ᠬᠥᠬᠡᠬᠣᠲᠠ 《ᠪᠣᠬᠢᠷᠲᠤᠯ ᠦᠭᠡᠢ ᠪᠠᠷᠢᠯᠭ᠎ᠠ + ᠬᠠᠶ᠋ᠢᠮᠢᠶᠠᠨ ᠬᠣᠲᠠ》 ᠵᠢᠨ ᠪᠦᠳᠦᠭᠡᠨ ᠪᠠᠢ᠌ᠭᠤᠯᠤᠯᠳᠠ ᠵᠢ ᠬᠠᠮᠵᠢᠯᠴᠠᠨ ᠬᠦᠭᠵᠢᠭᠦᠯᠬᠦ ᠰᠢᠰᠲ᠋ᠧᠮᠵᠢ ᠵᠢ ᠪᠠᠢ᠌ᠭᠤᠯᠪᠠ
2025-06-09

     ᠣᠢ᠌ᠷ᠎ᠠ ᠵᠢᠨ ᠵᠢᠯ᠎ᠤᠳ᠎ᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ 《ᠪᠣᠬᠢᠷᠲᠤᠯ ᠦᠭᠡᠢ ᠪᠠᠷᠢᠯᠭ᠎ᠠ + ᠬᠠᠶ᠋ᠢᠮᠢᠶᠠᠨ ᠬᠣᠲᠠ》 ᠵᠢᠨ ᠪᠦᠳᠦᠭᠡᠨ ᠪᠠᠢ᠌ᠭᠤᠯᠤᠯᠳᠠ ᠵᠢ ᠬᠠᠮᠵᠢᠯᠴᠠᠨ ᠬᠦᠭᠵᠢᠭᠦᠯᠬᠦ ᠰᠢᠰᠲ᠋ᠧᠮᠵᠢ ᠵᠢ ᠪᠠᠢ᠌ᠭᠤᠯᠵᠤ᠂ ᠬᠣᠲᠠ ᠵᠢᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ ᠬᠢᠭᠡᠳ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ᠎ᠤᠨ ᠬᠣᠣᠰ ᠳᠡᠭᠡᠭᠰᠢᠯᠡᠯᠲᠡ ᠵᠢ ᠲᠦᠯᠬᠢᠨ ᠠᠬᠢᠭᠤᠯᠵᠦ ᠪᠠᠢ᠌ᠨ᠎ᠠ᠃

     ᠬᠥᠬᠡᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ ᠪᠠᠷᠢᠯᠭ᠎ᠠ ᠵᠢᠨ ᠠᠵᠤ ᠠᠬᠤᠢ᠌ᠯᠠᠯ᠎ᠤᠨ ᠭᠣᠣᠯᠯᠠᠬᠤ ᠥᠷᠢᠰᠦᠯᠳᠦᠬᠦ ᠬᠦᠴᠦᠨ᠎ᠤ ᠪᠦᠲᠦᠭᠡᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠥᠬᠥ ᠲᠠᠯ᠎ᠠ᠎ᠪᠠᠷ ᠪᠣᠢ᠌ᠵᠢᠭᠤᠯᠬᠤ ᠰᠢᠰᠲ᠋ᠧᠮᠵᠢ ᠵᠢ ᠪᠠᠢ᠌ᠭᠤᠯᠪᠠ᠃ ᠣᠲᠣ ᠪᠣᠯᠲᠠᠯ᠎ᠠ᠂ ᠪᠥᠬᠥ ᠬᠣᠲᠠ ᠵᠢᠨ 1954 ᠪᠠᠷᠢᠯᠭ᠎ᠠ ᠵᠢᠨ ᠶᠡᠷᠦᠩᠬᠡᠢ ᠳᠠᠭ᠋ᠠᠭ᠋ᠠᠴᠢᠯᠠᠯᠲᠠ ᠵᠢᠴᠢ ᠲᠤᠰᠬᠠᠢ ᠳᠠᠭ᠋ᠠᠭ᠋ᠠᠴᠢᠯᠠᠯᠲᠠ ᠵᠢᠨ ᠠᠵᠤ ᠠᠬᠤᠢ᠌ᠯᠠᠯ᠎ᠤᠨ ᠳᠣᠲᠣᠷ᠎ᠠ᠂ ᠣᠨᠴᠠ ᠲᠠᠰ᠎ᠤᠨ ᠬᠢᠷᠢ ᠬᠡᠮ᠎ᠲᠠᠢ ᠠᠵᠤ ᠠᠬᠤᠢ᠌ᠯᠠᠯ 3 ᠪᠣᠯᠵᠤ᠂ ᠨᠢᠭᠡᠳᠦᠭᠡᠷ ᠳᠡᠰ᠂ ᠬᠣᠶᠠᠳᠤᠭ᠋ᠠᠷ ᠳᠡᠰ᠎ᠤᠨ ᠬᠢᠷᠢ ᠬᠡᠮ᠎ᠲᠠᠢ ᠠᠵᠤ ᠠᠬᠤᠢ᠌ᠯᠠᠯ 1500 ᠵᠢ ᠳᠠᠪᠠᠵᠤ᠂ 《ᠫᠢᠷᠠᠮᠢᠳ᠋ ᠰᠤᠪᠤᠷᠭ᠎ᠠ》 ᠮᠠᠶᠢᠭ᠎ᠤᠨ ᠴᠢᠨᠠᠷ ᠰᠠᠢ᠌ᠲᠠᠢ ᠠᠵᠤ ᠠᠬᠤᠢ᠌ᠯᠠᠯ᠎ᠤᠨ ᠱᠠᠲᠤᠯᠵᠢᠨ ᠡᠩᠨᠡᠭᠡ ᠵᠢ ᠪᠣᠶ ᠪᠣᠯᠭ᠋ᠠᠪᠠ᠃ ᠡᠨᠡ ᠵᠢᠯ᠎ᠠᠴᠠ ᠨᠠᠰᠢ᠂ ᠬᠣᠲᠠ ᠵᠢᠨ ᠶᠠᠰᠤ ᠴᠢᠨᠠᠷ ᠠᠮᠤᠷ ᠲᠦᠪᠰᠢᠨ᠎ᠤ ᠲᠥᠪ 13 ᠲᠠᠯᠠᠪᠤᠷ ᠲᠤᠰᠬᠠᠢ ᠪᠤᠯᠪᠠᠰᠤᠷᠠᠯ᠂ 9 ᠤᠳᠠᠭ᠋ᠠᠨ᠎ᠤ ᠠᠬᠤᠢ ᠲᠠᠯᠠᠪᠠᠢ ᠵᠢᠨ ᠦᠵᠡᠭᠦᠯᠦᠯᠭᠡ ᠵᠢᠴᠢ ᠰᠢᠶᠦ᠋ᠩ ᠠᠨ ᠰᠢᠨ᠎ᠡ ᠲᠣᠭᠣᠷᠢᠭ᠎ᠤᠨ ᠬᠣᠭᠣᠯᠠᠢ ᠬᠣᠩᠭᠢᠯ᠎ᠤᠨ ᠪᠦᠲᠦᠭᠡᠨ ᠪᠠᠢ᠌ᠭᠤᠯᠤᠯᠲᠠ ᠵᠢ ᠲᠤᠬᠠᠢ ᠵᠢᠨ ᠭᠠᠵᠠᠷ᠎ᠲᠤᠨᠢ ᠰᠤᠳᠤᠯᠤᠨ ᠰᠤᠷᠤᠯᠴᠠᠵᠤ᠂ ᠠᠵᠢᠯ ᠲᠥᠷᠥᠯ᠎ᠤᠨ ᠣᠶᠤᠨᠴᠢᠯᠠᠯᠲᠠ ᠵᠢᠨ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠬᠦ ᠵᠢ ᠲᠦᠯᠬᠢᠨ ᠠᠬᠢᠭᠤᠯᠪᠠ᠃ ᠣᠶᠤᠨᠲᠤ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠵᠢᠨ ᠲᠤᠰᠬᠠᠢ ᠰᠡᠳᠦᠪᠲᠦ ᠪᠤᠯᠪᠠᠰᠤᠷᠠᠯ᠎ᠨᠢ ᠲᠣᠰ ᠭᠠᠵᠠᠷ᠎ᠤᠨ ᠠᠵᠤ ᠠᠬᠤᠢ᠌ᠯᠠᠯ᠎ᠳᠤ ᠨᠠᠩ ᠴᠤ᠌ ᠶᠠᠰᠤ ᠴᠢᠨᠠᠷ ᠠᠮᠤᠷ ᠲᠦᠪᠰᠢᠨ᠎ᠤ ᠬᠡᠮ ᠰᠣᠭᠣᠭ᠎ᠢ ᠵᠠᠰᠠᠬᠤ ᠪᠠ ᠮᠠᠰᠢᠨ ᠬᠥᠮᠥᠨ᠎ᠤ ᠪᠠᠷᠢᠯᠭ᠎ᠠ ᠪᠠᠷᠢᠬᠤ ᠵᠡᠷᠭᠡ ᠬᠣᠰᠢᠭᠤᠷᠠᠯ ᠮᠡᠷᠭᠡᠵᠢᠯ᠎ᠢ ᠡᠵᠡᠮᠰᠢᠭᠦᠯᠦᠭᠰᠡᠨ ᠪᠠᠢ᠌ᠨ᠎ᠠ᠃

     ᠪᠠᠷᠢᠯᠭ᠎ᠠ ᠵᠢᠨ ᠦᠢ᠍ᠯᠡᠰ᠎ᠨᠢ ᠠᠵᠤ ᠠᠬᠤᠢ ᠵᠢᠨ ᠲᠣᠭᠲᠠᠭᠤᠨ ᠵᠶ᠋ᠠᠷ ᠨᠡᠮᠡᠭᠳᠡᠬᠦ 《ᠰᠠᠭᠤᠷᠢ》 ᠪᠤᠯᠤᠨ᠎ᠠ᠃ ᠬᠠᠮᠤᠭ᠎ᠤᠨ ᠰᠢᠨ᠎ᠡ ᠪᠦᠷᠢᠳᠬᠡᠯ᠎ᠤᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠡᠷ᠂ 2024 ᠣᠨ᠎ᠳᠤ ᠪᠥᠬᠥ ᠬᠣᠲᠠ ᠵᠢᠨ ᠪᠠᠷᠢᠯᠭ᠎ᠠ ᠵᠢᠨ ᠦᠢ᠍ᠯᠡᠰ᠎ᠤᠨ ᠦᠢ᠍ᠯᠡᠳᠬᠦᠨ᠎ᠤ ᠪᠥᠬᠥ ᠥᠷᠲᠡᠭ 309.8 ᠳ᠋ᠦᠩᠰᠢᠭᠤᠷ ᠲᠥᠭᠥᠷᠢᠭ᠎ᠢ ᠳᠠᠪᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.4%᠎ᠪᠠᠷ ᠨᠡᠮᠡᠭᠳᠡᠨ᠂ ᠠᠵᠢᠯ ᠲᠥᠷᠥᠯ᠎ᠤᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ 5.9% ᠬᠦᠷᠴᠡᠢ᠃ 2025 ᠣᠨ᠎ᠤ ᠠᠩᠬᠠᠨ᠎ᠤ ᠤᠯᠠᠷᠢᠯ᠎ᠳᠤ ᠦᠷᠭᠦᠯᠵᠢᠯᠡᠨ ᠰᠠᠢ᠌ᠵᠢᠷᠠᠬᠤ ᠬᠠᠨᠳᠤᠰᠢ᠎ᠲᠠᠢ ᠪᠣᠯᠵᠤ᠂ ᠲᠤᠰ ᠭᠠᠵᠠᠷ᠎ᠤᠨ ᠠᠵᠤ ᠠᠬᠤᠢ᠌ᠯᠠᠯ᠎ᠤᠨ ᠭᠡᠷ᠎ᠡ ᠵᠢᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 19.3% ᠨᠡᠮᠡᠭᠳᠡᠵᠦ᠂ 608.1 ᠳ᠋ᠦᠩᠰᠢᠭᠤᠷ ᠲᠥᠭᠥᠷᠢᠭ ᠪᠣᠯᠣᠨ ᠳᠡᠭᠡᠭᠰᠢᠯᠡᠵᠦ᠂ ᠭᠠᠳᠠᠨ᠎ᠠ ᠣᠷᠣᠨ᠎ᠤ ᠠᠵᠤ ᠠᠬᠤᠢ᠌ᠯᠠᠯ᠎ᠤᠨ ᠭᠡᠷ᠎ᠡ ᠲᠣᠭᠲᠠᠭᠰᠠᠨ ᠲᠣᠭ᠎ᠠ 165.25 ᠳ᠋ᠦᠩᠰᠢᠭᠤᠷ ᠲᠥᠭᠥᠷᠢᠭ᠎ᠲᠤ ᠬᠦᠷᠴᠦ᠂ ᠳᠣᠲᠣᠭ᠋ᠠᠳᠤ ᠭᠠᠳᠠᠭ᠋ᠠᠳᠤ ᠵᠢᠨ ᠬᠣᠯᠪᠣᠯᠳᠤᠭᠰᠠᠨ ᠬᠥᠭᠵᠢᠯᠲᠡ ᠵᠢᠨ ᠪᠠᠢ᠌ᠷᠢᠰᠢᠯ᠎ᠢ ᠪᠦᠷᠢᠯᠳᠦᠭᠦᠯᠪᠡ᠃ ᠪᠠᠷᠢᠯᠭ᠎ᠠ ᠵᠢᠨ ᠦᠢ᠍ᠯᠡᠰ᠎ᠨᠢ ᠬᠤᠳᠠ ᠵᠢᠨ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ ᠵᠢ ᠲᠦᠮᠡ ᠢᠯᠡᠭᠦᠦ ᠰᠢᠨ᠎ᠡ᠎ᠪᠠᠷ ᠨᠡᠮᠡᠭᠳᠡᠭᠦᠯᠵᠦ᠂ ᠠᠵᠤ ᠠᠬᠤᠢ ᠵᠢ ᠲᠣᠭᠲᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠲᠠᠯ᠎ᠠ᠎ᠪᠠᠷ ᠵᠠᠩᠭᠢᠯᠠᠭ᠎ᠠ ᠵᠢᠨ ᠦᠢ᠍ᠯᠡᠳᠦᠯ ᠦᠵᠡᠭᠦᠯᠪᠡ᠃

     ᠪᠣᠬᠢᠷᠲᠤᠯ ᠦᠭᠡᠢ ᠪᠠᠷᠢᠯᠭ᠎ᠠ ᠵᠢ ᠤᠮᠠᠷᠠᠲᠤ ᠬᠢᠯᠢ᠎ᠳᠤ ᠳᠠᠭ᠋ᠠᠭᠤᠯᠤᠨ ᠬᠥᠭᠵᠢᠭᠦᠯᠵᠦ᠂ 《ᠤᠯᠠᠨ ᠲᠦᠮᠡᠨ᠎ᠢ 〈ᠠᠮᠢᠰᠬᠤᠵᠤ ᠴᠢᠳᠠᠳᠠᠭ ᠪᠠᠢ᠌ᠰᠢᠩ〉᠎ᠳᠤ ᠰᠠᠭᠤᠯᠭ᠋ᠠᠬᠤ ᠪᠣᠯ ᠪᠢᠳᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠦᠢ᠍ᠯᠡᠳᠦᠯᠭᠡ ᠵᠢᠨ ᠠᠮᠠᠯᠠᠯᠲᠠ ᠪᠣᠯᠣᠨ᠎ᠠ》 ᠭᠡᠵᠦ ᠬᠥᠬᠡᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠵᠠᠩ ᠴᠢᠩ ᠢᠯᠡᠷᠬᠡᠢ᠌ᠯᠡᠪᠡ᠃ 2024 ᠣᠨ᠎ᠳᠤ ᠪᠥᠬᠥ ᠬᠣᠲᠠ ᠵᠢᠨ ᠪᠣᠬᠢᠷᠲᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠤᠨ ᠬᠡᠷᠡᠭᠯᠡᠯᠲᠡ ᠵᠢᠨ ᠨᠣᠷᠮ᠎ᠠ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠳᠤ ᠣᠷᠣᠵᠤ᠂ 2025 ᠣᠨ᠎ᠳᠤ ᠬᠣᠲᠠ ᠪᠠᠯᠭ᠋ᠠᠰᠤᠨ᠎ᠤ ᠪᠠᠷᠢᠯᠭ᠎ᠠ ᠲᠠᠭᠤᠰᠬᠠᠬᠤ ᠪᠠᠷᠢᠯᠭ᠎ᠠ ᠵᠢ 100%᠎ᠪᠠᠷ ᠪᠣᠬᠢᠷᠲᠤᠯ ᠦᠭᠡᠢ ᠪᠣᠯᠭ᠋ᠠᠬᠤ ᠬᠠᠷᠠᠯᠲᠠ ᠵᠢ ᠪᠡᠶᠡᠯᠡᠭᠦᠯᠬᠦ ᠪᠣᠯᠣᠨ᠎ᠠ᠃ ᠡᠨᠧᠷᠭᠢ ᠵᠢᠨ ᠬᠣᠷᠣᠭᠳᠠᠭᠤᠯᠤᠯ ᠵᠶ᠋ᠠᠷ ᠬᠡᠲᠦ ᠪᠠᠭ᠎ᠠ ᠪᠠᠷᠢᠯᠭ᠎ᠠ᠂ BIM (ᠪᠠᠷᠢᠯᠭ᠎ᠠ ᠵᠢᠨ ᠮᠡᠳᠡᠭᠡ ᠵᠠᠩᠭᠢ ᠵᠢᠨ ᠵᠠᠭᠪᠤᠷ) ᠵᠢᠨ ᠮᠡᠷᠭᠡᠵᠢᠯ᠎ᠤᠨ ᠬᠡᠷᠡᠭᠯᠡᠯᠲᠡ᠂ ᠳᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢᠨ ᠬᠤᠷᠠᠮᠠᠯ ᠭᠤᠷᠪᠠᠨ ᠶᠡᠬᠡ ᠰᠢᠪᠲᠤᠯᠤᠯᠲᠠ ᠵᠢᠨ ᠠᠵᠢᠯᠯᠠᠭ᠎ᠠ᠎ᠪᠠᠷ ᠳᠠᠮᠵᠢᠭᠤᠯᠤᠨ᠂ ᠵᠢᠯ᠎ᠤᠨ ᠳᠣᠲᠣᠷ᠎ᠠ ᠣᠳᠣᠨ ᠲᠠᠰ᠎ᠤᠨ ᠪᠣᠬᠢᠷᠲᠤᠯ ᠦᠭᠡᠢ ᠪᠠᠷᠢᠯᠭ᠎ᠠ ᠵᠢᠨ ᠡᠵᠡᠯᠡᠬᠦ ᠬᠠᠷᠢᠴᠠᠯ᠎ᠢ 35%᠎ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠬᠦ᠎ᠪᠠᠷ ᠲᠥᠯᠥᠪᠯᠡᠵᠦ ᠪᠠᠢ᠌ᠨ᠎ᠠ᠃

    2022 ᠣᠨ᠎ᠤ 5 ᠳ᠋ᠤᠭ᠋ᠠᠷ ᠰᠠᠷ᠎ᠠ᠎ᠳᠤ᠂ ᠬᠥᠬᠡᠬᠣᠲᠠ 《ᠠᠷᠪᠠᠨ ᠳᠥᠷᠪᠡᠳᠦᠭᠡᠷ ᠲᠠᠪᠤᠨ ᠵᠢᠯ》᠎ᠤᠨ  ᠤᠯᠤᠰ᠎ᠤᠨ ᠬᠣᠶᠠᠳᠤᠭ᠋ᠠᠷ ᠪᠦᠯᠦᠭ᠎ᠤᠨ ᠰᠢᠰᠲ᠋ᠧᠮᠵᠢᠭᠦᠯᠦᠭᠰᠡᠨ ᠬᠠᠶ᠋ᠢᠮᠢᠶᠠᠨ ᠬᠤᠳᠠ ᠵᠢᠨ ᠪᠦᠲᠦᠭᠡᠨ ᠪᠠᠢ᠌ᠭᠤᠯᠤᠯᠲᠠ ᠵᠢ ᠪᠦᠬᠦ ᠣᠷᠣᠨ ᠪᠦᠰᠡ᠎ᠪᠠᠷ ᠠᠬᠢᠭᠤᠯᠬᠤ ᠵᠢᠱ᠌ᠢᠶ᠎ᠡ ᠦᠵᠡᠭᠦᠯᠬᠦ ᠬᠤᠳᠠ᠎ᠳᠤ ᠰᠣᠩᠭᠣᠭᠳᠠᠵᠤ᠂ ᠵᠢᠱ᠌ᠢᠶ᠎ᠡ ᠦᠵᠡᠭᠦᠯᠬᠦ ᠬᠤᠭᠤᠴᠠᠭ᠋ᠠᠨ᠎ᠤ ᠪᠦᠲᠦᠭᠡᠨ ᠪᠠᠢ᠌ᠭᠤᠯᠤᠯᠲᠠ᠎ᠪᠠᠷ ᠳᠡᠮᠵᠢᠨ᠂ 《ᠠᠭᠤᠯᠠ᠂ ᠡᠪᠡᠰᠦ᠂ ᠬᠣᠲᠠ᠂ ᠤᠰᠤ》 ᠵᠢ ᠨᠢᠭᠡ ᠴᠣᠭᠴᠠᠵᠢᠭᠤᠯᠤᠨ ᠵᠠᠰᠠᠬᠤ ᠵᠠᠭᠪᠤᠷ᠎ᠢ ᠠᠯᠬᠤᠮ ᠠᠯᠬᠤᠮ ᠵᠶ᠋ᠠᠷ ᠪᠣᠶ ᠪᠣᠯᠭ᠋ᠠᠵᠤ᠂ ᠶᠡᠬᠡ ᠬᠠᠷ᠎ᠠ ᠭᠣᠣᠯ᠂ ᠪᠠᠭ᠎ᠠ ᠬᠠᠷ᠎ᠠ ᠭᠣᠣᠯ᠎ᠤᠨ ᠰᠠᠪᠠ ᠭᠠᠵᠠᠷ᠎ᠢ ᠵᠠᠰᠠᠬᠤ ᠵᠢᠴᠢ ᠠᠮᠢ ᠠᠬᠤᠢ ᠵᠢ ᠵᠠᠰᠠᠨ ᠰᠡᠷᠭᠦᠭᠡᠬᠦ᠎ᠪᠠᠷ ᠳᠡᠮᠵᠢᠨ᠂ 《ᠨᠢᠭᠡ ᠲᠣᠭᠣᠷᠢᠭ ᠬᠣᠶᠠᠷ ᠬᠥᠨᠳᠡᠯᠡᠨ ᠵᠢᠷᠭᠤᠭ᠋ᠠᠨ ᠭᠤᠯᠳᠤ ᠣᠯᠠᠨ ᠴᠡᠭ》᠎ᠤᠨ ᠰᠠᠪᠠ ᠭᠠᠵᠠᠷ᠎ᠤᠨ ᠤᠰᠤ ᠬᠠᠳᠠᠭ᠋ᠠᠯᠠᠵᠦ ᠭᠠᠳᠠᠭᠰᠢᠯᠠᠭᠤᠯᠬᠤ ᠰᠢᠰᠲ᠋ᠧᠮᠵᠢ ᠵᠢ ᠪᠡᠬᠢᠵᠢᠭᠦᠯᠵᠦ᠂ ᠬᠥᠬᠡᠬᠣᠲᠠ ᠵᠢᠨ ᠡᠮᠦᠨᠡᠲᠦ ᠬᠡᠰᠡᠭ᠎ᠤᠨ ᠪᠣᠬᠢᠷᠲᠤᠯ ᠦᠭᠡᠢ ᠠᠮᠢ ᠠᠬᠤᠢ ᠵᠢᠨ ᠬᠠᠯᠬᠠᠪᠴᠢ ᠵᠢ ᠪᠣᠶ ᠪᠣᠯᠭ᠋ᠠᠵᠤ᠂ ᠶᠡᠬᠡ ᠬᠠᠷ᠎ᠠ ᠭᠣᠣᠯ᠎ᠤᠨ ᠬᠠᠲᠤᠨ ᠭᠣᠣᠯ᠎ᠳᠤ ᠴᠢᠳᠬᠤᠬᠤ ᠤᠰᠤᠨ᠎ᠤ ᠴᠢᠨᠠᠷ᠎ᠢ ᠪᠠᠲᠤᠯᠠᠨ᠎ᠠ; ᠡᠭᠦᠨ᠎ᠤ ᠬᠠᠮᠲᠤ ᠪᠣᠬᠢᠷ ᠤᠰᠤ ᠵᠢ ᠰᠢᠢ᠍ᠳᠪᠦᠷᠢᠯᠡᠬᠦ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠨᠢᠭᠡᠳᠦᠯᠲᠡᠢ ᠲᠥᠯᠥᠪᠯᠡᠵᠦ᠂ ᠪᠣᠷᠣᠭ᠋ᠠᠨ᠎ᠤ ᠤᠰᠤ ᠵᠢ ᠬᠤᠷᠠᠮᠳᠤᠭᠤᠯᠤᠨ ᠬᠠᠳᠠᠭ᠋ᠠᠯᠠᠵᠤ ᠠᠰᠢᠭᠯᠠᠬᠤ ᠵᠢ ᠴᠢᠩᠭ᠋ᠠᠳᠬᠠᠨ᠂ ᠤᠰᠤᠨ᠎ᠤ ᠠᠮᠤᠷ ᠲᠦᠪᠰᠢᠨ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠡᠬᠢ ᠪᠠᠶᠠᠯᠢᠭ᠎ᠢ ᠵᠣᠬᠢᠴᠠᠯᠳᠤᠭᠤᠯᠤᠨ ᠳᠡᠭᠡᠭᠰᠢᠯᠡᠭᠦᠯᠬᠦ ᠵᠢ ᠪᠡᠶᠡᠯᠡᠭᠦᠯᠵᠦ᠂ ᠪᠣᠷᠣᠭ᠋ᠠᠨ᠎ᠤ ᠤᠰᠤᠨ᠎ᠤ ᠡᠬᠢ ᠪᠠᠶᠠᠯᠢᠭ᠎ᠢ ᠠᠰᠢᠭᠯᠠᠬᠤ ᠴᠢᠳᠠᠪᠤᠷᠢ ᠵᠢ ᠵᠢᠯ᠎ᠳᠤ 144 ᠲᠦᠮᠡᠨ ᠪᠣᠰᠣᠭ᠎ᠠ ᠳᠥᠷᠪᠡᠯᠵᠢᠨ ᠮᠧᠲᠷ᠎ᠲᠤ ᠬᠦᠷᠭᠡᠵᠦ᠂ ᠤᠰᠤ ᠨᠡᠪᠴᠢᠬᠦ ᠭᠠᠵᠠᠷ᠎ᠤᠨ ᠭᠠᠳᠠᠷᠭᠤ ᠵᠢᠨ ᠲᠠᠯᠠᠪᠠᠶ ᠵᠢᠨ ᠬᠠᠷᠢᠴᠠᠯ᠎ᠢ 42.15%᠎ᠳᠤ ᠬᠦᠷᠭᠡᠨ᠎ᠡ᠃

