ᠠᠷᠠᠳᠤᠨ ᠰᠦᠯᠵᠢᠶᠡ ᠬᠥᠬᠡᠬᠣᠲᠠ ᠵᠢᠨ 6 ᠳ᠋ᠤᠭ᠋ᠠᠷ ᠰᠠᠷᠠ ᠵᠢᠨ 17ᠤ ᠡᠳᠦᠷᠤᠨ ᠮᠡᠳᠡᠭᠡ (ᠯᠢᠦ ᠢ ᠯᠢᠨ᠂ ᠳᠠᠳᠤᠯᠭᠠ ᠵᠢᠨ ᠰᠣᠷᠣᠭᠴᠢ ᠵᠠᠩ ᠶᠠ ᠰᠢᠨ) ᠬᠥᠬᠡᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶᠠ ᠵᠢᠨ ᠮᠡᠳᠡᠭᠡ ᠵᠢ ᠦᠨᠳᠦᠰᠦᠯᠡᠪᠡᠯ᠂ ᠬᠥᠬᠡᠬᠣᠲᠠ ᠵᠢᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢᠨ ᠲᠥᠪᠨᠢ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨᠤ ᠲᠤᠷᠰᠢᠯᠲᠠ ᠵᠢᠨ ᠠᠵᠢᠯᠤᠨ ᠡᠭᠦᠷᠭᠡ ᠵᠢ ᠪᠡᠶᠡᠯᠡᠭᠦᠯᠵᠦ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨᠤ ᠪᠥᠬᠥ ᠤᠯᠤᠰᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨᠤ ᠲᠠᠪᠴᠠᠩᠲᠠᠢ ᠵᠣᠯᠭ᠋ᠠᠭᠤᠯᠤᠨ᠂ 《ᠣᠨᠳᠣᠣ ᠭᠠᠵᠠᠷᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢᠨ ᠵᠢᠭᠡᠯᠡᠯᠭᠡ ᠵᠢᠨ ᠡᠬᠡ ᠮᠥᠩᠭᠥ ᠪᠠ ᠬᠦᠦ ᠮᠥᠩᠭᠥ ᠵᠢ ᠭᠠᠷᠭ᠋ᠠᠨ ᠠᠪᠬᠤ ᠪᠤᠴᠠᠭ᠋ᠠᠬᠤ》 ᠲᠤᠬᠠᠢ᠌ᠯᠠᠭᠰᠠᠨ ᠠᠵᠢᠯᠢ ᠰᠦᠯᠵᠢᠶᠡᠨᠳᠤ ᠣᠷᠣᠭᠤᠯᠵᠤ᠂ ᠲᠤᠰᠢᠶᠠᠨ ᠬᠠᠳᠠᠭ᠋ᠠᠯᠠᠭᠤᠯᠤᠭᠰᠠᠨ ᠭᠠᠵᠠᠷ ᠪᠠ ᠵᠢᠭᠡᠯᠡᠯᠭᠡ ᠠᠪᠬᠤ ᠭᠠᠵᠠᠷᠨᠢ ᠨᠢᠭᠡᠳᠦᠯ ᠦᠭᠡᠢ ᠠᠵᠢᠯᠲᠠᠨ ᠠᠵᠢᠯᠴᠢᠨᠳᠤ ᠳᠥᠭᠥᠮ ᠳᠥᠲᠡ ᠥᠨᠳᠥᠷ ᠪᠦᠲᠦᠮᠵᠢᠲᠡᠶ ᠦᠢ᠍ᠯᠡᠴᠢᠯᠡᠭᠡ ᠬᠠᠩᠭ᠋ᠠᠪᠠ᠃
