ᠬᠥᠬᠡᠬᠤᠲᠠ᠄ ᠠᠷᠢᠭᠤᠨ ᠴᠡᠪᠡᠷ ᠲᠤᠯᠠᠭ᠋ᠠᠯᠭ᠎ᠠ ᠬᠠᠩᠭ᠋ᠠᠬᠤ ᠵᠢ ᠠᠬᠢᠭᠤᠯᠵᠦ ᠠᠷᠠᠳ ᠣᠯᠠᠨ᠎ᠤ ᠳᠤᠯᠠᠭ᠋ᠠᠨ ᠪᠦᠯᠢᠶᠡᠨ ᠡᠪᠦᠯᠵᠢᠬᠦ ᠵᠢ ᠪᠠᠳᠤᠯᠠᠪᠠ
2025-12-24

ᠣᠳᠣᠬᠠᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠤᠯᠠᠮ᠎ᠠᠴᠠ ᠤᠯᠠᠮ ᠬᠦᠢ᠍ᠲᠡᠷᠡᠵᠦ ᠪᠠᠶ᠋ᠢᠨ᠎ᠠ᠃ ᠰᠤᠷᠪᠤᠯᠵᠢᠯᠠᠭᠴᠢ ᠢᠦᠢ ᠴᠢᠤᠸᠠᠨ ᠲᠣᠭᠣᠷᠢᠭ᠎ᠤᠨ ᠰᠢᠶᠤᠤ ᠾᠸᠢ ᠾᠧ ᠪᠠᠯᠭ᠋ᠠᠰᠤᠨ᠎ᠤ ᠶᠣᠣ ᠹᠦ᠋ ᠲᠤᠰᠬᠤᠨ᠎ᠤ ᠶᠣᠣ ᡁᠢ ᠬᠣᠩ᠎ᠤᠨ ᠭᠡᠷ᠎ᠲᠤ ᠤᠷᠤᠬᠤ᠎ᠳᠤ᠂ ᠥᠩᠭᠡᠷᠡᠭᠡᠭᠰᠡᠨ᠎ᠤ ᠨᠡᠭᠦᠷᠡᠰᠦ ᠰᠢᠳᠠᠭ᠋ᠠᠬᠤ ᠲᠤᠯᠠᠭ᠋ᠠᠯᠭ᠎ᠠ ᠵᠢᠨ ᠭᠦᠸᠧᠯᠦ᠎ᠨᠢ ᠴᠡᠪᠡᠷ ᠴᠡᠮᠴᠡᠭᠡᠷ 《ᠪᠣᠬᠢᠷᠲᠤᠯ ᠦᠭᠡᠢ》 ᠴᠠᠬᠢᠯᠭ᠋ᠠᠨ ᠲᠤᠯᠠᠭ᠋ᠠᠯᠭ᠎ᠠ ᠵᠢᠨ ᠲᠥᠬᠥᠭᠡᠷᠦᠮᠵᠢ᠎ᠪᠠᠷ ᠰᠤᠯᠢᠭᠳᠠᠵᠠᠢ᠃

《ᠤᠷᠤᠢ ᠪᠦᠷᠢ ᠬᠡᠷ᠎ᠲᠤ᠎ᠪᠠᠨ ᠬᠠᠷᠢᠵᠤ ᠳᠤᠯᠠᠭ᠋ᠠᠯᠭ᠎ᠠ ᠵᠢᠨ ᠲᠥᠬᠦᠭᠡᠷᠦᠮᠵᠢ ᠵᠢᠨ ᠨᠡᠭᠡᠭᠡᠯᠭᠡ ᠵᠢ ᠨᠡᠭᠡᠭᠡᠪᠡᠯ ᠤᠳᠠᠯ ᠥᠬᠡᠶ ᠪᠥᠬᠦ ᠭᠡᠷ᠎ᠤᠨ ᠲᠤᠯᠠᠭ᠋ᠠᠨ᠎ᠤ ᠬᠡᠮᠵᠢᠶ᠎ᠡ ᠲᠡᠭᠡᠭᠰᠢᠯᠡᠵᠦ᠂ ᠬᠤᠷᠢᠭ᠋ᠠᠳ ᠭ᠋ᠷᠠᠳᠦ᠋ᠰ ᠪᠤᠯᠴᠢᠬᠠᠨ᠎ᠠ》᠂ ᠥᠩᠭᠡᠷᠡᠭᠰᠡᠨ᠎ᠳᠤ ᠭᠡᠷ᠎ᠲᠡᠭᠡᠨ ᠢᠷᠡᠭᠰᠡᠨ᠎ᠤ ᠲᠠᠷᠠᠭ᠎ᠠ ᠨᠡᠭᠦᠷᠡᠰᠦ ᠠᠪᠴᠤ᠂ ᠨᠡᠭᠦᠷᠡᠰᠦ ᠰᠢᠲᠠᠭ᠋ᠠᠬᠤ ᠬᠡᠷᠡᠭᠲᠡᠶ᠂ ᠰᠥᠨᠢ ᠲᠦᠯᠢ ᠪᠣᠰᠴᠤ ᠨᠡᠭᠦᠷᠡᠰᠦ ᠨᠡᠮᠡᠨ᠎ᠡ᠂ ᠱᠠᠹᠠ᠂ ᠱᠠᠯᠠ ᠴᠥᠮ ᠨᠡᠭᠦᠷᠡᠰᠦᠨ᠎ᠤ ᠦᠨᠡᠰᠦ ᠳᠦᠭᠦᠷᠴᠦ᠂ ᠡᠳᠦᠷ ᠪᠦᠷᠢ ᠴᠡᠪᠡᠷᠯᠡᠬᠦ ᠴᠢᠬᠤᠯᠠᠳᠠᠢ ᠭᠡᠵᠦ ᠶᠣᠣ ᡁᠢ ᠬᠤᠩ ᠬᠡᠯᠡᠪᠡ᠃

《ᠣᠳᠣᠬᠠᠨ᠎ᠳᠤ ᠴᠠᠬᠢᠯᠭ᠋ᠠᠨ ᠳᠤᠯᠠᠭ᠋ᠠᠯᠠᠭ᠎ᠠ ᠵᠢᠨ ᠲᠥᠬᠦᠭᠡᠷᠦᠮᠵᠢ᠎ᠨᠢ ᠴᠡᠪᠡᠷ ᠴᠡᠮᠴᠡᠭᠡᠷ᠂ ᠬᠡᠷ᠎ᠤᠨ ᠳᠤᠯᠠᠭ᠋ᠠᠨ ᠲᠣᠭᠲᠠᠭᠤᠨ ᠪᠠᠶ᠋ᠢᠬᠤ᠎ᠪᠠᠷ ᠪᠠᠷᠠᠬᠤ ᠥᠬᠡᠶ᠂ ᠪᠠᠰᠠ ᠨᠡᠭᠦᠷᠡᠰᠦ ᠬᠡᠷᠡᠭᠯᠡᠬᠦ᠎ᠠᠴᠠ 1000 ᠲᠥᠭᠦᠷᠢᠭ ᠣᠷᠴᠢᠮ ᠠᠷᠪᠢᠯᠠᠵᠤ ᠪᠠᠶ᠋ᠢᠨ᠎ᠠ》 ᠭᠡᠵᠦ ᠶᠣᠣ ᡁᠢ ᠬᠤᠩ ᠬᠡᠯᠡᠵᠡᠢ᠃

ᠲᠣᠰᠬᠤᠨ᠎ᠤ ᠠᠷᠠᠳ ᠶᠣᠣ ᡁᠢ ᠬᠤᠩ ᠳᠤᠯᠠᠭ᠋ᠠᠯᠠᠭ᠎ᠠ ᠵᠢᠨ ᠬᠡᠯᠪᠡᠷᠢ ᠵᠢᠨ ᠬᠤᠪᠢᠷᠠᠯᠲᠠ ᠪᠣᠯ ᠬᠥᠬᠡᠬᠤᠲᠠ ᠵᠢᠨ ᠣᠶ᠋ᠢᠷ᠎ᠠ ᠵᠢᠨ ᠵᠢᠯ᠎ᠳᠤ ᠬᠤᠲᠠ ᠵᠢᠨ ᠲᠣᠭᠤᠷᠢᠭ᠎ᠲᠤ ᠴᠡᠪᠡᠷ ᠳᠤᠯᠠᠭ᠋ᠠᠯᠠᠭ᠎ᠠ ᠵᠢᠨ ᠲᠦᠭᠦᠭᠡᠷᠦᠮᠵᠢ ᠬᠡᠷᠡᠭᠯᠡᠬᠦ ᠵᠢ ᠠᠬᠢᠭᠤᠯᠤᠭᠰᠠᠨ ᠬᠤᠷᠢᠶᠠᠩᠭᠤᠶ ᠳᠦᠷᠰᠦ ᠪᠣᠯᠤᠨ᠎ᠠ᠃ 《ᠡᠨᠡ ᠵᠢᠯ᠎ᠤᠨ 10 ᠳ᠋ᠤᠭ᠋ᠠᠷ ᠰᠠᠷ᠎ᠠ ᠪᠣᠯᠲᠠᠯ᠎ᠠ᠂ ᠬᠥᠬᠡᠬᠤᠲᠠ 3 ᠵᠢᠯ᠎ᠤᠨ ᠲᠤᠷᠰᠢ 