ᠬᠥᠬᠡᠬᠣᠲᠠ ᠵᠢᠨ ᠤᠰᠤ ᠬᠤᠷᠠᠬᠤ ᠴᠡᠭ᠎ᠤᠨ ᠬᠢᠨᠠᠨ ᠡᠵᠡᠮᠳᠡᠬᠦ (ᠲᠣᠬᠢᠷᠠᠭᠤᠯᠬᠤ) ᠲᠠᠪᠴᠠᠩ ᠠᠰᠢᠭᠯᠠᠯᠳᠠ᠎ᠳᠤ ᠤᠷᠤᠵᠠᠢ
2025-07-10

ᠲᠥᠪ᠎ᠤᠨ ᠷᠠᠳᠢᠣ᠋ ᠨᠡᠪᠲᠡᠷᠡᠭᠦᠯᠭᠡ ᠵᠢᠨ ᠰᠦᠯᠵᠢᠶ᠎ᠡ ᠵᠢᠨ ᠬᠥᠬᠡᠬᠣᠲᠠ ᠵᠢᠨ 7 ᠳ᠋ᠤᠭ᠋ᠠᠷ ᠰᠠᠷ᠎ᠠ ᠵᠢᠨ 7᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠱᠣᠸ᠋ ᠢᠦᠢ ᠴᠢᠨ) 《ᠡᠮᠦᠨ᠎ᠡ ᠬᠣᠶᠠᠳᠤᠭ᠋ᠠᠷ ᠲᠣᠭᠣᠷᠢᠯ ᠵᠠᠮ᠎ᠤᠨ ᠶᠠᠪᠠᠭ᠋ᠠᠨ ᠬᠥᠮᠥᠨ᠎ᠤ ᠵᠠᠮ᠎ᠤᠨ ᠮᠢᠨ ᠰᠢᠩ ᠪᠠᠷᠢᠯᠭ᠎ᠠ ᠵᠢᠨ ᠮᠠᠲ᠋ᠧᠷᠢᠶᠠᠯ᠎ᠤᠨ ᠬᠣᠲᠠ ᠵᠢᠨ ᠬᠡᠰᠢᠭ᠎ᠲᠤ ᠬᠦᠨᠳᠦ ᠨᠣᠴᠢᠲᠠᠢ ᠤᠰᠤ ᠬᠤᠷᠠᠵᠤ ᠪᠠᠢ᠌ᠨ᠎ᠠ》 《ᠪᠥᠸᠧ ᠪᠧᠢ ᠲᠢᠩᠬᠢᠮ᠎ᠤᠨ ᠪᠠᠷᠠᠭᠤᠨ ᠲᠠᠯ᠎ᠠ᠎ᠳᠤ ᠪᠠᠭ᠎ᠠ ᠬᠡᠮᠵᠢᠶᠡᠨ᠎ᠤ ᠤᠰᠤ ᠬᠤᠷᠠᠵᠤ ᠪᠠᠢ᠌ᠨ᠎ᠠ》 《ᠭᠦᠩᠵᠦ ᠵᠢᠨ ᠣᠷᠳᠣᠨ᠎ᠤ ᠲᠡᠮᠦᠷ ᠵᠠᠮ᠎ᠤᠨ ᠵᠥᠷᠢᠯᠢᠭ ᠬᠥᠭᠥᠷᠭᠡ ᠬᠣᠢ᠌ᠨ᠎ᠠ᠎ᠠᠴᠠ ᠡᠮᠦᠨᠡᠰᠢ ᠬᠡᠪ᠎ᠤᠨ ᠪᠠᠢ᠌ᠳᠠᠯ᠎ᠲᠠᠢ ᠪᠠᠢ᠌ᠨ᠎ᠠ》 ᠁ 7 ᠳ᠋ᠤᠭ᠋ᠠᠷ ᠰᠠᠷ᠎ᠠ ᠵᠢᠨ 7᠎ᠤ ᠡᠳᠦᠷ᠎ᠤᠨ ᠥᠷᠯᠥᠭᠡ᠎ᠠᠴᠠ ᠡᠬᠢᠯᠡᠨ᠂ ᠬᠥᠬᠡᠬᠣᠲᠠ᠎ᠳᠤ ᠳᠠᠬᠢᠨᠲᠠ ᠪᠣᠷᠣᠭ᠋ᠠᠨ ᠣᠷᠣᠪᠠ᠃ ᠦᠳᠡ ᠵᠢᠨ ᠡᠮᠦᠨᠡᠬᠢ 11 ᠴᠠᠭ 30 ᠮᠢᠨᠦ᠋ᠲ᠎ᠲᠤ᠂ ᠬᠥᠬᠡᠬᠣᠲᠠ ᠵᠢᠨ ᠤᠰᠤ ᠬᠤᠷᠠᠬᠤ ᠴᠡᠭ᠎ᠤᠨ ᠬᠢᠨᠠᠨ ᠡᠵᠡᠮᠳᠡᠬᠦ (ᠲᠣᠬᠢᠷᠠᠭᠤᠯᠬᠤ) ᠲᠠᠪᠴᠠᠩ᠎ᠤᠨ ᠲᠣᠮᠣ ᠳᠡᠯᠭᠡᠴᠡ ᠳᠡᠭᠡᠷ᠎ᠡ᠂ ᠤᠰᠤᠳᠠᠯ᠎ᠤᠨ ᠪᠠᠢ᠌ᠳᠠᠯ᠎ᠤᠨ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠴᠠᠭ ᠲᠤᠬᠠᠢ᠎ᠳᠤᠨᠢ ᠨᠡᠢ᠌ᠳᠡᠯᠡᠵᠦ᠂ ᠬᠣᠲᠠ ᠵᠢᠨ ᠡᠯ᠎ᠡ ᠣᠷᠣᠨ ᠪᠦᠰᠡ ᠵᠢᠨ ᠤᠰᠤ ᠬᠤᠷᠠᠵᠤ ᠪᠠᠢ᠌ᠭ᠎ᠠ ᠪᠠᠢ᠌ᠳᠠᠯ᠎ᠢ ᠣᠨᠣᠪᠴᠢᠲᠠᠶ ᠲᠤᠰᠬᠠᠵᠤ ᠪᠠᠢ᠌ᠨ᠎ᠠ᠃

