮᠠᠭ ᠬᠣᠲᠠ᠎ᠲᠠᠢ ᠬᠠᠷᠢᠯᠴᠠᠬᠤ ᠠᠵᠢᠯ᠎ᠤᠨ ᠲᠣᠭᠲᠠᠴᠠ᠎ᠲᠠᠢ ᠤᠶᠠᠯᠳᠤᠭᠤᠯᠤᠨ᠂ ᠠᠬᠢᠴᠠ᠂ ᠶᠠᠪᠤᠴᠠ᠂ ᠦᠷ᠎ᠡ ᠳ᠋ᠦᠩ᠂ ᠶᠠᠰᠤ ᠴᠢᠨᠠᠷ ᠎ᠢ ᠠᠩᠬᠠᠷᠴᠤ᠂ ᠴᠡᠭᠴᠡᠯᠡᠨ ᠰᠠᠢ᠌ᠵᠢᠷᠠᠭᠤᠯᠬᠤ ᠨᠡᠢ᠌ᠯᠡᠮᠡᠯ ᠬᠦᠴᠦᠨ᠎ᠢ ᠨᠢᠭᠳᠠᠷᠠᠭᠤᠯᠤᠨ᠎ᠠ᠃ ᠠᠰᠠᠭᠤᠳᠠᠯ᠎ᠤᠨ ᠦᠨᠳᠦᠰᠦ ᠰᠤᠷᠪᠤᠯᠵᠢ ᠵᠢ ᠭᠦᠨᠵᠡᠭᠡᠢ ᠵᠠᠳᠠᠯᠤᠨ ᠰᠢᠨᠵᠢᠯᠡᠵᠦ᠂ ᠨᠢᠭᠡ᠎ᠠᠴᠠ ᠵᠦᠢ᠍ᠴᠢᠯᠡᠵᠦ ᠨᠦᠬᠦᠭᠡ ᠵᠢ ᠮᠡᠳᠡᠵᠦ᠂ ᠬᠣᠯᠪᠣᠭᠳᠠᠯ ᠪᠦᠬᠦᠢ ᠠᠰᠠᠭᠤᠳᠠᠯ᠎ᠢ ᠪᠦᠬᠦ ᠲᠠᠯ᠎ᠠ᠎ᠪᠠᠷ ᠣᠢ᠌ᠯᠠᠭ᠋ᠠᠵᠤ᠂ ᠡᠷᠲᠡ ᠢᠯᠡᠷᠡᠭᠦᠯᠬᠦ᠂ ᠡᠷᠲᠡ ᠰᠡᠷᠡᠮᠵᠢᠯᠡᠭᠦᠯᠬᠦ᠂ ᠡᠷᠲᠡ ᠰᠢᠢ᠍ᠳᠪᠦᠷᠢᠯᠡᠬᠦ ᠵᠢ ᠪᠡᠶᠡᠯᠡᠭᠦᠯᠵᠦ᠂ 《ᠨᠢᠭᠡ ᠠᠰᠠᠭᠤᠳᠠᠯ᠎ᠢ ᠰᠢᠢ᠍ᠳᠪᠦᠷᠢᠯᠡᠬᠦ᠂ ᠨᠢᠭᠡ ᠲᠦᠷᠦᠯ᠎ᠤᠨ ᠳᠦᠷᠢᠮ᠎ᠢ ᠲᠡᠭᠦᠯᠳᠡᠷᠵᠢᠭᠦᠯᠬᠦ᠂ ᠨᠢᠭᠡ ᠬᠦᠷᠢᠶ᠎ᠡ ᠵᠢ ᠵᠢᠷᠤᠮᠵᠢᠭᠤᠯᠬᠤ》 ᠵᠢ ᠲᠦᠯᠬᠢᠨ ᠠᠬᠢᠭᠤᠯᠵᠤ᠂ ᠡᠢ᠌ᠮᠦᠷᠬᠦ ᠠᠰᠠᠭᠤᠳᠠᠯ ᠡᠭᠦᠰᠬᠦ ᠵᠢ ᠦᠨᠳᠦᠰᠦᠨ᠎ᠠᠴᠠ᠎ᠨᠢ ᠬᠣᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ᠎ᠠᠴᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠲᠤᠭᠤᠰᠢᠯᠠᠭᠤᠯᠵᠦ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠬᠢᠴᠠ ᠵᠢᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠳᠠᠷᠠᠭ᠋ᠠᠴᠢ ᠵᠢᠨ ᠱᠠᠲᠤᠨ᠎ᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ 

ᠬᠤᠷᠠᠯ᠎ᠠᠴᠠ᠂ ᠠᠰᠠᠭᠤᠳᠠᠯ᠎ᠢ ᠪᠠᠢ᠌ᠴᠠᠭ᠋ᠠᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠪᠣᠯ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢᠨ ᠰᠤᠷᠤᠯᠴᠠᠯᠭ᠎ᠠ ᠬᠥᠮᠦᠵᠢᠯ ᠵᠢ ᠭᠦᠨᠵᠡᠭᠡᠢ ᠲᠤᠭᠤᠰᠢᠯᠠᠭᠤᠯᠬᠤ ᠴᠢᠬᠤᠯᠠ ᠡᠭᠦᠷᠭᠡ ᠵᠢᠨ ᠲᠣᠬᠢᠷᠠᠭᠤᠯᠤᠯᠲᠠ ᠪᠣᠯᠣᠨ᠎ᠠ᠂ ᠡᠭᠦᠨ᠎ᠤ ᠵᠣᠷᠢᠯᠭ᠎ᠠ᠎ᠨᠢ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ ᠶᠤᠮ᠃ ᠭᠦᠨᠵᠡᠭᠡᠢ᠌ᠷᠡᠭᠦᠯᠦᠨ ᠠᠬᠢᠭᠤᠯᠵᠤ᠂ ᠠᠰᠠᠭᠤᠳᠠᠯ᠎ᠳᠤ ᠴᠢᠭᠯᠡᠭᠦᠯᠦᠨ ᠦᠭᠡᠷᠡᠴᠢᠯᠡᠨ ᠰᠠᠢ᠌ᠵᠢᠷᠠᠭᠤᠯᠵᠤ᠂ ᠠᠰᠠᠭᠤᠳᠠᠯ ᠵᠶ᠋ᠡᠷ ᠤᠳᠤᠷᠢᠳᠤᠮᠵᠢ ᠪᠤᠯᠭ᠋ᠠᠬᠤ ᠵᠢ ᠲᠣᠪᠤᠢ᠌ᠯᠭ᠋ᠠᠨ᠂ ᠣᠳᠣᠬᠠᠨ᠎ᠳᠤ ᠥᠭᠡᠷᠡᠴᠢᠯᠡᠵᠦ ᠳᠡᠶ᠋ᠢᠯᠬᠦ ᠵᠢ᠎ᠨᠢ ᠲᠡᠷᠡ ᠳᠠᠷᠤᠢ᠎ᠳᠤᠨᠢ ᠪᠠᠢ᠌ᠴᠠᠭ᠋ᠠᠵᠤ ᠲᠡᠷᠡ ᠳᠠᠷᠤᠢ᠎ᠳᠤᠨᠢ ᠥᠭᠡᠷᠡᠴᠢᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ᠃ ᠳᠦᠷᠢᠮ ᠲᠣᠭᠲᠠᠭ᠋ᠠᠯ ᠲᠣᠭᠲᠠᠭ᠋ᠠᠬᠤ ᠵᠢ ᠰᠠᠢ᠌ᠲᠤᠷ ᠠᠳᠬᠤᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠡᠬᠡ ᠲᠠᠩᠰᠠ ᠵᠢ ᠬᠥᠳᠡᠯᠦᠩᠭᠦᠢ᠎ᠪᠠᠷ ᠰᠢᠨᠡᠳᠬᠡᠵᠦ᠂ ᠠᠰᠠᠭᠤᠳᠠᠯ᠎ᠢ ᠪᠠᠢ᠌ᠴᠠᠭ᠋ᠠᠬᠤ ᠪᠠ ᠴᠡᠭᠴᠡᠯᠡᠨ ᠵᠠᠰᠠᠭᠰᠠᠨ ᠪᠠᠢ᠌ᠳᠠᠯ᠎ᠲᠠᠢ ᠤᠶᠠᠯᠳᠤᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ ᠠᠰᠠᠭᠤᠳᠠᠯ᠎ᠤᠨ ᠵᠠᠩᠭᠢᠯᠠᠭ᠎ᠠ ᠵᠢᠨ ᠦᠨᠳᠦᠰᠦ ᠰᠤᠷᠪᠤᠯᠵᠢ ᠵᠢ ᠭᠦᠨᠵᠡᠭᠡᠢ ᠵᠠᠳᠠᠯᠵᠤ᠂ ᠡᠷᠬᠡ ᠵᠢᠨ ᠠᠵᠢᠯᠯᠠᠭ᠋ᠠᠨ᠎ᠤ ᠲᠦᠭᠰᠢᠭᠦᠷᠢ ᠵᠢᠨ ᠴᠡᠭ᠂ ᠬᠢᠨᠠᠯᠲᠠ ᠬᠠᠮᠢᠶᠠᠷᠤᠯᠲᠠ ᠵᠢᠨ ᠪᠠᠭᠤᠷᠠᠢ ᠭᠣᠭᠴᠣᠭ᠎ᠠ ᠵᠢ ᠭᠦᠨᠵᠡᠭᠡᠢ ᠡᠷᠢᠵᠦ᠂ ᠳᠦᠷᠢᠮ ᠲᠣᠭᠲᠠᠭ᠋ᠠᠯ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠦᠷᠢᠮ᠎ᠤᠨ ᠲᠤᠳᠠᠭᠳᠠᠯ᠎ᠢ ᠨᠥᠬᠥᠪᠦᠷᠢᠯᠡᠵᠦ᠂ ᠠᠵᠢᠯ᠎ᠤᠨ ᠠᠯᠳᠠᠰᠢ ᠭᠠᠷᠬᠤ ᠵᠢ ᠬᠣᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃   

ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠠᠯᠪᠠᠨ ᠭᠡᠷ