     ᠬᠠᠶ᠋ᠢᠮᠢᠶᠠᠨ ᠬᠤᠳᠠ ᠵᠢᠨ ᠰᠠᠭᠤᠷᠢ ᠲᠥᠬᠦᠭᠡᠷᠦᠮᠵᠢ᠎ᠠᠴᠠ ᠪᠠᠷᠢᠯᠭ᠎ᠠ᠎ᠠᠴᠠ ᠬᠣᠭ ᠨᠣᠪᠰᠢ ᠵᠢᠨ ᠬᠡᠮᠵᠢᠶ᠎ᠡ ᠵᠢ ᠪᠠᠭ᠋ᠠᠰᠬᠠᠨ ᠰᠢᠢ᠍ᠳᠪᠦᠷᠢᠯᠡᠬᠦ ᠬᠦᠷᠲᠡᠯ᠎ᠡ᠂ ᠭᠠᠵᠠᠷ ᠳᠣᠣᠷᠠᠬᠢ ᠶᠡᠷᠦᠩᠬᠡᠢ᠌ᠯᠡᠭᠰᠡᠨ ᠬᠣᠭᠣᠯᠠᠢ ᠬᠣᠩᠭᠢᠯ᠎ᠤᠨ ᠣᠶᠤᠨᠴᠢ ᠠᠵᠢᠯᠯᠠᠭ᠋ᠠᠨ᠎ᠠᠴᠠ ᠣᠷᠣᠨ ᠰᠠᠭᠤᠴᠠ ᠵᠢᠨ ᠣᠷᠣᠨ ᠪᠦᠰᠡ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠬᠦᠷᠲᠡᠯ᠎ᠡ᠂ 《ᠴᠡᠴᠡᠷᠯᠢᠭᠳᠦ》 ᠠᠮᠢ ᠠᠬᠤᠢ ᠵᠢᠨ ᠬᠤᠳᠠ ᠵᠢ ᠠᠭ᠋ᠠᠵᠢᠮ ᠪᠦᠳᠦᠭᠡᠨ ᠪᠠᠢ᠌ᠭᠤᠯᠤᠨ᠎ᠠ᠃ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠡᠬᠢᠯᠡᠭᠦᠯᠬᠦ ᠵᠢ ᠳᠠᠭ᠋ᠠᠯᠳᠤᠨ᠂ ᠡᠨᠡᠬᠦ ᠠᠮᠢᠵᠢᠷᠠᠯ᠎ᠤᠨ ᠬᠦᠴᠦᠨ᠎ᠲᠠᠢ ᠬᠤᠳᠠ᠎ᠨᠢ ᠶᠠᠭ ᠪᠤᠬᠢᠷᠳᠤᠯ ᠦᠭᠡᠢ ᠬᠦᠭᠵᠢᠯᠳᠡ᠎ᠪᠠᠷ  ᠰᠠᠭᠤᠷᠢ  ᠪᠣᠯᠭ᠋ᠠᠵᠤ᠂ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠵᠦ ᠪᠠᠢ᠌ᠨ᠎ᠠ᠃

 

ᠢᠷᠡᠯᠲᠡ᠄ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠰᠣᠨᠢᠨ