ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ ᠰᠢᠨ᠎ᠡ ᠠᠶᠠᠨ᠎ᠳᠠᠭᠠᠨ ᠡᠷᠡᠮᠡᠬᠡᠶ᠋ᠢᠯᠡᠨ ᠤᠷᠤᠭᠰᠢᠯᠠᠶ᠎ᠠ — ᠪᠥᠬᠦ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠪᠠ
2026-01-22

1 ᠳ᠋ᠤᠭᠡᠷ ᠰᠠᠷ᠎ᠠ ᠵᠢᠨ 20᠎ᠤ ᠡᠳᠦᠷ᠂ ᠪᠦᠬᠦ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠪᠠ᠃ ᠬᠤᠷᠠᠯ᠎ᠨᠢ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠂ ᠲᠥᠪ᠎ᠤᠨ ᠬᠤᠳᠠ ᠵᠢᠨ ᠠᠵᠢᠯ᠎ᠤᠨ ᠬᠤᠷᠠᠯ ᠵᠢᠴᠢ ᠪᠦᠬᠦ ᠤᠯᠤᠰ᠎ᠤᠨ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠠᠷᠪᠠᠨ ᠨᠢᠭᠡᠳᠦᠭᠡᠷ ᠤᠳᠠᠭ᠎ᠠ ᠵᠢᠨ ᠪᠦᠬᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠤᠳᠠ ᠵᠢᠨ ᠠᠵᠢᠯ᠎ᠤᠨ ᠬᠤᠷᠠᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ 2025 ᠣᠨ ᠵᠢᠴᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠪᠦᠬᠦ ᠣᠷᠣᠨ᠎ᠤ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠠᠵᠢᠯ᠎ᠢ ᠳ᠋ᠦᠩᠨᠡᠵᠦ᠂ ᠣᠳᠣᠬᠠᠨ᠎ᠤ ᠪᠠᠶ᠋ᠢᠳᠠᠯ ᠪᠣᠯᠤᠨ ᠠᠰᠠᠭᠤᠳᠠᠯ᠎ᠢ ᠵᠠᠳᠠᠯᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠤᠭᠤᠴᠠᠭ᠎ᠠ ᠪᠣᠯᠤᠨ 2026 ᠣᠨ᠎ᠤ ᠭᠤᠣᠯᠳᠠᠯᠭ᠎ᠠ᠎ᠲᠠᠢ ᠡᠭᠦᠷᠭᠡ ᠵᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠶᠦᠨ ᠴᠦᠨ ᠱᠧᠩ ᠠᠵᠢᠯ᠎ᠤᠨ ᠮᠡᠳᠡᠭᠦᠯᠦᠯᠲᠡ ᠬᠢᠪᠠ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠥᠸᠧ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠲᠤᠬᠠᠶ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠵᠤ᠂ ᠪᠥᠬᠦ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠢᠰᠲ᠋ᠧᠮ᠎ᠤᠨ ᠥᠪᠡᠷᠲᠡᠭᠡᠨ ᠵᠠᠰᠠᠬᠤ ᠣᠷᠣᠨ᠎ᠤ 《1571》 ᠠᠵᠢᠯ᠎ᠤᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠴᠢᠨᠠᠷ ᠰᠠᠶ᠋ᠢᠲᠠᠶ ᠬᠥᠭᠵᠢᠯᠲᠡ᠂ ᠪᠠᠷᠢᠯᠭ᠎ᠠ ᠵᠢᠨ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠬᠤᠲᠠ ᠵᠢᠨ ᠰᠢᠨᠡᠴᠢᠯᠡᠯᠲᠡ ᠵᠡᠷᠭᠡ ᠭᠤᠤᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠰᠠᠶ᠋ᠢᠨ ᠰᠠᠶ᠋ᠢᠬᠠᠨ ᠡᠬᠢᠯᠡᠯᠲᠡ ᠵᠢ ᠪᠡᠶᠡᠯᠡᠭᠦᠯᠬᠦ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠱᠠᠭ᠋ᠠᠷᠳᠠᠪᠠ᠃

        ᠬᠤᠷᠠᠯ᠎ᠠᠴᠠ ᠪᠥᠬᠦ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠢᠰᠲ᠋ᠧᠮ᠎ᠤᠨ ᠥᠩᠭᠡᠷᠡᠭᠰᠡᠨ ᠲᠠᠪᠤᠨ ᠵᠢᠯ᠎ᠤᠨ ᠠᠵᠢᠯ᠎ᠤᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠤᠭᠤᠴᠠᠭ᠋ᠠᠨ᠎ᠳᠤ ᠪᠥᠬᠦ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠢᠰᠲ᠋ᠧᠮ᠎ᠤᠨ᠎ᠬᠢᠨ ᠬᠥᠭᠵᠢᠯᠲᠡ ᠵᠢᠨ ᠬᠠᠷᠠᠯᠲᠠ ᠵᠢᠨ ᠲᠣᠭᠤᠷᠢᠨ᠎ᠳᠤ᠂ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠤᠨ ᠬᠤᠷᠢᠭ᠎ᠠ ᠱᠤᠭᠤᠮ᠎ᠢ ᠪᠠᠲᠤ ᠰᠠᠬᠢᠵᠤ᠂ ᠶᠡᠭᠡ ᠬᠠᠨᠳᠤᠰᠢ ᠵᠢ ᠡᠵᠡᠮᠳᠡᠵᠦ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠠᠯᠢ ᠣᠯᠠᠨ ᠴᠢᠬᠤᠯᠠ ᠶᠡᠭᠡ ᠠᠮᠵᠢᠯᠲᠠ ᠤᠯᠬᠤ ᠵᠢ ᠠᠬᠢᠭᠤᠯᠪᠠ᠃

ᠬᠤᠷᠠᠯ᠎ᠠᠴᠠ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠤᠭᠤᠴᠠᠭ᠋ᠠᠨ᠎ᠤ ᠰᠢᠨ᠎ᠡ ᠠᠶᠠᠨ ᠵᠠᠮ᠎ᠳᠤ᠂ ᠪᠥᠬᠦ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠢᠰᠲ᠋ᠧᠮ᠎ᠤᠨ᠎ᠬᠢᠨ ᠤᠯᠤᠰ᠎ᠤᠨ ᠪᠠᠶ᠋ᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠶᠡᠭᠡ ᠲᠠᠯ᠎ᠠ᠎ᠳᠤ ᠦᠢ᠍ᠯᠡᠴᠢᠯᠡᠬᠦ ᠳᠤᠮᠳᠠ ᠪᠠᠶ᠋ᠢᠷᠢ ᠲᠣᠭᠲᠠᠭ᠋ᠠᠯᠲᠠ᠎ᠪᠠᠨ ᠣᠨᠣᠪᠴᠢᠲᠠᠶ ᠣᠯᠵᠤ᠂ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ᠎ᠳᠤ ᠢᠳᠡᠪᠬᠢᠲᠡᠶ ᠬᠠᠷᠢᠭᠤᠯᠲᠠ ᠥᠭᠴᠦ᠂ ᠠᠰᠢᠭᠲᠠᠶ ᠴᠠᠭ ᠲᠣᠬᠢᠶᠠᠯ᠂ ᠠᠰᠢᠭᠲᠠᠶ ᠨᠥᠬᠦᠴᠡᠯ᠎ᠢ ᠴᠢᠳᠠᠮᠠᠭ᠋ᠠᠶ ᠡᠵᠡᠮᠳᠡᠨ ᠬᠡᠷᠡᠭᠯᠡᠵᠦ᠂ ᠠᠶᠤᠯ ᠲᠦᠭᠰᠢᠭᠦᠷᠢ ᠪᠠ ᠥᠷᠢᠰᠥᠯᠳᠦᠭᠡᠨ᠎ᠢ ᠪᠦᠲᠦᠮᠵᠢᠲᠡᠶ ᠠᠷᠭ᠋ᠠᠴᠠᠭ᠋ᠠᠵᠤ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ᠎ᠠᠴᠠ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠥᠬᠦ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠢᠰᠲ᠋ᠧᠮ᠎ᠤᠨ᠎ᠬᠢᠨ ᠶᠡᠷᠦᠩᠬᠡᠶ ᠱᠦᠵᠢ ᠰᠢ᠎ᠵᠢᠨ᠎ᠫᠢᠩ᠎ᠤᠨ ᠥᠪᠥᠷ ᠮᠣᠩᠭᠤᠯ ᠵᠢᠴᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠡᠯ᠎ᠡ ᠵᠦᠢ᠍ᠯ᠎ᠤᠨ ᠪᠠᠶ᠋ᠢᠷᠢᠯᠠᠭᠤᠯᠤᠯᠲᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠤᠯ ᠱᠤᠭᠤᠮ᠎ᠲᠠᠢ ᠨᠢᠭᠲᠠ ᠤᠶᠠᠯᠳᠤᠭᠤᠯᠤᠨ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠬᠡᠯᠪᠡᠷᠢ ᠬᠤᠪᠢᠷᠠᠭᠤᠯᠬᠤ ᠵᠢ ᠠᠬᠢᠭᠤᠯᠬᠤ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠯ᠎ᠡ ᠵᠦᠢ᠍ᠯ᠎ᠤᠨ ᠠᠵᠢᠯ᠎ᠳᠤ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠪᠠ᠃