 

 

 

ᠣᠳᠣᠬᠠᠨ᠎ᠳᠤ᠂ ᠤᠮᠠᠷᠠᠲᠤ ᠣᠷᠣᠨ᠎ᠤ ᠣᠯᠠᠨ ᠭᠠᠵᠠᠷ᠎ᠤᠨ᠎ᠬᠢᠨ ᠵᠠᠯᠭ᠋ᠠᠭ᠎ᠠ᠎ᠪᠠᠷ ᠪᠣᠷᠣᠭ᠋ᠠᠨ᠎ᠤ ᠬᠤᠭᠤᠴᠠᠭ᠋ᠠᠨ᠎ᠳᠤ ᠤᠷᠤᠭᠰᠠᠨ ᠪᠠᠢ᠌ᠨ᠎ᠠ᠃ 7 ᠳ᠋ᠤᠭ᠋ᠠᠷ ᠰᠠᠷ᠎ᠠ ᠵᠢᠨ 4᠎ᠤ ᠡᠳᠦᠷ᠎ᠠᠴᠠ ᠡᠬᠢᠯᠡᠨ᠂ ᠥᠪᠥᠷ ᠮᠣᠩᠭᠣᠯ᠎ᠤᠨ ᠲᠥᠪ ᠬᠥᠬᠡᠬᠣᠲᠠ᠎ᠳᠤ ᠣᠬᠣᠷᠬᠠᠨ ᠴᠠᠭ᠎ᠤᠨ ᠰᠢᠷᠦᠭᠦᠨ ᠪᠣᠷᠣᠭ᠋ᠠᠨ ᠣᠷᠣᠵᠤ᠂ ᠬᠥᠬᠡᠬᠣᠲᠠ ᠵᠢᠨ ᠤᠰᠤ ᠬᠠᠩᠭ᠋ᠠᠬᠤ ᠤᠰᠤ ᠭᠠᠳᠠᠭᠰᠢᠯᠠᠭᠤᠯᠬᠤ ᠦᠢ᠍ᠯᠡᠴᠢᠯᠡᠭᠡᠨ᠎ᠤ ᠲᠥᠪ ᠳᠠᠷᠤᠢ ᠲᠦᠷᠭᠡᠨ ᠬᠦᠳᠡᠯᠦᠯᠴᠡᠵᠦ᠂ ᠦᠶᠡᠷ᠎ᠢ ᠰᠡᠷᠭᠡᠢ᠌ᠯᠡᠬᠦ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠬᠡᠯ ᠲᠥᠰᠥᠯ᠎ᠢ ᠬᠠᠮᠤᠭ᠎ᠤᠨ ᠲᠡᠷᠢᠭᠦᠨ᠎ᠳᠤ ᠡᠬᠢᠯᠡᠭᠦᠯᠪᠡ᠃