ᠠᠵᠢᠯᠲᠠᠨ ᠠᠵᠢᠯᠴᠢᠨ ᠵᠢᠭᠡᠯᠡᠯᠭᠡ ᠠᠪᠬᠤ ᠭᠠᠵᠠᠷ (ᠲᠤᠰᠢᠶᠠᠨ ᠬᠠᠳᠠᠭ᠋ᠠᠯᠠᠭᠤᠯᠤᠭᠰᠠᠨ ᠭᠠᠵᠠᠷ ᠪᠢᠰᠢ)ᠲᠤ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢᠨ ᠵᠢᠭᠡᠯᠡᠯᠭᠡᠪᠠᠷ ᠣᠷᠣᠨ ᠰᠠᠭᠤᠴᠠ ᠬᠤᠳᠠᠯᠳᠤᠨ ᠠᠪᠤᠭᠰᠠᠨᠤ ᠳᠠᠷᠠᠭᠠ᠂ ᠭᠣᠣᠯ ᠵᠣᠭᠣᠰ ᠵᠢᠭᠡᠯᠡᠭᠴᠢ ᠵᠢᠴᠢ ᠬᠠᠮᠲᠤ ᠵᠣᠭᠣᠰ ᠵᠢᠭᠡᠯᠡᠭᠴᠢᠨᠢ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨᠤ 《ᠪᠥᠬᠥ ᠤᠯᠤᠰᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨᠤ ᠲᠠᠪᠴᠠᠩ》 ᠵᠶ᠋ᠠᠷ ᠳᠠᠮᠵᠢᠭᠤᠯᠤᠨ ᠭᠤᠶᠤᠴᠢᠯᠠᠯ ᠭᠠᠷᠭ᠋ᠠᠵᠤ᠂ ᠲᠤᠰᠢᠶᠠᠨ ᠬᠠᠳᠠᠭ᠋ᠠᠯᠠᠭᠤᠯᠬᠤ ᠭᠠᠵᠠᠷᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢ ᠭᠠᠷᠭ᠋ᠠᠨ ᠠᠪᠴᠤ ᠣᠨᠳᠣᠣ ᠭᠠᠵᠠᠷᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢᠨ ᠵᠢᠭᠡᠯᠡᠯᠭᠡ ᠵᠢᠨ ᠡᠬᠡ ᠮᠥᠩᠭᠥ ᠵᠢ ᠲᠥᠯᠥᠬᠦᠳᠤ ᠬᠡᠷᠡᠭᠯᠡᠵᠦ ᠪᠤᠯᠤᠨᠠ᠃
