ᠽᠢ ᠢ ᠨᠡᠢ᠌ᠭᠡᠮ ᠲᠣᠭᠣᠷᠢᠭ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠲᠤ ᠪᠠᠢ᠌ᠷᠢᠯᠠᠵᠤ᠂ ᠬᠠᠷᠢᠶᠠᠳᠦ 5 ᠤᠷᠤᠨ ᠰᠠᠭᠤᠴᠠ ᠵᠢᠨ ᠲᠣᠭᠣᠷᠢᠭ᠎ᠲᠠᠢ᠃ ᠡᠭᠦᠨ᠎ᠳᠤ᠂ ᠴᠢᠯᠦᠭᠡᠲᠦ ᠵᠠᠮ 2 ᠳ᠋ᠤᠭ᠋ᠠᠷ ᠨᠣᠮᠧᠷᠲᠤ ᠨᠡᠢ᠌ᠭᠡᠮ ᠲᠤᠭᠤᠷᠢᠭ᠎ᠢ 1956 ᠣᠨ᠎ᠳᠤ ᠪᠠᠢ᠌ᠭᠤᠯᠵᠤ᠂ ᠴᠢᠩᠱ᠌ᠠᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠣᠨ ᠵᠢᠯ ᠵᠶ᠋ᠡᠷ ᠬᠠᠮᠤᠭ ᠡᠷᠲᠡ᠂ ᠣᠳᠣᠬᠠᠨ᠎ᠳᠤ ᠬᠠᠳᠠᠭ᠋ᠠᠯᠠᠭᠳᠠᠵᠤ ᠪᠠᠢ᠌ᠭ᠎ᠠ ᠲᠡᠦᠬᠡ ᠰᠣᠶᠣᠯ᠎ᠤᠨ ᠳᠦᠷᠰᠦ ᠪᠠᠢ᠌ᠳᠠᠯ ᠵᠶ᠋ᠠᠷ ᠨᠡᠯᠢᠶᠡᠳ ᠪᠦᠷᠢᠨ ᠪᠦᠲᠦᠨ ᠬᠠᠭᠤᠴᠢᠨ ᠤᠷᠤᠨ ᠰᠠᠭᠤᠴᠠ ᠵᠢᠨ ᠲᠣᠭᠣᠷᠢᠭ ᠪᠣᠯᠣᠨ᠎ᠠ᠂ 60 ᠨᠠᠰᠤᠨ᠎ᠠᠴᠠ ᠳᠡᠭᠡᠭᠰᠢᠬᠢ ᠰᠠᠭᠤᠭ᠋ᠠᠯᠢ ᠡᠷᠦᠬᠡ 43% ᠵᠢ ᠡᠵᠡᠯᠡᠵᠦ᠂ 80 ᠨᠠᠰᠤᠨ᠎ᠠᠴᠠ ᠳᠡᠭᠡᠭᠰᠢᠬᠢ᠎ᠨᠢ 19% ᠣᠷᠴᠢᠮ ᠬᠦᠷᠴᠦ᠂ ᠵᠠᠯᠠᠭᠤᠴᠤᠳ᠎ᠤᠨ ᠡᠵᠡᠯᠡᠬᠦ ᠬᠡᠮᠵᠢᠶ᠎ᠡ ᠨᠡᠯᠢᠶᠡᠳ ᠪᠠᠭ᠎ᠠ ᠪᠠᠢ᠌ᠵᠤ᠂ 《ᠬᠣᠶᠠᠷ ᠨᠠᠰᠤᠲᠠᠨ᠎ᠤ ᠠᠰᠠᠭᠤᠳᠠᠯ》 ᠡᠳᠦᠷ ᠢᠷᠡᠬᠦᠶ᠎ᠡ ᠬᠦᠨᠳᠦ ᠨᠣᠴᠢᠲᠠᠢ ᠪᠣᠯᠵᠤ ᠪᠠᠢ᠌ᠨ᠎ᠠ᠃ ᠨᠠᠰᠤᠲᠠᠢ᠌ᠴᠤᠳ᠎ᠢ ᠥᠲᠡᠯᠪᠡᠯ ᠠᠰᠠᠷᠠᠮᠵᠢ᠎ᠲᠠᠢ᠂ ᠲᠦᠰᠢᠭ ᠲᠤᠯᠭ᠋ᠠᠭᠤᠷᠢ᠎ᠲᠠᠢ᠂ ᠪᠠᠶᠠᠷ ᠴᠡᠩᠭᠡᠯ᠎ᠲᠠᠢ ᠠᠮᠢᠳᠤᠷᠠᠭᠤᠯᠬᠤ᠎ᠨᠢ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠬᠠᠮᠤᠭ᠎ᠤᠨ ᠲᠤᠯᠭ᠋ᠠᠮ᠎ᠠ ᠬᠦᠰᠡᠯ ᠡᠷᠡᠮᠡᠯᠵᠡᠯ ᠪᠤᠯᠵᠠᠢ᠃
《ᠽᠢ ᠢ ᠨᠡᠢ᠌ᠭᠡᠮ ᠲᠣᠭᠣᠷᠢᠭ᠎ᠲᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠨᠡᠢ᠌ᠭᠡᠮ ᠲᠣᠭᠣᠷᠢᠭ᠎ᠤᠨ ᠬᠣᠭᠣᠯᠠᠨ ᠭᠡᠷ᠂ ᠨᠡᠢ᠌ᠭᠡᠮ ᠲᠣᠭᠣᠷᠢᠭ᠎ᠤᠨ ᠡᠷᠡᠭᠦᠯᠵᠢᠯ ᠰᠤᠪᠢᠯᠠᠯᠲᠠ ᠤᠬᠢᠶᠠᠯᠭ᠎ᠠ ᠵᠢᠨ ᠦᠢ᠍ᠯᠡᠴᠢᠯᠡᠭᠡᠨ᠎ᠤ ᠲᠥᠪ᠂ ᠬᠡᠳᠦ ᠳᠡᠯᠭᠡᠭᠦᠷ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠢᠵᠢ ᠪᠦᠷᠢᠳᠦᠭᠦᠯᠬᠦ ᠲᠥᠬᠦᠭᠡᠷᠦᠮᠵᠢ ᠵᠢ ᠲᠣᠬᠢᠷᠠᠭᠤᠯᠵᠠᠢ》 ᠭᠡᠵᠦ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠳᠬᠡᠪᠡ᠃
ᠲᠠᠨᠢᠯᠴᠠᠭᠤᠯᠤᠭᠰᠠᠨ ᠵᠶ᠋ᠠᠷ᠂ ᠨᠡᠢ᠌ᠭᠡᠮ ᠲᠣᠭᠣᠷᠢᠭ᠎ᠤᠨ᠎ᠬᠢᠨ ᠤᠤᠯ᠎ᠤᠨ ᠪᠠᠢ᠌ᠭᠰᠠᠨ ᠰᠠᠭᠤᠷᠢ ᠲᠥᠬᠦᠭᠡᠷᠦᠮᠵᠢ᠎ᠪᠠᠨ ᠨᠢᠭᠡᠳᠦᠯᠲᠡᠢ ᠲᠥᠯᠥᠪᠯᠡᠵᠦ᠂ ᠡᠪᠳᠡᠷᠬᠡᠢ ᠬᠠᠭᠤᠴᠢᠨ ᠭᠡᠷ ᠪᠠᠢ᠌ᠰᠢᠩ᠎ᠢ ᠨᠤᠷᠠᠭ᠋ᠠᠵᠤ ᠭᠠᠷᠭ᠋ᠠᠭᠰᠠᠨ ᠬᠣᠭᠣᠰᠤᠨ ᠭᠠᠵᠠᠷ᠎ᠲᠤ 2500 ᠲᠡᠭᠰᠢ ᠳᠥᠷᠪᠡᠯᠵᠢᠨ ᠮᠧᠲᠷ ᠲᠠᠯᠠᠪᠠᠶ ᠪᠦᠬᠦᠢ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠥᠪ᠂ ᠨᠠᠮ ᠣᠯᠠᠨ ᠲᠦᠮᠡᠨ᠎ᠤ ᠦᠢ᠍ᠯᠡᠴᠢᠯᠡᠭᠡᠨ᠎ᠤ ᠥᠷᠲᠡᠭᠡ᠂ ᠡᠷᠡᠭᠦᠯ ᠮᠡᠨᠳᠦ ᠵᠢᠨ ᠪᠡᠶ᠎ᠡ ᠤᠬᠢᠶᠠᠬᠤ ᠲᠥᠪ ᠵᠡᠷᠭᠡ ᠳᠥᠷᠪᠡᠨ ᠲᠠᠯ᠎ᠠ ᠵᠢᠨ ᠶᠡᠷᠦᠩᠬᠡᠢ᠌ᠯᠡᠭᠰᠡᠨ ᠴᠣᠭᠴᠠ ᠵᠢ ᠰᠢᠨ᠎ᠡ᠎ᠪᠠᠷ ᠪᠠᠢ᠌ᠭᠤᠯᠵᠤ᠂ ᠰᠠᠭᠤᠭ᠋ᠠᠯᠢ ᠠᠷᠠᠳ᠎ᠤᠨ ᠵᠣᠯ ᠵᠢᠷᠭ᠋ᠠᠯ᠎ᠤᠨ ᠲᠥᠷᠥᠭᠳᠡᠯ᠎ᠢ ᠲᠡᠰ ᠲᠡᠪᠰᠢᠭᠦᠯᠪᠡ᠃
《ᠴᠡᠩᠭᠡᠯᠳᠦ ᠣᠷᠣᠨ ᠰᠠᠭᠤᠴᠠ》᠎ᠨᠢ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠦᠢ᠍ᠯᠡᠴᠢᠯᠡᠭᠡᠨ᠎ᠤ ᠲᠥᠪ ᠵᠶ᠋ᠡᠷ ᠳᠠᠮᠵᠢᠭᠤᠯᠤᠨ᠂ ᠰᠦᠯᠵᠢᠶᠡᠨ ᠳᠡᠭᠡᠷᠡᠬᠢ ᠬᠤᠳᠠᠯᠳᠤᠨ ᠠᠪᠬᠤ᠎ᠳᠤ ᠲᠤᠰᠠᠯᠠᠬᠤ᠂ ᠬᠣᠭᠣᠯᠠ ᠢᠳᠡᠬᠦ᠂ ᠰᠦᠢ᠍ᠳᠬᠡᠯ ᠲᠤᠰᠢᠶᠠᠬᠤ᠂ ᠴᠡᠪᠡᠷᠯᠡᠬᠦ᠎ᠳᠤ ᠲᠤᠰᠠᠯᠠᠬᠤ ᠵᠡᠷᠭᠡ ᠣᠯᠠᠨ ᠵᠦᠢ᠍ᠯ᠎ᠤᠨ ᠦᠢ᠍ᠯᠡᠴᠢᠯᠡᠭᠡ ᠬᠠᠩᠭ᠋ᠠᠨ᠎ᠠ; 《ᠪᠠᠶᠠᠰᠬᠤᠯᠠᠩᠳᠦ ᠠᠰᠠᠷᠠᠮᠵᠢ》᠎ᠨᠢ ᠶᠢᠰᠦᠨ ᠶᠡᠬᠡ ᠭᠡᠷ ᠪᠦᠯᠢ ᠵᠢᠨ ᠨᠠᠰᠤᠲᠠᠢ᠌ᠴᠤᠳ᠎ᠢ ᠠᠰᠠᠷᠠᠬᠤ ᠦᠢ᠍ᠯᠡᠴᠢᠯᠡᠭᠡᠨ᠎ᠤ ᠰᠢᠰᠲᠸᠮ᠎ᠢ ᠪᠠᠢ᠌ᠭᠤᠯᠵᠤ᠂ ᠨᠠᠰᠤᠲᠠᠢ᠌ᠴᠤᠳ᠎ᠲᠤ ᠨᠠᠷᠢᠯᠢᠭᠵᠢᠭᠤᠯᠤᠭᠰᠠᠨ ᠦᠢ᠍ᠯᠡᠴᠢᠯᠡᠭᠡ ᠬᠠᠩᠭ᠋ᠠᠨ᠎ᠠ; 《ᠪᠠᠶᠠᠰᠬᠤᠯᠠᠩᠳᠦ ᠰᠤᠪᠢᠯᠠᠯᠳᠠ》᠎ᠨᠢ ᠡᠷᠡᠭᠦᠯ ᠮᠡᠨᠳᠦ ᠵᠢᠨ ᠪᠡᠶ᠎ᠡ ᠤᠬᠢᠶᠠᠬᠤ ᠲᠥᠪ᠎ᠢ ᠪᠠᠢ᠌ᠭᠤᠯᠵᠤ᠂ ᠡᠷᠡᠭᠦᠯ ᠮᠡᠨᠳᠦ ᠵᠢᠨ ᠬᠠᠮᠢᠶᠠᠷᠤᠯᠲᠠ᠂ ᠡᠮᠴᠢᠯᠡᠭᠡ ᠡᠷᠡᠭᠦᠯᠵᠢᠯ᠂ ᠬᠡᠦᠬᠡᠳ᠎ᠤᠨ ᠡᠷᠡᠭᠦᠯᠵᠢᠯ ᠵᠡᠷᠭᠡ ᠦᠢ᠍ᠯᠡᠴᠢᠯᠡᠭᠡ ᠵᠢ ᠬᠠᠩᠭ᠋ᠠᠵᠤ᠂ ᠬᠥᠳᠡᠯᠵᠦ ᠪᠠᠷᠢᠬᠤ᠎ᠳᠤ ᠳᠥᠭᠥᠮ ᠦᠭᠡᠢ ᠨᠠᠰᠤᠲᠠᠢ᠌ᠴᠤᠳ᠎ᠲᠤ ᠲᠤᠰᠬᠠᠢ᠌ᠵᠢᠭᠰᠠᠨ ᠣᠨᠴᠠᠯᠢᠭᠲᠤ ᠪᠡᠶ᠎ᠡ ᠤᠬᠢᠶᠠᠬᠤ ᠦᠢ᠍ᠯᠡᠴᠢᠯᠡᠭᠡ ᠵᠢ ᠬᠠᠩᠭ᠋ᠠᠨ᠎ᠠ; 《ᠨᠠᠢ᠌ᠷᠰᠠᠭ ᠬᠦᠷᠰᠢ》 ᠨᠡᠢ᠌ᠭᠡᠮ ᠲᠣᠭᠣᠷᠢᠭ᠎ᠤᠨ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠥᠷᠲᠡᠭᠡ ᠪᠣᠯ ᠨᠠᠮ᠎ᠤᠨ ᠪᠠᠢ᠌ᠭᠤᠯᠤᠯᠲᠠ ᠵᠢᠨ ᠦᠢ᠍ᠯᠡᠴᠢᠯᠡᠭᠡ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠴᠡᠷᠢᠭ᠎ᠤᠨ ᠮᠡᠷᠭᠡᠵᠢᠯ᠎ᠤᠨ ᠦᠵᠡᠭᠦᠯᠦᠯᠭᠡ ᠵᠢᠨ ᠲᠢᠩᠬᠢᠮ᠂ ᠠᠬᠠᠮᠠᠳ ᠴᠡᠷᠢᠭ᠎ᠤᠨ ᠬᠢᠴᠢᠶᠡᠯ᠎ᠤᠨ ᠲᠠᠩᠬᠢᠮ ᠵᠡᠷᠭᠡ ᠴᠢᠳᠠᠮᠵᠢ ᠵᠢ ᠨᠢᠭᠡ ᠴᠣᠭᠴᠠᠵᠢᠭᠤᠯᠤᠭᠰᠠᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠴᠣᠭᠴᠠ ᠪᠣᠯᠣᠨ᠎ᠠ᠃
ᠡᠵᠡᠩᠨᠡᠯᠲᠡ ᠵᠢᠨ ᠲᠠᠯ᠎ᠠ ᠵᠢᠨ ᠲᠤᠬᠠᠢ᠌ᠯᠠᠭᠰᠠᠨ ᠠᠵᠢᠯ᠎ᠤᠨ ᠬᠦᠷᠢᠶ᠎ᠡ ᠴᠠᠷᠠᠭ᠎ᠠ ᠵᠢᠨ ᠣᠯᠠᠨ ᠡᠰᠢᠲᠦ᠂ ᠬᠠᠮᠤᠷᠬᠤ ᠬᠡᠪᠴᠢᠶ᠎ᠡ᠎ᠪᠠᠷ ᠥᠷᠭᠡᠨ ᠵᠡᠷᠭᠡ ᠳᠠᠪᠠᠭᠤᠯᠢᠭ᠎ᠢ ᠠᠰᠢᠭᠯᠠᠨ᠂ ᠨᠡᠢ᠌ᠭᠡᠮ ᠲᠣᠭᠣᠷᠢᠭ᠎ᠠᠴᠠ ᠨᠠᠰᠤᠵᠢᠯ᠎ᠤᠨ ᠠᠰᠠᠷᠠᠮᠵᠢ᠂ ᠬᠤᠳᠠᠯᠳᠤᠭ᠋ᠠᠨ᠎ᠤ ᠬᠡᠲᠦ ᠳᠡᠯᠭᠡᠭᠦᠷ᠂ ᠠᠳᠠᠯ ᠠᠬᠤᠢ ᠵᠢᠨ ᠦᠢ᠍ᠯᠡᠴᠢᠯᠡᠭᠡ᠂ ᠡᠮᠴᠢᠯᠡᠭᠡ ᠵᠡᠷᠭᠡ ᠴᠢᠨᠠᠷ ᠰᠠᠢ᠌ᠲᠠᠢ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ 《ᠨᠢᠭᠡ ᠨᠠᠰᠤᠲᠠᠨ ᠨᠢᠭᠡ ᠨᠢᠯᠬᠠᠰ》᠎ᠪᠠᠷ ᠭᠣᠣᠯ ᠴᠣᠭᠴᠠ ᠪᠣᠯᠭ᠋ᠠᠭᠰᠠᠨ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠲᠤ ᠪᠠᠭ᠋ᠠᠴᠤᠳ ᠬᠡᠦᠬᠡᠳ᠎ᠢ ᠨᠠᠢ᠌ᠳᠠᠨ ᠬᠠᠮᠢᠶᠠᠷᠤᠭᠤᠯᠬᠤ᠂ ᠡᠷᠡᠭᠦᠯ ᠮᠡᠨᠳᠦ ᠵᠢᠨ ᠹᠢᠽᠢᠺ ᠵᠠᠰᠠᠯ᠂ ᠬᠤᠪᠴᠠᠰᠤ ᠬᠤᠨᠠᠷ᠎ᠤᠨ ᠤᠬᠢᠶᠠᠯᠭ᠎ᠠ ᠵᠡᠷᠭᠡ 20 ᠭᠠᠷᠤᠢ ᠵᠦᠢ᠍ᠯ᠎ᠤᠨ ᠦᠢ᠍ᠯᠡᠴᠢᠯᠡᠭᠡ ᠬᠠᠩᠭ᠋ᠠᠨ᠎ᠠ᠃ 《2023 ᠣᠨ᠎ᠤ 4 ᠳ᠋ᠤᠭᠡᠷ ᠰᠠᠷ᠎ᠠ᠎ᠳᠤ᠂ ᠨᠡᠢ᠌ᠭᠡᠮ ᠲᠣᠭᠣᠷᠢᠭ᠎ᠤᠨ᠎ᠬᠢᠨ ᠬᠣᠯᠪᠣᠭᠳᠠᠯ ᠪᠦᠬᠦᠢ ᠰᠤᠷᠭ᠋ᠠᠨ ᠬᠥᠮᠦᠵᠢᠯ᠎ᠤᠨ ᠪᠠᠢ᠌ᠭᠤᠯᠤᠮᠵᠢ ᠵᠢ ᠣᠷᠣᠭᠤᠯᠤᠨ ᠠᠪᠴᠢᠷᠠᠵᠤ᠂ ᠪᠠᠭ᠋ᠠᠴᠤᠳ ᠬᠡᠦᠬᠡᠳ᠎ᠢ ᠨᠠᠢ᠌ᠳᠠᠨ ᠬᠠᠮᠢᠶᠠᠷᠤᠭᠤᠯᠬᠤ ᠠᠩᠭᠢ ᠪᠠᠢ᠌ᠭᠤᠯᠤᠨ᠂ ᠨᠠᠢ᠌ᠳᠠᠨ ᠬᠠᠮᠢᠶᠠᠷᠤᠭᠤᠯᠬᠤ ᠦᠢ᠍ᠯᠡᠴᠢᠯᠡᠭᠡ ᠭᠠᠷᠭ᠋ᠠᠵᠤ᠂ ᠨᠠᠢ᠌ᠳᠠᠨ ᠬᠠᠮᠢᠶᠠᠷᠤᠭᠤᠯᠤᠭᠰᠠᠨ ᠬᠥᠮᠥᠨ᠎ᠤ ᠲᠣᠭ᠎ᠠ 150 ᠭᠠᠷᠤᠢ ᠪᠣᠯᠵᠤ᠂ ᠭᠡᠷ᠎ᠤᠨ ᠠᠬᠠᠮᠠᠳ᠎ᠤᠨ ᠵᠣᠪᠠᠨᠢᠯ᠎ᠢ ᠠᠷᠢᠯᠭ᠋ᠠᠪᠠ》 ᠭᠡᠵᠦ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠤ ᠲᠠᠨᠢᠯᠴᠠᠭᠤᠯᠵᠠᠢ᠃
ᠰᠠᠭᠤᠭ᠋ᠠᠯᠢ ᠠᠷᠠᠳ᠎ᠢ ᠰᠠᠭᠤᠭ᠋ᠠᠯᠢ ᠠᠷᠠᠳ᠎ᠤᠨ ᠲᠣᠭᠣᠷᠢᠭ᠎ᠤᠨ ᠲᠤᠳᠤᠷ᠎ᠠ ᠳᠥᠭᠥᠮ ᠳᠥᠲᠡ ᠴᠢᠨᠠᠷ ᠰᠠᠢ᠌ᠲᠠᠢ ᠦᠢ᠍ᠯᠡᠴᠢᠯᠡᠭᠡ ᠵᠢ ᠡᠳ᠋ᠯᠡᠭᠦᠯᠬᠦ ᠵᠢᠨ ᠲᠥᠯᠥᠭᠡ᠂ ᠽᠢ ᠢ ᠨᠡᠢ᠌ᠭᠡᠮ ᠲᠣᠭᠣᠷᠢᠭ 30 ᠰᠠᠭᠤᠳᠠᠯ᠂ 20 ᠬᠤᠪᠴᠠᠰᠤ ᠬᠠᠳᠡᠭ᠋ᠠᠬᠤ ᠵᠢᠶᠠᠰᠠ᠂ ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠬᠦ ᠪᠠᠭ᠋ᠠᠨ᠎ᠠ ᠵᠢ 40᠂ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠤ ᠴᠠᠬᠢᠯᠭ᠋ᠠᠨ ᠴᠡᠨᠡᠭᠯᠡᠬᠦ ᠪᠠᠭ᠋ᠠᠨ᠎ᠠ ᠵᠢ 48 ᠰᠢᠨ᠎ᠡ᠎ᠪᠠᠷ ᠨᠡᠮᠡᠵᠦ᠂ 《ᠭᠡᠷ ᠪᠦᠯᠢ᠂ ᠨᠡᠢ᠌ᠭᠡᠮ ᠲᠣᠭᠣᠷᠢᠭ》 ᠬᠠᠷᠢᠯᠴᠠᠨ ᠨᠥᠬᠥᠪᠦᠷᠢᠯᠡᠬᠦ᠂ 《ᠰᠦᠯᠵᠢᠶᠡᠨ ᠳᠡᠭᠡᠷ᠎ᠡ᠂ ᠰᠦᠯᠵᠢᠶᠡᠨ᠎ᠠᠴᠠ ᠭᠠᠳᠠᠨᠠᠬᠢ》 ᠵᠢ ᠵᠣᠯᠭ᠋ᠠᠭᠤᠯᠤᠭᠰᠠᠨ᠂ ᠬᠠᠮᠢᠶ᠎ᠠ ᠪᠦᠬᠦᠢ ᠠᠵᠤ ᠦᠢ᠍ᠯᠡᠰ᠎ᠢ ᠠᠭᠤᠰᠤᠯᠴᠠᠭᠤᠯᠤᠭᠰᠠᠨ 《ᠤᠯᠠᠨ᠎ᠢ ᠳᠠᠭ᠋ᠠᠭᠤᠯᠤᠨ ᠬᠠᠮᠲᠤᠷᠠᠨ ᠬᠥᠳᠡᠯᠦᠯᠴᠡᠬᠦ》 ᠦᠢ᠍ᠯᠡᠴᠢᠯᠡᠭᠡᠨ᠎ᠤ ᠵᠠᠭᠪᠤᠷ᠎ᠢ ᠪᠦᠬᠦ ᠬᠦᠴᠦᠨ ᠵᠶ᠋ᠡᠷ ᠵᠶ᠋ᠡᠨ ᠴᠤᠭᠴᠠᠯᠠᠪᠠ᠃
ᠡᠭᠦᠨ᠎ᠠᠴᠠ ᠭᠠᠳᠠᠨ᠎ᠠ᠂ ᠰᠠᠭᠤᠭ᠋ᠠᠯᠢ ᠠᠷᠠᠳ᠎ᠤᠨ ᠠᠵᠢᠯᠯᠠᠭ᠋ᠠᠨ᠎ᠤ ᠭᠠᠵᠠᠷ᠎ᠢ ᠨᠡᠩ ᠰᠠᠢ᠌ᠨ ᠥᠷᠭᠡᠳᠬᠡᠬᠦ ᠵᠢᠨ ᠲᠥᠯᠥᠭᠡ᠂ ᠽᠢ ᠢ ᠨᠡᠢ᠌ᠭᠡᠮ ᠲᠣᠭᠣᠷᠢᠭ᠎ᠠᠴᠠ ᠰᠢᠲᠠᠷ᠎ᠠ ᠵᠢᠨ ᠲᠠᠰᠤᠭ᠂ ᠪᠥᠵᠢᠭ᠎ᠤᠨ ᠲᠠᠰᠤᠭ᠂ ᠤᠷᠠᠨ ᠪᠢᠴᠢᠯᠭᠡ ᠤᠷᠠᠨ ᠵᠢᠷᠤᠭ᠎ᠤᠨ ᠲᠠᠰᠤᠭ᠂ ᠫᠢᠩᠫᠠᠩ ᠪᠥᠮᠪᠥᠭᠡ ᠵᠢᠨ ᠲᠠᠰᠤᠭ᠂ ᠴᠢᠴᠢᠭᠦᠷ ᠪᠥᠮᠪᠥᠭᠡ ᠵᠢᠨ ᠲᠠᠰᠤᠭ᠂ ᠲᠣᠣᠷ ᠪᠥᠮᠪᠥᠭᠡ ᠵᠢᠨ ᠲᠠᠯᠠᠪᠤᠷ᠂ ᠰᠠᠭᠰᠤᠨ ᠪᠥᠮᠪᠥᠭᠡ ᠵᠢᠨ ᠲᠠᠯᠠᠪᠤᠷ᠂ ᠥᠲᠥᠨ ᠪᠥᠮᠪᠥᠭᠡ ᠵᠢᠨ ᠲᠠᠯᠠᠪᠤᠷ᠂ ᠬᠡᠦᠬᠡᠳ᠎ᠤᠨ ᠨᠠᠭ᠋ᠠᠳᠤᠮ᠎ᠤᠨ ᠲᠠᠯᠠᠪᠤᠷ᠂ ᠪᠡᠶ᠎ᠡ ᠴᠢᠭᠢᠷᠠᠭᠵᠢᠭᠤᠯᠬᠤ ᠲᠠᠯᠠᠪᠠᠶ ᠵᠡᠷᠭᠡ ᠵᠢ ᠭᠠᠷᠭ᠋ᠠᠭᠰᠠᠨ ᠪᠠᠢ᠌ᠨ᠎ᠠ᠃ ᠤᠯᠠᠮᠵᠢᠯᠠᠯᠲᠤ ᠪᠠᠶᠠᠷ᠎ᠤᠨ ᠡᠳᠦᠷ᠎ᠤᠨ ᠠᠵᠠ ᠲᠣᠬᠢᠶᠠᠯ᠎ᠢ ᠠᠰᠢᠭᠯᠠᠨ᠂ ᠴᠠᠭ᠋ᠠᠨ ᠰᠠᠷ᠎ᠠ ᠵᠢᠨ ᠲᠣᠬᠣᠨᠢᠭᠤᠯᠤᠯ᠂ ᠦᠨᠳᠦᠰᠦᠲᠡᠨ᠎ᠤ ᠪᠦᠯᠬᠦᠮᠳᠡᠯ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠪᠠᠶᠠᠷ᠎ᠢ ᠪᠡᠯᠭᠡᠯᠡᠬᠦ᠂ ᠽᠦᠩᠽᠢ ᠵᠢᠨ ᠬᠠᠢ᠌ᠷ᠎ᠠ ᠰᠡᠳᠬᠢᠯᠭᠡ ᠭᠡᠷ ᠪᠦᠯᠢ ᠵᠢᠨ᠎ᠬᠢᠨ᠎ᠢ ᠳᠣᠲᠣᠨᠣᠴᠢᠯᠠᠬᠤ᠂ ᠡᠪᠦᠯ᠎ᠤᠨ ᠲᠤᠢ᠌ᠯ ᠬᠥᠷᠰᠢ ᠵᠡᠷᠭᠡᠯᠡᠳᠡᠭᠡ ᠵᠢᠨ ᠪᠠᠩᠰᠢ ᠵᠢᠨ ᠳᠠᠶ᠋ᠢᠯᠠᠯᠭ᠎ᠠ᠂ ᠫᠢᠩᠫᠠᠩ ᠪᠥᠮᠪᠥᠭᠡ ᠵᠢᠨ ᠤᠷᠤᠯᠳᠤᠭ᠋ᠠᠨ᠂ ᠴᠠᠭ᠋ᠠᠨ ᠰᠠᠷ᠎ᠠ ᠵᠢ ᠤᠭᠲᠤᠬᠤ ᠤᠷᠠᠨ ᠪᠢᠴᠢᠯᠭᠡ ᠤᠷᠠᠨ ᠵᠢᠷᠤᠭ᠎ᠤᠨ ᠨᠠᠢ᠌ᠷ ᠵᠡᠷᠭᠡ ᠠᠵᠢᠯᠯᠠᠭ᠎ᠠ ᠵᠢ 30 ᠭᠠᠷᠤᠢ ᠲᠠᠯᠠᠪᠠᠢ ᠥᠷᠨᠢᠭᠦᠯᠵᠦ᠂ ᠰᠠᠭᠤᠭ᠋ᠠᠯᠢ ᠠᠷᠠᠳ᠎ᠲᠤ ᠤᠯᠠᠨ ᠵᠦᠢ᠍ᠯ ᠬᠡᠯᠪᠡᠷᠢ ᠵᠢᠨ ᠰᠣᠶᠣᠯ ᠪᠡᠶ᠎ᠡ ᠵᠢᠨ ᠲᠠᠮᠢᠷ᠎ᠤᠨ ᠨᠠᠢ᠌ᠷ᠎ᠢ ᠬᠦᠷᠳᠡᠭᠡᠵᠦ᠂ ᠡᠶ᠎ᠡ ᠵᠣᠬᠢᠴᠠᠩᠭᠤᠢ ᠢᠳᠡᠪᠬᠢᠲᠡᠢ ᠡᠷᠡᠭᠦᠯ ᠰᠠᠷᠠᠭᠤᠯ ᠠᠮᠢᠳᠤᠷᠠᠯ᠎ᠤᠨ ᠠᠭᠤᠷ ᠠᠮᠢᠰᠬᠤᠯ᠎ᠢ ᠪᠤᠢ ᠪᠣᠯᠭ᠋ᠠᠵᠤ᠂ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠪᠠ᠃