ᠰᠤᠷᠪᠤᠯᠵᠢᠯᠠᠭᠴᠢ 6 ᠳ᠋ᠤᠭ᠋ᠠᠷ ᠰᠠᠷ᠎ᠠ ᠵᠢᠨ 10᠎ᠤ ᠡᠳᠦᠷ ᠪᠤᠭᠤᠲᠤ ᠵᠢᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠣᠢ᠌ᠯᠠᠭ᠋ᠠᠭᠰᠠᠨ ᠵᠶ᠋ᠠᠷ᠂ ᠪᠤᠭᠤᠲᠤ ᠬᠣᠲᠠ 2025 ᠣᠨ᠎ᠤ ᠲᠥᠪ᠎ᠤᠨ ᠡᠳ᠋᠎ᠤᠨ ᠵᠠᠰᠠᠭ᠎ᠤᠨ ᠬᠣᠲᠠ ᠵᠢᠨ ᠰᠢᠨᠡᠴᠢᠯᠡᠯᠲᠡ ᠵᠢ ᠬᠡᠷᠡᠭᠵᠢᠭᠦᠯᠬᠦ ᠵᠢ ᠳᠡᠮᠵᠢᠬᠦ ᠠᠵᠢᠯᠯᠠᠭ᠎ᠠ ᠵᠢᠨ ᠨᠡᠷᠡᠰ᠎ᠤᠨ ᠵᠢᠭᠰᠠᠭ᠋ᠠᠯᠳᠠᠳᠤ ᠠᠮᠵᠢᠯᠲᠠ᠎ᠲᠠᠢ ᠰᠣᠩᠭᠣᠭᠳᠠᠪᠠ᠃ ᠥᠪᠡᠷᠲᠡᠭᠡᠨ ᠵᠠᠰᠠᠬᠤ ᠣᠷᠣᠨ᠎ᠤ ᠴᠣᠷ᠎ᠤᠨ ᠭᠠᠭᠴᠠ ᠰᠣᠩᠭᠣᠭᠳᠠᠭᠰᠠᠨ ᠬᠣᠲᠠ ᠪᠣᠯᠤᠭᠰᠠᠨ᠎ᠤ ᠬᠤᠪᠢ᠎ᠳᠤ᠂ ᠪᠤᠭᠤᠲᠤ ᠬᠣᠲᠠ᠎ᠨᠢ ᠭᠤᠷᠪᠠᠨ ᠵᠢᠯ᠎ᠤᠨ ᠳᠣᠲᠣᠷ᠎ᠠ 12 ᠳ᠋ᠦᠩᠰᠢᠭᠤᠷ ᠲᠥᠭᠥᠷᠢᠭ᠎ᠤᠨ ᠲᠥᠪ᠎ᠤᠨ ᠡᠳ᠋᠎ᠤᠨ ᠵᠠᠰᠠᠭ᠎ᠤᠨ ᠲᠤᠰᠬᠠᠢ ᠪᠡᠯᠡ ᠮᠥᠩᠭᠥ ᠵᠢᠨ ᠨᠥᠬᠥᠪᠦᠷᠢ ᠭᠥᠷᠳᠡᠬᠦ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠲᠤᠰᠬᠠᠢ ᠪᠡᠯᠡ ᠮᠥᠩᠭᠥ ᠵᠢᠨ ᠳᠡᠮᠵᠢᠯᠭᠡ ᠵᠢ ᠤᠯᠤᠨ᠎ᠠ᠂ ᠪᠤᠭᠤᠲᠤ ᠬᠣᠲᠠ ᠵᠢᠨ ᠬᠣᠲᠠ ᠵᠢᠨ ᠴᠢᠳᠠᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠤᠶᠠᠨ ᠬᠠᠲᠠᠨ᠂ ᠤᠶᠤᠨᠴᠢ ᠬᠣᠲᠠ ᠵᠢ ᠪᠦᠳᠦᠭᠡᠨ ᠪᠠᠶ᠋ᠢᠭᠤᠯᠬᠤ᠎ᠳᠤ ᠪᠠᠲᠤ ᠪᠡᠬᠢ ᠪᠡᠯᠡ ᠮᠥᠩᠭᠥ ᠵᠢᠨ ᠪᠠᠲᠤᠯᠠᠭ᠎ᠠ ᠬᠠᠩᠭ᠋ᠠᠨ᠎ᠠ᠃
