ᠣᠢᠷ᠎ᠠ᠎ᠶ᠋ᠢᠨ ᠡᠳᠦᠷ᠎ᠤᠳ᠎ᠲᠤ᠌᠂ ᠬᠠᠢᠨᠠᠨ ᠲᠣᠭᠤᠷᠢᠭ᠎ᠤᠨ 2025 ᠣᠨ᠎ᠤ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠥᠭᠡᠷᠡᠴᠢᠯᠡᠨ ᠪᠠᠢᠭᠤᠯᠬᠤ ᠢᠨᠵᠧᠨᠧᠷᠢᠩ ᠣᠲᠣ ᠶᠠᠭ ᠬᠦᠷ ᠬᠥᠭ᠌ᠵᠢᠶᠡᠨ᠎ᠲᠠᠢ ᠶᠠᠪᠤᠭ᠍ᠳᠠᠵᠤ ᠪᠤᠢ᠃ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠤᠨ 《 ᠳᠣᠲᠤᠷ 》 ᠲᠠᠰᠤᠷᠠᠯᠲᠠ ᠦᠭᠡᠢ ᠲᠡᠭᠦᠯᠳᠡᠷᠵᠢᠬᠦ᠌᠎ᠶ᠋ᠢ ᠳᠠᠭᠠᠯᠳᠣᠨ᠂ 《 ᠭᠠᠳᠠᠷᠭᠤ 》 ᠨᠢ ᠴᠣ᠌ ᠴᠣ ᠱᠢᠨ᠎ᠡ ᠪᠣᠯᠵᠣ᠂ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠤᠨ ᠰᠠᠭᠤᠭᠠᠯᠢ ᠠᠷᠠᠳ᠎ᠤᠨ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ ᠠᠯᠬᠤᠮ ᠠᠯᠬᠤᠮ᠎ᠢᠶᠠᠷ ᠪᠣᠲᠠᠲᠤ ᠠᠬᠤᠢ ᠪᠤᠯᠤᠨ ᠬᠤᠪᠢᠷᠠᠵᠤ ᠪᠠᠢᠨ᠎ᠠ᠃
7 ᠳ᠋ᠤᠭᠠᠷ ᠰᠠᠷ᠎ᠠ᠎ᠶ᠋ᠢᠨ 14 ᠤ ᠡᠳᠦᠷ᠂ ᠰᠤᠷᠪᠤᠯᠵᠢᠯᠠᠭ᠍ᠴᠢ ᠬᠠᠢᠨᠠᠨ ᠲᠣᠭᠤᠷᠢᠭ᠎ᠤᠨ ᠯᠠ ᠽᠧᠩ ᠵᠦᠩ ᠵᠡᠭᠡᠯᠢ ᠭᠤᠳᠤᠮᠵᠢ᠎ᠶ᠋ᠢᠨ ᠷᠦ᠋ ᠢ ᠰᠠᠭᠤᠭᠠᠯᠢ ᠠᠷᠠᠳ᠎ᠤᠨ ᠲᠣᠭᠤᠷᠢᠭ᠎ᠲᠤ ᠪᠠᠷᠢᠯᠭ᠎ᠠ᠎ᠶ᠋ᠢᠨ ᠠᠵᠢᠯᠲᠠᠳ ᠲᠤᠰ ᠲᠤᠰ᠎ᠤᠨ ᠡᠭᠦᠷᠭᠡ ᠲᠤᠱᠢᠶᠠᠯ᠎ᠢᠶᠠᠨ ᠭᠦᠢᠴᠡᠳᠭᠡᠨ ᠶᠠᠭ ᠰᠠᠢᠬᠠᠨ ᠱᠠᠯᠠᠪᠳᠠᠨ ᠪᠠᠷᠢᠯᠭ᠎ᠠ ᠪᠠᠷᠢᠵᠤ᠂ ᠬᠤᠭᠤᠯᠠᠢ ᠮᠠᠯᠲᠠᠵᠤ᠂ ᠬᠤᠭᠤᠯᠠᠢ ᠶ᠋ᠢᠨ ᠤᠲᠠᠰᠤ᠎ᠶ᠋ᠢ ᠪᠠᠢᠷᠢᠯᠠᠭᠤᠯᠵᠤ᠂ ᠦᠰᠦᠷᠦᠯᠲᠡ ᠳᠠᠮᠵᠢᠭᠣᠯᠬᠤ ᠤᠲᠠᠰᠤ᠎ᠶ᠋ᠢ ᠬᠤᠷᠢᠶᠠᠵᠤ ᠪᠠᠢᠬᠤ᠎ᠶ᠋ᠢ ᠣᠯᠵᠤ ᠬᠠᠷᠠᠪᠠ ᠁ ᠠᠯᠢ ᠣᠯᠠᠨ ᠥᠭᠡᠷᠡᠴᠢᠯᠡᠨ ᠪᠠᠢᠭᠤᠯᠬᠤ ᠲᠥᠷᠥᠯ ᠵᠦᠢᠯ᠎ᠢ ᠬᠡᠷᠡᠭ᠌ᠵᠢᠭᠦᠯᠬᠦ᠌᠎ᠶ᠋ᠢ ᠳᠠᠭᠠᠯᠳᠤᠨ᠂ ᠰᠠᠭᠤᠭᠠᠯᠢ ᠠᠷᠠᠳ᠎ᠢ ᠲᠦᠪᠡᠭ᠌ᠳᠡᠭᠦᠯᠵᠦ᠍ ᠪᠠᠢᠭ᠍ᠰᠠᠨ ᠣᠷᠣᠨ ᠰᠠᠭᠤᠴᠠ᠎ᠶ᠋ᠢᠨ ᠬᠦᠴᠢᠷ ᠠᠰᠠᠭᠤᠳᠠᠯ᠎ᠢ ᠨᠢᠭᠡᠳ ᠨᠢᠭᠡ᠎ᠪᠠᠷ ᠱᠢᠢᠳᠪᠦᠷᠢᠯᠡᠵᠦ᠍ ᠪᠠᠢᠪᠠ᠃
ᠲᠥᠷᠥᠯ ᠵᠦᠢᠯ᠎ᠤᠨ ᠬᠠᠷᠢᠭᠤᠴᠠᠯᠭᠠᠲᠠᠨ ᠵᠠᠩ ᠱᠣᠤ ᠯᠢᠶᠠᠩ᠎ᠠᠴᠠ᠂ ᠷᠦ᠋ ᠢ ᠰᠠᠭᠤᠭᠠᠯᠢ ᠠᠷᠠᠳ᠎ᠤᠨ ᠲᠣᠭᠤᠷᠢᠭ᠎ᠢ ᠥᠭᠡᠷᠡᠴᠢᠯᠡᠨ ᠪᠠᠢᠭᠤᠯᠬᠤ ᠲᠥᠷᠥᠯ ᠵᠦᠢᠯ᠎ᠨᠢ 17 ᠰᠠᠭᠣᠷᠢ ᠪᠠᠷᠢᠯᠭ᠎ᠠ᠂ 1048 ᠰᠠᠭᠤᠭᠠᠯᠢ ᠡᠷᠦᠬᠡ᠎ᠳᠤ ᠬᠤᠯᠪᠣᠭ᠍ᠳᠠᠵᠤ᠂ ᠥᠭᠡᠷᠡᠴᠢᠯᠡᠨ ᠪᠠᠢᠭᠤᠯᠬᠤ ᠠᠭᠤᠯᠭ᠎ᠠ᠎ᠳᠤ ᠤᠰᠤ ᠬᠠᠩᠭᠠᠬᠤ᠂ ᠲᠣᠯᠠᠭᠠᠯᠠᠭ᠎ᠠ ᠬᠠᠩᠭᠠᠬᠤ᠂ ᠪᠣᠬᠢᠷᠲᠤᠯ ᠭᠠᠳᠠᠭ᠍ᠰᠢᠯᠠᠭᠤᠯᠬᠤ ᠵᠡᠷᠭᠡ ᠭᠠᠵᠠᠷ ᠳᠣᠤᠷᠠᠬᠢ ᠥᠭᠡᠷᠡᠴᠢᠯᠡᠨ ᠪᠠᠢᠭᠤᠯᠬᠤ ᠢᠨᠵᠧᠨᠧᠷᠢᠩ ᠵᠢᠴᠢ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ᠂ ᠵᠠᠮ᠎ᠢ ᠥᠭᠡᠷᠡᠴᠢᠯᠡᠨ ᠵᠠᠰᠠᠬᠤ᠂ ᠵᠦᠯᠭᠡ ᠭᠠᠵᠠᠷ᠎ᠢ ᠨᠥᠬᠦᠵᠦ᠍ ᠳᠠᠷᠢᠬᠤ ᠵᠢᠴᠢ ᠦᠰᠦᠷᠦᠯᠲᠡ ᠳᠠᠮᠵᠢᠭᠣᠯᠬᠤ ᠣᠲᠠᠰᠣᠨᠤ ᠵᠠᠰᠠᠯᠲᠠ ᠵᠡᠷᠭᠡ ᠢᠨᠵᠧᠨᠧᠷᠢᠩ᠎ᠢ ᠬᠠᠮᠣᠷᠴᠠᠢ᠃ 5 ᠳ᠋ᠤᠭᠠᠷ ᠰᠠᠷ᠎ᠠ᠎ᠶ᠋ᠢᠨ 15 ᠤ ᠡᠳᠦᠷ ᠢᠨᠵᠧᠨᠧᠷᠢᠩ᠎ᠢ ᠡᠬᠢᠯᠡᠭᠦᠯᠦᠭ᠌ᠰᠡᠨ᠎ᠠᠴᠠ ᠨᠠᠭᠠᠰᠢ᠂ ᠡᠯ᠎ᠡ ᠵᠦᠢᠯ᠎ᠤᠨ ᠡᠭᠦᠷᠭᠡ ᠴᠥᠮ ᠡᠮᠬᠢ ᠴᠡᠭ᠌ᠴᠡ᠎ᠲᠠᠢ ᠶᠠᠪᠣᠭ᠍ᠳᠠᠵᠦ᠍᠂ ᠵᠢᠱ᠌ᠢᠯᠲᠡ᠎ᠪᠠᠷ 8 ᠳ᠋ᠤᠭᠠᠷ ᠰᠠᠷ᠎ᠠ᠎ᠶ᠋ᠢᠨ ᠰᠡᠭᠦᠯᠴᠢ᠎ᠪᠠᠷ ᠥᠭᠡᠷᠡᠴᠢᠯᠡᠬᠦ᠌ ᠡᠭᠦᠷᠭᠡ᠎ᠪᠠᠨ ᠪᠡᠶᠡᠯᠡᠭᠦᠯᠦᠨ᠎ᠡ ᠭᠡᠵᠦ᠍ ᠲᠠᠨᠢᠯᠴᠠᠭᠤᠯᠤᠭ᠍ᠰᠠᠨ ᠪᠠᠢᠨ᠎ᠠ᠃
ᠡᠨᠡ ᠵᠢᠯ᠂ ᠬᠠᠢᠨᠠᠨ ᠲᠣᠭᠤᠷᠢᠭ᠎ᠤᠨ ᠬᠢᠨ ᠷᠦ᠋ ᠢ ᠰᠠᠭᠤᠭᠠᠯᠢ ᠠᠷᠠᠳ᠎ᠤᠨ ᠲᠣᠭᠤᠷᠢᠭ᠂ ᠪᠢᠨ ᠾᠧ ᠰᠠᠭᠤᠭᠠᠯᠢ ᠠᠷᠠᠳ᠎ᠤᠨ ᠲᠣᠭᠤᠷᠢᠭ᠂ ᠱᠧᠨ ᠬᠤᠸᠠ ᠰᠠᠭᠤᠭᠠᠯᠢ ᠠᠷᠠᠳ᠎ᠤᠨ ᠲᠣᠭᠤᠷᠢᠭ᠂ ᠬᠤᠸᠠ ᠶᠤᠸᠠᠨ ᠰᠠᠭᠤᠭᠠᠯᠢ ᠠᠷᠠᠳ᠎ᠤᠨ ᠲᠣᠭᠤᠷᠢᠭ ᠵᠡᠷᠭᠡ 4 ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠲᠤ ᠥᠭᠡᠷᠡᠴᠢᠯᠡᠯᠲᠡ ᠬᠢᠵᠦ᠍᠂ ᠥᠭᠡᠷᠡᠴᠢᠯᠡᠯᠲᠡ ᠬᠢᠭ᠌ᠰᠡᠨ ᠶᠡᠷᠦᠩᠬᠡᠶ ᠪᠠᠷᠢᠯᠭ᠎ᠠ᠎ᠶ᠋ᠢᠨ ᠲᠠᠯᠠᠪᠠᠶ᠎ᠨᠢ 24.95 ᠲᠦᠮᠡᠨ ᠲᠡᠭ᠌ᠰᠢ ᠳᠥᠷᠪᠡᠯᠵᠢᠨ ᠮᠸᠲᠷ ᠪᠠᠢᠵᠤ᠂ 61 ᠰᠠᠭᠤᠷᠢ ᠣᠷᠣᠨ ᠰᠠᠭᠤᠴᠠ᠎ᠶ᠋ᠢᠨ ᠠᠰᠠᠷ᠂ ᠨᠡᠢᠲᠡ 3443 ᠡᠷᠦᠬᠡ ᠰᠠᠭᠤᠭᠠᠯᠢ ᠡᠷᠦᠬᠡ᠎ᠳᠦ ᠬᠤᠯᠪᠤᠭ᠍ᠳᠠᠵᠠᠢ᠃
ᠬᠠᠢᠨᠠᠨ ᠲᠣᠭᠤᠷᠢᠭ᠎ᠤᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠷᠧᠨ ᠱᠢᠶᠣᠣ ᠰᠤᠷᠪᠤᠯᠵᠢᠯᠠᠭ᠍ᠴᠢ᠎ᠳᠤ ᠬᠡᠯᠡᠬᠦ᠌᠎ᠳᠤ᠎ᠪᠠᠨ᠂ ᠡᠨᠡ ᠵᠢᠯ᠎ᠤᠨ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠥᠭᠡᠷᠡᠴᠢᠯᠡᠯᠲᠡ ᠶ᠋ᠢᠨ ᠠᠭᠤᠯᠭ᠎ᠠ᠎ᠳᠤ ᠰᠠᠭᠤᠭᠠᠯᠢ ᠠᠷᠠᠳ᠎ᠤᠨ ᠲᠣᠭᠤᠷᠢᠭ᠎ᠤᠨ ᠵᠠᠮ᠎ᠢ ᠦᠭᠡᠷᠡᠴᠢᠯᠡᠬᠦ᠌᠂ ᠵᠦᠯᠭᠡ ᠭᠠᠵᠠᠷ᠎ᠢ ᠨᠥᠬᠦᠵᠦ᠍ ᠲᠠᠷᠢᠬᠤ ᠵᠢᠴᠢ ᠣᠷᠴᠢᠨ ᠲᠣᠭᠤᠷᠢᠨ᠎ᠤ ᠡᠷᠡᠭᠦᠯ ᠬᠠᠮᠠᠭᠠᠯᠠᠯ᠎ᠢ ᠴᠡᠭ᠌ᠴᠡᠯᠡᠨ ᠵᠠᠰᠠᠬᠤ ᠵᠡᠷᠭᠡ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ ᠲᠥᠷᠥᠯ᠎ᠢ ᠪᠠᠭ᠍ᠲᠠᠭᠠᠨ᠎ᠠ᠂ ᠰᠠᠭᠤᠭᠠᠯᠢ ᠠᠷᠠᠳ᠎ᠤᠨ ᠲᠣᠭᠤᠷᠢᠭ᠎ᠤᠨ ᠴᠠᠬᠢᠯᠭᠠᠨ ᠬᠠᠩᠭᠠᠬᠤ᠂ ᠤᠰᠤ ᠬᠠᠩᠭᠠᠬᠤ᠂ ᠱᠢᠲᠠᠮᠠᠬᠠᠢ ᠬᠡᠶ ᠬᠠᠩᠭᠠᠬᠤ᠂ ᠲᠣᠯᠠᠭᠠᠯᠠᠭ᠎ᠠ ᠬᠠᠩᠭᠠᠬᠤ᠂ ᠤᠰᠤ ᠵᠠᠯᠠᠬᠤ᠂ ᠬᠠᠲᠠᠭᠤᠷᠠᠭᠤᠯᠬᠤ᠂ ᠭᠡᠷᠡᠯᠲᠦᠭᠦᠯᠬᠦ᠂ ᠠᠮᠤᠷ ᠲᠦᠪᠱᠢᠨ᠎ᠤ ᠰᠡᠷᠭᠡᠢᠯᠡᠯᠲᠡ᠂ ᠦᠰᠦᠷᠦᠯᠲᠡ ᠳᠠᠮᠵᠢᠭᠣᠯᠬᠤ ᠤᠲᠠᠰᠤ᠂ ᠴᠠᠬᠢᠯᠭᠠᠨ ᠴᠡᠨᠡᠭ᠌ᠯᠡᠬᠦ᠌ ᠱᠣᠩ᠂ ᠲᠡᠷᠭᠡᠨ ᠵᠣᠭ᠍ᠰᠣᠭᠠᠯ᠂ ᠠᠳᠠᠯ ᠠᠬᠤᠶ᠎ᠳᠤ ᠬᠡᠷᠡᠭ᠌ᠯᠡᠬᠦ᠌ ᠬᠡᠷ ᠵᠡᠷᠭᠡ ᠢᠵᠢ ᠪᠦᠷᠢᠳᠦᠭ᠌ᠰᠡᠨ ᠲᠦᠬᠦᠭᠡᠷᠦᠮᠵᠢ᠎ᠶ᠋ᠢᠨ ᠪᠦᠷᠢᠨ ᠪᠦᠲᠦᠨ ᠲᠥᠷᠥᠯ᠎ᠢ ᠱᠢᠨᠡᠳᠭᠡᠨ ᠨᠦᠬᠦᠵᠦ᠍ ᠪᠠᠢᠭᠣᠯᠣᠨᠠ᠂ ᠨᠥᠬᠦᠴᠡᠯ᠎ᠲᠠᠢ ᠰᠠᠭᠤᠭᠠᠯᠢ ᠠᠷᠠᠳ᠎ᠤᠨ ᠲᠣᠭᠤᠷᠢᠭ᠎ᠢ ᠴᠣᠭᠲᠤ ᠨᠢ ᠳᠡᠭᠡᠭ᠌ᠰᠢᠯᠡᠭᠦᠯᠦᠨ ᠦᠭᠡᠷᠡᠴᠢᠯᠡᠨ᠎ᠡ᠃ ᠠᠷᠠᠳ ᠣᠯᠠᠨ᠎ᠤ ᠰᠡᠳᠭᠢᠯ᠎ᠳᠤ ᠬᠦᠷᠲᠡᠯ᠎ᠡ ᠬᠠᠯᠠᠨ ᠰᠠᠢᠵᠢᠷᠠᠭᠤᠯᠵᠤ᠂ ᠣᠯᠠᠨ ᠲᠦᠮᠡᠨ᠎ᠢ ᠨᠡᠩ ᠠᠮᠤᠷ ᠲᠦᠪᠱᠢᠨ᠂ ᠨᠡᠩ ᠳᠥᠭᠦᠮ ᠳᠥᠲᠡ᠂ ᠨᠡᠩ ᠲᠠᠭᠠᠯᠠᠮᠵᠢᠲᠠᠶ ᠪᠠᠢᠯᠭᠠᠬᠤ᠎ᠶ᠋ᠢ ᠦᠨᠡᠨ ᠬᠦ᠌ ᠪᠠᠲᠣᠯᠠᠨ᠎ᠠ ᠭᠡᠪᠡ᠃ ( ᠰᠤᠷᠪᠤᠯᠵᠢᠯᠠᠭ᠍ᠴᠢ ᠬᠤᠤ ᠪᠢᠶᠤᠤ )