ᠪᠦᠬᠦ ᠣᠷᠣᠨ᠎ᠤ ᠬᠤᠲᠠ ᠵᠢᠨ ᠤᠰᠤ ᠬᠠᠩᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠪᠠ ᠳᠠᠬᠢᠯᠲᠠ ᠤᠰᠤ ᠵᠢ ᠠᠰᠢᠭᠯᠠᠬᠤ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ ᠵᠢ ᠠᠮᠵᠢᠯᠲᠠ᠎ᠲᠠᠢ ᠡᠷᠬᠢᠯᠡᠪᠡ
2025-09-22

9 ᠳ᠋ᠤᠭᠡᠷ ᠰᠠᠷ᠎ᠠ ᠵᠢᠨ 15 ᠎ᠤ ᠡᠳᠦᠷ ᠎ᠠᠴᠠ 18 ᠎ᠤ ᠡᠳᠦᠷ ᠪᠣᠯᠲᠠᠯ᠎ᠠ᠂ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ᠎ᠳᠤ ᠪᠥᠬᠦ ᠣᠷᠣᠨ᠎ᠤ ᠬᠤᠲᠠ ᠵᠢᠨ ᠤᠰᠤ ᠬᠠᠩᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠪᠠ ᠳᠠᠬᠢᠯᠲᠠ ᠤᠰᠤ ᠵᠢ ᠠᠰᠢᠭᠯᠠᠬᠤ ᠲᠤᠰᠬᠠᠶ ᠰᠡᠳᠦᠪᠲᠦ ᠪᠣᠯᠪᠠᠰᠤᠷᠠᠯ ᠎ᠤᠨ ᠠᠩᠭᠢ ᠡᠷᠭᠢᠯᠡᠪᠡ᠃

ᠲᠣᠰ ᠤᠳᠠᠭ᠋ᠠᠨ᠎ᠤ ᠪᠣᠯᠪᠠᠰᠤᠷᠠᠯ᠎ᠨᠢ ᠬᠤᠲᠠ ᠵᠢᠨ ᠤᠰᠤ ᠬᠠᠩᠭ᠋ᠠᠬᠤ᠂ ᠤᠰᠤ ᠠᠷᠪᠢᠯᠠᠬᠤ ᠬᠦᠷᠢᠶᠡᠨ᠎ᠳᠠᠬᠢ ᠣᠨᠣᠯ ᠪᠠ ᠦᠢ᠍ᠯᠡᠳᠦᠯᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠲᠤᠰᠬᠠᠶ ᠰᠡᠳᠦᠪ ᠵᠶ᠋ᠠᠷ ᠬᠢᠴᠢᠶᠡᠯᠯᠡᠬᠦ + ᠲᠤᠬᠠᠶ ᠵᠢᠨ ᠲᠠᠯᠠᠪᠤᠷ᠎ᠤᠨ ᠵᠢᠭ᠋ᠠᠨ ᠰᠤᠷᠭ᠋ᠠᠯᠳᠠ + ᠲᠤᠷᠰᠢᠯᠭ᠎ᠠ ᠰᠣᠯᠢᠯᠴᠠᠬᠤ》 ᠵᠡᠷᠭᠡ ᠠᠷᠭ᠎ᠠ ᠮᠠᠶᠢᠭ ᠵᠶ᠋ᠠᠷ ᠥᠷᠨᠢᠭᠦᠯᠪᠡ᠃ ᠡᠭᠦᠨ᠎ᠳᠤ᠂ ᠣᠨᠣᠯ᠎ᠤᠨ ᠵᠢᠭ᠋ᠠᠨ ᠰᠤᠷᠭ᠋ᠠᠯᠲᠠ᠎ᠨᠢ ᠭᠤᠤᠯᠳᠠᠭᠤ ᠲᠥᠪ᠎ᠤᠨ ᠬᠤᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ᠂ ᠬᠤᠲᠠ ᠵᠢᠨ ᠰᠢᠨᠡᠴᠢᠯᠡᠯᠲᠡ ᠵᠢ ᠳᠥᠯᠭᠢᠨ ᠠᠬᠢᠭᠤᠯᠬᠤ ᠰᠦᠪᠡᠭᠴᠢᠯᠡᠯᠲᠡ ᠪᠠ ᠦᠢ᠍ᠯᠡᠳᠦᠯᠭᠡ᠂ ᠬᠤᠲᠠ ᠵᠢᠨ ᠤᠰᠤ ᠠᠷᠪᠢᠯᠠᠬᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢᠴᠢ ᠤᠰᠤ ᠬᠠᠩᠭ᠋ᠠᠬᠤ ᠭᠡᠨᠡᠳᠲᠡ ᠵᠢᠨ ᠬᠡᠷᠡᠭ ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠤᠷᠢᠯᠡᠬᠦ᠂ ᠬᠤᠲᠠ ᠵᠢᠨ ᠤᠰᠤ ᠬᠠᠩᠭ᠋ᠠᠬᠤ ᠤᠰᠤᠨ᠎ᠤ ᠴᠢᠨᠠᠷ᠎ᠤᠨ ᠪᠥᠬᠦ ᠶᠠᠪᠤᠴᠠ ᠵᠢᠨ ᠬᠠᠮᠢᠶᠠᠷᠤᠯᠲᠠ ᠪᠠ ᠳᠠᠬᠢᠯᠲᠠ ᠤᠰᠤ ᠵᠢ ᠠᠰᠢᠭᠯᠠᠬᠤ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠡᠷᠭᠡ ᠠᠭᠤᠯᠭ᠎ᠠ ᠵᠢᠨ ᠲᠣᠭᠤᠷᠢᠨ᠎ᠳᠤ ᠲᠥᠷᠥ ᠵᠢᠨ ᠪᠣᠳᠣᠯᠭ᠎ᠠ ᠵᠢᠨ ᠲᠤᠬᠠᠢ ᠲᠠᠶ᠋ᠢᠯᠤᠮᠵᠢ ᠬᠢᠵᠦ᠂ ᠲᠤᠰᠬᠠᠶ ᠮᠡᠷᠭᠡᠵᠢᠯ ᠎ᠤᠨ ᠮᠡᠳᠡᠯᠭᠡ ᠤᠯᠠᠮᠵᠢᠯᠠᠵᠤ᠂ ᠬᠤᠲᠠ ᠵᠢᠨ ᠤᠰᠤ ᠬᠠᠩᠭ᠋ᠠᠬᠤ᠂ ᠤᠰᠤ ᠠᠷᠪᠢᠯᠠᠬᠤ ᠪᠠ ᠳᠠᠬᠢᠯᠲᠠ ᠤᠰᠤ ᠵᠢ ᠠᠰᠢᠭᠯᠠᠬᠤ ᠣᠨᠣᠯ ᠎ᠤᠨ ᠰᠠᠭᠤᠷᠢ ᠵᠢ ᠤᠯᠠᠮ ᠨᠢᠭᠡ ᠠᠯᠬᠤᠮ ᠪᠡᠬᠢᠵᠢᠭᠦᠯᠪᠡ ᠃ ᠲᠤᠬᠠᠢ ᠵᠢᠨ ᠲᠠᠯᠠᠪᠠᠢ ᠵᠢᠨ ᠵᠢᠭ᠋ᠠᠨ ᠰᠤᠷᠭ᠋ᠠᠯᠲᠠ ᠎ᠳᠤ᠂ ᠰᠤᠷᠤᠭᠴᠢᠳ ᠱᠠᠩᠬᠠᠢ ᠬᠤᠳᠠ ᠵᠢᠨ ᠤᠰᠤᠨ ᠦᠢ᠍ᠯᠡᠳᠪᠦᠷᠢ᠂ ᠯᠢᠨ ᠭᠠᠩ ᠰᠢᠨ᠎ᠡ ᠲᠣᠭᠤᠷᠢᠭ᠎ᠤᠨ ᠴᠢᠨᠠᠷ ᠰᠠᠶ᠋ᠢᠲᠠᠢ ᠤᠤᠭᠤᠬᠤ ᠤᠰᠤᠨ᠎ᠤ ᠨᠡᠶ᠋ᠢᠭᠡᠮ ᠲᠣᠭᠤᠷᠢᠭ ᠵᠶ᠋ᠠᠷ ᠲᠣᠭᠤᠷᠢᠨ ᠦᠵᠡᠵᠦ᠂ ᠱᠠᠩᠬᠠᠢ ᠵᠢᠨ ᠤᠰᠤ ᠬᠠᠩᠭ᠋ᠠᠬᠤ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ᠂ ᠤᠰᠤᠨ ᠦᠢ᠍ᠯᠡᠳᠪᠦᠷᠢ ᠵᠢᠨ ᠡᠵᠡᠩᠨᠡᠯᠲᠡ ᠬᠠᠮᠢᠶᠠᠷᠤᠯᠲᠠ ᠵᠢᠨ ᠲᠠᠯ᠎ᠠ᠎ᠪᠠᠷ᠎ᠬᠢ ᠲᠡᠷᠢᠭᠦᠨ᠎ᠤ ᠲᠤᠷᠰᠢᠯᠭ᠎ᠠ ᠵᠢ ᠣᠢ᠌ᠯᠭ᠋ᠠᠨ ᠡᠵᠡᠮᠰᠢᠵᠦ᠂ ᠴᠢᠨᠠᠷ ᠰᠠᠶ᠋ᠢᠲᠠᠢ ᠤᠰᠤ ᠬᠠᠩᠭ᠋ᠠᠬᠤ ᠪᠠ ᠤᠶᠤᠨᠲᠤ ᠤᠰᠤᠨ ᠎ᠤ ᠠᠵᠢᠯ ᠦᠢ᠍ᠯᠡᠳᠦᠯᠭᠡ ᠵᠢᠨ ᠠᠷᠭ᠎ᠠ ᠵᠠᠮ ᠵᠢᠨ ᠲᠤᠬᠠᠢ ᠰᠠᠨᠠᠯ ᠰᠣᠯᠢᠯᠴᠠᠨ ᠣᠶ᠋ᠢᠯᠠᠭ᠋ᠠᠪᠠ᠃

