ᠨᠠᠮᠤᠷ᠎ᠤᠨ ᠡᠬᠢᠨ᠎ᠳᠦ ᠂ ᠬᠥᠬᠡᠬᠣᠲᠠ᠎ᠶᠢᠨ ᠵᠠᠯᠠᠭᠤᠴᠤᠳ᠎ᠤᠨ ᠨᠡᠢᠭᠡᠮ ᠲᠣᠭᠣᠷᠢᠭ᠋᠎ᠤᠨ ᠪᠣᠳᠠᠲᠤ ᠪᠠᠢᠳᠠᠯ᠎ᠤᠨ ᠦᠵᠡᠭᠦᠯᠦᠯᠭᠡ᠎ᠶᠢᠨ ᠲᠣᠭᠣᠷᠢᠭ᠋᠎ᠲᠤ ᠣᠷᠣᠵᠤ ᠂ ᠬᠠᠷᠢᠭᠤᠴᠠᠯᠭᠠᠲᠠᠨ ᠶᠠᠭ ᠲᠣᠭᠣᠷᠢᠨ ᠦᠵᠡᠵᠦ ᠪᠠᠢᠭ᠎ᠠ ᠵᠠᠯᠠᠭᠤ ᠠᠳᠠᠯ ᠦᠢᠯᠡᠰ ᠴᠣᠭ᠍ᠴᠠᠯᠠᠭ᠍ᠴᠢᠳᠲᠤ ᠭᠡᠷ ᠪᠠᠢᠱᠢᠩ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠠᠢᠯᠪᠤᠷᠢᠯᠠᠵᠤ ᠥᠭ᠌ᠴᠦ ᠂ ᠬᠡᠳᠦᠨ ᠵᠠᠯᠠᠭᠤᠴᠤᠳ ᠪᠠᠶᠠᠷ ᠬᠥᠷ᠎ᠲᠠᠢ᠎ᠪᠡᠷ ᠄ 《 ᠬᠡᠳᠦᠢᠪᠡᠷ ᠣᠷᠣᠨ ᠵᠠᠢ ᠨᠢ ᠪᠠᠭ᠎ᠠ ᠪᠣᠯᠪᠠᠴᠤ ᠬᠡᠷᠡᠭᠯᠡᠭᠡᠨ᠎ᠦ ᠴᠢᠨᠠᠷ ᠨᠢ ᠮᠠᠰᠢ ᠴᠢᠩᠭ᠎ᠠ ᠂ ᠠᠷᠢᠭᠤᠨ ᠴᠡᠪᠡᠷ ᠤᠨ ᠲᠠᠰᠤᠭ ᠨᠢ ᠬᠠᠭᠤᠷᠠᠢ ᠨᠣᠢᠲᠠᠨᠤ ᠤᠰᠤ ᠬᠠᠱᠢᠬᠤ ᠵᠢᠷᠤᠭᠠᠰᠤ ᠤᠭᠰᠠᠷᠠᠵᠤ ᠂ ᠲᠣᠭᠣᠭᠠᠨ ᠭᠡᠷ ᠤᠨ ᠪᠠᠢᠷᠢ᠎ᠶᠢ ᠵᠣᠬᠢᠰᠲᠠᠢ ᠪᠠᠢᠷᠢᠯᠠᠭᠤᠯᠵᠠᠢ ᠂ ᠦᠨᠡᠬᠡᠷ ᠪᠠᠭ᠎ᠠ ᠪᠣᠯᠪᠠᠴᠤ᠌ ᠪᠦᠲᠦᠴᠡ ᠨᠢ ᠪᠦᠷᠢᠨ ᠪᠠᠢᠨ᠎ᠠ!》 ᠭᠡᠵᠦ᠍ ᠶᠠᠷᠢᠯᠴᠠᠵᠠᠭᠠᠵᠤ ᠪᠠᠢᠨ᠎ᠠ᠃

ᠠᠵᠢᠯᠲᠠᠳ ᠵᠠᠯᠠᠭᠤ ᠠᠳᠠᠯ ᠦᠢᠯᠡᠰ ᠴᠣᠭ᠍ᠴᠠᠯᠠᠭ᠍ᠴᠢᠳᠢ ᠳᠠᠭᠠᠭᠤᠯᠤᠨ ᠲᠤᠬᠠᠢ᠎ᠶᠢᠨ ᠭᠠᠵᠠᠷ ᠲᠤ ᠨᠢ ᠭᠡᠷ ᠦᠵᠡᠵᠦ ᠰᠢᠨᠵᠢᠯᠡᠨ ᠪᠠᠢᠴᠠᠭᠠᠵᠤ ᠪᠠᠢᠨ᠎ᠠ᠃ ᠳᠠᠳᠤᠯᠭ᠎ᠠ᠎ᠶᠢᠨ ᠰᠤᠷᠤᠭ᠍ᠴᠢ ᠬᠠᠨ ᠹᠧᠢ ᠶᠤᠸᠠᠢ ᠰᠡᠭᠦᠳᠡᠷᠯᠡᠪᠡ
ᠬᠥᠬᠡᠬᠣᠲᠠ᠎ᠶᠢᠨ ᠵᠠᠯᠠᠭᠤᠴᠤᠳ᠎ᠤᠨ ᠨᠡᠢᠭᠡᠮ ᠲᠣᠭᠣᠷᠢᠭ᠋᠎ᠤᠨ ᠪᠣᠳᠠᠲᠤ ᠪᠠᠢᠳᠠᠯ᠎ᠤᠨ ᠦᠵᠡᠭᠦᠯᠦᠯᠭᠡ᠎ᠶᠢᠨ ᠲᠣᠭᠣᠷᠢᠭ᠋ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠲᠦᠭᠡᠭᠡᠨ ᠬᠤᠳᠠᠯᠳᠤᠬᠤ ᠬᠡᠯᠪᠡᠷᠢ᠎ᠶᠢᠨ ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ᠎ᠶᠢᠨ ᠲᠥᠷᠥᠯ ᠵᠦᠢᠯ ᠪᠣᠯᠤᠭᠰᠠᠨ᠎ᠤ ᠬᠤᠪᠢ᠎ᠳᠤ ᠂ ᠣᠢᠷ᠎ᠠ᠎ᠶᠢᠨ ᠡᠳᠦᠷ ᠨᠡᠭᠡᠭᠡᠭ᠌ᠳᠡᠪᠡ ᠃ ᠨᠡᠢᠭᠡᠮ ᠲᠣᠭᠣᠷᠢᠭ᠋ ᠨᠢ ᠵᠠᠯᠠᠭᠤ ᠴᠢᠳᠠᠪᠤᠷᠢᠲᠠᠨ᠎ᠳᠤ ᠵᠢᠵᠢᠭ ᠦᠷᠦᠭᠡ᠂ ᠶᠡᠷᠦᠩᠬᠡᠢ ᠦᠨ᠎ᠡ ᠳᠣᠣᠷ᠎ᠠ᠂ ᠴᠢᠨᠠᠷ ᠰᠠᠢᠲᠠᠢ ᠠᠮᠤᠷ ᠲᠠᠢᠪᠤᠩ ᠣᠷᠣᠨ ᠰᠠᠭᠤᠴᠠ᠎ᠶᠢᠨ ᠰᠣᠩᠭᠣᠯᠲᠠ ᠬᠠᠩᠭᠠᠵᠤ᠂ ᠵᠠᠯᠠᠭᠤᠴᠤᠳ᠎ᠤᠨ ᠣᠷᠣᠨ᠎ᠤ ᠲᠥᠪ᠎ᠲᠤ ᠦᠨᠳᠦᠰᠦ ᠬᠠᠳᠬᠤᠬᠤ᠎ᠳᠤ ᠬᠦᠴᠦᠨ ᠨᠡᠮᠡᠷᠢᠯᠡᠬᠦ᠎ᠶᠢᠨ ᠲᠥᠯᠥᠭᠡ ᠶᠤᠮ᠃ 《ᠵᠠᠯᠠᠭᠤᠴᠤᠳ᠎ᠤᠨ ᠨᠡᠢᠭᠡᠮ ᠲᠣᠭᠣᠷᠢᠭ᠋ ᠪᠣᠯ ᠮᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠲᠦᠭᠡᠭᠡᠨ ᠬᠤᠳᠠᠯᠳᠤᠬᠤ ᠬᠡᠯᠪᠡᠷᠢ᠎ᠶᠢᠨ ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ᠎ᠶᠢᠨ ᠲᠥᠷᠥᠯ ᠵᠦᠢᠯ ᠪᠣᠯᠣᠨ᠎ᠠ᠂ ᠡᠨᠡ ᠨᠢ ᠮᠠᠨ᠎ᠤ ᠵᠠᠯᠠᠭᠤᠴᠤᠳ᠎ᠢ ᠬᠥᠬᠡᠬᠤᠲᠠ᠎ᠳᠤ ᠰᠠᠨᠠᠭ᠎ᠠ ᠠᠮᠤᠷ ᠦᠨᠳᠦᠰᠦᠯᠡᠵᠦ᠂ ᠪᠠᠶᠠᠷ ᠪᠠᠶᠠᠰᠬᠤᠯᠠᠩ᠎ᠲᠠᠢ ᠠᠮᠢᠳᠤᠷᠠᠭᠤᠯᠬᠤ᠎ᠶᠢᠨ ᠲᠥᠯᠥᠭᠡ ᠶᠤᠮ᠃ 》 ᠭᠡᠵᠦ᠍ ᠬᠥᠬᠡᠬᠤᠲᠠ᠎ᠶᠢᠨ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠴᠢᠶ᠎ᠠ᠎ᠶᠢᠨ ᠣᠷᠣᠨ ᠰᠠᠭᠤᠴᠠ᠎ᠶᠢᠨ ᠪᠠᠲᠤᠯᠠᠭ᠎ᠠ᠎ᠶᠢᠨ ᠰᠠᠯᠠᠭᠠᠨ᠎ᠤ ᠳᠡᠳ᠋ ᠳᠠᠷᠤᠭ᠎ᠠ ᠴᠧᠨ ᠯᠢ ᠰᠢᠶᠠ ᠲᠠᠨᠢᠯᠴᠠᠭᠤᠯᠪᠠ ᠃

ᠵᠠᠯᠠᠭᠤᠴᠤᠳ᠎ᠤᠨ ᠴᠤᠸᠠᠩ ᠺᠧ ᠣᠷᠣᠨ ᠵᠠᠢ᠃ ᠳᠠᠳᠤᠯᠭ᠎ᠠ᠎ᠶᠢᠨ ᠰᠤᠷᠤᠭ᠍ᠴᠢ ᠬᠠᠨ ᠹᠧᠢ ᠶᠤᠸᠠᠢ ᠰᠡᠭᠦᠳᠡᠷᠯᠡᠪᠡ
ᠨᠡᠢᠭᠡᠮ ᠲᠣᠭᠣᠷᠢᠭ᠋᠎ᠤᠨ ᠬᠢᠨ ᠶᠠᠰᠤ ᠴᠢᠨᠠᠷ᠎ᠢᠶᠠᠷ ᠬᠡᠪ ᠳᠠᠭᠤᠷᠢᠶᠠᠯ ᠪᠣᠯᠵᠤ᠂ ᠵᠠᠯᠠᠭᠤᠴᠤᠳ᠎ᠤᠨ ᠬᠢᠮᠳᠠ ᠣᠷᠣᠨ ᠰᠠᠭᠤᠴᠠ᠎ᠶᠢᠨ ᠥᠪᠡᠷ᠎ᠤᠨ ᠥᠷᠲᠡᠭ᠎ᠢ ᠦᠨᠡᠨ ᠬᠦ᠌ ᠪᠠᠭᠤᠷᠠᠭᠤᠯᠵᠤ᠂ ᠵᠠᠯᠠᠭᠤᠴᠤᠳ᠎ᠤᠨ ᠬᠡᠷᠡᠭᠴᠡᠭᠡ ᠱᠠᠭᠠᠷᠳᠠᠯᠭ᠎ᠠ᠎ᠳᠤ ᠣᠨᠣᠪᠴᠢᠲᠠᠶ ᠵᠣᠬᠢᠴᠠᠭᠤᠯᠪᠠ᠃ 