12 ᠳ᠋ᠤᠭ᠋ᠠᠷ ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠪᠠ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠦᠶ ᠬᠤᠷᠠᠯ ᠪᠠ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃
ᠬᠤᠷᠠᠯ᠎ᠠᠴᠠ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠠᠷᠪᠠᠨ ᠨᠢᠭᠡᠳᠦᠭᠡᠷ ᠪᠥᠬᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠂ ᠪᠦᠬᠦ ᠤᠯᠤᠰ᠎ᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶᠠᠨ᠎ᠤ ᠣᠳᠣᠬᠠᠨ᠎ᠤ ᠠᠵᠤ ᠠᠬᠤᠢ ᠵᠢᠨ ᠪᠠᠶ᠋ᠢᠳᠠᠯ᠎ᠤᠨ ᠲᠤᠬᠠᠢ ᠰᠢᠨᠵᠢᠯᠡᠬᠦ ᠤᠬᠠᠭ᠋ᠠᠨᠴᠢ ᠮᠠᠭ᠋ᠠᠳᠯᠠᠯᠲᠠ ᠪᠠ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠵᠤ᠂ ᠭᠦᠨᠵᠡᠭᠡᠢ ᠰᠤᠳᠤᠯᠵᠤ᠂ ᠢᠷᠡᠬᠦ ᠵᠢᠯ᠎ᠤᠨ ᠠᠵᠢᠯ᠎ᠢ ᠰᠢᠰᠲ᠋ᠧᠮ᠎ᠲᠠᠢ ᠲᠥᠯᠥᠪᠵᠢᠭᠦᠯᠵᠦ᠂ ᠡᠭᠦᠷᠭᠡ᠎ᠪᠠᠨ ᠪᠣᠳᠠᠲᠠᠢ ᠲᠥᠯᠥᠪᠵᠢᠭᠦᠯᠵᠦ᠂ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ᠂ ᠬᠡᠷᠡᠭᠵᠢᠭᠦᠯᠵᠦ ᠪᠤᠯᠬᠤᠢ᠌ᠴᠠ᠂ ᠬᠡᠮᠵᠢᠶᠡᠯᠡᠵᠦ ᠪᠤᠯᠬᠤᠢ᠌ᠴᠠ᠂ ᠨᠠᠶ᠋ᠢᠳᠠᠪᠤᠷᠢᠵᠢᠭᠤᠯᠵᠤ ᠪᠤᠯᠬᠤᠢ᠌ᠴᠠ ᠪᠣᠳᠠᠲᠠᠢ ᠬᠠᠷᠠᠯᠲᠠ ᠵᠢ ᠪᠦᠷᠢᠯᠳᠦᠭᠦᠯᠵᠦ᠂ ᠡᠯ᠎ᠡ ᠵᠦᠢ᠍ᠯ᠎ᠤᠨ ᠠᠵᠢᠯ᠎ᠤᠨ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠢ᠃ ᠬᠤᠳᠠ ᠵᠢᠨ ᠪᠠᠶ᠋ᠢᠴᠠᠭ᠋ᠠᠯᠲᠠ ᠪᠣᠯᠤᠨ ᠬᠤᠳᠠ ᠵᠢᠨ ᠰᠢᠨᠡᠴᠢᠯᠡᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠ ᠵᠢᠨ ᠰᠠᠭᠤᠷᠢ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠬᠤᠳᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠠᠷᠠᠳ᠎ᠤᠨ ᠲᠣᠭᠤᠷᠢᠭ᠂ ᠬᠤᠳᠠ ᠵᠢᠨ ᠳᠤᠮᠳᠠᠬᠢ ᠲᠣᠰᠬᠤᠨ ᠪᠣᠯᠤᠨ ᠨᠤᠷᠠᠬᠤ ᠠᠶᠤᠯᠲᠠᠢ ᠬᠠᠭᠤᠴᠢᠨ ᠭᠡᠷ ᠪᠠᠶ᠋ᠢᠰᠢᠩ᠎ᠤᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠬᠡᠷᠡᠭᠵᠢᠭᠦᠯᠵᠦ᠂ ᠬᠤᠳᠠ ᠵᠢᠨ ᠠᠭᠤᠯᠤᠭᠳᠠᠬᠤᠨ ᠮᠠᠶᠢᠭ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠲᠠᠸᠠᠷ᠎ᠤᠨ ᠭᠡᠷ ᠪᠠᠶ᠋ᠢᠰᠢᠩ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠬᠥᠭᠵᠢᠭᠡᠵᠦ᠂ ᠵᠠᠬ᠎ᠠ ᠳᠡᠯᠭᠡᠭᠦᠷ᠎ᠤᠨ ᠢᠲᠡᠭᠡᠯ᠎ᠢ ᠳᠡᠭᠡᠭᠰᠢᠯᠡᠭᠦᠯᠬᠦ ᠬᠡᠷᠡᠭᠲᠡᠶ᠃ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠵᠤ᠂ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠳᠤ ᠬᠦᠴᠦᠨ ᠨᠡᠮᠡᠷᠢᠯᠡᠵᠦ᠂ ᠣᠶᠤᠨᠴᠢ᠎ᠪᠠᠷ ᠪᠥᠲᠥᠭᠡᠨ ᠪᠠᠶ᠋ᠢᠭᠤᠯᠬᠤ᠂ ᠪᠣᠬᠢᠷᠲᠤᠯ ᠥᠬᠡᠶ᠎ᠪᠠᠷ ᠪᠥᠲᠥᠭᠡᠨ ᠪᠠᠶ᠋ᠢᠭᠤᠯᠬᠤ ᠵᠡᠷᠭᠡ ᠰᠢᠨ᠎ᠡ ᠬᠡᠯᠪᠡᠷᠢ ᠵᠢᠨ ᠪᠥᠲᠥᠭᠡᠨ ᠪᠠᠶ᠋ᠢᠭᠤᠯᠬᠤ ᠠᠷᠭ᠎ᠠ ᠬᠡᠯᠪᠡᠷᠢ ᠵᠢ ᠢᠳᠡᠪᠬᠢᠲᠡᠶ ᠬᠥᠭᠵᠢᠭᠦᠯᠵᠦ᠂ ᠪᠠᠷᠢᠯᠭ᠎ᠠ ᠵᠢᠨ ᠦᠢ᠍ᠯᠡᠰ᠎ᠤᠨ ᠰᠢᠨ᠎ᠡ ᠨᠡᠮᠡᠭᠳᠡᠯ᠎ᠤᠨ ᠴᠡᠭ᠎ᠢ ᠪᠤᠶ᠋ᠢᠵᠢᠭᠤᠯᠬᠤ ᠬᠡᠷᠡᠭᠲᠡᠶ᠃ 《ᠬᠤᠶᠠᠷ᠎ᠢ ᠴᠢᠬᠤᠯᠠᠴᠢᠯᠠᠬᠤ》 《ᠬᠤᠶᠠᠷ᠎ᠢ ᠰᠢᠨᠡᠴᠢᠯᠡᠬᠦ》 ᠲᠥᠷᠥ ᠵᠢᠨ ᠪᠣᠳᠣᠯᠭ᠎ᠠ ᠵᠢᠨ ᠠᠵᠠ ᠲᠣᠬᠢᠶᠠᠯ᠎ᠢ ᠡᠵᠡᠮᠳᠡᠵᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠲᠠᠢ ᠤᠶᠠᠯᠳᠤᠭᠤᠯᠤᠨ᠂ ᠴᠢᠬᠤᠯᠠ ᠶᠡᠭᠡ ᠲᠥᠷᠥᠯ ᠵᠦᠢ᠍ᠯ᠎ᠢ ᠲᠥᠯᠥᠪᠵᠢᠭᠦᠯᠦᠨ ᠨᠥᠭᠡᠴᠡᠯᠡᠬᠦ ᠵᠢ ᠴᠢᠩᠭ᠋ᠠᠳᠬᠠᠵᠤ᠂ ᠪᠠᠯᠠ ᠮᠥᠩᠭᠦ ᠵᠢ ᠢᠳᠡᠪᠬᠢᠲᠡᠶ ᠲᠡᠮᠡᠴᠡᠨ ᠣᠯᠵᠤ᠂ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠲᠣᠭᠲᠠᠴᠠ ᠵᠢ ᠰᠠᠶ᠋ᠢᠲᠤᠷ ᠬᠡᠷᠡᠭᠯᠡᠵᠦ᠂ ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ᠎ᠢ ᠲᠦᠷᠭᠡᠨ ᠨᠠᠶ᠋ᠢᠳᠠᠪᠤᠷᠢᠵᠢᠭᠤᠯᠵᠤ᠂ ᠠᠯᠢ ᠲᠦᠷᠭᠡᠨ ᠵᠶ᠋ᠠᠷ ᠠᠵᠢᠯ ᠡᠬᠢᠯᠡᠭᠦᠯᠬᠦ ᠵᠢ ᠠᠬᠢᠭᠤᠯᠵᠤ᠂ ᠨᠠᠩ ᠣᠯᠠᠨ ᠪᠣᠳᠠᠲᠤ ᠠᠵᠢᠯ᠎ᠤᠨ ᠬᠡᠮᠵᠢᠶ᠎ᠡ ᠵᠢ ᠴᠢᠷᠮᠠᠶ᠋ᠢᠨ ᠪᠣᠶ ᠪᠣᠯᠭ᠋ᠠᠬᠤ ᠬᠡᠷᠡᠭᠲᠡᠶ᠃ ᠠᠮᠤᠷ ᠲᠦᠪᠰᠢᠨ ᠲᠣᠭᠲᠠᠭᠤᠨ᠎ᠤ ᠬᠤᠷᠢᠭ᠎ᠠ ᠱᠤᠭᠤᠮ᠎ᠢ ᠡᠷᠡᠰ ᠰᠠᠬᠢᠵᠤ᠂ ᠭᠡᠷ ᠪᠠᠶ᠋ᠢᠰᠢᠩ ᠬᠤᠳᠠ ᠵᠢᠨ ᠶᠠᠪᠤᠳᠠᠯ᠎ᠤᠨ ᠢᠨᠵᠧᠨᠧᠷᠢᠩ᠂ ᠬᠤᠳᠠ ᠪᠠᠯᠭ᠋ᠠᠰᠤᠨ᠎ᠤ ᠰᠢᠲᠠᠮᠠᠬᠠᠢ ᠬᠡᠢ᠂ ᠥᠨᠳᠥᠷ ᠲᠠᠪᠬᠤᠷᠯᠢᠭ᠎ᠳᠤ ᠪᠠᠷᠢᠯᠭ᠎ᠠ ᠵᠡᠷᠭᠡ ᠭᠤᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢᠨ ᠭᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠬᠤ ᠪᠠ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠤᠳᠠ ᠵᠢᠨ ᠲᠣᠭᠲᠠᠭᠤᠨ ᠠᠵᠢᠯᠯᠠᠭ᠋ᠠᠨ᠎ᠢ ᠪᠦᠬᠦ ᠬᠦᠴᠦᠨ ᠵᠶ᠋ᠠᠷ ᠵᠶ᠋ᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢ ᠦᠷᠭᠦᠯᠵᠢᠯᠡᠨ ᠪᠤᠢ ᠪᠣᠯᠭ᠋ᠠᠬᠤ ᠬᠡᠷᠡᠭᠲᠡᠢ᠃ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠪᠠᠶ᠋ᠢᠩᠭᠤᠵᠢᠭᠤᠯᠤᠨ ᠴᠡᠭᠴᠡᠯᠡᠨ ᠵᠠᠰᠠᠵᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠬᠤ ᠬᠡᠷᠡᠭᠲᠡᠢ᠃ ᠨᠠᠮ᠎ᠤᠨ ᠭᠡᠰᠢᠭᠦᠨ ᠺᠠᠳ᠋ᠷᠴᠤᠳ᠎ᠤᠨ ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠳᠬᠠᠵᠤ᠂ ᠤᠯᠠᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠪᠢᠰᠢᠷᠡᠨ ᠵᠢᠷᠦᠬᠡᠰᠢᠶᠡᠬᠦ ᠵᠢ ᠮᠡᠳᠡᠵᠦ᠂ ᠬᠠᠤᠯᠢ ᠰᠠᠬᠢᠯᠭ᠎ᠠ ᠵᠢ ᠮᠡᠳᠡᠬᠦ᠂ ᠬᠤᠷᠢᠭ᠎ᠠ ᠱᠤᠭᠤᠮ᠎ᠢ ᠰᠠᠬᠢᠵᠤ᠂ ᠠᠷᠢᠭᠤᠨ ᠴᠢᠬᠡᠴᠢ᠂ ᠠᠷᠪᠢᠴᠢ ᠭᠠᠮᠲᠠᠶ᠂ ᠪᠣᠯᠪᠠᠰᠤᠨ ᠵᠶ᠋ᠠᠷ ᠪᠠᠶᠠᠷ᠎ᠤᠨ ᠡᠳᠦᠷ ᠵᠶ᠋ᠠᠨ ᠥᠩᠭᠡᠷᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ ᠬᠡᠵᠦ ᠱᠠᠭ᠋ᠠᠷᠳᠠᠪᠠ᠃
ᠬᠤᠷᠠᠯ᠎ᠠᠴᠠ ᠤᠳᠤᠷᠢᠳᠬᠤ ᠪᠠᠭ᠎ᠤᠨ ᠪᠦᠷᠢᠯᠳᠦᠬᠦᠨ᠎ᠤ 2025 ᠣᠨ᠎ᠤ ᠨᠠᠮ᠎ᠤᠨ ᠰᠤᠷᠲᠠᠯ ᠠᠷᠢᠭᠤᠨ ᠴᠢᠬᠡᠴᠢ ᠵᠠᠰᠠᠭ᠎ᠤᠨ ᠪᠠᠶ᠋ᠢᠭᠤᠯᠤᠯᠲᠠ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ ᠵᠢᠴᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