ᠲᠣᠰ ᠲᠤᠬᠠᠢ᠌ᠯᠠᠭᠰᠠᠨ ᠠᠵᠢᠯ ᠪᠣᠯ 《ᠲᠠᠩᠰᠠ ᠲᠠᠢ᠌ᠯᠬᠤ ᠵᠠᠭᠪᠤᠷ》 ᠪᠣᠯᠣᠨᠠ᠂ ᠲᠤᠬᠠᠢ᠌ᠯᠠᠪᠠᠯ ᠤᠷᠢᠳ ᠵᠶ᠋ᠠᠷ ᠵᠢᠭᠡᠯᠡᠯᠭᠡᠪᠠᠨ ᠪᠤᠴᠠᠭ᠋ᠠᠬᠤ ᠵᠢ ᠪᠡᠶᠡᠯᠡᠭᠦᠯᠵᠦ᠂ ᠳᠠᠷᠠᠭᠠᠨᠢ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢ ᠭᠠᠷᠭ᠋ᠠᠨ ᠠᠪᠤᠨᠠ᠃ ᠭᠠᠷᠭ᠋ᠠᠨ ᠠᠪᠤᠭᠴᠢ ᠵᠢᠨ ᠬᠡᠪᠴᠢᠶᠡᠨᠢ ᠭᠤᠤᠯ ᠵᠣᠭᠣᠰ ᠵᠢᠭᠡᠯᠡᠭᠴᠢ ᠵᠢᠴᠢ ᠬᠠᠮᠲᠤ ᠵᠢᠨ ᠵᠣᠭᠣᠰ ᠵᠢᠭᠡᠯᠡᠭᠴᠢ ᠪᠣᠯᠣᠨᠠ᠂ ᠲᠤᠬᠠᠢ᠌ᠯᠠᠪᠠᠯ᠄ ᠬᠥᠬᠡᠬᠣᠲᠠ ᠵᠢᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢᠨ ᠲᠥᠪᠲᠤ ᠲᠤᠰᠢᠶᠠᠨ ᠬᠠᠳᠠᠭ᠋ᠠᠯᠠᠭᠤᠯᠤᠭᠰᠠᠨ᠂ ᠣᠨᠳᠣᠣ ᠭᠠᠵᠠᠷᠤᠨ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢᠨ ᠲᠥᠪ ᠵᠶ᠋ᠠᠨ ᠵᠢᠭᠡᠯᠡᠯᠭᠡ ᠠᠪᠤᠭᠰᠠᠨ ᠮᠥᠷᠲᠡᠭᠡᠨ ᠵᠢᠭᠡᠯᠡᠯᠭᠡᠪᠠᠨ ᠲᠤᠰᠢᠶᠠᠵᠤ ᠳᠠᠭᠤᠰᠬᠠᠭ᠋ᠠᠳᠤᠢ ᠭᠣᠣᠯ ᠵᠣᠭᠣᠰ ᠵᠢᠭᠡᠯᠡᠭᠴᠢ ᠵᠢᠴᠢ ᠬᠠᠮᠲᠤ ᠵᠢᠨ ᠵᠣᠭᠣᠰ ᠵᠢᠭᠡᠯᠡᠭᠴᠢ ᠪᠣᠯᠣᠨᠠ᠃ ᠲᠤᠰᠢᠶᠠᠨ ᠬᠠᠳᠠᠭ᠋ᠠᠯᠠᠭᠤᠯᠤᠭᠴᠢᠨᠢ ᠥᠪᠡᠷᠤᠨ ᠬᠡᠷᠡᠭᠴᠡᠭᠡᠪᠠᠨ ᠦᠨᠳᠦᠰᠦᠯᠡᠨ ᠭᠠᠭᠴᠠ ᠤᠳᠠᠭᠠᠪᠠᠷ ᠭᠠᠷᠭ᠋ᠠᠨ ᠠᠪᠬᠤ ᠪᠤᠶᠤ ᠰᠠᠷᠠᠪᠠᠷ ᠪᠣᠯᠵᠣᠨ ᠲᠣᠭᠲᠠᠭᠰᠠᠨ ᠶᠣᠰᠣᠭ᠋ᠠᠷ ᠭᠠᠷᠭ᠋ᠠᠨ ᠠᠪᠬᠤ ᠵᠢ ᠰᠣᠩᠭᠣᠵᠤ ᠪᠣᠯᠣᠨᠠ᠃ ᠬᠣᠶᠠᠷ ᠵᠦᠢ᠍ᠯᠤᠨ ᠭᠠᠷᠭ᠋ᠠᠨ ᠠᠪᠬᠤ ᠵᠢᠨ ᠬᠠᠮᠤᠭᠤᠨ ᠥᠨᠳᠥᠷ ᠭᠠᠷᠭ᠋ᠠᠨ ᠠᠪᠴᠤ ᠪᠣᠯᠬᠤ ᠲᠣᠭᠠᠨᠢ ᠴᠥᠮ ᠳᠡᠭᠡᠷᠡ ᠰᠠᠷᠠ ᠵᠢᠨ ᠪᠤᠴᠠᠭ᠋ᠠᠭᠰᠠᠨ ᠵᠣᠭᠣᠰᠤᠨ ᠲᠣᠭᠠ ᠪᠣᠯᠣᠨᠠ᠃ ᠬᠡᠷᠪᠡ ᠭᠠᠭᠴᠠ ᠤᠳᠠᠭ᠋ᠠᠨᠤ ᠭᠠᠷᠭ᠋ᠠᠨ ᠠᠪᠬᠤ ᠵᠣᠭᠣᠰᠤᠨ ᠲᠣᠭᠠᠨᠢ ᠳᠠᠩᠰᠠᠨ ᠡᠷᠦᠬᠡ ᠵᠢᠨ ᠦᠯᠡᠳᠡᠪᠦᠷᠢ ᠲᠣᠭᠠᠠᠴᠠ ᠬᠡᠲᠦᠷᠡᠭᠰᠡᠨ ᠪᠠᠢ᠌ᠪᠠᠯ᠂ ᠠᠵᠢᠯᠲᠠᠨ ᠠᠵᠢᠯᠴᠢᠨ ᠭᠠᠷᠭ᠋ᠠᠨ ᠠᠪᠬᠤ ᠬᠠᠷᠢᠴᠠᠯᠳᠤ ᠲᠣᠬᠢᠷᠠᠭᠤᠯᠤᠯᠲᠠ ᠬᠢᠵᠦ᠂ ᠰᠠᠷᠠ ᠰᠠᠷᠠᠪᠠᠷ ᠪᠣᠯᠵᠣᠨ ᠭᠠᠷᠭ᠋ᠠᠨ ᠠᠪᠬᠤ ᠵᠢ ᠰᠣᠩᠭᠣᠵᠤ ᠪᠣᠯᠣᠨᠠ᠃ ᠭᠦᠢ᠍ᠴᠡᠳᠬᠡᠬᠦ ᠶᠠᠪᠤᠴᠠᠳᠤ ᠲᠤᠰᠢᠶᠠᠨ ᠬᠠᠳᠠᠭ᠋ᠠᠯᠠᠭᠤᠯᠤᠭᠴᠢ ᠵᠥᠪᠬᠡᠨ ᠪᠥᠬᠥ ᠤᠯᠤᠰᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨᠤ ᠲᠠᠪᠴᠠᠩ ᠵᠶ᠋ᠠᠷ ᠳᠠᠮᠵᠢᠭᠤᠯᠤᠨ ᠣᠨᠳᠣᠣ ᠭᠠᠵᠠᠷᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢᠨ ᠵᠢᠭᠡᠯᠡᠯᠭᠡ ᠵᠢ ᠭᠠᠷᠭ᠋ᠠᠨ ᠠᠪᠬᠤ ᠭᠤᠶᠤᠴᠢᠯᠠᠯ ᠭᠠᠷᠭ᠋ᠠᠵᠤ᠂ ᠮᠡᠳᠡᠭᠦᠯᠬᠦ ᠬᠠᠭᠤᠳᠠᠰᠤᠨᠳᠤ ᠬᠣᠯᠪᠣᠭᠳᠠᠯ ᠪᠦᠬᠦᠢ ᠮᠡᠳᠡᠭᠡ ᠵᠠᠩᠭᠢ ᠵᠢ ᠣᠨᠣᠪᠴᠢᠲᠠᠶ ᠲᠠᠭᠯᠠᠵᠤ ᠲᠤᠰᠢᠶᠠᠪᠠᠯ ᠪᠣᠯᠴᠢᠬᠠᠨᠠ᠃
ᠲᠣᠰ ᠤᠳᠠᠭ᠋ᠠᠨᠤ 《ᠣᠨᠳᠣᠣ ᠭᠠᠵᠠᠷᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢᠨ ᠵᠢᠭᠡᠯᠡᠯᠭᠡ ᠵᠢᠨ ᠡᠬᠡ ᠮᠦᠩᠭᠦ ᠬᠦᠦ ᠮᠥᠩᠭᠥ ᠵᠢ ᠭᠠᠷᠭ᠋ᠠᠨ ᠠᠪᠬᠤ ᠪᠤᠴᠠᠭ᠋ᠠᠬᠤ》 ᠲᠤᠬᠠᠢ᠌ᠯᠠᠭᠰᠠᠨ ᠠᠵᠢᠯᠢ ᠬᠡᠷᠡᠭᠵᠢᠭᠦᠯᠦᠭᠰᠡᠨᠨᠢ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠠᠷᠠᠳᠲᠤ ᠲᠥᠬᠥᠮ ᠦᠵᠡᠭᠦᠯᠵᠦ ᠠᠷᠠᠳᠲᠤ ᠠᠰᠢᠭ ᠬᠦᠷᠲᠡᠭᠡᠬᠦ ᠴᠢᠬᠤᠯᠠ ᠠᠷᠭᠠ ᠬᠡᠮᠵᠢᠶᠡ ᠪᠣᠯᠣᠨᠠ᠃ ᠨᠡᠶ᠋ᠢᠲᠡ ᠵᠢᠨ ᠬᠤᠷᠠᠮᠳᠤᠭᠤᠯᠭᠠ ᠵᠢᠨ ᠮᠥᠩᠭᠥ ᠵᠢ ᠭᠠᠷᠭ᠋ᠠᠨ ᠠᠪᠬᠤᠪᠠᠷ ᠳᠠᠮᠵᠢᠭᠤᠯᠤᠨ ᠣᠨᠳᠣᠣ ᠭᠠᠵᠠᠷᠤᠨ ᠵᠢᠭᠡᠯᠡᠯᠭᠡ ᠵᠢ ᠪᠤᠴᠠᠭ᠋ᠠᠬᠤᠨᠢ ᠠᠵᠢᠯᠲᠠᠨ ᠠᠵᠢᠯᠴᠢᠨᠤ ᠵᠣᠭᠣᠰ ᠪᠤᠴᠠᠭ᠋ᠠᠬᠤ ᠳᠠᠷᠤᠯᠲᠠ ᠵᠢ ᠪᠦᠲᠦᠮᠵᠢᠲᠡᠶᠪᠠᠷ ᠬᠥᠩᠭᠡᠷᠡᠭᠦᠯᠬᠦ ᠵᠢᠨ ᠬᠠᠮᠲᠤ ᠪᠡᠯᠡ ᠮᠥᠩᠭᠥ ᠵᠢᠨ ᠠᠰᠢᠭᠯᠠᠯᠲᠠ ᠵᠢᠨ ᠨᠣᠷᠮᠠ ᠵᠢ ᠳᠡᠭᠡᠭᠰᠢᠯᠡᠭᠦᠯᠵᠦ᠂ ᠪᠡᠯᠡ ᠮᠥᠩᠭᠥ ᠵᠢᠨ ᠬᠡᠷᠡᠭᠯᠡᠯᠲᠡ ᠵᠢ ᠨᠠᠩ ᠠᠮᠢᠳᠤᠯᠢᠭ ᠪᠥᠭᠡᠳ ᠥᠨᠳᠥᠷ ᠪᠦᠲᠦᠮᠵᠢᠲᠡᠶ ᠪᠣᠯᠭ᠋ᠠᠵᠤ᠂ ᠠᠵᠢᠯᠲᠠᠨ ᠠᠵᠢᠯᠴᠢᠨᠤ ᠠᠳᠠᠯᠢ ᠪᠤᠰᠤ ᠭᠠᠵᠠᠷ ᠣᠷᠣᠨᠳᠠᠬᠢ ᠣᠷᠣᠨ ᠰᠠᠭᠤᠴᠠ ᠵᠢᠨ ᠬᠡᠷᠡᠭᠴᠡᠭᠡ ᠵᠢ ᠨᠠᠩ ᠰᠠᠢ᠌ᠨ ᠬᠠᠩᠭ᠋ᠠᠵᠤ ᠴᠢᠳᠠᠬᠤ ᠪᠣᠯᠭ᠋ᠠᠵᠠᠢ᠃ ᠲᠤᠰᠢᠶᠠᠨ ᠬᠠᠳᠠᠭ᠋ᠠᠯᠠᠭᠤᠯᠤᠭᠴᠢ ᠰᠦᠯᠵᠢᠶᠡᠨ ᠳᠡᠭᠡᠷᠡᠬᠢ ᠦᠢ᠍ᠯᠡᠴᠢᠯᠡᠭᠡᠨᠤ ᠲᠠᠪᠴᠠᠩ ᠵᠶ᠋ᠠᠷ ᠳᠠᠮᠵᠢᠭᠤᠯᠤᠨ ᠭᠠᠷᠭ᠋ᠠᠨ ᠠᠪᠬᠤ ᠭᠤᠶᠤᠴᠢᠯᠠᠯᠢ ᠪᠡᠶᠡᠯᠡᠭᠦᠯᠵᠦ ᠪᠣᠯᠣᠨᠠ᠂ ᠣᠯᠠᠨ ᠭᠠᠵᠠᠷᠲᠤ ᠨᠠᠰᠢ ᠴᠠᠰᠢ ᠭᠦᠶᠦᠬᠦ ᠴᠢᠬᠤᠯᠠ ᠦᠭᠡᠢ᠃