2025 ᠣᠨ᠎ᠤ ᠪᠥᠬᠥ ᠣᠷᠣᠨ᠎ᠤ ᠦᠶᠡᠷ᠎ᠤᠨ ᠬᠤᠭᠤᠴᠠᠭ᠋ᠠᠨ᠎ᠤ ᠬᠣᠲᠠ ᠵᠢᠨ ᠤᠰᠤ ᠭᠠᠳᠠᠭᠰᠢᠯᠠᠭᠤᠯᠵᠤ ᠤᠰᠤᠲᠤᠯ᠎ᠢ ᠰᠡᠷᠭᠡᠢ᠌ᠯᠡᠬᠦ ᠠᠵᠢᠯ᠎ᠤᠨ ᠪᠠᠢ᠌ᠷᠢᠯᠠᠭᠤᠯᠤᠯᠲᠠ ᠵᠢᠨ ᠸᠢᠳᠢᠤ᠋ ᠬᠤᠷᠠᠯ ᠬᠤᠷᠠᠯᠳᠤᠪᠠ
2025-07-11

7 ᠳ᠋ᠤᠭ᠋ᠠᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠠᠴᠠ 2025 ᠣᠨ᠎ᠤ ᠦᠶᠡᠷ᠎ᠤᠨ ᠬᠤᠭᠤᠴᠠᠭ᠋ᠠᠨ᠎ᠤ ᠬᠣᠲᠠ ᠵᠢᠨ ᠤᠰᠤ ᠭᠠᠳᠠᠭᠰᠢᠯᠠᠭᠤᠯᠵᠤ ᠤᠰᠤᠲᠤᠯ᠎ᠢ ᠰᠡᠷᠭᠡᠢ᠌ᠯᠡᠬᠦ ᠠᠵᠢᠯ᠎ᠤᠨ ᠪᠠᠢ᠌ᠷᠢᠯᠠᠭᠤᠯᠤᠯᠲᠠ ᠵᠢᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ᠎ᠠᠴᠠ᠂ ᠬᠦᠨᠳᠦ ᠬᠡᠴᠡᠭᠦᠦ ᠪᠠᠢ᠌ᠳᠠᠯ᠎ᠢ ᠲᠣᠳᠣᠷᠬᠠᠢ ᠲᠠᠨᠢᠵᠤ᠂ ᠬᠤᠳᠠ ᠵᠢᠨ ᠤᠰᠤ ᠭᠠᠳᠠᠭᠰᠢᠯᠠᠭᠤᠯᠵᠤ ᠤᠰᠤᠲᠤᠯ᠎ᠢ ᠰᠡᠷᠭᠡᠢ᠌ᠯᠡᠬᠦ ᠠᠵᠢᠯ᠎ᠢ ᠰᠠᠢ᠌ᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠪᠣᠯᠣᠨ ᠲᠤᠯᠭ᠋ᠠᠮ᠎ᠠ ᠰᠡᠳᠬᠢᠯᠭᠡ᠎ᠪᠠᠨ ᠦᠨᠡᠨᠬᠦ ᠴᠢᠩᠭ᠋ᠠᠳᠬᠠᠵᠤ᠂ 《ᠬᠣᠶᠠᠷ᠎ᠢ ᠪᠠᠷᠢᠮᠲᠠᠯᠠᠵᠤ᠂ ᠭᠤᠷᠪᠠ ᠵᠢ ᠬᠤᠪᠢᠷᠠᠭᠤᠯᠬᠤ》 ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠣᠢ᠌ᠯᠠᠭ᠋ᠠᠭᠳᠠᠬᠤᠨ ᠶᠣᠰᠣᠭ᠋ᠠᠷ᠂ ᠰᠡᠷᠭᠡᠢ᠌ᠯᠡᠬᠦ᠎ᠪᠠᠷ ᠭᠣᠣᠯ ᠪᠣᠯᠭ᠋ᠠᠬᠤ᠂ ᠰᠡᠷᠭᠡᠢ᠌ᠯᠡᠬᠦ ᠡᠰᠡᠷᠭᠦᠴᠡᠬᠦ ᠠᠪᠤᠷᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠭᠠᠮᠰᠢᠭ᠎ᠤᠨ ᠳᠠᠷᠠᠭ᠋ᠠᠬᠢ ᠠᠪᠤᠷᠠᠨ ᠲᠤᠰᠠᠯᠠᠬᠤ ᠵᠢ ᠴᠢᠬᠤᠯᠠᠴᠢᠯᠠᠵᠤ ᠪᠠᠢ᠌ᠭᠰᠠᠨ᠎ᠠᠴᠠ ᠭᠠᠮᠰᠢᠭ᠎ᠠᠴᠠ ᠡᠮᠦᠨ᠎ᠡ ᠤᠷᠢᠳᠴᠢᠯᠠᠨ ᠰᠡᠷᠭᠡᠢ᠌ᠯᠡᠬᠦ ᠵᠢ ᠴᠢᠬᠤᠯᠠᠴᠢᠯᠠᠬᠤ ᠲᠡᠰᠢ ᠬᠤᠪᠢᠷᠠᠭᠤᠯᠬᠤ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃

ᠬᠤᠷᠠᠯ᠎ᠠᠴᠠ᠂ ᠵᠠᠩᠭᠢᠯᠠᠭ᠎ᠠ ᠵᠢᠨ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠯ᠎ᠡ ᠵᠦᠢ᠍ᠯ᠎ᠤᠨ ᠰᠡᠷᠭᠡᠢ᠌ᠯᠡᠨ ᠠᠷᠭ᠋ᠠᠴᠠᠬᠤ ᠠᠷᠭ᠎ᠠ ᠬᠡᠮᠵᠢᠶ᠎ᠡ ᠵᠢ ᠪᠦᠬᠦ ᠬᠦᠴᠦᠨ ᠵᠶ᠋ᠡᠷ ᠵᠶ᠋ᠡᠨ ᠪᠣᠳᠠᠲᠠᠢ ᠪᠥᠭᠡᠳ ᠨᠠᠷᠢᠨ ᠠᠳᠬᠤᠵᠤ᠂ ᠭᠡᠮ ᠰᠣᠭᠣᠭ᠎ᠢ ᠪᠠᠢ᠌ᠴᠠᠭ᠋ᠠᠨ ᠴᠡᠭᠴᠡᠯᠡᠨ ᠵᠠᠰᠠᠬᠤ 《ᠡᠷᠬᠢᠨ ᠬᠠᠷᠠᠬᠤ》 ᠪᠠ ᠬᠥᠳᠡᠯᠦᠩᠭᠦᠢ᠎ᠪᠠᠷ ᠲᠡᠭ ᠪᠣᠯᠭ᠋ᠠᠬᠤ ᠠᠵᠢᠯ᠎ᠢ ᠲᠦᠷᠭᠡᠨ ᠥᠷᠨᠢᠭᠦᠯᠵᠦ᠂ ᠭᠣᠣᠯᠳᠠᠯᠭ᠎ᠠ᠎ᠲᠠᠢ ᠣᠷᠣᠨ ᠪᠠᠢ᠌ᠷᠢ ᠪᠣᠯᠣᠨ ᠪᠠᠭᠤᠷᠠᠢ ᠭᠣᠭᠴᠣᠭ᠎ᠠ ᠵᠢᠨ ᠰᠡᠷᠭᠡᠢ᠌ᠯᠡᠯᠲᠡ ᠵᠢ ᠲᠣᠪᠣᠢ᠌ᠮ᠎ᠠ ᠰᠠᠢ᠌ᠲᠤᠷ ᠠᠳᠬᠤᠵᠤ᠂ ᠬᠠᠮᠤᠭ᠎ᠤᠨ ᠡᠷᠡᠰ ᠴᠢᠩᠭ᠎ᠠ ᠣᠪᠣᠷ᠂ ᠬᠠᠮᠤᠭ᠎ᠤᠨ ᠨᠠᠷᠢᠨ ᠨᠢᠭᠲᠠ ᠪᠠᠢ᠌ᠷᠢᠯᠠᠭᠤᠯᠤᠯᠲᠠ᠂ ᠬᠠᠮᠤᠭ᠎ᠤᠨ ᠬᠦᠴᠦᠲᠡᠢ ᠠᠷᠭ᠎ᠠ ᠬᠡᠮᠵᠢᠶ᠎ᠡ᠎ᠪᠠᠷ ᠬᠤᠳᠠ ᠵᠢᠨ ᠤᠰᠤ ᠭᠠᠳᠠᠭᠰᠢᠯᠠᠭᠤᠯᠵᠤ ᠤᠰᠤᠲᠤᠯ᠎ᠢ ᠰᠡᠷᠭᠡᠢ᠌ᠯᠡᠬᠦ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠬᠤᠷᠠᠯ᠎ᠠᠴᠠ᠂ 《ᠬᠠᠮᠲᠤᠷᠠᠨ ᠭᠠᠳᠠᠭᠰᠢᠯᠠᠭᠤᠯᠵᠤ ᠬᠠᠮᠲᠤᠷᠠᠨ ᠵᠤᠬᠢᠴᠠᠭᠤᠯᠬᠤ》 ᠠᠵᠢᠯ᠎ᠤᠨ ᠲᠣᠭᠲᠠᠴᠠ ᠵᠢ ᠪᠦᠭᠦ ᠲᠠᠯ᠎ᠠ᠎ᠪᠠᠷ ᠠᠬᠢᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠥᠳᠡᠯᠦᠯᠴᠡᠵᠦ ᠬᠤᠲᠠ ᠵᠢᠨ ᠦᠶᠡᠷ᠎ᠢ ᠰᠡᠷᠭᠡᠢ᠌ᠯᠡᠬᠦ ᠪᠠ ᠤᠰᠤᠲᠤᠯ᠎ᠢ ᠵᠠᠰᠠᠬᠤ ᠠᠵᠢᠯ᠎ᠢ ᠨᠢᠭᠡᠳᠦᠯᠲᠡᠢ ᠲᠥᠯᠥᠪᠯᠡᠵᠦ᠂ ᠡᠯ᠎ᠡ ᠵᠦᠢ᠍ᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠠᠷᠢᠶ᠎ᠠ ᠭᠠᠵᠠᠷ᠎ᠤᠨ ᠵᠶ᠋ᠠᠨ ᠬᠠᠷᠢᠭᠤᠴᠠᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠵᠢᠵᠢᠭᠦᠷᠯᠡᠨ ᠰᠠᠬᠢᠬᠤ ᠵᠢ ᠴᠢᠩᠭ᠋ᠠᠳᠬᠠᠵᠤ᠂ ᠤᠬᠠᠭᠤᠯᠵᠤ ᠬᠥᠲᠥᠯᠥᠨ ᠵᠢᠯᠤᠭᠣᠳᠬᠤ ᠡᠷᠴᠢᠮ ᠵᠶ᠋ᠡᠨ ᠴᠢᠩᠭ᠋ᠠᠷᠠᠭᠤᠯᠵᠤ᠂ ᠤᠯᠠᠨ ᠨᠡᠶ᠋ᠢᠲᠡ ᠵᠢᠨ ᠭᠠᠮᠰᠢᠭ᠎ᠢ ᠰᠡᠷᠭᠡᠢ᠌ᠯᠡᠬᠦ ᠤᠬᠠᠮᠰᠠᠷ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠭᠠᠵᠠᠷ ᠭᠡᠷ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ ᠭᠣᠣᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠤ᠂ ᠡᠯ᠎ᠡ ᠠᠢ᠌ᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠬᠣᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃

ᠢᠷᠡᠯᠲᠡ᠄ ᠲᠢᠩᠬᠢᠮ᠎ᠤᠨ ᠬᠣᠲᠠ ᠵᠢᠨ ᠪᠦᠲᠦᠭᠡᠨ ᠪᠠᠢ᠌ᠭᠤᠯᠤᠯᠲᠠ ᠵᠢᠨ ᠭᠠᠵᠠᠷ