ᠬᠤᠷᠠᠯ᠎ᠠᠴᠠ᠂ 2026 ᠣᠨ ᠪᠣᠯ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠤᠭᠤᠴᠠᠭ᠋ᠠᠨ᠎ᠤ ᠡᠬᠢᠯᠡᠯᠲᠡ ᠵᠢᠨ ᠵᠢᠯ ᠪᠣᠯᠤᠨ᠎ᠠ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ᠎ᠨᠢ ᠴᠢᠬᠤᠯᠠ ᠶᠡᠭᠡ ᠠᠴᠢ ᠬᠤᠯᠪᠣᠭᠳᠠᠯ᠎ᠲᠠᠢ ᠶᠤᠮ᠃ ᠪᠥᠬᠦ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠢᠰᠲ᠋ᠧᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ 《1571》 ᠠᠵᠢᠯ᠎ᠤᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠭᠤᠤᠯ ᠰᠢᠵᠢᠮ᠎ᠢ ᠪᠠᠲᠤ ᠴᠣᠭᠴᠠᠯᠠᠵᠤ᠂ ᠰᠢᠨ᠎ᠡ ᠵᠢ ᠡᠭᠦᠳᠬᠦ᠂ ᠣᠷᠣᠰᠢᠨ ᠰᠠᠭᠤᠬᠤ᠎ᠳᠤ ᠲᠣᠬᠢᠷᠠᠮᠵᠢᠲᠠᠶ᠂ ᠦᠵᠡᠰᠬᠦᠯᠡᠩᠲᠦ ᠰᠠᠶ᠋ᠢᠬᠠᠨ᠂ ᠤᠶᠠᠨ ᠬᠠᠳᠠᠨ᠂ ᠪᠣᠯᠪᠠᠰᠤᠨ᠂ ᠣᠶᠤᠨᠴᠢ ᠣᠳᠣᠬᠢᠴᠢᠯᠠᠭᠰᠠᠨ ᠠᠷᠠᠳ᠎ᠤᠨ ᠬᠤᠲᠠ ᠵᠢ ᠬᠦᠴᠦᠯᠡᠨ ᠪᠠᠶ᠋ᠢᠭᠤᠯᠵᠤ᠂ ᠬᠤᠲᠠ ᠵᠢᠨ ᠰᠢᠨᠡᠴᠢᠯᠡᠯᠲᠡ ᠵᠢᠨ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠦᠨ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠪᠠᠷᠢᠯᠭ᠎ᠠ ᠵᠢᠨ ᠦᠢ᠍ᠯᠡᠰ᠎ᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠂ 《ᠰᠠᠶ᠋ᠢᠨ ᠬᠡᠷ ᠪᠠᠶ᠋ᠢᠰᠢᠩ᠂ ᠰᠠᠶ᠋ᠢᠨ ᠤᠷᠤᠨ ᠰᠠᠭᠤᠴᠠ ᠵᠢᠨ ᠲᠣᠭᠤᠷᠢᠭ᠂ ᠰᠠᠶ᠋ᠢᠨ ᠨᠡᠶ᠋ᠢᠭᠡᠮ ᠲᠣᠭᠤᠷᠢᠭ᠂ ᠰᠠᠶ᠋ᠢᠨ ᠬᠤᠲᠠ ᠲᠣᠭᠤᠷᠢᠭ》᠎ᠤᠨ ᠪᠥᠲᠥᠭᠡᠨ ᠪᠠᠶ᠋ᠢᠭᠤᠯᠤᠯᠲᠠ ᠵᠢ ᠰᠢᠰᠲ᠋ᠧᠮ᠎ᠲᠠᠢ ᠠᠬᠢᠭᠤᠯᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠶ ᠠᠵᠢᠯ ᠦᠢ᠍ᠯᠡᠰ ᠡᠷᠭᠢᠯᠡᠬᠦ᠎ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠪᠥᠲᠥᠭᠡᠨ ᠪᠠᠶ᠋ᠢᠭᠤᠯᠵᠤ᠂ ᠠᠮᠤᠷ ᠲᠦᠪᠰᠢᠨ ᠲᠣᠭᠲᠠᠭᠤᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠬᠢᠵᠢᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠴᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠣᠷᠣᠨ ᠰᠠᠭᠤᠴᠠ ᠪᠠ ᠬᠤᠳᠠ ᠬᠦᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃

ᠨᠠᠢ᠍ᠮᠠᠨ ᠲᠠᠯ᠎ᠠ ᠵᠢᠨ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠠᠳᠬᠤᠨ᠎ᠠ᠄

ᠨᠢᠭᠡ᠎ᠳᠤ᠂ ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ 《ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠤᠲᠠ ᠵᠢᠨ ᠪᠡᠶ᠎ᠡ ᠵᠢᠨ ᠪᠠᠶ᠋ᠢᠴᠠᠭ᠋ᠠᠯᠲᠠ ᠬᠢᠭᠡᠳ ᠬᠤᠲᠠ ᠵᠢᠨ ᠰᠢᠨᠡᠴᠢᠯᠡᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ 《ᠳᠥᠷᠪᠡᠨ ᠲᠥᠷᠥᠯ᠎ᠤᠨ ᠬᠤᠭᠤᠯᠠᠶ ᠲᠣᠣᠷ》᠎ᠤᠨ ᠨᠡᠶ᠋ᠢᠳᠡᠮ ᠪᠠᠶ᠋ᠢᠴᠠᠭ᠋ᠠᠯᠲᠠ ᠵᠢ ᠡᠮᠬᠢ ᠵᠢᠷᠤᠮ᠎ᠲᠠᠢ ᠥᠷᠨᠢᠭᠦᠯᠵᠦ᠂ ᠬᠤᠲᠠ ᠪᠠᠯᠭ᠋ᠠᠰᠤ ᠵᠢᠨ ᠬᠠᠭᠤᠴᠢᠨ ᠤᠷᠤᠨ ᠰᠠᠭᠤᠴᠠ ᠵᠢᠨ ᠲᠣᠭᠤᠷᠢᠭ᠂ ᠬᠠᠭᠤᠴᠢᠨ ᠵᠡᠭᠡᠯᠢ ᠲᠣᠭᠤᠷᠢᠭ (ᠦᠢ᠍ᠯᠡᠳᠪᠦᠷᠢ ᠵᠢᠨ ᠲᠣᠭᠤᠷᠢᠭ)᠎ᠤᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠤᠨ᠎ᠠ᠃ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ ᠬᠡᠷᠡᠭᠲᠡᠶ᠃ ᠲᠡᠦᠬᠡ ᠰᠣᠶᠣᠯ᠎ᠢ ᠬᠠᠮᠠᠭ᠋ᠠᠯᠠᠨ ᠤᠯᠠᠮᠵᠢᠯᠠᠬᠤ ᠵᠢ ᠴᠢᠩᠭ᠋ᠠᠳᠬᠠᠨ᠎ᠠ᠃ ᠬᠤᠲᠠ ᠵᠢᠨ ᠬᠠᠮᠢᠶᠠᠷᠤᠯᠲᠠ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠪᠠᠶ᠋ᠢᠭᠤᠯᠬᠤ ᠵᠢ ᠠᠬᠢᠭᠤᠯᠵᠤ᠂ 《ᠨᠢᠭᠡ ᠵᠥᠪᠯᠡᠯ ᠨᠢᠭᠡ ᠠᠯᠪᠠᠨ ᠬᠡᠷ ᠨᠢᠭᠡ ᠲᠠᠪᠴᠠᠩ》᠎ᠤᠨ ᠦᠢ᠍ᠯᠡᠳᠦᠯ᠎ᠢ ᠪᠠᠳᠠᠷᠠᠭᠤᠯᠤᠨ᠂ ᠬᠤᠲᠠ ᠵᠢᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠡᠩᠨᠡᠭᠡ ᠵᠢᠨ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠤᠨ᠎ᠠ᠃

ᠬᠤᠶᠠᠷ᠎ᠲᠤ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠢ ᠬᠦᠴᠦᠯᠡᠨ ᠲᠣᠭᠲᠠᠪᠤᠷᠢᠵᠢᠭᠤᠯᠤᠨ᠎ᠠ᠃ ᠬᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠳᠬᠡᠨ ᠪᠠᠶ᠋ᠢᠭᠤᠯᠵᠤ᠂ ᠬᠡᠷᠡᠭᠴᠡᠭᠡ ᠱᠠᠭ᠋ᠠᠷᠳᠠᠯᠭ᠎ᠠ ᠵᠢ ᠪᠠᠳᠠᠷᠠᠭᠤᠯᠬᠤ᠂ ᠬᠠᠩᠭ᠋ᠠᠯᠭ᠎ᠠ ᠵᠢ ᠰᠠᠶ᠋ᠢᠵᠢᠷᠠᠭᠤᠯᠬᠤ᠂ ᠬᠡᠯᠪᠡᠷᠢ ᠬᠤᠪᠢᠷᠠᠭᠤᠯᠬᠤ ᠵᠢ ᠠᠬᠢᠭᠤᠯᠬᠤ ᠵᠢᠨ ᠲᠣᠭᠤᠷᠢᠨ᠎ᠳᠤ ᠦᠷᠭᠦᠯᠵᠢᠯᠡᠨ ᠬᠦᠴᠦᠯᠡᠨ᠎ᠡ᠃ ᠬᠡᠷ ᠪᠠᠶ᠋ᠢᠰᠢᠩ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ 《ᠰᠠᠶ᠋ᠢᠨ ᠬᠡᠷ ᠪᠠᠶ᠋ᠢᠰᠢᠩ》᠎ᠤᠨ ᠠᠵᠢᠯᠯᠠᠭ᠎ᠠ ᠵᠢᠨ ᠲᠥᠰᠦᠯ ᠪᠠ ᠮᠡᠷᠭᠡᠵᠢᠯ᠎ᠤᠨ ᠪᠠᠷᠢᠮᠵᠢᠶ᠎ᠠ ᠵᠢ ᠨᠡᠶ᠋ᠢᠲᠡᠯᠡᠵᠦ᠂ ᠵᠢᠷᠤᠵᠤ ᠲᠥᠯᠥᠪᠯᠡᠬᠦ᠂ ᠪᠠᠷᠢᠮᠵᠢᠶ᠎ᠠ᠂ ᠮᠠᠲ᠋ᠧᠷᠢᠶᠠᠯ᠂ ᠪᠥᠲᠥᠭᠡᠨ ᠪᠠᠶ᠋ᠢᠭᠤᠯᠬᠤ᠂ ᠠᠵᠢᠯᠯᠠᠭᠤᠯᠬᠤ ᠪᠠ ᠬᠠᠮᠠᠭ᠋ᠠᠯᠠᠬᠤ ᠪᠥᠬᠦ ᠬᠡᠯᠬᠢᠶ᠎ᠡ᠎ᠪᠠᠷ ᠳᠡᠭᠡᠭᠰᠢᠯᠡᠭᠦᠯᠬᠦ ᠵᠢ ᠪᠡᠶᠡᠯᠡᠭᠦᠯᠦᠨ᠎ᠡ᠃ ᠭᠡᠷ ᠪᠠᠶ᠋ᠢᠰᠢᠩ ᠭᠠᠵᠠᠷ ᠬᠦᠷᠦᠩᠭᠡ ᠵᠢᠨ ᠨᠡᠭᠡᠭᠡᠯᠲᠡ᠂ ᠪᠡᠯᠡ ᠲᠣᠬᠢᠷᠠᠭᠤᠯᠭ᠎ᠠ᠂ ᠪᠣᠷᠤᠯᠠᠭᠤᠯᠭ᠎ᠠ ᠵᠢᠨ ᠳᠦᠷᠢᠮ᠎ᠤᠨ ᠦᠭᠡᠷᠡᠴᠢᠯᠡᠯᠲᠡ ᠵᠢᠨ ᠡᠭᠦᠷᠭᠡ ᠵᠢ ᠭᠤᠣᠯᠳᠠᠯᠭ᠎ᠠ᠎ᠲᠠᠢ ᠨᠠᠶ᠋ᠢᠳᠠᠪᠤᠷᠢᠵᠢᠭᠤᠯᠵᠤ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠨᠡᠭᠡᠭᠡᠯᠲᠡ ᠵᠢᠨ ᠵᠢᠭᠡᠯᠡᠯᠭᠡ ᠵᠢᠨ ᠲᠦᠷᠦᠯ ᠵᠦᠢ᠍ᠯ᠎ᠳᠤ 《ᠴᠠᠭ᠋ᠠᠨ ᠨᠡᠷᠡᠰ》᠎ᠤᠨ ᠳᠦᠷᠢᠮ᠎ᠢ ᠬᠡᠷᠡᠭᠵᠢᠭᠦᠯᠦᠨ᠎ᠡ᠃ ᠪᠡᠯᠡᠨ ᠭᠡᠷ ᠪᠠᠶ᠋ᠢᠰᠢᠩ ᠪᠣᠷᠣᠯᠠᠭᠤᠯᠬᠤ ᠲᠤᠷᠰᠢᠯᠲᠠ ᠵᠢ ᠵᠣᠬᠢᠰᠲᠠᠶ ᠥᠷᠭᠡᠳᠬᠡᠨ᠂ ᠪᠣᠷᠤᠯᠠᠭᠤᠯᠭ᠎ᠠ ᠵᠢᠨ ᠵᠠᠭᠪᠤᠷ᠎ᠤᠨ ᠬᠤᠪᠢᠷᠠᠭᠤᠯᠤᠯᠲᠠ ᠵᠢ ᠲᠦᠯᠬᠢᠨ ᠠᠬᠢᠭᠤᠯᠤᠨ᠎ᠠ᠃

ᠭᠤᠷᠪᠠ᠎ᠳᠤ᠂ ᠣᠷᠣᠨ ᠰᠠᠭᠤᠴᠠ ᠵᠢᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠦᠲᠦᠮᠵᠢᠲᠡᠶ ᠬᠠᠩᠭ᠋ᠠᠯᠭ᠎ᠠ ᠵᠢ ᠦᠷᠭᠦᠯᠵᠢᠯᠡᠨ ᠨᠡᠮᠡᠭᠳᠡᠭᠦᠯᠵᠦ᠂ ᠬᠤᠲᠠ ᠵᠢᠨ ᠨᠤᠷᠠᠬᠤ ᠠᠶᠤᠯᠲᠠᠶ ᠬᠠᠭᠤᠴᠢᠨ ᠭᠡᠷ ᠪᠠᠶ᠋ᠢᠰᠢᠩ᠎ᠢ ᠥᠭᠡᠷᠡᠴᠢᠯᠡᠨ ᠰᠢᠨᠡᠳᠬᠡᠬᠦ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠬᠤᠲᠠ ᠵᠢᠨ ᠲᠤᠮᠳᠠᠬᠢ ᠲᠣᠰᠬᠤᠨ᠎ᠤ ᠥᠭᠡᠷᠡᠴᠢᠯᠡᠯᠲᠡ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠲᠡᠮᠵᠢᠯᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠱᠠᠲᠤ ᠲᠥᠷᠥᠯ ᠬᠤᠪᠢᠶᠠᠬᠤ᠂ ᠣᠯᠠᠨ ᠡᠰᠢᠵᠢᠭᠦᠯᠦᠨ ᠬᠠᠩᠭ᠋ᠠᠬᠤ ᠣᠷᠣᠨ ᠰᠠᠭᠤᠴᠠ ᠵᠢᠨ ᠪᠠᠲᠤᠯᠠᠭ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠵᠦ᠂ ᠣᠷᠣᠨ ᠰᠠᠭᠤᠴᠠ ᠵᠢᠨ ᠪᠠᠲᠤᠯᠠᠭ᠎ᠠ ᠵᠢᠨ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃

ᠳᠥᠷᠪᠡ᠎ᠳᠤ᠂ ᠪᠠᠷᠢᠯᠭ᠎ᠠ ᠵᠢᠨ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃ ᠪᠠᠷᠢᠯᠭ᠎ᠠ ᠵᠢᠨ ᠦᠢ᠍ᠯᠡᠰ᠎ᠤᠨ ᠠᠵᠤ ᠦᠢ᠍ᠯᠡᠳᠪᠦᠷᠢᠵᠢᠯᠲᠡ᠂ ᠲᠣᠭ᠋ᠠᠴᠢᠯᠠᠯᠲᠠ᠂ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠵᠢ ᠠᠬᠢᠭᠤᠯᠵᠤ᠂ ᠪᠦᠳᠦᠭᠡᠨ ᠪᠠᠶ᠋ᠢᠭᠤᠯᠬᠤ ᠬᠢᠷᠢ ᠲᠦᠪᠰᠢᠨ ᠪᠠ ᠪᠠᠷᠢᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠠᠵᠤ ᠠᠬᠤᠶ᠋ᠢᠯᠠᠯ᠎ᠤᠨ ᠬᠢᠷᠢ ᠬᠡᠮ᠎ᠤᠨ ᠳᠡᠰ ᠳᠡᠪᠰᠢᠬᠦ ᠪᠠ 《ᠭᠠᠳᠠᠭᠰᠢ ᠭᠠᠷᠬᠤ》 ᠬᠥᠭᠵᠢᠯᠲᠡ ᠵᠢ ᠳᠡᠮᠵᠢᠨ᠎ᠡ᠃ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠵᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠵᠢ ᠲᠦᠯᠬᠢᠨ ᠠᠬᠢᠭᠤᠯᠵᠤ᠂ 《ᠥᠨᠳᠥᠷ ᠪᠦᠲᠦᠮᠵᠢᠲᠡᠶ᠎ᠪᠠᠷ ᠨᠢᠭᠡ ᠶᠠᠪᠤᠳᠠᠯ ᠪᠦᠳᠦᠭᠡᠬᠦ》 ᠵᠢ ᠨᠠᠶ᠋ᠢᠳᠠᠪᠤᠷᠢᠵᠢᠭᠤᠯᠤᠨ᠎ᠠ᠃ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠲᠣᠭᠲᠠᠴᠠ ᠵᠢ ᠰᠠᠢ᠌ᠳᠦᠷ ᠬᠡᠷᠡᠭᠯᠡᠵᠦ᠂ ᠴᠢᠬᠤᠯᠠ ᠶᠡᠭᠡ ᠲᠥᠷᠥᠯ ᠵᠦᠢ᠍ᠯ᠎ᠢ ᠲᠦᠷᠭᠡᠨ ᠨᠡᠭᠡᠭᠡᠵᠦ ᠲᠦᠷᠭᠡᠨ ᠪᠠᠢ᠌ᠭᠤᠯᠬᠤ ᠵᠢ ᠠᠬᠢᠭᠤᠯᠤᠨ᠎ᠠ᠃ ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠰᠢᠨ᠎ᠡ ᠮᠠᠶᠢᠭ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢ ᠲᠦᠷᠭᠡᠳᠬᠡᠨ ᠪᠠᠢ᠌ᠭᠤᠯᠤᠨ᠎ᠠ᠃ᠲᠠᠪᠤ᠎ᠳᠤ᠂ ᠠᠳᠠᠯ ᠠᠬᠤᠶ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠣᠷᠣᠨ ᠰᠠᠭᠤᠴᠠ ᠵᠢᠨ ᠠᠳᠠᠯ ᠠᠬᠤᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠵᠦ᠂ ᠠᠳᠠᠯ ᠠᠬᠤᠢ ᠵᠢᠨ ᠬᠠᠮᠢᠶᠠᠷᠤᠯᠲᠠ ᠵᠢᠨ ᠰᠢᠨ᠎ᠡ ᠠᠷᠭ᠎ᠠ ᠵᠠᠮ᠂ ᠰᠢᠨ᠎ᠡ ᠵᠠᠭᠪᠤᠷ᠎ᠢ ᠰᠦᠪᠡᠭᠴᠢᠯᠡᠨ᠎ᠡ᠃ ᠨᠠᠮ᠎ᠤᠨ ᠪᠠᠶ᠋ᠢᠭᠤᠯᠤᠯᠲᠠ᠎ᠪᠠᠷ ᠠᠳᠠᠯ ᠠᠬᠤᠢ ᠵᠢᠨ ᠵᠠᠰᠠᠯᠲᠠ ᠵᠢ ᠬᠥᠲᠥᠯᠥᠨ ᠳᠠᠭ᠋ᠠᠭᠤᠯᠵᠤ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠰᠢᠰᠲ᠋ᠧᠮᠵᠢ᠎ᠳᠤ ᠠᠭᠤᠰᠤᠯᠴᠠᠭᠤᠯᠬᠤ ᠵᠢ ᠠᠬᠢᠭᠤᠯᠵᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠭᠡᠷ᠎ᠡ ᠵᠢ ᠭᠦᠢ᠍ᠴᠡᠳᠭᠡᠭᠰᠡᠨ ᠵᠶ᠋ᠠᠷ ᠦᠯᠦ ᠬᠦᠷᠦᠯᠴᠡᠬᠦ ᠵᠢ ᠲᠤᠰᠬᠠᠢ ᠴᠡᠭᠴᠡᠯᠡᠨ ᠵᠠᠰᠠᠯᠲᠠ ᠵᠢ ᠦᠷᠭᠦᠯᠵᠢᠯᠡᠨ ᠦᠷᠨᠢᠭᠦᠯᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠠᠤᠯᠢ ᠬᠡᠷᠡᠭᠵᠢᠭᠦᠯᠦᠯᠲᠡ ᠵᠢ ᠨᠡᠶ᠋ᠢᠭᠡᠮ ᠲᠣᠭᠤᠷᠢᠭ᠂ ᠤᠷᠤᠨ ᠰᠠᠭᠤᠴᠠ ᠵᠢᠨ ᠲᠣᠭᠤᠷᠢᠭ᠎ᠲᠤ ᠣᠷᠣᠭᠤᠯᠬᠤ ᠵᠢ ᠠᠬᠢᠭᠤᠯᠵᠤ᠂ ᠠᠳᠠᠯ ᠠᠬᠤᠢ ᠵᠢᠨ ᠬᠠᠤᠯᠢ ᠲᠣᠭᠲᠠᠭ᠋ᠠᠯ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠤᠨ᠎ᠠ᠃ ᠣᠷᠣᠨ ᠰᠠᠭᠤᠴᠠ ᠵᠢᠨ ᠲᠣᠭᠤᠷᠢᠭ᠎ᠤᠨ ᠠᠮᠤᠷ ᠲᠦᠪᠰᠢᠨ᠎ᠤ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠪᠠᠶ᠋ᠢᠩᠭᠤᠵᠢᠭᠤᠯᠤᠨ ᠥᠷᠨᠢᠭᠦᠯᠵᠦ᠂ ᠰᠡᠯᠪᠢᠨ ᠵᠠᠰᠠᠬᠤ ᠪᠡᠯᠡ ᠮᠥᠩᠭᠦ ᠵᠢᠨ ᠬᠠᠮᠢᠶᠠᠷᠤᠯᠲᠠ ᠵᠢ ᠵᠢᠷᠤᠮᠵᠢᠭᠤᠯᠤᠨ᠎ᠠ᠃