 

 

ᠬᠥᠬᠡᠬᠣᠲᠠ ᠵᠢᠨ ᠤᠰᠤ ᠬᠠᠩᠭ᠋ᠠᠬᠤ ᠤᠰᠤ ᠭᠠᠳᠠᠭᠰᠢᠯᠠᠭᠤᠯᠬᠤ ᠦᠢ᠍ᠯᠡᠴᠢᠯᠡᠭᠡᠨ᠎ᠤ ᠲᠥᠪ᠎ᠨᠢ ᠤᠰᠤ ᠬᠤᠷᠠᠬᠤ ᠴᠡᠭ᠎ᠤᠨ ᠬᠢᠨᠠᠨ ᠡᠵᠡᠮᠳᠡᠬᠦ (ᠲᠣᠬᠢᠷᠠᠭᠤᠯᠬᠤ) ᠲᠠᠪᠴᠠᠩ᠎ᠳᠤ ᠲᠦᠰᠢᠭᠯᠡᠨ᠂ ᠭᠣᠣᠯᠳᠠᠯᠭ᠎ᠠ᠎ᠲᠠᠢ ᠣᠷᠣᠨ ᠪᠦᠰᠡ ᠵᠢᠨ ᠬᠣᠭᠣᠯᠠᠢ ᠲᠣᠣᠷ᠎ᠤᠨ ᠤᠰᠤᠨ ᠲᠦᠪᠰᠢᠨ᠂ ᠤᠷᠤᠰᠬᠠᠯ᠎ᠤᠨ ᠬᠡᠮᠵᠢᠶ᠎ᠡ ᠵᠢ 24 ᠴᠠᠭ᠎ᠤᠨ ᠳᠣᠲᠣᠷ᠎ᠠ ᠲᠠᠰᠤᠷᠠᠯᠲᠠ ᠦᠭᠡᠢ ᠬᠢᠨᠠᠨ ᠬᠡᠮᠵᠢᠬᠦ ᠵᠢ ᠬᠡᠷᠡᠭᠵᠢᠭᠦᠯᠪᠡ᠃

 

 

