ᠪᠥᠬᠦ ᠣᠷᠣᠨ᠎ᠤ 《ᠲᠤᠯᠠᠭ᠋ᠠᠯᠭ᠎ᠠ ᠵᠢᠨ ᠢᠨᠵᠧᠨᠧᠷᠢᠩ》᠎ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ᠎ᠤᠨ ᠸᠢᠳᠢᠣ᠋ ᠬᠤᠷᠠᠯ ᠬᠤᠷᠠᠯᠳᠤᠪᠠ
2025-09-25

9 ᠳ᠋ᠦ᠍ᠭᠡᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠪᠥᠬᠦ ᠣᠷᠣᠨ᠎ᠤ 《ᠲᠤᠯᠠᠭ᠋ᠠᠯᠭ᠎ᠠ ᠵᠢᠨ ᠢᠨᠵᠧᠨᠧᠷᠢᠩ》᠎ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ᠎ᠤᠨ ᠸᠢᠳᠢᠣ᠋ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠦ ᠣᠷᠣᠨ᠎ᠤ 《ᠲᠤᠯᠠᠭ᠋ᠠᠯᠭ᠎ᠠ ᠵᠢᠨ ᠢᠨᠵᠧᠨᠧᠷᠢᠩ》᠎ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ᠎ᠤᠨ ᠠᠬᠢᠴᠠ ᠵᠢᠨ ᠪᠠᠶ᠋ᠢᠳᠠᠯ᠎ᠢ ᠵᠠᠷᠯᠠᠨ ᠮᠡᠳᠡᠭᠳᠡᠵᠦ᠂ ᠪᠥᠬᠦ ᠣᠷᠣᠨ᠎ᠤ ᠡᠨᠡ ᠡᠪᠦᠯ ᠪᠣᠯᠣᠨ ᠢᠷᠡᠬᠦ ᠬᠠᠪᠤᠷ᠎ᠤᠨ ᠬᠤᠲᠠ ᠪᠠᠯᠭ᠋ᠠᠰᠤᠨ᠎ᠤ ᠢᠯᠴᠢ ᠬᠠᠩᠭ᠋ᠠᠬᠤ ᠪᠠᠲᠤᠯᠠᠭ᠎ᠠ ᠵᠢᠨ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃

ᠬᠤᠷᠠᠯ᠎ᠠᠴᠠ᠂ 《ᠲᠤᠯᠠᠭ᠋ᠠᠯᠭ᠎ᠠ ᠵᠢᠨ ᠢᠨᠵᠧᠨᠧᠷᠢᠩ》 ᠪᠣᠯ ᠠᠷᠠᠳ᠎ᠤᠨ ᠰᠡᠳᠬᠢᠯ ᠎ᠢ ᠳᠤᠯᠠᠭ᠋ᠠᠴᠠᠭᠤᠯᠬᠤ᠂ ᠠᠷᠠᠳ ᠎ᠤᠨ ᠬᠦᠴᠦᠨ ᠎ᠢ ᠨᠢᠭᠲᠠᠷᠠᠭᠤᠯᠬᠤ᠂ ᠰᠠᠭᠤᠷᠢ ᠵᠢ ᠪᠠᠬᠢᠵᠢᠭᠦᠯᠬᠦ ᠠᠷᠠᠳ᠎ᠤᠨ ᠠᠮᠢᠳᠤᠷᠠᠯ᠎ᠤᠨ ᠴᠢᠬᠤᠯᠠ ᠶᠠᠪᠤᠳᠠᠯ ᠪᠣᠯᠤᠨ᠎ᠠ᠂ ᠬᠠᠷᠢᠭᠤᠴᠠᠯᠭ᠎ᠠ ᠡᠭᠦᠷᠭᠡᠯᠡᠵᠦ᠂ ᠲᠤᠯᠠᠭ᠋ᠠᠯᠭ᠎ᠠ ᠵᠢᠨ ᠠᠵᠢᠯ᠎ᠢ ᠴᠢᠩᠭ᠋ᠠᠳᠬᠠᠵᠤ᠂ ᠤᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠵᠦ᠂ ᠤᠯᠠᠨ ᠲᠦᠮᠡᠨ᠎ᠤ ᠳᠤᠯᠠᠭ᠋ᠠᠨ ᠪᠦᠯᠢᠶᠡᠨ ᠡᠪᠦᠯᠵᠢᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ 《ᠲᠤᠯᠠᠭ᠋ᠠᠯᠭ᠎ᠠ ᠵᠢᠨ ᠢᠨᠵᠧᠨᠧᠷᠢᠩ》᠎ᠢ ᠪᠠᠬᠢᠵᠢᠭᠦᠯᠦᠨ ᠳᠡᠭᠡᠭᠰᠢᠯᠡᠭᠦᠯᠬᠦ ᠲᠥᠷᠥᠯ ᠵᠦᠢ᠍ᠯ᠎ᠤᠨ ᠰᠡᠭᠦᠯ ᠬᠤᠷᠢᠶᠠᠬᠤ ᠠᠵᠢᠯ᠎ᠢ ᠲᠦᠷᠭᠡᠳᠬᠡᠵᠦ᠂ ᠲᠣᠭᠲᠠᠭᠰᠠᠨ ᠬᠤᠭᠤᠴᠠᠭ᠋ᠠᠨ ᠎ᠳᠤ ᠠᠵᠢᠯ ᠵᠶ᠋ᠠᠨ ᠳᠠᠭᠤᠰᠬᠠᠵᠤ᠂ ᠲᠥᠬᠦᠭᠡᠷᠦᠮᠵᠢ ᠵᠢ ᠲᠤᠬᠢᠷᠠᠭᠤᠯᠤᠨ ᠲᠤᠷᠰᠢᠬᠤ᠂ ᠬᠤᠭᠤᠯᠠᠢ ᠲᠣᠣᠷ᠎ᠲᠤ ᠤᠰᠤ ᠣᠷᠣᠭᠤᠯᠤᠨ ᠴᠠᠭ ᠬᠤᠭᠤᠴᠠᠭ᠎ᠠ ᠶᠣᠰᠣᠭ᠋ᠠᠷ ᠢᠯᠴᠢ ᠬᠠᠩᠭ᠋ᠠᠬᠤ ᠠᠵᠢᠯ᠎ᠢ ᠪᠠᠲᠤᠯᠠᠬᠤ ᠬᠡᠷᠡᠭᠲᠡᠢ᠃ ᠡᠨᠧᠷᠭᠢ ᠨᠥᠭᠡᠴᠡᠯᠡᠬᠦ ᠪᠠᠶ᠋ᠢᠳᠠᠯ᠎ᠢ ᠬᠥᠳᠡᠯᠦᠩᠭᠦᠶ᠎ᠪᠠᠷ ᠬᠢᠨᠠᠨ ᠬᠠᠮᠢᠶᠠᠷᠴᠤ᠂ ᠢᠯᠴᠢ ᠬᠠᠩᠭ᠋ᠠᠬᠤ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ ᠨᠡᠭᠦᠷᠡᠰᠦ ᠨᠥᠭᠡᠴᠡᠯᠡᠬᠦ ᠠᠵᠢᠯ᠎ᠢ ᠰᠠᠶ᠋ᠢᠲᠤᠷ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠎ᠢ ᠵᠣᠬᠢᠴᠠᠭᠤᠯᠤᠨ ᠬᠡᠷᠡᠭᠯᠡᠬᠦ ᠨᠡᠭᠦᠷᠡᠰᠦ ᠬᠦᠷᠦᠯᠴᠡᠬᠦ ᠥᠬᠡᠶ ᠪᠠ ᠲᠡᠭᠡᠭᠡᠪᠦᠷᠢ ᠵᠢᠨ ᠠᠵᠢᠯ ᠵᠡᠷᠭᠡ ᠠᠰᠠᠭᠤᠳᠠᠯ᠎ᠢ ᠴᠠᠭ ᠲᠤᠬᠠᠶ᠎ᠳᠤᠨᠢ ᠰᠢᠢ᠍ᠳᠪᠦᠷᠢᠯᠡᠵᠦ᠂ ᠢᠯᠴᠢ ᠬᠠᠩᠭ᠋ᠠᠬᠤ ᠲᠣᠭᠲᠠᠭᠤᠨ ᠪᠠᠶ᠋ᠢᠬᠤ ᠵᠢ ᠪᠠᠲᠤᠯᠠᠬᠤ ᠬᠡᠷᠡᠭᠲᠡᠶ᠃ ᠭᠡᠷ᠎ᠤᠨ ᠳᠤᠯᠠᠭ᠋ᠠᠨ ᠵᠢ ᠰᠦᠯᠵᠢᠶᠡᠨ ᠲᠡᠭᠡᠷ᠎ᠡ ᠬᠢᠨᠠᠨ ᠬᠡᠮᠵᠢᠬᠦ ᠰᠢᠰᠲ᠋ᠧᠮ ᠪᠠ ᠪᠤᠰᠤᠳ ᠤᠶᠤᠨᠲᠤ ᠢᠯᠴᠢ ᠬᠠᠩᠭ᠋ᠠᠬᠤ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠢᠯᠴᠢ ᠬᠠᠩᠭ᠋ᠠᠬᠤ ᠵᠢ ᠬᠢᠨᠠᠨ ᠬᠠᠮᠢᠶᠠᠷᠬᠤ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠂ 《ᠢᠯᠴᠢ ᠵᠢᠨ ᠢᠷᠡᠯᠲᠡ ᠵᠢᠨ ᠥᠷᠲᠡᠭᠡ》᠎ᠠᠴᠠ ᠪᠥᠬᠦ ᠬᠡᠯᠬᠢᠶ᠎ᠡ ᠵᠢᠨ ᠤᠶᠤᠨᠴᠢᠯᠠᠭᠰᠠᠨ ᠬᠠᠮᠢᠶᠠᠷᠤᠯᠲᠠ ᠵᠢ ᠠᠯᠬᠤᠮ ᠠᠯᠬᠤᠮ ᠵᠶ᠋ᠠᠷ ᠪᠡᠶᠡᠯᠡᠭᠦᠯᠬᠦ ᠬᠡᠷᠡᠭᠲᠡᠶ᠃ ᠤᠯᠠᠨ ᠲᠦᠮᠡᠨ᠎ᠤ ᠠᠵᠢᠯ᠎ᠢ ᠦᠨᠡᠨᠬᠦ ᠰᠠᠶ᠋ᠢᠲᠤᠷ ᠬᠢᠵᠦ᠂ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠣᠶ᠋ᠢᠯᠠᠭ᠋ᠠᠵᠤ᠂ ᠢᠯᠴᠢ ᠬᠠᠩᠭ᠋ᠠᠬᠤ ᠦᠢ᠍ᠯᠡᠴᠢᠯᠡᠭᠡᠨ ᠎ᠤ ᠬᠢᠷᠢ ᠲᠦᠪᠰᠢᠨ ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠪᠠᠴᠢᠮ ᠪᠠᠶ᠋ᠢᠳᠠᠯ᠎ᠢ ᠠᠷᠭ᠋ᠠᠴᠠᠬᠤ ᠪᠠᠲᠤᠯᠠᠭ᠎ᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠤᠯ᠎ᠠᠴᠠ ᠠᠪᠤᠷᠠᠬᠤ ᠬᠦᠮᠦᠨ ᠪᠠ ᠡᠳ᠋ ᠪᠣᠳᠠᠰ᠎ᠢ ᠪᠦᠷᠢᠨ ᠭᠦᠢ᠍ᠴᠡᠳ ᠪᠡᠯᠡᠳᠬᠡᠵᠦ᠂ ᠤᠯᠠᠨ ᠲᠦᠮᠡᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠭᠤᠤᠯ ᠬᠠᠷᠢᠭᠤᠴᠠᠯᠭ᠋ᠠᠲᠠᠨ ᠨᠥᠬᠦᠳ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭ᠋ᠠᠲᠠᠨ ᠨᠥᠬᠦᠳ ᠵᠢᠴᠢ ᠬᠠᠮᠢᠶ᠎ᠠ ᠪᠥᠬᠦᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠥᠬᠦᠳ ᠭᠤᠤᠯ ᠬᠤᠷᠠᠯ᠎ᠤᠨ ᠲᠠᠯᠠᠪᠠᠶ᠎ᠳᠤ ᠣᠷᠣᠯᠴᠠᠵᠤ᠂ ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠨ ᠭᠤᠤᠯ ᠬᠠᠷᠢᠭᠤᠴᠠᠯᠭ᠋ᠠᠲᠠᠨ ᠨᠥᠬᠦᠳ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭ᠋ᠠᠲᠠᠨ ᠨᠥᠬᠦᠳ ᠵᠢᠴᠢ ᠬᠠᠮᠢᠶ᠎ᠠ ᠪᠥᠬᠦᠶ ᠠᠵᠢᠯᠲᠠᠳ ᠬᠤᠪᠢᠶᠠᠷᠢ ᠬᠤᠷᠠᠯ᠎ᠤᠨ ᠲᠠᠯᠠᠪᠠᠶ᠎ᠳᠤ ᠣᠷᠣᠯᠴᠠᠵᠠᠶ᠃

ᠢᠷᠡᠯᠲᠡ᠄    