〈ᠨᠡᠭᠦᠷᠡᠰᠦ ᠵᠢ ᠴᠠᠬᠢᠯᠭ᠋ᠠᠨ ᠪᠣᠯᠭ᠋ᠠᠨ ᠥᠭᠡᠷᠡᠴᠢᠯᠡᠬᠦ〉 〈ᠨᠡᠭᠦᠷᠡᠰᠦ ᠵᠢ ᠰᠢᠲᠠᠮᠠᠬᠠᠢ ᠬᠡᠢ ᠪᠣᠯᠭ᠋ᠠᠨ ᠥᠭᠡᠷᠡᠴᠢᠯᠡᠬᠦ〉〉 〈ᠨᠡᠭᠦᠷᠡᠰᠦ ᠵᠢ ᠦᠭᠡᠷᠡᠴᠢᠯᠡᠨ ᠲᠥᠪᠯᠡᠷᠡᠭᠦᠯᠦᠨ ᠢᠯᠴᠢ ᠬᠠᠩᠭ᠋ᠠᠬᠤ〉 ᠵᠢ ᠨᠡᠶ᠋ᠢᠲᠡ 14.84 ᠲᠦᠮᠡᠨ ᠡᠷᠦᠬᠡ᠎ᠳᠤ ᠬᠡᠷᠡᠭᠵᠢᠭᠦᠯᠵᠦ᠂ 617 ᠲᠡᠭᠰᠢ ᠳᠥᠷᠪᠡᠯᠵᠢᠨ ᠺᠢᠯᠤᠮᠸᠲᠷ᠎ᠤᠨ ᠪᠣᠬᠢᠷᠳᠤᠯ ᠶᠡᠬᠡᠲᠡᠢ ᠰᠢᠲᠠᠯᠲᠠ ᠵᠢ ᠴᠠᠭ᠋ᠠᠵᠠᠯᠠᠬᠤ ᠣᠷᠣᠨ᠎ᠳᠤ ᠠᠷᠢᠭᠤᠨ ᠴᠡᠪᠡᠷ ᠳᠤᠯᠠᠭ᠋ᠠᠯᠠᠭ᠎ᠠ ᠵᠢ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠪᠡ》 ᠭᠡᠵᠦ ᠬᠥᠬᠡᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠵᠠᠩ ᠴᠢᠩ ᠲᠠᠨᠢᠯᠴᠠᠭᠤᠯᠪᠠ᠃

《ᠰᠢᠨ᠎ᠡ ᠨᠢᠭᠡ ᠡᠭᠡᠯᠵᠢ ᠵᠢᠨ ᠬᠦᠢ᠍ᠲᠡᠨ ᠤᠷᠤᠰᠬᠠᠯ ᠤᠳᠠᠯ ᠦᠭᠡᠢ ᠬᠦᠷᠴᠦ ᠢᠷᠡᠬᠦ ᠪᠤᠯᠤᠨ᠎ᠠ᠂ ᠪᠢᠳᠡ ᠡᠨᠡ ᠬᠤᠶᠠᠷ ᠡᠳᠦᠷ ᠭᠦᠸᠧᠯᠦ᠎ᠳᠤ ᠪᠠᠶ᠋ᠢᠴᠠᠭ᠋ᠠᠯᠲᠠ ᠬᠢᠵᠦ ᠰᠡᠯᠪᠢᠨ ᠵᠠᠰᠠᠵᠤ᠂ ᠲᠥᠬᠦᠭᠡᠷᠦᠮᠵᠢ ᠵᠢᠨ ᠠᠮᠤᠷ ᠲᠦᠪᠰᠢᠨ ᠲᠣᠭᠲᠠᠭᠤᠨ ᠵᠶ᠋ᠠᠷ ᠠᠵᠢᠯᠯᠠᠬᠤ ᠵᠢ ᠪᠠᠲᠤᠯᠠᠵᠤ ᠪᠠᠶ᠋ᠢᠨ᠎ᠠ》᠂ ᠢᠯᠴᠢ ᠵᠢᠨ ᠴᠠᠬᠢᠯᠭ᠋ᠠᠨ᠎ᠤ ᠦᠢ᠍ᠯᠡᠳᠪᠦᠷᠢ ᠵᠢᠨ ᠴᠡᠪᠡᠷ ᠢᠯᠴᠢ ᠵᠢᠨ ᠢᠷᠡᠯᠲᠡ᠎ᠠᠴᠠ ᠭᠠᠳᠠᠨ᠎ᠠ᠂ ᠺᠣᠮᠫᠠᠨᠢ ᠵᠢᠨ ᠪᠡᠯᠡᠳᠭᠡᠭᠰᠡᠨ ᠲᠣᠬᠢᠷᠠᠭᠤᠯᠬᠤ ᠭᠦᠸᠧᠯᠦ᠎ᠨᠢ ᠴᠦ᠍ ᠠᠷᠢᠭᠤᠨ ᠴᠡᠪᠡᠷ ᠳᠤᠯᠠᠭ᠋ᠠᠯᠠᠭ᠎ᠠ ᠬᠠᠩᠭ᠋ᠠᠵᠤ ᠴᠢᠳᠠᠨ᠎ᠠ ᠭᠡᠵᠦ ᠬᠥᠬᠡᠬᠤᠲᠠ ᠵᠢᠨ ᠰᠢᠲᠠᠮᠠᠬᠠᠶ ᠬᠡᠶ ᠢᠯᠴᠢ ᠵᠢᠨ ᠬᠦᠴᠦᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠲᠥᠯᠥᠪᠯᠡᠭᠡᠲᠦ ᠬᠥᠭᠵᠢᠯᠲᠡ ᠵᠢᠨ ᠲᠥᠪ᠎ᠤᠨ ᠳᠡᠳ᠋ ᠡᠷᠬᠢᠯᠡᠭᠴᠢ ᠵᠧᠩ ᠬᠤᠩ ᠹᠸᠢ ᠲᠠᠨᠢᠯᠴᠠᠭᠤᠯᠵᠠᠢ᠃

ᠬᠥᠬᠡᠬᠤᠲᠠ ᠵᠢᠨ ᠰᠢᠲᠠᠮᠠᠬᠠᠶ ᠬᠡᠶ ᠢᠯᠴᠢ ᠵᠢᠨ ᠬᠦᠴᠦᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠠᠵᠢᠯᠲᠠᠳ ᠭᠦᠸᠧᠯᠦ᠎ᠳᠤ ᠪᠠᠢ᠌ᠴᠠᠭ᠋ᠠᠯᠳᠠ ᠠᠷᠠᠴᠢᠯᠠᠯᠳᠠ ᠬᠠᠮᠠᠭ᠋ᠠᠯᠠᠯᠳᠠ ᠬᠢᠵᠦ ᠪᠠᠢ᠌ᠭ᠎ᠠ᠎ᠨᠢ

ᠰᠢᠨᠬᠤᠸᠠ ᠬᠤᠷᠢᠶ᠎ᠠ ᠰᠡᠭᠦᠳᠡᠷᠯᠡᠪᠡ

 《2022 ᠣᠨ᠎ᠠᠴᠠ ᠨᠠᠰᠢ᠂ ᠬᠥᠬᠡᠬᠤᠲᠠ ᠵᠢᠨ ᠢᠯᠴᠢ ᠴᠠᠬᠢᠯᠭ᠋ᠠᠨ᠎ᠢ ᠵᠡᠷᠭᠡᠪᠡᠷ ᠦᠢ᠍ᠯᠡᠳᠪᠦᠷᠢᠯᠡᠵᠦ ᠢᠯᠴᠢ ᠬᠠᠩᠭ᠋ᠠᠬᠤ ᠴᠢᠳᠠᠪᠤᠷᠢ ᠵᠢ 9300 ᠲᠦᠮᠡᠨ ᠲᠡᠭᠰᠢ ᠳᠥᠷᠪᠡᠯᠵᠢᠨ ᠮᠸᠲᠷ ᠰᠢᠨ᠎ᠡ᠎ᠪᠠᠷ ᠨᠡᠮᠡᠭᠳᠡᠭᠦᠯᠵᠦ᠂ ᠭᠤᠣᠯ ᠬᠤᠲᠠ ᠵᠢᠨ ᠲᠣᠭᠤᠷᠢᠭ᠎ᠤᠨ 85 ᠨᠡᠭᠦᠷᠡᠰᠦ ᠰᠢᠲᠠᠭ᠋ᠠᠬᠤ ᠭᠦᠸᠧᠯᠦ ᠵᠢ ᠤᠷᠤᠯᠠᠭᠤᠯᠪᠠ》᠂ ᠬᠥᠬᠡᠬᠤᠲᠠ ᠪᠠᠰᠠ ᠬᠤᠯᠪᠣᠯᠳᠤᠨ ᠨᠡᠪᠲᠡᠷᠡᠯᠴᠡᠬᠦ ᠬᠤᠭᠤᠯᠠᠶ ᠲᠣᠤᠷ᠎ᠢ 53 ᠺᠢᠯᠤᠮᠸᠲᠷ ᠪᠠᠶ᠋ᠢᠭᠤᠯᠵᠤ᠂ 《O》 ᠬᠡᠯᠪᠡᠷᠢ ᠵᠢᠨ ᠴᠠᠭ᠋ᠠᠷᠢᠭ ᠲᠣᠤᠷ᠎ᠢ ᠪᠠᠶ᠋ᠢᠭᠤᠯᠵᠤ᠂ ᠢᠯᠴᠢ ᠴᠠᠬᠢᠯᠭ᠋ᠠᠨ᠎ᠢ ᠬᠠᠮᠲᠤᠷᠠᠨ ᠦᠢ᠍ᠯᠡᠳᠪᠦᠷᠢᠯᠡᠵᠦ ᠢᠯᠴᠢ ᠬᠠᠩᠭ᠋ᠠᠬᠤ ᠳᠠᠯᠳᠠ ᠴᠢᠳᠠᠪᠤᠷᠢ ᠵᠢ ᠭᠦᠢ᠍ᠴᠡᠳ ᠪᠠᠳᠠᠷᠠᠭᠤᠯᠵᠤ᠂ ᠰᠢᠲᠠᠮᠠᠬᠠᠶ ᠬᠡᠶ᠎ᠪᠠᠷ ᠢᠯᠴᠢ ᠬᠠᠩᠭ᠋ᠠᠬᠤ ᠲᠠᠯᠠᠪᠠᠶ ᠵᠢ ᠠᠯᠬᠤᠮ ᠠᠯᠬᠤᠮ ᠵᠶ᠋ᠠᠷ ᠣᠷᠣᠯᠠᠭᠤᠯᠵᠤ᠂ ᠢᠯᠴᠢ ᠵᠢᠨ ᠢᠷᠡᠯᠲᠡ ᠵᠢᠨ ᠠᠮᠤᠷ ᠲᠦᠪᠰᠢᠨ ᠴᠢᠨᠠᠷ ᠪᠠ ᠲᠣᠭᠲᠠᠪᠤᠷᠢᠲᠤ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ ᠭᠡᠵᠦ ᠵᠠᠩ ᠴᠢᠩ ᠲᠠᠨᠢᠯᠴᠠᠭᠤᠯᠵᠠᠢ᠃

ᠣᠶ᠋ᠢᠯᠠᠭ᠋ᠠᠭᠰᠠᠨ ᠵᠶ᠋ᠠᠷ᠂ ᠣᠶ᠋ᠢᠷ᠎ᠠ ᠵᠢᠨ ᠵᠢᠯ᠎ᠠᠴᠠ᠂ ᠬᠥᠬᠡᠬᠤᠲᠠ ᠬᠡᠰᠡᠭ ᠬᠠᠭᠤᠴᠢᠨ ᠤᠷᠤᠨ ᠰᠠᠭᠤᠴᠠ ᠵᠢᠨ ᠲᠣᠭᠤᠷᠢᠭ᠎ᠲᠤ 《ᠨᠢᠭᠡᠳ ᠨᠢᠭᠡ ᠎ᠪᠠᠷ ᠨᠤᠳᠠᠯᠠᠯᠳᠠ ᠬᠢᠬᠦ》 ᠠᠵᠢᠯ᠎ᠢ ᠦᠷᠨᠢᠭᠦᠯᠵᠦ᠂ ᠢᠯᠴᠢ ᠵᠢᠨ ᠢᠷᠡᠯᠲᠡ ᠵᠢ ᠨᠡᠮᠡᠭᠳᠡᠭᠦᠯᠬᠦ᠂ ᠬᠤᠭᠤᠯᠠᠶ ᠲᠣᠤᠷ᠎ᠢ ᠥᠭᠡᠷᠡᠴᠢᠯᠡᠬᠦ᠂ ᠠᠦ᠋ᠲ᠋ᠣ᠋ ᠬᠡᠶ ᠭᠠᠳᠠᠭᠰᠢᠯᠠᠭᠤᠯᠬᠤ ᠨᠡᠭᠡᠯᠡᠬᠡᠶ ᠤᠭᠰᠠᠷᠠᠬᠤ ᠵᠡᠷᠭᠡ ᠶᠡᠷᠦᠩᠬᠡᠶ᠋ᠢᠯᠡᠭᠰᠡᠨ ᠴᠢᠨᠠᠷᠲᠠᠶ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ 1333 ᠰᠠᠭᠤᠭ᠋ᠠᠯᠢ ᠠᠷᠠᠳ᠎ᠤᠨ ᠲᠣᠭᠤᠷᠢᠭ᠎ᠤᠨ ᠦᠵᠦᠭᠦᠷ ᠡᠷᠭᠢᠯᠲᠡ ᠵᠢᠨ ᠰᠢᠰᠲ᠋ᠧᠮ᠎ᠢ ᠥᠭᠡᠷᠡᠴᠢᠯᠡᠨ ᠪᠠᠶ᠋ᠢᠭᠤᠯᠵᠤ᠂ 743 ᠢᠯᠴᠢ ᠰᠣᠯᠢᠬᠤ ᠥᠷᠲᠡᠭᠡ ᠵᠢ ᠥᠭᠡᠷᠡᠴᠢᠯᠡᠨ ᠰᠠᠶ᠋ᠢᠵᠢᠷᠠᠭᠤᠯᠵᠤ᠂ ᠦᠵᠦᠭᠦᠷ ᠡᠷᠭᠢᠯᠲᠡ ᠵᠢᠨ ᠬᠡᠰᠡᠭ᠎ᠤᠨ 《ᠭᠤᠭᠤᠵᠢᠵᠤ ᠭᠡᠭᠡᠭᠳᠡᠬᠦ》 ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠪᠡ; ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ 889.4 ᠲᠦᠮᠡᠨ ᠲᠡᠭᠰᠢ ᠳᠥᠷᠪᠡᠯᠵᠢᠨ ᠮᠸᠲᠷ ᠬᠡᠷᠡᠭᠵᠢᠭᠦᠯᠵᠦ᠂ ᠡᠷᠦᠬᠡ ᠵᠢᠨ ᠳᠣᠲᠣᠷᠠᠬᠢ 《ᠨᠡᠪᠴᠢᠵᠦ ᠭᠤᠭᠤᠵᠢᠬᠤ》 ᠠᠰᠠᠭᠤᠳᠠᠯ᠎ᠢ ᠰᠢᠢ᠍ᠳᠪᠦᠷᠢᠯᠡᠵᠦ᠂ ᠠᠷᠠᠳ ᠣᠯᠠᠨ᠎ᠤ ᠠᠷᠢᠭᠤᠨ ᠴᠡᠪᠡᠷ᠂ ᠳᠤᠯᠠᠭ᠋ᠠᠨ ᠪᠦᠯᠢᠶᠡᠨ ᠡᠪᠦᠯ᠎ᠢ ᠦᠩᠭᠡᠷᠡᠭᠦᠯᠬᠦ ᠵᠢ ᠪᠠᠳᠤᠯᠠᠪᠠ᠃

ᠢᠷᠡᠯᠲᠡ᠄ ᠰᠢᠨᠬᠤᠸᠠ ᠰᠦᠯᠵᠢᠶ᠎ᠡ