ᠪᠤᠭᠤᠲᠤ ᠵᠢᠨ ᠬᠣᠲᠠ ᠵᠢᠨ ᠰᠢᠨᠡᠴᠢᠯᠡᠯᠳᠡ ᠵᠢᠨ ᠠᠵᠢᠯᠯᠠᠭ᠎ᠠ ᠵᠢᠨ ᠠᠵᠢᠯ᠎ᠤᠨ ᠲᠥᠰᠥᠯ (2025 — 2027 ᠣᠨ)᠎ᠢ ᠦᠨᠳᠦᠰᠦᠯᠡᠪᠡᠯ᠂ ᠪᠤᠭᠤᠲᠤ ᠬᠣᠲᠠ ᠲᠠᠪᠤᠨ ᠲᠠᠯ᠎ᠠ ᠵᠢᠨ 73 ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ᠂ ᠡᠭᠦᠨ᠎ᠳᠤ ᠬᠣᠲᠠ ᠵᠢᠨ ᠪᠣᠬᠢᠷ ᠤᠰᠤ ᠵᠢ ᠵᠠᠰᠠᠬᠤ 19 ᠲᠥᠷᠥᠯ ᠵᠦᠢ᠍ᠯ ᠂ ᠬᠠᠭᠤᠴᠢᠨ ᠵᠠᠯᠭ᠋ᠠᠯᠳᠤᠭᠰᠠᠨ ᠣᠷᠣᠨ᠎ᠤ 18 ᠲᠥᠷᠥᠯ ᠵᠦᠢ᠍ᠯ᠎ᠤᠨ ᠰᠢᠨᠡᠴᠢᠯᠡᠯᠳᠡ᠂ ᠲᠡᠦᠬᠡ ᠵᠢᠨ ᠵᠡᠭᠡᠯᠢ ᠲᠣᠭᠣᠷᠢᠭ᠎ᠢ ᠠᠮᠢᠯᠠᠭᠤᠯᠬᠤ 2 ᠲᠥᠷᠥᠯ ᠵᠦᠢ᠍ᠯ᠂ ᠲᠥᠪᠯᠡᠷᠡᠨ ᠵᠠᠯᠭ᠋ᠠᠯᠳᠤᠭᠰᠠᠨ ᠢᠨᠵᠧᠨᠧᠷᠢᠩ ᠤᠷᠤᠨ᠎ᠳᠤ 26 ᠲᠥᠷᠥᠯ ᠵᠦᠢ᠍ᠯ᠂ ᠪᠠᠢ᠌ᠭᠤᠯᠤᠯ ᠲᠣᠭᠲᠠᠴᠠ ᠵᠢ ᠲᠡᠭᠦᠯᠳᠡᠷᠵᠢᠭᠦᠯᠬᠦ 8 ᠲᠥᠷᠥᠯ ᠵᠦᠢ᠍ᠯ᠎ᠢ ᠬᠡᠷᠡᠭᠵᠢᠭᠦᠯᠦᠨ᠎ᠡ᠂ ᠬᠣᠲᠠ ᠵᠢᠨ ᠰᠢᠨᠡᠴᠢᠯᠡᠯᠳᠡ ᠵᠢᠨ ᠠᠵᠢᠯᠯᠠᠭ᠎ᠠ ᠵᠢ ᠲᠦᠷᠭᠡᠳᠬᠡᠨ ᠬᠡᠷᠡᠭᠵᠢᠭᠦᠯᠵᠦ᠂ ᠪᠠᠷᠠᠭᠤᠨ ᠬᠣᠢ᠌ᠲᠤ ᠣᠷᠣᠨ᠂ ᠬᠠᠲᠤᠨ ᠭᠣᠣᠯ ᠳᠠᠭ᠋ᠠᠤ ᠣᠷᠣᠨ᠂ ᠬᠠᠭᠤᠴᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ᠎ᠤᠨ ᠬᠣᠲᠠ ᠵᠢᠨ ᠰᠢᠨᠡᠴᠢᠯᠡᠯᠳᠡ᠎ᠳᠤ 《ᠪᠤᠭᠤᠲᠤ ᠵᠢᠨ ᠲᠤᠷᠰᠢᠯᠭ᠎ᠠ》 ᠵᠢ ᠬᠠᠩᠭ᠋ᠠᠵᠤ᠂ 《ᠪᠤᠭᠤᠲᠤ ᠵᠢᠨ ᠥᠯᠢᠭᠡᠷ ᠳᠠᠭᠤᠷᠢᠶᠠᠯ》᠂ ᠨᠡᠢ᠌ᠲᠡᠯᠢᠭ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠣᠶ ᠪᠣᠯᠭ᠋ᠠᠨ᠎ᠠ᠃ (ᠰᠤᠷᠪᠤᠯᠵᠢᠯᠠᠭᠴᠢ ᠼᠠᠢ ᠳ᠋ᠦᠩ ᠮᠧᠶ ᠴᠢᠮᠡᠭᠡᠯᠡᠭᠴᠢ ᠵᠠᠩ ᠬᠠᠢ ᠹᠠᠩ)