ᠬᠥᠬᠡᠬᠤᠲᠠ 2025 ᠣᠨ᠎ᠤ ᠳᠤᠮᠳᠠᠳᠤ ᠤᠯᠤᠰ᠎ᠤᠨ ᠵᠠᠭᠤᠨ ᠬᠦᠴᠦᠷᠬᠡᠭ ᠬᠤᠲᠠ᠎ᠶ᠋ᠢᠨ ᠨᠡᠷᠡᠰ᠎ᠤᠨ ᠵᠢᠭ᠍ᠰᠠᠭᠠᠯᠲᠠ᠎ᠳᠤ ᠣᠷᠣᠪᠠ
2025-08-19

ᠣᠢᠷ᠎ᠠ᠎ᠶᠢᠨ ᠡᠳᠦᠷ᠂ ᠬᠤᠸᠠ ᠳ᠋ᠦᠨ ᠠᠵᠤ ᠠᠬᠤᠢ᠎ᠶᠢᠨ ᠰᠤᠳᠤᠯᠭᠠᠨ᠎ᠤ᠋ ᠬᠦᠷᠢᠶᠡᠯᠡᠩ ᠱᠠᠩᠬᠠᠢ᠎ᠳ᠋ᠤ 2025 ᠣᠨ᠎ᠤ᠋ ᠳᠤᠮᠳᠠᠳᠤ ᠤᠯᠤᠰ᠎ᠤ᠋ᠨ ᠵᠠᠭᠤᠨ ᠬᠦᠴᠦᠷᠬᠡᠭ ᠬᠣᠲᠠ᠎ᠶᠢᠨ ᠨᠡᠷᠡᠰ᠎ᠦ᠋ᠨ ᠵᠢᠭ᠍ᠰᠠᠭᠠᠯᠲᠠ᠎ᠶᠢ ᠨᠡᠢᠲᠡᠯᠡᠵᠦ᠍᠂ ᠬᠥᠬᠡᠬᠣᠲᠠ ᠲᠣᠭ᠍ᠲᠠᠭᠤᠨ ᠬᠥᠭ᠌ᠵᠢᠯᠲᠡ᠎ᠶᠢᠨ ᠪᠠᠢᠳᠠᠯ᠎ᠳᠦ ᠎ᠪᠡᠨ ᠲᠦᠱᠢᠭ᠌ᠯᠡᠨ ᠵᠠᠭᠤᠨ ᠬᠦᠴᠦᠷᠬᠡᠭ᠎ᠲᠦ᠍ ᠣᠷᠣᠵᠤ᠂ ᠪᠦᠬᠦ᠌ ᠤᠯᠤᠰ᠎ᠤ᠋ᠨ 58 ᠎ᠳ᠋ᠤᠭᠠᠷ᠎ᠲᠤ᠌ ᠣᠷᠣᠪᠠ᠂ ᠡᠨᠡ ᠬᠦ᠌ ᠬᠢᠷᠢ ᠪᠦᠲᠦᠮᠵᠢ ᠨᠢ ᠲᠥᠪ ᠬᠣᠲᠠ᠎ᠶᠢᠨ ᠶᠡᠷᠦᠩᠬᠡᠢᠯᠡᠭ᠌ᠰᠡᠨ ᠪᠣᠳᠠᠲᠤ ᠬᠦᠴᠦᠨ᠎ᠦ᠌ ᠢᠯᠡᠳᠲᠡ ᠳᠡᠭᠡᠭ᠌ᠱᠢᠯᠡᠬᠦ᠌᠎ᠶᠢ ᠬᠠᠷᠠᠭᠤᠯᠵᠤ ᠪᠠᠢᠨ᠎ᠠ᠃ 

 《ᠳᠤᠮᠳᠠᠳᠤ ᠤᠯᠤᠰ᠎ᠤᠨ ᠵᠠᠭᠤᠨ ᠬᠦᠴᠦᠷᠬᠡᠭ ᠬᠤᠲᠠ᠎ᠶ᠋ᠢᠨ ᠨᠡᠷᠡᠰ᠎ᠤᠨ ᠵᠢᠭ᠍ᠰᠠᠭᠠᠯᠲᠠ》᠎ᠶ᠋ᠢ 2015 ᠣᠨ᠎ᠳᠤ ᠬᠤᠸᠠ ᠳ᠋ᠦᠨ ᠠᠵᠤ ᠠᠬᠤᠶ᠎ᠶ᠋ᠢᠨ ᠰᠤᠳᠤᠯᠭᠠᠨ᠎ᠤ ᠬᠦᠷᠢᠶᠡᠯᠡᠩ᠎ᠠᠴᠠ ᠠᠩᠬ᠎ᠠ ᠤᠳᠠᠭ᠎ᠠ ᠨᠡᠢᠲᠡᠯᠡᠭ᠌ᠰᠡᠨ᠎ᠠᠴᠠ ᠨᠠᠭᠠᠰᠢ᠂ ᠨᠢᠭᠡᠨᠲᠡ ᠵᠠᠯᠭᠠᠭ᠎ᠠ᠎ᠪᠠᠷ 10 ᠵᠢᠯ ᠡᠷᠭᠢᠯᠡᠵᠦ᠍᠂ ᠲᠡᠭᠦᠨ᠎ᠤ ᠱᠢᠨᠵᠢᠯᠡᠬᠦ᠌ ᠤᠬᠠᠭᠠᠨᠴᠢ ᠴᠢᠩᠭ᠎ᠠ ᠨᠢᠮᠪᠠᠶ ᠨᠠᠢᠷᠠᠭᠤᠯᠤᠨ ᠵᠣᠬᠢᠶᠠᠬᠤ ᠠᠷᠭ᠎ᠠ ᠪᠠ ᠪᠥᠬᠦ᠌ ᠲᠠᠯ᠎ᠠ᠎ᠶ᠋ᠢᠨ ᠲᠡᠩᠴᠡᠭᠦᠷᠢᠲᠡᠶ ᠦᠨᠡᠯᠡᠯᠲᠡ᠎ᠶ᠋ᠢᠨ ᠱᠢᠰᠲ᠋ᠧᠮ᠎ᠢᠶᠠᠷ᠎ᠢᠶᠠᠨ ᠬᠤᠲᠠ᠎ᠶ᠋ᠢᠨ ᠶᠡᠷᠦᠩᠬᠡᠢᠯᠡᠭ᠌ᠰᠡᠨ ᠬᠥᠭ᠌ᠵᠢᠯᠲᠡ᠎ᠶ᠋ᠢᠨ ᠬᠢᠷᠢ ᠲᠦᠪᠱᠢᠨ᠎ᠢ ᠬᠡᠮᠵᠢᠬᠦ᠌ ᠡᠷᠬᠡ ᠰᠦᠷᠲᠦ ᠨᠡᠷᠡᠰ᠎ᠤᠨ ᠵᠢᠭ᠍ᠰᠠᠭᠠᠯᠲᠠ ᠪᠣᠯᠤᠭ᠍ᠰᠠᠨ ᠪᠠᠢᠨ᠎ᠠ᠃ ᠡᠨᠡ ᠬᠦ᠌ ᠨᠡᠷᠡᠰ᠎ᠤᠨ ᠵᠢᠭ᠍ᠰᠠᠭᠠᠯᠲᠠ᠎ᠨᠢ ᠬᠤᠲᠠ᠎ᠶ᠋ᠢᠨ ᠠᠵᠤ ᠠᠬᠤᠶ᠎ᠶ᠋ᠢᠨ ᠬᠠᠲᠠᠭᠤ ᠭᠦᠢᠴᠡᠳᠭᠡᠯ ᠲᠤᠭ᠎ᠠ᠎ᠶ᠋ᠢ ᠶᠡᠷᠦᠩᠬᠡᠢᠯᠡᠨ ᠪᠣᠳᠣᠯᠬᠢᠯᠠᠵᠤ᠂ GDP᠂ ᠬᠠᠳᠠᠭᠠᠯᠠᠮᠵᠢ ᠪᠠ ᠡᠳ᠋᠎ᠤᠨ ᠵᠠᠰᠠᠭ ᠵᠢᠴᠢ ᠵᠥᠭᠡᠯᠡᠨ ᠠᠵᠤ ᠠᠬᠤᠶ᠎ᠶ᠋ᠢᠨ ᠬᠦᠴᠦᠨ ᠵᠦᠢᠯ᠎ᠢ ᠪᠠᠭ᠍ᠲᠠᠭᠠᠵᠤ᠂ ᠵᠢᠱ᠌ᠢᠶᠡᠯᠡᠪᠡᠯ ᠣᠷᠴᠢᠨ ᠠᠬᠤᠶ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠂ ᠰᠣᠶᠣᠯ ᠪᠠ ᠡᠷᠡᠭᠦᠯ ᠬᠠᠮᠠᠭᠠᠯᠠᠯ᠎ᠢ ᠪᠠᠭ᠍ᠲᠠᠭᠠᠵᠤ᠂ ᠬᠤᠲᠠ᠎ᠶ᠋ᠢᠨ ᠶᠡᠷᠦᠩᠬᠡᠢᠯᠡᠭ᠌ᠰᠡᠨ ᠪᠣᠳᠠᠲᠤ ᠬᠦᠴᠦᠨ ᠪᠠ ᠬᠥᠭ᠌ᠵᠢᠯᠲᠡ᠎ᠶ᠋ᠢᠨ ᠳᠠᠯᠳᠠ ᠬᠦᠴᠦᠨ᠎ᠢ ᠪᠤᠰᠤᠳᠴᠢ᠎ᠪᠠᠷ ᠲᠤᠰᠭᠠᠨ᠎ᠠ᠃

ᠤᠢ᠍ᠢᠷ᠎ᠠ᠎ᠶ᠋ᠢᠨ ᠵᠢᠯ᠎ᠠᠴᠠ᠂ ᠬᠥᠬᠡᠬᠤᠲᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ  ᠲᠤᠭᠤᠱᠢᠭᠤᠯᠵᠦ᠍᠂ ᠰᠠᠨᠠᠭᠠᠴᠢᠯᠠᠭ᠎ᠠ᠎ᠠᠴᠠ᠎ᠪᠠᠨ ᠣᠷᠣᠨ᠎ᠤ ᠲᠥᠪ ᠬᠤᠲᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠵᠤ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠪᠠ᠃ ᠬᠥᠬᠡᠬᠤᠲᠠ 《ᠵᠢᠷᠭᠤᠭᠠᠨ ᠶᠡᠭᠡ ᠠᠵᠤ ᠦᠢᠯᠡᠰ᠎ᠤᠨ ᠪᠥᠭᠡᠮᠨᠡᠷᠡᠯ》᠎ᠤᠨ ᠬᠥᠭ᠌ᠵᠢᠯᠲᠡ᠎ᠶ᠋ᠢᠨ ᠰᠡᠳᠭᠢᠴᠡ᠎ᠪᠠᠨ ᠲᠣᠳᠣᠷᠬᠠᠢᠯᠠᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠴᠢᠩᠭᠠᠳᠭᠠᠵᠤ᠂ ᠤᠯᠠᠮᠵᠢᠯᠠᠯᠲᠤ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠱᠢᠬᠦ᠌᠎ᠶ᠋ᠢ ᠲᠦᠷᠭᠡᠳᠭᠡᠵᠦ᠍᠂ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ ᠪᠣᠯᠤᠨ ᠢᠷᠡᠭᠡᠳᠦᠢ᠎ᠶ᠋ᠢᠨ ᠠᠵᠤ ᠦᠢᠯᠡᠰ᠎ᠢ ᠢᠳᠡᠪᠬᠢᠲᠡᠢ ᠪᠤᠢᠵᠢᠭᠤᠯᠵᠤ᠂ ᠱᠢᠨ᠎ᠡ ᠶᠠᠰᠤ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠶᠡᠬᠡ ᠪᠡᠷ ᠬᠥᠭ᠌ᠵᠢᠭᠦᠯᠵᠦ᠍᠂ ᠳᠠᠪᠠᠭᠤᠯᠢᠭ ᠤᠨᠴᠠᠯᠢᠭ᠍ᠳᠤ ᠠᠵᠤ ᠦᠢᠯᠡᠰ᠎ᠤᠨ ᠪᠦᠯᠦᠭ᠌ᠵᠢᠯ᠎ᠤᠨ ᠱᠢᠨ᠎ᠡ᠎ᠶ᠋ᠢ ᠡᠭᠦᠳᠬᠦ᠌ ᠬᠤᠯᠪᠣᠯᠳᠤᠨ ᠬᠥᠭ᠌ᠵᠢᠬᠦ᠌᠎ᠶ᠋ᠢ ᠠᠬᠢᠭᠤᠯᠵᠤ᠂ ᠣᠷᠣᠨ᠎ᠤ ᠲᠥᠪ ᠬᠤᠲᠠ᠎ᠶ᠋ᠢᠨ ᠣᠨᠴᠠᠯᠢᠭ᠎ᠲᠠᠢ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠠᠯᠬᠤᠮ ᠠᠯᠬᠤᠮ᠎ᠢᠶᠠᠷ ᠪᠠᠢᠭᠤᠯᠪᠠ᠃

ᠬᠥᠬᠡᠬᠤᠲᠠ᠎ᠶ᠋ᠢᠨ ᠨᠠᠮ᠎ᠤᠨ ᠬᠤᠷᠢᠶ᠎ᠠ᠂ ᠬᠤᠲᠠ᠎ᠶ᠋ᠢᠨ ᠵᠠᠰᠠᠭ᠎ᠤᠨ ᠣᠷᠳᠣᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠡᠭᠦᠨ᠎ᠢ ᠬᠥᠭ᠌ᠵᠢᠯᠲᠡ᠎ᠶ᠋ᠢᠨ ᠪᠥᠬᠦ᠌ ᠲᠠᠯ᠎ᠠ᠎ᠶ᠋ᠢᠨ ᠭᠤᠤᠯ ᠪᠠᠢᠷᠢᠨ᠎ᠳᠤ ᠲᠠᠯᠪᠢᠵᠤ᠂ ᠱᠢᠨ᠎ᠡ᠎ᠶ᠋ᠢ ᠡᠭᠦᠳᠬᠦ᠌ ᠠᠮᠢ ᠠᠬᠤᠶ᠎ᠶ᠋ᠢ ᠱᠢᠯᠢᠳᠡᠭ᠌ᠵᠢᠭᠦᠯᠬᠦ᠌ ᠠᠯᠢ ᠣᠯᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠡᠢᠲᠡᠯᠡᠪᠡ᠂ ᠡᠭᠦᠨ᠎ᠳᠤ  《ᠱᠢᠨᠵᠢᠯᠡᠬᠦ᠌ ᠤᠬᠠᠭᠠᠨ ᠮᠡᠷᠭᠡᠵᠢᠯ᠎ᠢᠶᠠᠷ ᠬᠤᠲᠠ᠎ᠪᠠᠨ ᠬᠦᠴᠦᠷᠬᠡᠭ᠌ᠵᠢᠭᠦᠯᠬᠦ᠌ ᠎ᠶ᠋ᠢᠨ ᠬᠡᠷᠡᠭ᠌ᠵᠢᠭᠦᠯᠬᠦ᠌ ᠰᠠᠨᠠᠯ》᠂   《ᠣᠷᠣᠨ᠎ᠤ ᠲᠥᠪ ᠬᠤᠲᠠ᠎ᠶ᠋ᠢᠨ ᠱᠢᠨ᠎ᠡ᠎ᠶ᠋ᠢ ᠡᠭᠦᠳᠬᠦ᠌ ᠠᠮᠢ ᠠᠬᠤᠶ᠎ᠶ᠋ᠢ ᠪᠥᠬᠦ᠌ ᠲᠠᠯ᠎ᠠ᠎ᠪᠠᠷ ᠱᠢᠯᠢᠳᠡᠭ᠌ᠵᠢᠭᠦᠯᠬᠦ᠌》᠂ 《ᠱᠢᠨᠵᠢᠯᠡᠬᠦ᠌ ᠤᠬᠠᠭᠠᠨ ᠮᠡᠷᠭᠡᠵᠢᠯ᠎ᠤᠨ ᠦᠢᠯᠡᠴᠢᠯᠡᠭᠡᠨ᠎ᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌》 ᠵᠡᠷᠭᠡ᠎ᠶ᠋ᠢ ᠪᠠᠭ᠍ᠲᠠᠭᠠᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠳᠤ ᠪᠠᠲᠤ ᠪᠠᠬᠢ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ ᠬᠠᠩᠭᠠᠨ᠎ᠠ᠃ ᠬᠥᠬᠡᠬᠤᠲᠠ  《ᠪᠡᠭᠡᠵᠢᠩ ᠲᠢᠶᠠᠨᠵᠢᠨ ᠡᡁᠧᠪᠸᠢ》ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠳᠤ ᠢᠳᠡᠪᠬᠢᠲᠡᠢ ᠠᠭᠤᠰᠤᠯᠴᠠᠵᠤ᠂ ᠲᠢᠩᠬᠢᠮ ᠬᠤᠳᠠ᠎ᠶ᠋ᠢᠨ ᠵᠥᠪᠳᠡᠯᠴᠡᠬᠦ᠌ ᠲᠣᠭ᠍ᠲᠠᠴᠠ᠎ᠪᠠᠷ ᠳᠠᠮᠵᠢᠭᠤᠯᠵᠤ᠂ 《ᠰᠤᠳᠤᠯᠭᠠᠨ᠎ᠤ ᠬᠦᠷᠢᠶᠡᠯᠡᠩ᠎ᠤᠨ ᠺᠣᠮᠫᠠᠨᠢ᠎ᠶ᠋ᠢᠨ ᠰᠠᠭᠤᠷᠢ ᠮᠥᠩᠭᠦ᠌》 ᠎ᠶ᠋ᠢᠨ ᠦᠷ᠎ᠡ ᠪᠦᠲᠦᠭᠡᠯ᠎ᠢ ᠬᠤᠪᠢᠷᠠᠭᠤᠯᠬᠤ ᠵᠠᠭ᠍ᠪᠤᠷ᠎ᠢ ᠪᠠᠢᠭᠤᠯᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠬᠤ ᠪᠠ ᠬᠡᠷᠡᠭ᠌ᠯᠡᠬᠦ᠌᠎ᠶ᠋ᠢ ᠪᠦᠲᠦᠮᠵᠢᠲᠡᠢ ᠠᠬᠢᠭᠤᠯᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠨᠢ ᠨᠢᠭᠡᠨᠲᠡ ᠬᠥᠬᠡᠬᠤᠲᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠭᠤᠣᠯᠯᠠᠭ᠍ᠴᠢ ᠬᠥᠳᠡᠯᠭᠡᠬᠦ᠌ ᠬᠦᠴᠦᠨ ᠪᠣᠯᠵᠠᠢ᠃

ᠱᠢᠨᠵᠢᠯᠡᠬᠦ᠌ ᠤᠬᠠᠭᠠᠨ ᠮᠡᠷᠭᠡᠵᠢᠯ᠎ᠢᠶᠠᠷ ᠬᠤᠲᠠ᠎ᠪᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢᠨ ᠬᠦᠴᠦᠲᠡᠶ ᠠᠬᠢᠭᠤᠯᠤᠯ ᠳᠣᠤᠷ᠎ᠠ᠂ ᠳᠡᠭᠡᠷ᠎ᠡ ᠬᠠᠭᠠᠰ ᠵᠢᠯ᠎ᠳᠤ ᠬᠥᠬᠡᠬᠤᠲᠠ᠎ᠶ᠋ᠢᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠠᠺᠠᠳᠧᠮᠢᠴᠢ ᠲᠤᠰᠭᠠᠶ ᠮᠡᠷᠭᠡᠵᠢᠯᠲᠡᠨ᠎ᠤ ᠠᠵᠢᠯᠯᠠᠬᠤ ᠥᠷᠲᠡᠭᠡ ᠱᠢᠨ᠎ᠡ᠎ᠪᠠᠷ 5 ᠨᠡᠮᠡᠭ᠌ᠳᠡᠵᠦ᠍᠂ ᠤᠯᠤᠰ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠡᠯᠪᠡᠷᠢ᠎ᠶ᠋ᠢᠨ ᠠᠵᠤ ᠠᠬᠤᠢᠯᠠᠯ᠎ᠤᠨ ᠲᠤᠭ᠎ᠠ 1453 ᠪᠣᠯᠵᠣ᠂ ᠴᠥᠮ ᠪᠥᠬᠦ᠌ ᠣᠷᠣᠨ᠎ᠤ ᠲᠡᠷᠢᠭᠦᠨ᠎ᠳᠤ ᠣᠷᠣᠪᠠ᠃ ᠮᠡᠷᠭᠡᠵᠢᠯ᠎ᠤᠨ ᠵᠠᠬ᠎ᠠ ᠳᠡᠯᠭᠡᠭᠦᠷ᠎ᠤᠨ ᠢᠳᠡᠪᠬᠢ ᠬᠡᠮᠵᠢᠶ᠎ᠡ ᠶᠡᠭᠡ᠎ᠪᠠᠷ ᠳᠡᠭᠡᠭ᠌ᠰᠢᠯᠡᠵᠦ᠍᠂ ᠮᠡᠷᠭᠡᠵᠢᠯ᠎ᠤᠨ ᠭᠡᠷ᠎ᠡ᠎ᠶ᠋ᠢᠨ ᠠᠷᠠᠯᠵᠢᠶ᠎ᠠ ᠪᠦᠲᠦᠭ᠌ᠰᠡᠨ ᠲᠤᠭ᠎ᠠ 12.65 ᠳ᠋ᠦᠩᠱᠢᠭᠤᠷ ᠲᠥᠭᠦᠷᠢᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 105.6% ᠎ᠪᠠᠷ ᠨᠡᠮᠡᠭ᠌ᠳᠡᠪᠡ᠃

ᠡᠨᠡ ᠤᠳᠠᠭᠠᠨ᠎ᠤ ᠳᠤᠮᠳᠠᠳᠤ ᠤᠯᠤᠰ᠎ᠤᠨ ᠵᠠᠭᠤᠨ ᠬᠦᠴᠦᠷᠬᠡᠭ ᠬᠤᠳᠠ᠎ᠶ᠋ᠢᠨ ᠨᠡᠷᠡᠰ᠎ᠤᠨ ᠵᠢᠭ᠍ᠰᠠᠭᠠᠯᠲᠠ᠎ᠳᠤ  ᠤᠷᠤᠭ᠍ᠰᠠᠨ ᠨᠢ᠂ ᠬᠥᠬᠡᠬᠤᠲᠠ᠎ᠶ᠋ᠢᠨ ᠤᠢ᠍ᠢᠷ᠎ᠠ᠎ᠶ᠋ᠢᠨ ᠵᠢᠯ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠭᠦᠢᠴᠡᠳ ᠨᠤᠲᠠᠯᠠᠭ᠍ᠰᠠᠨ ᠶᠠᠪᠤᠳᠠᠯ ᠪᠣᠯᠤᠨ᠎ᠠ᠃ ᠵᠠᠯᠭᠠᠭᠠᠳ᠂ ᠬᠥᠬᠡᠬᠤᠲᠠ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠦᠷᠭᠦᠯᠵᠢᠯᠡᠨ ᠪᠠᠷᠢᠮᠲᠠᠯᠠᠵᠤ᠂ ᠠᠵᠤ ᠦᠢᠯᠡᠰ᠎ᠤᠨ ᠪᠦᠲᠦᠴᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠤᠮᠠᠷᠠᠲᠤ ᠣᠷᠣᠨ᠎ᠤ ᠴᠢᠬᠤᠯᠠ ᠲᠥᠪ ᠬᠤᠲᠠ ᠪᠠ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠢ ᠪᠥᠲᠥᠭᠡᠨ ᠪᠠᠢᠭᠤᠯᠬᠤ ᠬᠠᠷᠠᠯᠲᠠ ᠳᠠᠰᠢ ᠯᠠᠪᠳᠠᠭᠤᠨ᠎ᠢᠶᠠᠷ ᠤᠷᠤᠭ᠍ᠰᠢᠯᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠣᠷᠣᠨ᠎ᠤ ᠲᠥᠪ ᠬᠤᠲᠠ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠦᠴᠦᠨ ᠴᠢᠳᠠᠯ᠎ᠢᠶᠠᠨ ᠡᠷᠭᠦᠨ᠎ᠡ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