9 ᠳ᠋ᠦ᠍ᠭᠡᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ᠂ ᠴᠢᠬᠤᠯᠠ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠪᠠ᠃
ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠤᠨ 《ᠪᠥᠬᠦ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠤᠶ᠎ᠠ》 ᠭᠡᠬᠦ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠭᠠᠷᠳᠠᠬᠤ ᠴᠡᠭ᠂ ᠲᠤᠰᠤᠯᠲᠠ ᠵᠢ ᠣᠨᠣᠪᠴᠢᠲᠠᠶ ᠡᠷᠢᠨ ᠣᠯᠵᠤ᠂ ᠨᠠᠮ᠎ᠤᠨ ᠲᠥᠪ ᠬᠤᠷᠢᠶᠠᠨ᠎ᠤ 《ᠲᠠᠪᠤ ᠵᠢ ᠨᠢᠭᠡᠳᠬᠡᠬᠦ᠂ ᠨᠢᠭᠡ ᠵᠢ ᠨᠡᠭᠡᠭᠡᠯᠲᠡ ᠬᠢᠬᠦ》 ᠴᠢᠬᠤᠯᠠ ᠱᠠᠭ᠋ᠠᠷᠳᠠᠯᠭ᠎ᠠ ᠵᠢ ᠡᠷᠡᠰ ᠨᠠᠶ᠋ᠢᠳᠠᠪᠤᠷᠢᠵᠢᠭᠤᠯᠵᠤ᠂ ᠰᠢᠰᠲ᠋ᠧᠮ᠎ᠲᠠᠢ ᠠᠬᠢᠭᠤᠯᠵᠤ᠂ ᠭᠤᠤᠯᠳᠠᠯᠭ᠎ᠠ᠎ᠲᠠᠢ ᠰᠢᠪᠲᠤᠯᠤᠯᠲᠠ ᠭᠠᠷᠭ᠋ᠠᠵᠤ᠂ ᠪᠥᠬᠦ ᠤᠯᠤᠰ᠎ᠤᠨ ᠨᠢᠭᠡᠳᠦᠯᠲᠡᠶ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢᠨ ᠲᠦᠷᠢᠮ ᠲᠣᠭᠲᠠᠭ᠋ᠠᠯ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠪᠥᠬᠦ ᠤᠯᠤᠰ᠎ᠤᠨ ᠨᠢᠭᠡᠳᠦᠯᠲᠡᠶ ᠵᠠᠬ᠎ᠠ ᠳᠡᠯᠭᠡᠭᠦᠷ ᠪᠠ ᠡᠷᠬᠡ ᠲᠡᠭᠰᠢ᠎ᠪᠠᠷ ᠥᠷᠢᠰᠥᠯᠳᠦᠬᠦ ᠵᠢ ᠬᠠᠷᠰᠢᠯᠠᠬᠤ ᠲᠣᠭᠲᠠᠭ᠋ᠠᠯ ᠪᠠ ᠠᠷᠭ᠎ᠠ ᠬᠢᠳᠡᠯ᠎ᠢ ᠴᠡᠪᠡᠷᠯᠡᠨ ᠠᠷᠢᠯᠭ᠋ᠠᠵᠤ᠂ ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠵᠢᠯ ᠲᠥᠷᠥᠯ᠎ᠤᠨ ᠳᠠᠯᠳᠠ ᠪᠠᠬᠢᠯᠡᠯᠲᠡ ᠵᠢ ᠡᠷᠡᠰ ᠡᠪᠳᠡᠵᠦ᠂ ᠠᠵᠤ ᠠᠬᠤᠶ᠋ᠢᠯᠠᠯ᠎ᠳᠤ ᠠᠰᠢᠭ ᠬᠦᠷᠲᠡᠭᠡᠵᠦ ᠬᠦᠴᠢᠷᠳᠡᠯ᠎ᠢ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠠᠮᠢᠵᠢᠷᠠᠯ᠎ᠤᠨ ᠬᠦᠴᠦᠨ ᠪᠠ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠬᠦ ᠬᠡᠷᠡᠭᠲᠡᠶ᠃ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠠᠵᠢᠯ ᠲᠦᠷᠦᠯ᠎ᠤᠨ ᠨᠡᠶ᠋ᠢᠭᠡᠮᠯᠢᠭ᠎ᠤᠨ ᠦᠢ᠍ᠯᠡᠳᠦᠯ᠎ᠢ ᠦᠨᠡᠨᠬᠦ ᠪᠠᠳᠠᠷᠠᠭᠤᠯᠵᠤ᠂ ᠬᠡᠷᠡᠭ᠎ᠤᠨ ᠡᠮᠦᠨᠡᠬᠢ᠂ ᠬᠡᠷᠡᠭ᠎ᠤᠨ ᠳᠤᠮᠳᠠᠬᠢ᠂ ᠬᠡᠷᠡᠭ᠎ᠤᠨ ᠳᠠᠷᠠᠭ᠋ᠠᠬᠢ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠦᠷᠢᠶᠡᠨ᠎ᠤ ᠲᠤᠪᠤᠶ᠋ᠢᠮ᠎ᠠ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ᠂ ᠡᠷᠬᠡ ᠲᠡᠭᠰᠢ᠎ᠪᠠᠷ ᠦᠷᠢᠰᠦᠯᠳᠦᠬᠦ ᠵᠠᠬ᠎ᠠ ᠳᠡᠯᠭᠡᠭᠦᠷ᠎ᠤᠨ ᠣᠷᠴᠢᠨ ᠲᠣᠭᠤᠷᠢᠨ᠎ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ ᠲᠠᠶ᠋ᠢᠨ ᠵᠢᠴᠢ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠲᠠᠶ᠋ᠢᠨ ᠢᠯᠠᠯᠲᠠ ᠣᠯᠤᠭᠰᠠᠨ 80 ᠵᠢᠯ᠎ᠤᠨ ᠤᠢ ᠵᠢ ᠳᠤᠷᠠᠰᠬᠠᠬᠤ ᠠᠵᠢᠯᠯᠠᠭ᠎ᠠ ᠵᠢᠨ ᠳ᠋ᠦᠩᠨᠡᠯᠲᠡ ᠵᠢᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠣᠶ᠋ᠢᠯᠠᠭ᠋ᠠᠵᠤ᠂ ᠶᠠᠫᠣᠨ᠎ᠢ ᠡᠰᠡᠷᠭᠦᠴᠡᠭᠰᠡᠨ ᠠᠭᠤᠤ ᠶᠡᠭᠡ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠤ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂ ᠠᠵᠤ ᠠᠬᠤᠢ ᠵᠢ ᠲᠣᠭᠲᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠲᠣᠭᠲᠠᠭᠤᠨ᠎ᠢ ᠠᠬᠢᠭᠤᠯᠬᠤ ᠡᠯ᠎ᠡ ᠵᠦᠢ᠍ᠯ᠎ᠤᠨ ᠡᠭᠦᠷᠭᠡ ᠵᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠶᠠᠫᠣᠨ᠎ᠢ ᠡᠰᠡᠷᠭᠦᠴᠡᠭᠰᠡᠨ ᠠᠭᠤᠤ ᠶᠡᠭᠡ ᠵᠣᠷᠢᠭ ᠰᠠᠨᠠᠭ᠎ᠠ ᠵᠢ ᠦᠨᠡᠨ ᠬᠦ᠌ ᠪᠣᠳᠠᠲᠠᠢ ᠠᠵᠢᠯᠯᠠᠬᠤ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠦᠴᠦᠨ ᠪᠣᠯᠭ᠋ᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠬᠦᠷᠢᠶᠡᠨ᠎ᠤ ᠳᠤᠪᠤᠶ᠋ᠢᠮ᠎ᠠ ᠠᠰᠠᠭᠤᠳᠠᠯ᠎ᠢ ᠰᠢᠰᠲ᠋ᠧᠮ᠎ᠲᠠᠢ ᠴᠡᠭᠴᠡᠯᠡᠨ ᠵᠠᠰᠠᠬᠤ ᠠᠵᠢᠯ᠎ᠢ ᠭᠦᠨᠵᠡᠭᠡᠢ ᠥᠷᠨᠢᠭᠦᠯᠬᠦ ᠪᠣᠯ ᠨᠠᠮ᠎ᠤᠨ ᠲᠥᠪ ᠬᠤᠷᠢᠶᠠᠨ᠎ᠤ ᠭᠠᠷᠭ᠋ᠠᠭᠰᠠᠨ ᠴᠢᠬᠤᠯᠠ ᠶᠡᠭᠡ ᠪᠠᠶ᠋ᠢᠷᠢᠯᠠᠭᠤᠯᠤᠯᠲᠠ ᠪᠣᠯᠤᠨ᠎ᠠ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠢᠭᠡ᠎ᠠᠴᠠ ᠵᠦᠢ᠍ᠴᠢᠯᠡᠵᠦ ᠨᠦᠬᠦᠭᠡ ᠵᠢ ᠮᠡᠳᠡᠵᠦ᠂ ᠭᠤᠣᠯᠳᠠᠯᠭ᠎ᠠ᠎ᠲᠠᠢ ᠬᠦᠷᠢᠶ᠎ᠡ ᠵᠢ ᠴᠢᠩᠭ᠎ᠠ ᠠᠩᠬᠠᠷᠴᠤ᠂ ᠵᠠᠬ᠎ᠠ ᠳᠡᠯᠭᠡᠭᠦᠷ᠎ᠤᠨ ᠣᠷᠴᠢᠨ ᠲᠣᠭᠤᠷᠢᠨ᠎ᠢ ᠦᠷᠭᠦᠯᠵᠢᠯᠡᠨ ᠴᠡᠪᠡᠷᠰᠢᠭᠦᠯᠬᠦ ᠬᠡᠷᠡᠭᠲᠡᠢ᠃ ᠠᠰᠠᠭᠤᠳᠠᠯ᠎ᠤᠨ ᠰᠦᠪᠡᠭᠴᠢ ᠵᠢᠨ ᠡᠬᠡ ᠲᠠᠩᠰᠠ ᠵᠢ ᠪᠠᠶ᠋ᠢᠭᠤᠯᠵᠤ᠂ ᠨᠠᠷᠢᠨ ᠲᠠᠩᠰᠠ ᠵᠢᠨ ᠬᠡᠯᠪᠡᠷᠢ ᠵᠢᠨ᠂ ᠪᠥᠬᠦ ᠦᠶᠡᠯᠡᠯ᠎ᠤᠨ ᠬᠤᠭᠤᠴᠠᠭ᠋ᠠᠨ᠎ᠤ ᠬᠠᠮᠢᠶᠠᠷᠤᠯᠲᠠ ᠵᠢ ᠬᠡᠷᠡᠭᠵᠢᠭᠦᠯᠵᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠶ᠃ ᠪᠣᠭᠤᠮᠲᠠ ᠵᠢ ᠤᠷᠤᠭᠰᠢ ᠰᠢᠯᠵᠢᠭᠦᠯᠬᠦ᠂ ᠡᠬᠢ ᠡᠭᠦᠰᠦᠯ᠎ᠠᠴᠠ᠎ᠨᠢ ᠵᠠᠰᠠᠬᠤ ᠵᠢ ᠪᠠᠷᠢᠮᠲᠠᠯᠠᠵᠤ᠂ ᠢᠳᠡᠭᠡᠮᠵᠢᠳᠦ ᠵᠠᠯᠬᠠᠭ᠋ᠠᠨ ᠴᠡᠭᠡᠷᠯᠡᠭᠦᠯᠬᠦ ᠪᠠ ᠤᠬᠤᠷᠢᠨ ᠭᠠᠷᠬᠤ ᠲᠣᠭᠲᠠᠴᠠ ᠵᠢ ᠲᠡᠭᠦᠯᠳᠡᠷᠵᠢᠭᠦᠯᠵᠦ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠠᠵᠢᠯᠯᠠᠭ᠎ᠠ ᠵᠢ ᠵᠢᠷᠤᠮᠵᠢᠭᠤᠯᠵᠤ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠡᠵᠡᠩᠨᠡᠯᠲᠡ ᠵᠢ ᠵᠢᠷᠤᠮᠵᠢᠭᠤᠯᠤᠨ᠂ ᠦᠨᠡᠨᠴᠢ ᠢᠲᠡᠭᠡᠮᠵᠢᠲᠡᠶ᠎ᠪᠠᠷ ᠳᠠᠭ᠋ᠠᠭ᠋ᠠᠴᠢᠯᠠᠯᠲᠠ ᠬᠦᠯᠢᠶᠡᠬᠦ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