ᠵᠢᠷᠭᠤᠭ᠎ᠠ᠎ᠳᠤ᠂ ᠠᠮᠤᠷ ᠲᠦᠪᠰᠢᠨ ᠲᠣᠭᠲᠠᠭᠤᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠨ᠎ᠠ᠃ ᠭᠡᠷ ᠪᠠᠶ᠋ᠢᠰᠢᠩ ᠬᠤᠳᠠ ᠵᠢᠨ ᠶᠠᠪᠤᠳᠠᠯ᠎ᠤᠨ ᠢᠨᠵᠧᠨᠧᠷᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦᠨ᠎ᠠᠴᠠ᠎ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠬᠦᠨᠳᠦ ᠶᠡᠭᠡ ᠠᠳᠡᠯ᠎ᠤᠨ ᠬᠡᠮ ᠰᠣᠭᠤᠭ᠎ᠢ ᠠᠷᠢᠯᠭ᠋ᠠᠬᠤ ᠪᠢᠲᠡᠭᠦᠮᠵᠢᠯᠡᠭᠰᠡᠨ ᠲᠣᠭᠲᠠᠴᠠ ᠵᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠪᠠ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠵᠢ ᠡᠷᠡᠰ ᠬᠤᠷᠢᠭᠯᠠᠨ᠎ᠠ᠃ ᠥᠨᠳᠥᠷ ᠳᠠᠪᠬᠤᠷᠭ᠋ᠠᠲᠤ ᠪᠠᠷᠢᠯᠭ᠎ᠠ ᠵᠢᠨ ᠭᠠᠯ᠎ᠤᠨ ᠠᠶᠤᠯ᠎ᠤᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠪᠠᠯᠭ᠋ᠠᠰᠤ ᠵᠢᠨ ᠰᠢᠲᠠᠮᠠᠬᠠᠶ ᠬᠡᠢ ᠵᠢᠨ ᠠᠮᠤᠷ ᠲᠦᠪᠰᠢᠨ᠎ᠢ ᠪᠥᠬᠦ ᠬᠡᠯᠬᠢᠶ᠎ᠡ᠎ᠪᠠᠷ ᠴᠡᠭᠴᠡᠯᠡᠨ ᠵᠠᠰᠠᠬᠤ ᠵᠢ ᠦᠷᠭᠦᠯᠵᠢᠯᠡᠨ ᠥᠷᠨᠢᠭᠦᠯᠦᠨ᠎ᠡ᠃ ᠭᠠᠮᠰᠢᠭᠳᠠᠭᠰᠠᠨ ᠤᠷᠤᠨ᠎ᠤ ᠭᠡᠷ ᠪᠠᠶ᠋ᠢᠰᠢᠩ᠎ᠢ ᠲᠠᠬᠢᠨ ᠪᠦᠲᠦᠭᠡᠨ ᠪᠠᠶ᠋ᠢᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠨᠥᠬᠦᠴᠡᠯ᠎ᠳᠤ ᠨᠡᠶ᠋ᠢᠴᠡᠬᠦ ᠵᠢ᠎ᠨᠢ ᠨᠤᠷᠠᠬᠤ ᠠᠶᠤᠯᠲᠠᠢ ᠭᠡᠷ ᠪᠠᠶ᠋ᠢᠰᠢᠩ᠎ᠤᠨ ᠦᠭᠡᠷᠡᠴᠢᠯᠡᠯᠳᠡ ᠰᠢᠨᠡᠴᠢᠯᠡᠯᠳᠡ ᠵᠢᠨ ᠬᠡᠪᠴᠢᠶᠡᠨ᠎ᠳᠤ ᠣᠷᠣᠭᠤᠯᠤᠨ᠎ᠠ᠃ ᠴᠢᠯᠠᠭᠤᠨ ᠲᠣᠰᠣ ᠪᠣᠯᠤᠨ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃

ᠳᠣᠯᠤᠭ᠎ᠠ᠎ᠳᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠥᠯᠥᠪᠵᠢᠭᠦᠯᠭᠡ᠎ᠪᠠᠷ ᠪᠠᠷᠢᠮᠵᠢᠶᠠᠯᠠᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ 〈ᠠᠷᠪᠠᠨ ᠲᠠᠪᠤᠳᠤᠭ᠋ᠠᠷ ᠲᠠᠪᠤᠨ ᠵᠢᠯ〉᠎ᠤᠨ ᠲᠥᠯᠥᠪᠵᠢᠭᠦᠯᠭᠡ》 ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠠᠪᠤᠳᠤᠭ᠋ᠠᠷ ᠲᠠᠪᠤᠨ ᠵᠢᠯ〉᠎ᠤᠨ ᠬᠤᠲᠠ ᠵᠢᠨ ᠰᠢᠨᠡᠴᠢᠯᠡᠯᠳᠡ ᠵᠢᠨ ᠲᠤᠰᠬᠠᠶ ᠲᠥᠯᠥᠪᠵᠢᠭᠦᠯᠭᠡ》 ᠵᠢ ᠴᠢᠨᠠᠷ ᠰᠠᠶ᠋ᠢᠲᠠᠶ ᠨᠠᠶ᠋ᠢᠷᠠᠭᠤᠯᠤᠨ ᠵᠣᠬᠢᠶᠠᠵᠤ᠂ ᠲᠥᠯᠥᠪᠵᠢᠭᠦᠯᠭᠡ ᠵᠢᠨ ᠭᠠᠷᠴᠠᠭ᠎ᠤᠨ ᠨᠠᠷᠢᠨ ᠬᠠᠭᠤᠳᠠᠰᠤ ᠵᠢ ᠲᠣᠭᠲᠠᠭ᠋ᠠᠨ᠂ ᠭᠠᠵᠠᠷ ᠳᠣᠤᠷᠠᠬᠢ ᠬᠤᠭᠤᠯᠠᠶ ᠲᠣᠤᠷ᠎ᠤᠨ ᠪᠥᠲᠥᠭᠡᠨ ᠪᠠᠶ᠋ᠢᠭᠤᠯᠤᠯᠲᠠ ᠵᠢᠨ ᠥᠭᠡᠷᠡᠴᠢᠯᠡᠯᠲᠡ᠂ ᠬᠤᠲᠠ ᠬᠥᠳᠡᠭᠡ ᠵᠢᠨ ᠪᠣᠬᠢᠷ ᠤᠰᠤ ᠬᠤᠭ ᠨᠣᠪᠰᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠥᠭᠡᠷᠡᠴᠢᠯᠡᠯᠲᠡ᠂ ᠬᠠᠭᠤᠴᠢᠨ ᠵᠡᠭᠡᠯᠢ ᠲᠣᠭᠤᠷᠢᠭ᠂ ᠦᠢ᠍ᠯᠡᠳᠪᠦᠷᠢ ᠵᠢᠨ ᠲᠣᠭᠤᠷᠢᠭ᠎ᠢ ᠰᠢᠨᠡᠳᠬᠡᠨ ᠥᠭᠡᠷᠡᠴᠢᠯᠡᠬᠦ ᠵᠡᠷᠭᠡ ᠴᠢᠬᠤᠯᠠ ᠶᠡᠭᠡ ᠲᠥᠷᠥᠯ ᠵᠦᠢ᠍ᠯ᠎ᠢ ᠤᠯᠤᠰ᠎ᠤᠨ 《ᠲᠤᠮᠦ ᠶᠠᠪᠤᠳᠠᠯ》᠎ᠳᠤ ᠣᠷᠣᠭᠤᠯᠬᠤ᠎ᠪᠠᠷ ᠢᠳᠡᠪᠬᠢᠲᠡᠶ ᠴᠢᠷᠮᠠᠶ᠋ᠢᠨ᠎ᠠ᠃