ᠲᠣᠰ ᠤᠳᠠᠭ᠋ᠠᠨ ᠎ᠤ ᠪᠣᠯᠪᠠᠰᠤᠷᠠᠯ ᠎ᠤᠨ ᠠᠩᠭᠢ ᠵᠢ ᠠᠮᠵᠢᠯᠲᠠ ᠎ᠲᠠᠢ ᠡᠷᠬᠢᠯᠡᠭᠰᠡᠨ᠎ᠨᠢ ᠥᠪᠡᠷᠲᠡᠭᠡᠨ ᠵᠠᠰᠠᠬᠤ ᠣᠷᠣᠨ᠎ᠤ ᠬᠤᠲᠠ ᠵᠢᠨ ᠤᠰᠤ ᠬᠠᠩᠭ᠋ᠠᠬᠤ ᠪᠠ ᠳᠠᠬᠢᠯᠲᠠ ᠤᠰᠤ ᠵᠢ ᠠᠰᠢᠭᠯᠠᠬᠤ ᠠᠵᠢᠯ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠪᠥᠬᠦ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ ᠠᠰᠢᠭᠯᠠᠬᠤ ᠵᠢ ᠠᠬᠢᠭᠤᠯᠬᠤ᠂ ᠬᠤᠲᠠ ᠵᠢᠨ ᠰᠢᠨᠡᠴᠢᠯᠡᠯᠲᠡ ᠬᠢᠭᠡᠳ ᠬᠤᠲᠠ ᠪᠠᠯᠭ᠋ᠠᠰᠤᠨ᠎ᠤ ᠤᠰᠤ ᠠᠷᠪᠢᠯᠠᠬᠤ ᠠᠵᠢᠯ᠎ᠢ ᠭᠦᠨᠵᠡᠭᠡᠶ᠋ᠢᠷᠡᠭᠦᠯᠬᠦ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃

ᠲᠣᠰ ᠤᠳᠠᠭ᠋ᠠᠨ᠎ᠤ ᠪᠣᠯᠪᠠᠰᠤᠷᠠᠯ᠎ᠢ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠠᠴᠠ ᠭᠤᠤᠯᠴᠢᠯᠠᠨ ᠡᠷᠭᠢᠯᠡᠵᠦ᠂ ᠪᠥᠬᠦ ᠤᠯᠤᠰ᠎ᠤᠨ ᠬᠤᠲᠠ ᠵᠢᠨ ᠳᠠᠷᠤᠭ᠎ᠠ ᠵᠢᠨ ᠰᠤᠳᠤᠯᠤᠨ ᠰᠤᠷᠤᠯᠴᠠᠬᠤ ᠳᠡᠭᠡᠳᠦ ᠰᠤᠷᠭ᠋ᠠᠭᠤᠯᠢ (ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠺᠠᠳ᠋ᠷ᠎ᠤᠨ ᠳᠡᠭᠡᠳᠦ ᠰᠤᠷᠭ᠋ᠠᠭᠤᠯᠢ) ᠳᠠᠭ᠋ᠠᠭ᠋ᠠᠴᠢᠯᠠᠨ ᠡᠷᠬᠢᠯᠡᠪᠡ᠃ ᠡᠯ᠎ᠡ ᠠᠶ᠋ᠢᠮᠠᠭ ᠬᠤᠲᠠ ᠵᠢᠨ ᠬᠤᠪᠢᠳᠠᠨ ᠬᠠᠮᠢᠶᠠᠷᠴᠤ ᠪᠠᠶ᠋ᠢᠭ᠎ᠠ ᠠᠶ᠋ᠢᠮᠠᠭ ᠬᠤᠲᠠ ᠵᠢᠨ ᠳᠠᠷᠤᠭ᠎ᠠ᠂ ᠨᠠᠷᠢᠨ ᠪᠢᠴᠢᠭ᠎ᠤᠨ ᠳᠠᠷᠤᠭ᠎ᠠ ᠵᠢᠴᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭ᠋ᠠᠲᠠᠨ ᠨᠥᠬᠦᠳ᠂ ᠬᠡᠰᠡᠭ ᠬᠤᠰᠢᠭᠤ ᠰᠢᠶᠠᠨ (ᠬᠤᠲᠠ᠂ ᠲᠣᠭᠤᠷᠢᠭ)᠎ᠤ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠬᠤᠯᠪᠣᠭᠳᠠᠯ ᠪᠥᠬᠦᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠥᠬᠦᠳ ᠣᠷᠣᠯᠴᠠᠵᠠᠶ᠃

ᠢᠷᠡᠯᠲᠡ᠄    