ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
2025-06-20

    6 ᠳ᠋ᠤᠭ᠋ᠠᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠂ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠶᠦᠨ ᠴᠦᠨ ᠱᠧᠩ ᠬᠤᠷᠠᠯ᠎ᠢ ᠡᠷᠭᠢᠯᠡᠪᠡ᠃

     ᠬᠤᠷᠠᠯ᠎ᠠᠴᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠱᠠᠰᠢᠨ ᠰᠤᠷᠲᠠᠬᠤᠨ᠎ᠤ ᠠᠵᠢᠯ᠎ᠤᠨ ᠤᠨᠤᠯ ᠪᠣᠯᠣᠨ ᠴᠢᠭᠯᠡᠯᠲᠡ ᠲᠦᠷᠦ ᠵᠢᠨ ᠪᠣᠳᠣᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠢ᠌ᠷᠡᠭᠦᠯᠬᠦ ᠬᠡᠷᠡᠭᠲᠡᠢ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠡᠯ᠎ᠡ ᠲᠦᠷᠦᠯ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ ᠠᠬᠢᠭᠤᠯᠬᠤ ᠬᠡᠷᠡᠭᠳᠡᠢ ᠭᠡᠵᠦ ᠱᠠᠭ᠋ᠠᠷᠳᠠᠪᠠ ᠃ 

     ᠬᠤᠷᠠᠯ᠎ᠠᠴᠠ᠂ ᠣᠷᠣᠨ ᠰᠠᠭᠤᠴᠠ  ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠵᠤ᠂ ᠠᠵᠢᠯ᠎ᠤᠨ ᠨᠢᠭᠡᠳᠦᠯᠲᠡᠢ ᠲᠥᠯᠦᠪᠵᠢᠭᠦᠯᠭᠡ ᠵᠢ ᠴᠢᠩᠭ᠋ᠠᠳᠬᠠᠵᠤ᠂ ᠠᠵᠢᠯ᠎ᠤᠨ ᠰᠢᠰᠲ᠋ᠧᠮᠲᠦ ᠴᠢᠨᠠᠷ᠂ ᠵᠥᠩᠨᠡᠯᠲᠡ ᠵᠢᠨ ᠴᠢᠨᠠᠷ᠂ ᠪᠦᠲᠦᠭᠡᠯᠴᠢ ᠴᠢᠨᠠᠷ᠎ᠢ ᠴᠢᠩᠭ᠋ᠠᠳᠬᠠᠵᠤ᠂ ᠬᠤᠷᠳᠤᠴᠠ ᠦᠷ᠎ᠡ ᠪᠦᠲᠦᠮᠵᠢ ᠵᠢ ᠳᠡᠭᠡᠭᠰᠢᠯᠡᠭᠦᠯᠵᠦ ᠡᠯ᠎ᠡ ᠵᠦᠢ᠍ᠯ᠎ᠤᠨ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠵᠤ᠂ ᠴᠠᠭ ᠬᠤᠭᠤᠴᠠᠭ᠎ᠠ ᠶᠤᠰᠤᠭ᠋ᠠᠷ ᠡᠭᠦᠷᠭᠡ᠎ᠪᠠᠨ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠃ ᠲᠥᠪ᠎ᠤᠨ ᠲᠣᠭᠣᠷᠢᠨ ᠪᠠᠢ᠌ᠴᠠᠭ᠋ᠠᠯᠲᠠ ᠪᠠ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ ᠵᠢᠨ ᠲᠤᠰᠢᠶᠠᠨ ᠥᠭᠴᠦ ᠰᠢᠢ᠍ᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠵᠢᠨ ᠵᠦᠢ᠍ᠯᠡᠰ᠎ᠢ ᠰᠢᠢ᠍ᠳᠪᠦᠷᠢᠯᠡᠬᠦ ᠵᠢ ᠴᠢᠩᠭ᠎ᠠ ᠠᠳᠬᠤᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ᠎ᠢ ᠭᠦᠨᠵᠡᠭᠡᠢ ᠦᠷᠨᠢᠭᠦᠯᠵᠦ᠂ ᠬᠠᠷᠢᠭᠤᠴᠠᠯᠭ᠎ᠠ ᠵᠢᠨ ᠬᠡᠯᠬᠢᠶ᠎ᠡ ᠵᠢ ᠴᠢᠩᠭ᠋ᠠᠯᠠᠵᠤ᠂ ᠨᠠᠷᠢᠨ ᠳᠠᠩᠰᠠ ᠵᠢᠨ ᠬᠡᠯᠪᠡᠷᠢ᠂ ᠳᠠᠩᠰᠠ ᠲᠠᠢ᠌ᠯᠬᠤ ᠬᠡᠯᠪᠡᠷᠢ᠎ᠪᠠᠷ ᠰᠢᠢ᠍ᠳᠪᠦᠷᠢᠯᠡᠬᠦ ᠵᠢ ᠠᠬᠢᠭᠤᠯᠬᠤ ᠬᠡᠷᠡᠭᠲᠡᠢ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠬᠤᠯᠪᠤᠭ᠋ᠠᠯᠠᠨ ᠲᠠᠭ᠋ᠠᠴᠢᠯᠠᠭᠰᠠᠨ ᠠᠢ᠌ᠮᠠᠭ ᠬᠤᠳᠠ ᠵᠢᠨ ᠲᠣᠭᠲᠠᠴᠠ᠎ᠲᠠᠢ ᠤᠶᠠᠯᠳᠤᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠵᠦ᠂ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠵᠦ᠂ ᠡᠯ᠎ᠡ ᠵᠦᠢ᠍ᠯ᠎ᠤᠨ ᠡᠭᠦᠷᠭᠡ ᠵᠢᠨ ᠪᠣᠳᠠᠲᠠᠢ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠭᠡᠷ ᠨᠢᠭᠡᠴᠢ ᠨᠢᠭᠲᠠ ᠬᠠᠮᠵᠢᠯᠴᠠᠵᠤ᠂ ᠶᠡᠬᠡ ᠲᠠᠯ᠎ᠠ ᠵᠢᠨ ᠤᠬᠠᠮᠰᠠᠷ᠂ 《ᠨᠢᠭᠡ ᠬᠥᠯᠭᠡ ᠰᠢᠲᠠᠷ᠎ᠠ》 ᠵᠢᠨ ᠤᠬᠠᠮᠰᠠᠷ᠂ ᠬᠠᠮᠲᠤᠷᠠᠯᠴᠠᠬᠤ ᠤᠬᠠᠮᠰᠠᠷ᠂ ᠬᠠᠮᠵᠢᠯᠴᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠨᠡᠢ᠌ᠯᠡᠮᠡᠯ ᠬᠦᠴᠦᠨ᠎ᠢ ᠪᠦᠷᠢᠯᠳᠦᠭᠦᠯᠵᠦ᠂ ᠪᠦᠬᠦᠯᠢ ᠴᠣᠭᠴᠠ ᠵᠢᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ᠎ᠠᠴᠠ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠳᠦᠷᠦ ᠵᠢᠨ ᠪᠣᠳᠣᠯᠭ᠎ᠠ ᠵᠢᠨ ᠴᠢᠭᠯᠡᠯ ᠪᠣᠯᠣᠨ ᠬᠥᠭᠵᠢᠯᠲᠡ ᠵᠢᠨ ᠪᠠᠢ᠌ᠳᠠᠯ᠎ᠤᠨ ᠬᠤᠪᠢᠷᠠᠯᠲᠠ ᠵᠢ ᠪᠠᠲᠤ ᠡᠵᠡᠮᠳᠡᠵᠦ᠂ ᠰᠢᠰᠲ᠋ᠧᠮᠲᠦ ᠰᠡᠳᠬᠢᠬᠦᠢ᠂ ᠪᠠᠷᠠᠭ᠋ᠠᠯᠬᠢᠯᠠᠯ᠎ᠤᠨ ᠴᠢᠨᠠᠷᠲᠠᠢ ᠰᠡᠳᠬᠢᠬᠦᠢ᠂ ᠪᠦᠬᠦ ᠲᠠᠯ᠎ᠠ ᠵᠢᠨ ᠴᠢᠨᠠᠷᠲᠠᠢ ᠲᠥᠯᠦᠪᠵᠢᠭᠦᠯᠭᠡ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠪᠠᠢ᠌ᠷᠢᠰᠢᠭᠤᠯᠤᠯᠲᠠ᠂ ᠪᠦᠬᠦᠯᠢ ᠴᠣᠭᠴᠠ ᠵᠢᠨ ᠴᠢᠨᠠᠷᠲᠠᠢ ᠠᠬᠢᠭᠤᠯᠤᠯᠲᠠ ᠵᠢ ᠴᠢᠩᠭ᠋ᠠᠳᠬᠠᠵᠤ᠂ ᠡᠯ᠎ᠡ ᠲᠠᠯ᠎ᠠ ᠵᠢᠨ ᠬᠠᠷᠠᠯᠲᠠ ᠡᠭᠦᠷᠭᠡ ᠵᠢ ᠭᠦᠨᠵᠡᠭᠡᠢ ᠵᠠᠳᠠᠯᠤᠨ ᠨᠤᠲᠠᠯᠠᠵᠤ᠂ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠣᠪᠴᠢᠲᠠᠢ᠂ ᠲᠣᠭᠲᠠᠭᠰᠠᠨ ᠬᠤᠭᠤᠴᠠᠭ᠋ᠠᠨ᠎ᠳᠠᠭᠠᠨ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ᠎ᠠᠴᠠ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠵᠢᠨ ᠲᠣᠭᠣᠷᠢᠨ᠎ᠳᠤ  ᠬᠠᠮᠳᠦ ᠵᠢᠨ ᠶᠠᠷᠢᠯᠴᠠᠭ᠎ᠠ  ᠵᠢ ᠳᠠᠬᠢᠨᠲᠠ ᠥᠷᠨᠢᠭᠦᠯᠵᠦ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢᠨ ᠬᠦᠨᠳᠦ ᠨᠣᠴᠢᠲᠠᠢ ᠤᠯᠤᠰ ᠲᠦᠷᠦ ᠵᠢᠨ ᠬᠣᠣᠷ ᠬᠥᠨᠥᠭᠡᠯ᠎ᠢ ᠭᠦᠨᠵᠡᠭᠡᠢ ᠲᠠᠨᠢᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠭᠰᠠᠨ ᠨᠡᠢ᠌ᠲᠡᠯᠢᠭ ᠬᠡᠷᠡᠭ᠎ᠠᠴᠠ ᠭᠦᠨᠵᠡᠭᠡᠢ ᠰᠤᠷᠭ᠋ᠠᠮᠵᠢ ᠠᠪᠴᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠴᠠᠭ᠋ᠠᠵᠠᠯᠠᠬᠤ 《ᠲᠣᠭᠲᠠᠭ᠋ᠠᠯ》᠎ᠢ ᠴᠠᠭ ᠢᠮᠠᠭᠲᠠ ᠪᠠᠲᠤ ᠴᠡᠭᠡᠵᠢᠯᠡᠵᠦ᠂  ᠢᠯᠵᠢᠷᠡᠯ᠎ᠤᠨ 《ᠬᠣᠣᠷ ᠬᠥᠨᠥᠭᠡᠯ》᠎ᠢ ᠰᠡᠷᠭᠡᠭ ᠵᠶ᠋ᠡᠷ ᠲᠠᠨᠢᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠬᠣᠷᠢᠭᠯᠠᠬᠤ ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠠᠯᠪᠠᠨ ᠭᠡᠷ