ᠨᠠᠢ᠍ᠮᠠ᠎ᠳᠤ᠂ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠨ᠎ᠠ᠃ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠠᠨ ᠨᠢᠭᠡᠳᠬᠡᠨ ᠰᠦᠭ ᠰᠦᠨᠡᠰᠦ᠎ᠪᠠᠨ ᠱᠤᠭᠤᠬᠤ ᠵᠢ ᠴᠥᠬᠦᠷᠡᠰᠢ ᠦᠭᠡᠢ ᠪᠠᠷᠢᠮᠲᠠᠯᠠᠵᠤ᠂ 《ᠬᠤᠶᠠᠷ᠎ᠢ ᠲᠤᠭᠳᠠᠭ᠋ᠠᠭᠰᠠᠨ》 ᠵᠢ ᠡᠷᠡᠰ ᠬᠦᠷᠢᠶᠡᠯᠡᠵᠦ᠂ 《ᠬᠤᠶᠠᠷ᠎ᠢ ᠬᠦᠷᠢᠶᠡᠯᠡᠬᠦ》 ᠵᠢ ᠡᠷᠡᠰ ᠪᠡᠶᠡᠯᠡᠭᠦᠯᠬᠦ ᠬᠡᠷᠡᠭᠲᠡᠢ᠃ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠢᠯᠢᠳᠡᠭ ᠰᠤᠷᠲᠠᠯ ᠵᠶ᠋ᠠᠷ ᠨᠠᠶ᠋ᠢᠳᠠᠪᠤᠷᠢᠵᠢᠭᠤᠯᠬᠤ ᠵᠢ ᠪᠠᠳᠤᠯᠠᠨ᠎ᠠ᠃ ᠰᠢᠨ᠎ᠡ ᠴᠠᠭ ᠦᠶ᠎ᠡ ᠵᠢᠨ ᠰᠠᠶ᠋ᠢᠨ ᠺᠠᠳ᠋ᠷ᠎ᠤᠨ ᠪᠠᠷᠢᠮᠵᠢᠶ᠎ᠠ ᠵᠢ ᠲᠤᠭᠤᠰᠢᠯᠠᠭᠤᠯᠵᠤ᠂ ᠬᠥᠮᠦᠨ ᠬᠡᠷᠡᠭᠯᠡᠬᠦ ᠵᠥᠪ ᠤᠳᠤᠷᠢᠳᠤᠮᠵᠢ ᠵᠢ ᠪᠤᠢ ᠪᠣᠯᠭ᠋ᠠᠵᠤ᠂ ᠡᠩᠨᠡᠭᠡᠨ᠎ᠤ ᠪᠦᠲᠦᠴᠡ ᠵᠢ ᠰᠢᠯᠢᠳᠡᠭᠵᠢᠭᠦᠯᠵᠦ᠂ ᠺᠠᠳ᠋ᠷ᠎ᠤᠨ ᠬᠡᠪ ᠴᠢᠨᠠᠷ᠎ᠢ ᠳᠡᠭᠡᠭᠰᠢᠯᠡᠭᠦᠯᠦᠨ᠎ᠡ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠤᠨ᠎ᠠ᠃

ᠬᠤᠷᠠᠯ ᠳᠡᠭᠡᠷ᠎ᠡ᠂ ᠬᠥᠬᠡᠬᠤᠲᠠ᠂ ᠪᠤᠭᠤᠲᠤ ᠬᠤᠲᠠ᠂ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ᠂ ᠣᠷᠳᠣᠰ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠨᠡᠶ᠋ᠢᠭᠡᠮᠯᠢᠭ᠂ ᠠᠳᠠᠯ ᠠᠬᠤᠶ ᠵᠢᠨ ᠬᠠᠮᠢᠶᠠᠷᠤᠯᠲᠠ ᠵᠢᠨ ᠨᠡᠶ᠋ᠢᠭᠡᠮᠯᠢᠭ᠎ᠤᠨ ᠲᠦᠯᠦᠭᠡᠯᠡᠭᠴᠢ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠵᠠᠢ᠃

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠲᠢᠩᠬᠢᠮ ᠪᠠᠶ᠋ᠢᠭᠤᠯᠭ᠎ᠠ ᠵᠢᠨ ᠪᠥᠬᠦ ᠠᠵᠢᠯᠲᠠᠨ᠂ ᠰᠢᠭᠤᠳ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠦᠳ᠂ ᠬᠥᠬᠡᠬᠤᠲᠠ᠂ ᠪᠤᠭᠤᠲᠤ ᠬᠤᠲᠠ ᠵᠢᠨ ᠬᠤᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠦᠳ᠂ ᠮᠠᠨᠵᠤᠤᠷ ᠬᠤᠲᠠ᠂ ᠡᠷᠢᠶᠡᠨ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠬᠤᠲᠠ ᠵᠢᠨ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠦᠳ᠂ ᠬᠡᠰᠡᠭ ᠠᠶ᠋ᠢᠮᠠᠭ ᠬᠤᠲᠠ ᠵᠢᠨ ᠴᠡᠴᠡᠷᠯᠢᠭ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠵᠠᠶ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠠᠯᠪᠠᠨ ᠬᠡᠷ