ᠬᠥᠬᠡᠬᠤᠲᠠ 2025 ᠣᠨ᠎ᠤ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠲᠤᠰᠢᠶᠠᠨ ᠬᠠᠳᠠᠭ᠋ᠠᠯᠠᠭᠤᠯᠬᠤ ᠰᠠᠭᠤᠷᠢ ᠲᠤᠭ᠎ᠠ᠎ᠳᠤ ᠲᠣᠬᠢᠷᠠᠭᠤᠯᠤᠯᠲᠠ ᠬᠢᠵᠦ᠂ ᠲᠤᠰᠢᠶᠠᠨ ᠬᠠᠳᠠᠭ᠋ᠠᠯᠠᠭᠤᠯᠬᠤ ᠬᠠᠮᠤᠭ᠎ᠤᠨ ᠥᠨᠳᠥᠷ ᠰᠠᠭᠤᠷᠢ ᠲᠤᠭ᠎ᠠ᠎ᠨᠢ 29721 ᠲᠥᠭᠦᠷᠢᠭ ᠪᠣᠯᠣᠨ᠎ᠠ
2025-07-08

7 ᠳ᠋ᠤᠭ᠋ᠠᠷ ᠰᠠᠷ᠎ᠠ ᠵᠢᠨ 1᠎ᠤ ᠡᠳᠦᠷ᠂ ᠰᠤᠷᠪᠤᠯᠵᠢᠯᠠᠭᠴᠢ ᠬᠥᠬᠡᠬᠣᠲᠠ ᠵᠢᠨ ᠣᠷᠣᠨ ᠰᠠᠭᠤᠴᠠ ᠵᠢᠨ ᠨᠡᠢ᠌ᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠲᠥᠪ᠎ᠠᠴᠠ ᠣᠢ᠌ᠯᠭ᠋ᠠᠭᠰᠠᠨ᠎ᠨᠢ᠂ 《ᠣᠷᠣᠨ ᠰᠠᠭᠤᠴᠠ ᠵᠢᠨ ᠨᠡᠢ᠌ᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠬᠠᠮᠢᠶᠠᠷᠤᠯᠲᠠ ᠵᠢᠨ ᠳᠦᠷᠢᠮ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠵᠢᠨ ᠨᠡᠢ᠌ᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢ ᠲᠣᠰᠢᠶᠠᠨ ᠬᠠᠳᠠᠭ᠋ᠠᠯᠠᠭᠣᠯᠬᠤ ᠬᠠᠮᠢᠶᠠᠷᠤᠯᠲᠠ ᠵᠢᠨ ᠠᠷᠭ᠎ᠠ》 ᠵᠡᠷᠭᠡ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠡᠳᠦᠭᠡ ᠬᠥᠬᠡᠬᠣᠲᠠ ᠵᠢᠨ ᠣᠷᠣᠨ ᠰᠠᠭᠤᠴᠠ ᠵᠢᠨ ᠨᠡᠢ᠌ᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠲᠥᠪ᠎ᠤᠨ 2025 ᠣᠨ᠎ᠤ ᠣᠷᠣᠨ ᠰᠠᠭᠤᠴᠠ ᠵᠢᠨ ᠨᠡᠢ᠌ᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠣᠨ᠎ᠤ (2025 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 2026 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ ᠪᠣᠯᠲᠠᠯ᠎ᠠ᠂ ᠳᠣᠷᠣᠭᠰᠢ ᠠᠳᠠᠯᠢ) ᠰᠠᠭᠤᠷᠢ ᠲᠣᠭ᠎ᠠ ᠪᠠ ᠬᠠᠷᠢᠴᠠᠯ᠎ᠢ ᠲᠣᠰᠢᠶᠠᠨ ᠬᠠᠳᠠᠭ᠋ᠠᠯᠠᠭᠣᠯᠣᠨ᠎ᠠ᠃

ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠲᠤᠰᠢᠶᠠᠨ ᠬᠠᠳᠠᠭ᠋ᠠᠯᠠᠭᠤᠯᠬᠤ ᠬᠠᠷᠢᠴᠠᠯ᠄ 2025 ᠣᠨ᠎ᠤ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠣᠨ᠎ᠤ ᠨᠢᠭᠡᠴᠢ ᠪᠠ ᠠᠵᠢᠯᠲᠠᠨ ᠠᠵᠢᠯᠴᠢᠨ᠎ᠤ ᠲᠤᠰᠢᠶᠠᠨ ᠬᠠᠳᠠᠭ᠋ᠠᠯᠠᠭᠤᠯᠬᠤ ᠬᠠᠷᠢᠴᠠᠯ᠎ᠨᠢ ᠲᠣᠰ ᠲᠣᠰ 5% — 12% (ᠪᠦᠬᠦᠯᠢ ᠲᠣᠭ᠎ᠠ ᠵᠢ ᠭᠠᠷᠭ᠋ᠠᠨ ᠠᠪᠬᠤ ᠬᠡᠮᠵᠢᠭᠳᠡᠯ) ᠪᠣᠯᠤᠨ᠎ᠠ᠃ ᠲᠤᠰᠢᠶᠠᠨ ᠬᠠᠳᠠᠭ᠋ᠠᠯᠠᠭᠤᠯᠬᠤ ᠨᠢᠭᠡᠴᠢ᠎ᠨᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠣᠭᠲᠠᠭ᠋ᠠᠭᠰᠠᠨ ᠬᠡᠪᠴᠢᠶᠡᠨ ᠳᠣᠲᠣᠷ᠎ᠠ ᠪᠣᠳᠠᠲᠠᠶ ᠲᠤᠰᠢᠶᠠᠨ ᠬᠠᠳᠠᠭ᠋ᠠᠯᠠᠭᠣᠯᠬᠤ ᠬᠠᠷᠢᠴᠠᠯ ᠵᠶ᠋ᠠᠨ ᠡᠵᠡᠨ ᠮᠡᠳᠡᠨ ᠲᠣᠭᠲᠠᠭ᠋ᠠᠵᠤ ᠪᠣᠯᠤᠨ᠎ᠠ᠃

ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢ ᠲᠣᠰᠢᠶᠠᠨ ᠬᠠᠳᠠᠭ᠋ᠠᠯᠠᠭᠣᠯᠬᠤ ᠰᠠᠭᠤᠷᠢ ᠲᠤᠭ᠎ᠠ᠄ 2025 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠠᠵᠢᠯᠲᠠᠨ ᠠᠵᠢᠯᠴᠢᠨ᠎ᠤ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢ ᠲᠣᠰᠢᠶᠠᠨ ᠬᠠᠳᠠᠭ᠋ᠠᠯᠠᠭᠣᠯᠬᠤ ᠰᠠᠭᠤᠷᠢ ᠲᠤᠭ᠎ᠠ ᠵᠢ 2023 ᠣᠨ᠎ᠤ ᠰᠠᠷ᠎ᠠ ᠵᠢᠨ ᠳᠤᠮᠳᠠᠴᠢ ᠴᠠᠯᠢᠩ᠎ᠠᠴᠠ 2024 ᠣᠨ᠎ᠤ ᠰᠠᠷ᠎ᠠ ᠵᠢᠨ ᠳᠤᠮᠳᠠᠴᠢ ᠴᠠᠯᠢᠩ ᠪᠣᠯᠭ᠋ᠠᠨ ᠳᠣᠭᠢᠷᠠᠭᠤᠯᠤᠨ᠎ᠠ᠃ ᠬᠦᠬᠡᠬᠣᠲᠠ ᠵᠢᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ 《2024 ᠣᠨ᠎ᠤ ᠬᠥᠬᠡᠬᠤᠲᠠ ᠵᠢᠨ ᠬᠤᠲᠠ ᠪᠠᠯᠭ᠋ᠠᠰᠤᠨ᠎ᠤ ᠨᠢᠭᠡᠴᠢ ᠵᠢᠨ ᠠᠵᠢᠯ ᠣᠯᠤᠭᠰᠠᠳ᠎ᠤᠨ ᠳᠤᠮᠳᠠᠴᠢ ᠴᠠᠯᠢᠩ᠎ᠤᠨ ᠬᠠᠮᠢᠶ᠎ᠠ ᠪᠥᠬᠦᠶ ᠪᠠᠶ᠋ᠢᠳᠠᠯ》 (2025 — 119)᠎ᠤᠨ 《2024 ᠣᠨ᠎ᠤ ᠬᠥᠬᠡᠬᠤᠲᠠ ᠵᠢᠨ ᠬᠤᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠢ ᠵᠢᠨ ᠠᠵᠢᠯ ᠣᠯᠤᠭᠰᠠᠳ᠎ᠤᠨ ᠵᠢᠯ᠎ᠤᠨ ᠳᠤᠮᠳᠠᠴᠢ ᠴᠠᠯᠢᠩ 118879 ᠲᠥᠭᠦᠷᠢᠭ》 ᠵᠶ᠋ᠠᠷ ᠪᠤᠳᠤᠪᠠᠯ᠂ 2025 ᠣᠨ᠎ᠤ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠣᠨ᠎ᠤ ᠲᠤᠰᠢᠶᠠᠨ ᠬᠠᠳᠠᠭ᠋ᠠᠯᠠᠭᠤᠯᠬᠤ ᠰᠠᠭᠤᠷᠢ ᠲᠤᠭ᠎ᠠ ᠵᠢᠨ ᠳᠡᠭᠡᠳᠦ ᠬᠢᠵᠠᠭ᠋ᠠᠷ᠎ᠢ 29721 ᠲᠥᠭᠦᠷᠢᠭ᠎ᠠᠴᠠ ᠥᠨᠳᠥᠷ ᠪᠠᠶ᠋ᠢᠯᠭ᠋ᠠᠵᠤ ᠪᠣᠯᠬᠤ ᠥᠬᠡᠶ᠃

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ 《ᠥᠪᠡᠷᠲᠡᠭᠡᠨ ᠵᠠᠰᠠᠬᠤ ᠣᠷᠣᠨ᠎ᠤ ᠨᠠᠭ᠋ᠠᠲᠤ ᠵᠠᠬ᠎ᠠ ᠵᠢᠨ ᠴᠠᠯᠢᠩ᠎ᠤᠨ ᠪᠠᠷᠢᠮᠵᠢᠶ᠎ᠠ ᠵᠢᠴᠢ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯ᠎ᠤᠨ ᠴᠠᠭ᠎ᠤᠨ ᠨᠠᠭ᠋ᠠᠲᠤ ᠵᠠᠬ᠎ᠠ ᠵᠢᠨ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2024] 46 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠪᠡᠯ᠂ ᠬᠥᠬᠡᠬᠤᠲᠠ ᠵᠢᠨ ᠳᠥᠷᠪᠡᠨ ᠲᠣᠭᠤᠷᠢᠭ᠂ ᠬᠤᠷᠢᠨᠭᠡᠷ ᠰᠢᠶᠠᠨ 2270 ᠲᠥᠭᠦᠷᠢᠭ᠂ ᠬᠥᠬᠡᠬᠤᠲᠠ ᠵᠢᠨ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠴᠢᠩ ᠱᠦᠢ ᠾᠧ ᠰᠢᠶᠠᠨ᠂ ᠦᠴᠤᠸᠠᠨ ᠰᠢᠶᠠᠨ 2200 ᠲᠥᠭᠦᠷᠢᠭ ᠪᠣᠯᠣᠨ᠎ᠠ᠃

ᠠᠮᠢᠳᠤᠯᠢᠭ ᠵᠶ᠋ᠠᠷ ᠠᠵᠢᠯ ᠣᠯᠭᠣᠯᠲᠠ ᠵᠢᠨ ᠲᠣᠰᠢᠶᠠᠨ ᠬᠠᠳᠠᠭ᠋ᠠᠯᠠᠭᠣᠯᠬᠤ ᠬᠦᠮᠦᠰ᠎ᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠲᠤᠰᠢᠶᠠᠨ ᠬᠠᠳᠠᠭ᠋ᠠᠯᠠᠭᠤᠯᠬᠤ ᠰᠠᠭᠤᠷᠢ ᠲᠤᠭ᠎ᠠ ᠵᠢᠨ ᠳᠡᠭᠡᠷ᠎ᠡ ᠳᠣᠤᠷ᠎ᠠ ᠲᠠᠯ᠎ᠠ ᠵᠢᠨ ᠬᠢᠵᠠᠭ᠋ᠠᠷ᠎ᠢ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃

ᠢᠷᠡᠯᠲᠡ᠄ ᠬᠦᠬᠡᠬᠣᠲᠠ ᠵᠢᠨ ᠬᠠᠮ ᠵᠠᠭᠣᠴᠢᠯᠠᠭᠣᠷ ᠬᠦᠬᠡᠬᠤᠳᠠ ᠵᠢᠨ ᠡᠳᠦᠷ᠎ᠤᠨ ᠰᠣᠨᠢᠨ