《ᠬᠢᠨᠠᠨ ᠬᠡᠮᠵᠢᠭᠰᠡᠨ ᠲᠣᠭ᠎ᠠ ᠪᠠᠷᠢᠮᠲᠠ᠎ᠨᠢ ᠤᠷᠢᠳᠴᠢᠯᠠᠨ ᠰᠡᠷᠡᠮᠵᠢᠯᠡᠭᠦᠯᠬᠦ ᠬᠡᠪᠴᠢᠶ᠎ᠡ ᠵᠢ ᠬᠡᠳᠦᠷᠡᠪᠡᠯ᠂ ᠲᠠᠪᠴᠠᠩ᠎ᠨᠢ ᠳᠠᠷᠤᠢ ᠲᠦᠷᠭᠡᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠪᠣᠶ ᠪᠣᠯᠭ᠋ᠠᠬᠤ ᠵᠢᠨ ᠬᠠᠮᠲᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠳᠤ ᠮᠡᠳᠡᠭᠳᠡᠵᠦ᠂ ᠦᠶᠡᠷ᠎ᠢ ᠰᠡᠷᠭᠡᠢ᠌ᠯᠡᠵᠦ ᠠᠶᠤᠯ᠎ᠠᠴᠠ ᠠᠪᠤᠷᠠᠬᠤ᠎ᠳᠤ ᠡᠷᠬᠢᠮ ᠨᠠᠨᠳᠢᠨ ᠴᠠᠭ ᠣᠯᠭᠣᠬᠤ ᠪᠣᠯᠣᠨ᠎ᠠ》 ᠭᠡᠵᠦ ᠬᠥᠬᠡᠬᠣᠲᠠ ᠵᠢᠨ ᠤᠰᠤ ᠬᠠᠩᠭ᠋ᠠᠬᠤ ᠤᠰᠤ ᠭᠠᠳᠠᠭᠰᠢᠯᠠᠭᠤᠯᠬᠤ ᠦᠢ᠍ᠯᠡᠴᠢᠯᠡᠭᠡᠨ᠎ᠤ ᠲᠥᠪ᠎ᠤᠨ ᠨᠢᠭᠡᠨ ᠬᠠᠷᠢᠭᠤᠴᠠᠯᠭ᠋ᠠᠲᠠᠨ᠎ᠤ ᠲᠠᠨᠢᠯᠴᠠᠭᠤᠯᠵᠠᠢ᠂ ᠨᠢᠭᠡᠳᠦᠭᠡᠷ ᠹᠷᠣᠨᠲ᠎ᠢ ᠰᠠᠬᠢᠨ ᠬᠠᠮᠠᠭ᠋ᠠᠯᠠᠬᠤ ᠵᠢᠨ ᠲᠥᠯᠥᠭᠡ᠂ 4᠎ᠤ ᠡᠳᠦᠷ᠂ ᠬᠥᠬᠡᠬᠣᠲᠠ ᠵᠢᠨ ᠤᠰᠤ ᠬᠠᠩᠭ᠋ᠠᠬᠤ ᠤᠰᠤ ᠭᠠᠳᠠᠭᠰᠢᠯᠠᠭᠤᠯᠬᠤ ᠦᠢ᠍ᠯᠡᠴᠢᠯᠡᠭᠡᠨ᠎ᠤ ᠲᠥᠪ᠎ᠠᠴᠠ ᠤᠷᠢᠳ ᠬᠣᠵᠢᠳ 450 ᠨᠡᠷᠡᠰ ᠦᠶᠡᠷ᠎ᠢ ᠰᠡᠷᠭᠡᠢ᠌ᠯᠡᠬᠦ ᠠᠵᠢᠯᠲᠠᠨ᠂ 118 ᠲᠤᠰᠬᠠᠢ ᠲᠡᠷᠭᠡ ᠲᠣᠬᠢᠷᠠᠭᠤᠯᠵᠤ᠂ 17 ᠰᠠᠭᠤᠷᠢ ᠵᠠᠰᠠᠮᠠᠯ ᠲᠡᠮᠦᠷ ᠵᠠᠮ᠎ᠤᠨ ᠵᠥᠷᠢᠯᠢᠭ ᠬᠥᠭᠥᠷᠭᠡ᠂ 6 ᠭᠠᠵᠠᠷ ᠲᠤᠤᠷᠠᠬᠢ ᠨᠡᠪᠲᠡᠷᠡᠬᠦ ᠵᠠᠮ᠂ ᠠᠮᠠᠷᠬᠠᠨ ᠤᠰᠤᠲᠤᠬᠤ ᠤᠰᠤ ᠬᠤᠷᠠᠬᠤ ᠭᠠᠵᠠᠷ ᠵᠢᠴᠢ 46 ᠰᠠᠭᠤᠷᠢ ᠪᠣᠷᠣᠭ᠋ᠠᠨ ᠪᠣᠬᠢᠷ ᠤᠰᠤᠨ᠎ᠤ ᠬᠥᠭᠡᠷᠭᠡ ᠵᠢᠨ ᠥᠷᠲᠡᠭᠡ᠎ᠳᠤ 《ᠴᠡᠭ ᠲᠣᠭᠲᠠᠭ᠋ᠠᠨ ᠰᠠᠬᠢᠨ ᠬᠠᠮᠠᠭ᠋ᠠᠯᠠᠬᠤ》 ᠠᠵᠢᠯᠯᠠᠭ᠎ᠠ ᠥᠷᠨᠢᠭᠦᠯᠵᠦ᠂ ᠲᠦᠭᠰᠢᠭᠦᠷᠢᠲᠦ ᠪᠠᠢ᠌ᠳᠠᠯ᠎ᠢ ᠡᠷᠲᠡ ᠢᠯᠡᠷᠡᠭᠦᠯᠵᠦ᠂ ᠡᠷᠲᠡ ᠰᠢᠢ᠍ᠳᠪᠦᠷᠢᠯᠡᠵᠡᠢ᠂ ᠨᠡᠯᠢᠶᠡᠳ ᠭᠦᠨ ᠤᠰᠤ ᠬᠤᠷᠠᠭᠰᠠᠨ ᠵᠠᠮ᠎ᠤᠨ ᠬᠡᠰᠡᠭ᠎ᠲᠤ ᠴᠠᠭ ᠲᠤᠬᠠᠢ᠎ᠳᠤᠨᠢ ᠤᠰᠤ ᠭᠠᠳᠠᠭᠰᠢᠯᠠᠭᠤᠯᠬᠤ ᠠᠵᠢᠯ ᠥᠷᠨᠢᠭᠦᠯᠵᠦ᠂ ᠵᠠᠮ ᠨᠡᠪᠲᠡᠷᠡᠯᠭᠡ ᠵᠢᠨ ᠠᠮᠤᠷ ᠲᠦᠪᠰᠢᠨ᠎ᠢ ᠪᠥᠬᠥ ᠬᠦᠴᠦᠨ ᠵᠶ᠋ᠡᠷ ᠵᠶ᠋ᠡᠨ ᠪᠠᠲᠤᠯᠠᠪᠠ᠃

ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ ᠬᠥᠬᠡᠬᠣᠲᠠ ᠵᠢᠨ ᠤᠰᠤ ᠬᠠᠩᠭ᠋ᠠᠬᠤ ᠤᠰᠤ ᠭᠠᠳᠠᠭᠰᠢᠯᠠᠭᠤᠯᠬᠤ ᠦᠢ᠍ᠯᠡᠴᠢᠯᠡᠭᠡᠨ᠎ᠤ ᠲᠥᠪ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠬᠥᠳᠡᠯᠦᠯᠴᠡᠬᠦ ᠲᠣᠭᠲᠠᠴᠠ ᠵᠢ ᠢᠳᠡᠪᠬᠢᠲᠡᠢ ᠪᠠᠢ᠌ᠭᠤᠯᠵᠤ᠂ ᠴᠠᠭ ᠠᠭᠤᠷ᠂ ᠵᠠᠮ ᠬᠠᠷᠢᠯᠴᠠᠭ᠋ᠠᠨ᠎ᠤ ᠴᠠᠭᠳᠠᠭ᠎ᠠ ᠵᠡᠷᠭᠡ ᠰᠠᠯᠠᠭ᠎ᠠ ᠮᠥᠴᠢᠷ᠎ᠲᠠᠢ ᠨᠢᠭᠲᠠ ᠬᠠᠮᠵᠢᠯᠴᠠᠪᠠ᠃ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ᠎ᠪᠠᠷ ᠳᠠᠮᠵᠢᠭᠤᠯᠤᠨ᠂ ᠬᠠᠮᠤᠭ᠎ᠤᠨ ᠰᠢᠨ᠎ᠡ ᠴᠠᠭ ᠠᠭᠤᠷ᠎ᠤᠨ ᠪᠠᠢ᠌ᠳᠠᠯ ᠪᠣᠯᠣᠨ ᠵᠠᠮ ᠬᠠᠷᠢᠯᠴᠠᠭ᠋ᠠᠨ᠎ᠤ ᠲᠤᠨᠤᠮᠠᠯ ᠤᠰᠤ᠂ ᠵᠠᠮ ᠬᠠᠷᠢᠯᠴᠠᠭ᠋ᠠᠨ᠎ᠤ ᠲᠦᠭᠵᠢᠷᠡᠯ ᠵᠡᠷᠭᠡ ᠵᠠᠮ᠎ᠤᠨ ᠪᠠᠢ᠌ᠳᠠᠯ᠎ᠤᠨ ᠮᠡᠳᠡᠭᠡ ᠵᠠᠩᠭᠢ ᠵᠢ ᠴᠠᠭ ᠲᠤᠬᠠᠢ᠎ᠳᠤᠨᠢ ᠡᠵᠡᠮᠰᠢᠵᠦ᠂ ᠤᠰᠤ ᠬᠠᠩᠭ᠋ᠠᠬᠤ ᠤᠰᠤ ᠭᠠᠳᠠᠭᠰᠢᠯᠠᠭᠤᠯᠬᠤ ᠠᠵᠢᠯᠯᠠᠭ᠋ᠠᠨ᠎ᠤ ᠪᠠᠢ᠌ᠳᠠᠯ ᠵᠢᠴᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠰᠠᠨᠠᠭᠤᠯᠤᠮᠵᠢ ᠵᠢ ᠴᠠᠭ ᠲᠤᠬᠠᠢ᠎ᠳᠤᠨᠢ ᠨᠡᠢ᠌ᠭᠡᠮ᠎ᠳᠤ ᠨᠡᠢ᠌ᠲᠡᠯᠡᠵᠦ᠂ ᠣᠷᠣᠨ᠎ᠤ ᠲᠥᠪ᠎ᠤᠨ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠡᠷ ᠥᠩᠭᠡᠷᠡᠭᠦᠯᠬᠦ ᠵᠢ ᠪᠥᠬᠥ ᠬᠦᠴᠦᠨ ᠵᠶ᠋ᠡᠷ ᠵᠶ᠋ᠡᠨ ᠰᠠᠬᠢᠨ ᠬᠠᠮᠠᠭ᠋ᠠᠯᠠᠪᠠ᠃

ᠢᠷᠡᠯᠲᠡ᠄ ᠲᠥᠪ ᠷᠠᠳᠢᠣ᠋ ᠵᠢᠨ ᠰᠦᠯᠵᠢᠶ᠎ᠡ