ᠪᠥᠬᠦ᠌ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠠᠬᠢ ᠠᠶᠤᠯᠭᠦᠢ ᠦᠢᠯᠡᠳᠪᠦᠷᠢᠯᠡᠯ᠎ᠤᠨ ᠠᠵᠢᠯ᠎ᠤᠨ ᠲᠣᠬᠢᠷᠠᠭᠤᠯᠤᠯᠲᠠ᠎ᠶ᠋ᠢᠨ ᠸᠢᠳᠢᠤ᠋ ᠬᠤᠷᠠᠯ ᠬᠤᠷᠠᠯᠳᠤᠭᠤᠯᠪᠠ
2025-10-10

9 ᠳ᠋ᠤᠭᠡᠷ ᠰᠠᠷ᠎ᠠ᠎ᠶ᠋ᠢᠨ 29 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ ᠪᠥᠬᠦ᠌ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠠᠬᠢ ᠠᠶᠤᠯᠭᠦᠢ ᠦᠢᠯᠡᠳᠪᠦᠷᠢᠯᠡᠯ᠎ᠤᠨ ᠠᠵᠢᠯ᠎ᠤᠨ ᠲᠣᠬᠢᠷᠠᠭᠤᠯᠤᠯᠲᠠ᠎ᠶ᠋ᠢᠨ ᠸᠢᠳᠢᠤ᠋ ᠬᠤᠷᠠᠯ ᠬᠤᠷᠠᠯᠳᠤᠭᠤᠯᠵᠤ᠂ ᠨᠠᠢ᠍ᠮᠠᠨ ᠰᠠᠷ᠎ᠠ᠎ᠶ᠋ᠢᠨ ᠲᠡᠷᠭᠡᠯ ᠤᠯᠤᠰ᠎ᠤᠨ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭ᠎ᠠ ᠪᠠ ᠳᠥᠷᠪᠡᠳᠦᠭᠡᠷ ᠤᠯᠠᠷᠢᠯ᠎ᠤᠨ ᠠᠶᠤᠯᠭᠦᠢ ᠦᠢᠯᠡᠳᠪᠦᠷᠢᠯᠡᠯ᠎ᠤᠨ ᠭᠤᠤᠯᠳᠠᠯᠭ᠎ᠠ᠎ᠲᠠᠢ ᠠᠵᠢᠯ᠎ᠢ ᠳᠣᠭᠢᠷᠠᠭᠤᠯᠤᠨ ᠪᠠᠢᠷᠢᠯᠠᠭᠤᠯᠪᠠ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠵᠢᠶᠠᠨ ᠬᠤᠸᠠ ᠬᠤᠷᠠᠯ᠎ᠳᠤ ᠣᠷᠣᠯᠴᠠᠨ ᠶᠠᠷᠢᠶ᠎ᠠ ᠲᠠᠯᠪᠢᠪᠠ᠃

ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠶᠤᠯᠭᠦᠢ ᠦᠢᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠤᠨ ᠬᠤᠯᠪᠣᠭ᠍ᠳᠠᠯ ᠪᠦᠬᠦᠢ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠵᠤ᠂ ᠤᠢ᠍ᠢᠷ᠎ᠠ᠎ᠶ᠋ᠢᠨ ᠬᠤᠭᠤᠴᠠᠭᠠᠨ᠎ᠤ ᠭᠤᠤ ᠬᠤᠭᠤᠯᠠᠢ ᠎ᠶ᠋ᠢᠨ ᠲᠣᠣᠷ᠎ᠤᠨ ᠠᠳᠡᠯ᠎ᠠᠴᠠ ᠭᠦᠨᠵᠡᠭᠡᠢ ᠰᠤᠷᠭᠠᠮᠵᠢ ᠠᠪᠴᠤ᠌᠂ ᠣᠳᠣᠬᠠᠨ᠎ᠤ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠠᠶᠤᠯ ᠦᠭᠡᠢ ᠦᠢᠯᠡᠳᠪᠦᠷᠢᠯᠡᠯ᠎ᠤᠨ ᠪᠠᠢᠳᠠᠯ᠎ᠢ ᠰᠡᠷᠭᠡᠭ᠎ᠢᠶᠠᠷ ᠲᠠᠨᠢᠵᠤ᠂ ᠪᠠᠶᠠᠷ᠎ᠤᠨ ᠡᠳᠦᠷ᠎ᠤᠨ ᠬᠤᠭᠤᠴᠠᠭ᠎ᠠ ᠪᠣᠯᠤᠨ ᠳᠥᠷᠪᠡᠳᠦᠭᠡᠷ ᠤᠯᠠᠷᠢᠯ᠎ᠤᠨ ᠣᠷᠣᠨ ᠰᠠᠭᠤᠴᠠ ᠪᠠ ᠪᠦᠳᠦᠭᠡᠨ ᠪᠠᠢᠭᠤᠯᠤᠯᠲᠠ᠎ᠶ᠋ᠢᠨ ᠬᠦᠷᠢᠶᠡᠨ᠎ᠤ ᠠᠶᠤᠯᠭᠦᠢ ᠦᠢᠯᠡᠳᠪᠦᠷᠢᠯᠡᠯ᠎ᠤᠨ ᠠᠵᠢᠯ᠎ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠠᠳᠭᠤᠵᠤ᠂ ᠬᠦᠨᠳᠦ ᠨᠣᠴᠢᠲᠠᠢ ᠣᠨᠴᠠ ᠶᠡᠭᠡ ᠠᠳᠡᠯ ᠭᠠᠷᠬᠤ᠎ᠶ᠋ᠢ ᠡᠷᠡᠰ ᠬᠤᠷᠢᠭ᠍ᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠬᠤᠷᠠᠯ᠎ᠠᠴᠠ᠂ ᠬᠤᠳᠠ᠎ᠶ᠋ᠢᠨ ᠶᠠᠪᠤᠳᠠᠯ᠎ᠤᠨ ᠬᠠᠮᠢᠶᠠᠷᠤᠯᠲᠠ᠎ᠶ᠋ᠢᠨ ᠭᠤᠤ ᠬᠤᠭᠤᠯᠠᠢ᠎ᠶ᠋ᠢᠨ ᠲᠣᠣᠷ᠎ᠤᠨ ᠢᠨᠵᠧᠨᠧᠷᠢᠩ᠎ᠢ ᠭᠤᠣᠯᠳᠠᠯᠭ᠎ᠠ᠎ᠲᠠᠢ ᠵᠢᠭ᠍ᠰᠠᠭᠠᠨ ᠪᠠᠢᠴᠠᠭᠠᠵᠤ᠂ ᠶᠠᠭ ᠥᠷᠨᠢᠭᠦᠯᠵᠦ᠍ ᠪᠠᠢᠭ᠎ᠠ ᠥᠨᠳᠥᠷ ᠭᠠᠵᠠᠷ ᠡᠴᠡ ᠤᠨᠠᠬᠤ᠎ᠶ᠋ᠢ ᠰᠡᠷᠭᠡᠢᠯᠡᠬᠦ᠌ ᠲᠤᠰᠭᠠᠢ ᠴᠡᠭ᠌ᠴᠡᠯᠡᠨ ᠵᠠᠰᠠᠬᠤ᠎ᠲᠠᠢ ᠤᠶᠠᠯᠳᠤᠭᠤᠯᠵᠤ᠂ ᠠᠶᠤᠯ ᠶᠡᠬᠡᠲᠡᠢ ᠠᠵᠢᠯ᠎ᠢ ᠬᠠᠮᠢᠶᠠᠷᠤᠨ ᠡᠵᠡᠮᠳᠡᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠥᠨᠳᠥᠷ ᠭᠠᠵᠠᠷ ᠡᠴᠡ ᠤᠨᠠᠬᠤ ᠠᠳᠡᠯ ᠭᠠᠷᠬᠤ᠎ᠶ᠋ᠢ ᠰᠡᠷᠭᠡᠢᠯᠡᠬᠦ᠌ ᠬᠡᠷᠡᠭ᠌ᠲᠡᠢ᠃ ᠡᠯ᠎ᠡ ᠱᠢᠲᠠᠮᠠᠬᠠᠶ ᠬᠡᠶ᠎ᠶ᠋ᠢᠨ ᠡᠵᠡᠩᠨᠡᠯᠲᠡ᠎ᠶ᠋ᠢᠨ ᠠᠵᠤ ᠠᠬᠤᠢᠯᠠᠯ᠎ᠢ ᠱᠠᠭᠠᠷᠳᠠᠵᠤ ᠪᠠᠢᠭᠠᠳ ᠪᠦᠬᠦᠨ᠎ᠢ ᠬᠠᠮᠤᠷᠤᠨ ᠵᠢᠭ᠍ᠰᠠᠭᠠᠨ ᠪᠠᠢᠴᠠᠭᠠᠵᠤ᠂ ᠬᠠᠭᠤᠴᠢᠨ ᠬᠤᠭᠤᠯᠠᠶ᠎ᠶ᠋ᠢᠨ ᠲᠣᠤᠷ᠂ ᠨᠡᠭᠡᠯᠡᠬᠡᠶ ᠵᠡᠷᠭᠡ ᠬᠠᠭᠤᠴᠢᠷᠠᠭ᠍ᠰᠠᠨ᠂ ᠡᠪᠳᠡᠷᠡᠭ᠌ᠰᠡᠨ ᠤᠭ᠍ᠰᠠᠷᠠᠭ᠎ᠠ ᠲᠣᠨᠣᠭ᠎ᠢ ᠴᠠᠭ ᠲᠤᠬᠠᠶ᠎ᠳᠤ ᠨᠢ ᠰᠣᠯᠢᠵᠤ᠂ ᠲᠥᠬᠦᠭᠡᠷᠦᠮᠵᠢ᠎ᠶ᠋ᠢᠨ ᠠᠮᠤᠷ ᠲᠦᠪᠱᠢᠨ᠎ᠢᠶᠠᠷ ᠠᠵᠢᠯᠯᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠯᠣᠩᠬᠤᠨ᠎ᠳᠤ ᠬᠡᠢ ᠰᠠᠪᠠᠯᠠᠭ᠍ᠰᠠᠨ ᠵᠢᠵᠢᠭ ᠢᠳᠡᠭᠡᠨ ᠤᠮᠳᠠᠭᠠᠨ᠎ᠤ ᠳᠡᠯᠭᠡᠭᠦᠷ᠂ ᠰᠥᠨᠢ᠎ᠶ᠋ᠢᠨ ᠵᠠᠬ᠎ᠠ ᠳᠡᠯᠭᠡᠭᠦᠷ᠂ ᠨᠡᠭᠦᠳᠡᠯ ᠳᠡᠯᠭᠡᠭᠦᠷᠴᠢᠨ᠂ ᠠᠷᠠᠳ᠎ᠤᠨ ᠣᠷᠣᠨ ᠰᠠᠭᠤᠴᠠ᠎ᠶ᠋ᠢᠨ ᠲᠠᠷᠢᠶᠠᠴᠢᠨ ᠠᠢᠯ᠎ᠤᠨ ᠵᠢᠭᠤᠯᠴᠢᠯᠠᠯ ᠵᠡᠷᠭᠡ ᠡᠴᠦᠰ᠎ᠤᠨ ᠬᠡᠷᠡᠭ᠌ᠯᠡᠭ᠌ᠴᠢ᠎ᠶ᠋ᠢᠨ ᠬᠢᠷᠢ ᠲᠡᠩᠴᠡᠭ᠌ᠰᠡᠨ ᠱᠢᠲᠠᠯᠲᠠ᠎ᠶ᠋ᠢᠨ ᠪᠠᠭᠠᠵᠢ ᠬᠡᠷᠡᠭ᠌ᠯᠡᠬᠦ᠂ ᠱᠢᠲᠠᠮᠠᠬᠠᠶ ᠬᠡᠶ ᠭᠤᠭᠤᠵᠢᠬᠤ ᠲᠦᠭ᠌ᠰᠢᠭᠦᠷᠢ᠎ᠶ᠋ᠢ ᠮᠡᠳᠡᠭᠡᠯᠡᠬᠦ᠌ ᠲᠥᠬᠦᠭᠡᠷᠦᠮᠵᠢ ᠤᠭ᠍ᠰᠠᠷᠠᠬᠤ ᠵᠡᠷᠭᠡ᠎ᠶ᠋ᠢ ᠱᠠᠭᠠᠷᠳᠠᠨ ᠬᠡᠷᠡᠭ᠌ᠯᠡᠵᠦ᠍᠂ 《ᠠᠮᠤᠷ ᠲᠦᠪᠱᠢᠨ᠎ᠤ ᠨᠡᠭᠡᠯᠡᠬᠡᠶ》᠎ᠶ᠋ᠢ ᠴᠢᠩᠭᠠᠯᠠᠬᠤ ᠬᠡᠷᠡᠭ᠌ᠲᠡᠶ᠃ ᠬᠣᠲᠠ᠎ᠶ᠋ᠢᠨ ᠨᠤᠷᠠᠬᠤ ᠠᠶᠤᠯᠲᠠᠶ ᠬᠠᠭᠤᠴᠢᠨ ᠭᠡᠷ ᠪᠠᠢᠱᠢᠩ᠎ᠢ ᠥᠭᠡᠷᠡᠴᠢᠯᠡᠬᠦ᠌ ᠣᠨ᠎ᠤ ᠲᠥᠯᠥᠪᠯᠡᠭᠡ᠎ᠶ᠋ᠢ ᠶᠠᠰᠤ ᠴᠢᠨᠠᠷ ᠪᠠ ᠲᠣᠭ᠎ᠠ ᠬᠡᠮᠵᠢᠶ᠎ᠡ᠎ᠶ᠋ᠢ ᠪᠠᠲᠤᠯᠠᠨ ᠪᠡᠶᠡᠯᠡᠭᠦᠯᠬᠦ᠌ ᠬᠡᠷᠡᠭ᠌ᠲᠡᠶ᠃ ᠮᠠᠯᠵᠢᠬᠤ ᠲᠠᠷᠢᠶᠠᠯᠠᠬᠤ ᠣᠷᠣᠨ᠎ᠤ ᠭᠡᠷ ᠪᠠᠢᠱᠢᠩ᠎ᠤᠨ ᠠᠮᠤᠷ ᠲᠦᠪᠱᠢᠨ᠎ᠤ ᠳᠠᠯᠳᠠ ᠭᠡᠮ᠎ᠢ ᠵᠢᠭ᠍ᠰᠠᠭᠠᠨ ᠪᠠᠢᠴᠠᠭᠠᠬᠤ ᠠᠵᠢᠯ᠎ᠢ ᠬᠢᠨᠠᠮᠠᠭᠠᠶ ᠥᠷᠨᠢᠭᠦᠯᠵᠦ᠍᠂ ᠥᠮᠴᠢᠯᠡᠬᠦ᠌ ᠡᠷᠬᠡᠲᠦ ᠬᠥᠮᠦᠨ᠎ᠢ ᠱᠠᠭᠠᠷᠳᠠᠵᠤ ᠪᠠᠢᠭᠠᠳ ᠠᠷᠭ᠎ᠠ ᠬᠡᠮᠵᠢᠶ᠎ᠡ ᠠᠪᠴᠤ᠌ ᠪᠠᠢᠭᠠᠳ ᠴᠠᠭ ᠲᠤᠬᠠᠶ᠎ᠳᠤ ᠨᠢ ᠲᠦᠭ᠌ᠰᠢᠭᠦᠷᠢ᠎ᠶ᠋ᠢ ᠠᠷᠢᠯᠭᠠᠬᠤ ᠬᠡᠷᠡᠭ᠌ᠲᠡᠶ᠃ ᠠᠳᠠᠯ ᠠᠬᠤᠶ᠎ᠶ᠋ᠢᠨ ᠦᠢᠯᠡᠴᠢᠯᠡᠭᠡᠨ᠎ᠦ ᠣᠷᠣᠨ᠎ᠤ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠴᠢᠩᠭᠠᠳᠭᠠᠬᠤ ᠬᠡᠷᠡᠭ᠌ᠲᠡᠶ᠃ ᠬᠤᠲᠠ᠎ᠶ᠋ᠢᠨ ᠴᠡᠴᠡᠷᠯᠢᠭ᠂ ᠵᠤᠭᠠᠴᠠᠯ᠎ᠤᠨ ᠬᠦᠷᠢᠶᠡᠯᠡᠩ᠂ ᠠᠭᠤᠳᠠᠮ ᠲᠠᠯᠠᠪᠠᠶ ᠵᠡᠷᠭᠡ ᠬᠥᠮᠦᠨ ᠬᠠᠷ᠎ᠠ ᠨᠢᠭ᠍ᠲᠠᠷᠠᠭ᠍ᠰᠠᠨ᠂ ᠠᠰᠠᠭᠤᠳᠠᠯ ᠣᠯᠠᠨ ᠭᠠᠷᠳᠠᠭ ᠭᠤᠤᠯᠳᠠᠯᠭ᠎ᠠ᠎ᠲᠠᠢ ᠲᠠᠯᠠᠪᠤᠷ ᠭᠠᠵᠠᠷ᠂ ᠣᠷᠣᠨ ᠪᠦᠰᠡ ᠪᠠ ᠬᠡᠷ᠎ᠤᠨ ᠭᠠᠳᠠᠨᠠᠬᠢ ᠵᠠᠷ ᠮᠡᠳᠡᠭᠡ᠂ ᠫᠠᠢᠰᠠ ᠢᠯᠡᠷᠬᠡᠢᠯᠡᠯ᠎ᠤᠨ ᠲᠥᠬᠥᠭᠡᠷᠦᠮᠵᠢ ᠵᠢᠴᠢ ᠬᠠᠷᠢᠶᠠᠲᠤ ᠣᠯᠠᠨ ᠨᠡᠢᠲᠡ᠎ᠶ᠋ᠢᠨ ᠲᠥᠬᠥᠭᠡᠷᠦᠮᠵᠢ᠎ᠶ᠋ᠢᠨ ᠲᠣᠭᠣᠷᠢᠨ ᠬᠢᠨᠠᠵᠤ ᠲᠣᠭᠤᠷᠢᠨ ᠪᠠᠢᠴᠠᠭᠠᠬᠤ ᠡᠷᠴᠢᠮ᠎ᠢ ᠴᠢᠩᠭᠠᠷᠠᠭᠤᠯᠵᠤ᠂ ᠡᠯ᠎ᠡ ᠵᠦᠢᠯ᠎ᠤᠨ ᠰᠡᠷᠭᠡᠢᠯᠡᠬᠦ᠌ ᠠᠷᠭ᠎ᠠ ᠬᠡᠮᠵᠢᠶ᠎ᠡ᠎ᠶ᠋ᠢ ᠪᠣᠳᠠᠲᠠᠶ᠎ᠪᠠᠷ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠢᠯᠴᠢ ᠬᠠᠩᠭᠠᠬᠤ ᠠᠮᠤᠷ ᠲᠦᠪᠱᠢᠨ᠎ᠤ ᠪᠠᠲᠤᠯᠠᠭ᠎ᠠ᠎ᠶ᠋ᠢ ᠦᠷᠭᠦᠯᠵᠢᠯᠡᠨ ᠰᠠᠢᠲᠤᠷ ᠠᠳᠭᠤᠵᠤ᠂ ᠬᠤᠳᠠ᠎ᠶ᠋ᠢᠨ ᠤᠰᠤ ᠬᠠᠩᠭᠠᠬᠤ ᠤᠰᠤᠨ᠎ᠤ ᠴᠢᠨᠠᠷ᠎ᠤᠨ ᠠᠮᠤᠷ ᠲᠦᠪᠱᠢᠨ᠎ᠤ ᠬᠢᠨᠠᠨ ᠬᠡᠮᠵᠢᠯᠲᠡ᠎ᠶ᠋ᠢ ᠰᠠᠢᠲᠤᠷ ᠬᠢᠵᠦ᠍᠂ ᠬᠤᠳᠠ᠎ᠶ᠋ᠢᠨ ᠤᠰᠤ ᠬᠠᠩᠭᠠᠬᠤ ᠤᠰᠤ ᠵᠠᠯᠠᠬᠤ ᠠᠮᠤᠷ ᠲᠦᠪᠱᠢᠨ᠎ᠢ ᠪᠠᠲᠤᠯᠠᠬᠤ ᠬᠡᠷᠡᠭ᠌ᠲᠡᠢ᠃ ᠬᠢᠵᠠᠭᠠᠷ᠎ᠲᠠᠢ ᠣᠷᠣᠨ ᠵᠠᠢ᠎ᠳᠤ ᠠᠵᠢᠯᠯᠠᠬᠤ ᠬᠠᠮᠢᠶᠠᠷᠤᠯᠲᠠ᠎ᠶ᠋ᠢᠨ ᠲᠦᠷᠢᠮ᠎ᠢ ᠨᠠᠢᠳᠠᠪᠤᠷᠢᠵᠢᠭᠤᠯᠵᠤ᠂ ᠬᠢᠵᠠᠭᠠᠷ᠎ᠲᠠᠢ ᠣᠷᠣᠨ ᠵᠠᠢ᠎ᠳᠤ ᠠᠵᠢᠯᠯᠠᠬᠤ ᠠᠳᠡᠯ ᠭᠠᠷᠬᠤ᠎ᠶ᠋ᠢ ᠴᠢᠩᠭ᠎ᠠ ᠰᠡᠷᠭᠡᠢᠯᠡᠬᠦ᠌ ᠬᠡᠷᠡᠭ᠌ᠲᠡᠢ᠃ ᠪᠦᠲᠦᠭᠡᠨ ᠪᠠᠢᠭᠤᠯᠤᠯᠲᠠ᠎ᠶ᠋ᠢᠨ ᠢᠨᠵᠸᠨ᠋ᠸᠷᠢᠩ᠎ᠦᠨ ᠭᠠᠯ ᠤᠨᠲᠠᠷᠠᠭᠠᠬᠤ ᠵᠢᠷᠤᠭ ᠲᠥᠯᠥᠪᠯᠡᠭᠡ᠎ᠶ᠋ᠢ ᠬᠢᠨᠠᠨ ᠪᠠᠢᠴᠠᠭᠠᠵᠤ ᠱᠢᠯᠭᠠᠨ ᠠᠪᠬᠤ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠲᠤᠰᠭᠠᠶ ᠵᠠᠰᠠᠯᠲᠠ᠎ᠶ᠋ᠢ ᠭᠦᠨᠵᠡᠭᠡᠶ ᠠᠬᠢᠭᠤᠯᠵᠤ᠂ ᠬᠥᠮᠦᠨ ᠬᠠᠷ᠎ᠠ ᠬᠤᠷᠠᠨ ᠴᠤᠭ᠍ᠯᠠᠷᠠᠭ᠍ᠰᠠᠨ ᠲᠠᠯᠠᠪᠤᠷ᠎ᠤᠨ ᠭᠠᠯ ᠬᠡᠷᠡᠭ᠌ᠯᠡᠬᠦ᠌ ᠠᠵᠢᠯ ᠪᠠ ᠢᠨᠵᠸᠨ᠋ᠸᠷᠢᠩ᠎ᠦᠨ ᠳᠤᠯᠠᠭᠠᠨ᠎ᠢ ᠬᠠᠮᠠᠭᠠᠯᠠᠬᠤ ᠮᠠᠲ᠋ᠧᠷᠢᠶᠠᠯ᠎ᠤᠨ ᠠᠮᠤᠷ ᠲᠦᠪᠱᠢᠨ᠎ᠢ ᠴᠡᠭ᠌ᠴᠡᠯᠡᠨ ᠵᠠᠰᠠᠬᠤ ᠡᠯ᠎ᠡ ᠵᠦᠢᠯ᠎ᠤᠨ ᠠᠵᠢᠯ᠎ᠢ ᠬᠠᠮᠵᠢᠯᠴᠠᠨ ᠰᠠᠢᠲᠤᠷ ᠬᠢᠬᠦ᠌ ᠬᠡᠷᠡᠭ᠌ᠲᠡᠶ ᠭᠡᠵᠦ᠍ ᠱᠠᠭᠠᠷᠳᠠᠪᠠ᠃

ᠬᠤᠷᠠᠯ᠎ᠠᠴᠠ᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠬᠠᠤᠯᠢ ᠬᠡᠷᠡᠭ᠌ᠵᠢᠭᠦᠯᠦᠯᠲᠡ᠎ᠶ᠋ᠢ ᠪᠠᠢᠴᠠᠭᠠᠬᠤ ᠪᠠ ᠢᠯᠡᠴᠢᠯᠡᠬᠦ᠌ ᠡᠷᠴᠢᠮ᠎ᠢᠶᠠᠨ ᠴᠢᠩᠭᠠᠷᠠᠭᠤᠯᠵᠤ᠂ ᠪᠠᠶᠠᠷ᠎ᠤᠨ ᠡᠳᠦᠷ᠎ᠤᠨ ᠬᠤᠭᠤᠴᠠᠭᠠᠨ᠎ᠳᠤ ᠵᠢᠵᠢᠭᠦᠷᠯᠡᠨ ᠰᠠᠬᠢᠬᠤ ᠲᠦᠷᠢᠮ᠎ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠢ᠃ ᠭᠠᠮᠱᠢᠭ᠍ᠲᠤ ᠴᠠᠭ ᠠᠭᠤᠷ᠎ᠢ ᠬᠢᠨᠠᠨ ᠬᠡᠮᠵᠢᠬᠦ᠌ ᠪᠠ ᠤᠷᠢᠳᠴᠢᠯᠠᠨ ᠮᠡᠳᠡᠭᠡᠯᠡᠵᠦ᠍ ᠰᠡᠷᠡᠮᠵᠢᠯᠡᠭᠦᠯᠬᠦ᠌ ᠠᠵᠢᠯ᠎ᠢ ᠴᠢᠩᠭᠠᠳᠭᠠᠵᠤ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠠᠶᠤᠯ᠎ᠠᠴᠠ ᠠᠪᠤᠷᠠᠬᠤ ᠠᠩᠭᠢ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ᠎ᠢᠶᠠᠨ ᠴᠢᠩᠭᠠᠳᠭᠠᠬᠤ᠎ᠶ᠋ᠢ ᠵᠢᠯᠣᠭᠤᠳᠤᠨ ᠱᠢᠮᠳᠠᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ᠎ᠤᠨ ᠨᠥᠭᠡᠴᠡ ᠪᠠ ᠬᠦᠴᠦᠨ᠎ᠢ ᠲᠣᠬᠢᠷᠠᠭᠤᠯᠤᠨ ᠪᠣᠳᠠᠲᠠᠢᠵᠢᠭᠤᠯᠬᠤ᠎ᠶ᠋ᠢ ᠦᠨᠡᠨ ᠬᠦ᠌ ᠪᠠᠲᠤᠯᠠᠵᠤ᠂ ᠠᠶᠤᠯ ᠲᠦᠭ᠌ᠰᠢᠭᠦᠷᠢ ᠲᠣᠬᠢᠶᠠᠯᠳᠤᠪᠠᠯ ᠲᠡᠷᠡ ᠳᠠᠷᠤᠶ᠎ᠳᠤ ᠨᠢ ᠱᠢᠨᠵᠢᠯᠡᠬᠦ᠌ ᠤᠬᠠᠭᠠᠨᠴᠢ᠎ᠪᠠᠷ ᠥᠨᠳᠥᠷ ᠪᠦᠲᠦᠮᠵᠢᠲᠡᠶ᠎ᠪᠠᠷ ᠱᠢᠢᠳᠪᠦᠷᠢᠯᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠲᠢᠩᠬᠢᠮ᠎ᠤᠨ ᠠᠶᠤᠯᠭᠦᠢ ᠦᠢᠯᠡᠳᠪᠦᠷᠢᠯᠡᠯ᠎ᠤᠨ ᠵᠥᠪᠯᠡᠯ᠎ᠤᠨ ᠬᠤᠯᠪᠣᠭ᠍ᠳᠠᠯ ᠪᠦᠬᠦᠢ ᠭᠡᠱᠢᠭᠦᠨ ᠨᠢᠭᠡᠴᠢ᠎ᠶ᠋ᠢᠨ ᠬᠠᠷᠢᠭᠤᠴᠠᠯᠭᠠᠲᠠᠨ ᠭᠤᠣᠯ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠣᠯᠴᠠᠪᠠ᠃ ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠬᠥᠬᠡᠬᠤᠲᠠ᠂ ᠪᠤᠭᠤᠲᠤ ᠬᠤᠲᠠ᠎ᠶ᠋ᠢᠨ ᠬᠤᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