《ᠠᠩᠬ᠎ᠠ ᠲᠤᠰᠢᠶᠠᠬᠤ ᠮᠥᠩᠭᠥ᠌ ᠨᠢ ᠵᠥᠪᠬᠡᠨ 3.5 ᠲᠦᠮᠡᠨ ᠲᠥᠭᠥᠷᠢᠭ ᠬᠡᠷᠡᠭᠰᠡᠨ᠎ᠡ᠂ ᠰᠠᠷ᠎ᠠ᠎ᠳᠤ 800 ᠭᠠᠷᠤᠢ ᠲᠥᠭᠥᠷᠢᠭ ᠲᠥᠯᠥᠨ᠎ᠡ᠂ ᠡᠨᠡ ᠨᠢ ᠦᠨᠡᠬᠡᠷ ᠪᠡᠨ᠎ᠡ ᠲᠠᠢ! 》ᠲᠤᠬᠠᠢ᠎ᠶᠢᠨ ᠭᠠᠵᠠᠷ᠎ᠲᠤ ᠭᠡᠷ ᠦᠵᠡᠵᠦ ᠪᠠᠢᠭᠰᠠᠨ ᠵᠠᠯᠠᠭᠤ ᠦᠢᠯᠡᠰ ᠪᠣᠰᠬᠠᠭ᠍ᠴᠢᠳ ᠰᠡᠳᠬᠢᠯ ᠳᠣᠭᠳᠣᠯᠤᠨ ᠬᠠᠮᠲᠤ ᠨᠠᠢᠵᠠ᠎ᠳᠤ ᠪᠠᠨ ᠬᠡᠯᠡᠨ᠎ᠡ᠃ ᠣᠢᠯᠠᠭᠠᠭᠰᠠᠨ᠎ᠢᠶᠠᠷ᠂ ᠲᠥᠷᠥᠯ ᠵᠦᠢᠯ᠎ᠤᠨ ᠠᠩᠬᠠᠨ᠎ᠤ ᠨᠡᠭᠡᠭᠡᠭᠰᠡᠨ ᠲᠣᠭᠣᠷᠢᠭ᠋᠎ᠤᠨ ᠨᠠᠷᠢᠯᠢᠭ᠋ ᠴᠢᠮᠡᠭ᠌ᠯᠡᠨ ᠲᠤᠱᠢᠶᠠᠬᠤ ᠨᠢ᠂ ᠲᠦᠭᠡᠭᠡᠨ ᠬᠤᠳᠠᠯᠳᠤᠬᠤ ᠳᠤᠮᠳᠠᠴᠢ ᠦᠨ᠎ᠡ ᠨᠢ 5600 ᠲᠥᠭᠥᠷᠢᠭ / ㎡(ᠨᠢᠭᠡ ᠭᠡᠷ ᠨᠢᠭᠡ ᠦᠨ᠎ᠡ᠎ᠲᠠᠢ)᠂ ᠵᠠᠯᠠᠭᠤᠴᠤᠳ᠎ᠤᠨ ᠭᠡᠷ ᠪᠦᠯᠢ᠎ᠶᠢᠨ ᠳᠠᠷᠤᠯᠲᠠ᠎ᠶᠢ ᠪᠦᠲᠦᠮᠵᠢᠲᠡᠶ ᠪᠠᠭᠤᠷᠠᠭᠤᠯᠵᠤ᠂ 《ᠠᠮᠤᠭᠤᠯᠠᠩ ᠰᠠᠭᠤᠬᠤ ᠬᠦᠰᠡᠯ》᠎ᠢ ᠪᠡᠶᠡᠯᠡᠭᠦᠯᠬᠦ᠎ᠳᠤ ᠬᠦᠴᠦᠨ ᠨᠡᠮᠡᠷᠢᠯᠡᠪᠡ᠃

ᠵᠠᠯᠠᠭᠤᠴᠤᠳ᠎ᠤᠨ ᠨᠡᠢᠭᠡᠮ ᠲᠣᠭᠣᠷᠢᠭ᠋᠎ᠤᠨ ᠳᠣᠲᠣᠭᠠᠳᠤ᠎ᠶᠢᠨ ᠰᠠᠭᠰᠤᠨ ᠪᠥᠮᠪᠥᠭᠡ᠎ᠶᠢᠨ ᠲᠠᠯᠠᠪᠠᠢ᠃ ᠳᠠᠳᠤᠯᠭ᠎ᠠ᠎ᠶᠢᠨ ᠰᠤᠷᠤᠭ᠍ᠴᠢ ᠬᠠᠨ ᠹᠧᠢ ᠶᠤᠸᠠᠢ ᠰᠡᠭᠦᠳᠡᠷᠯᠡᠪᠡ
ᠠᠮᠤᠭᠤᠯᠠᠩ ᠰᠠᠭᠤᠴᠠ᠎ᠶ᠋ᠢᠨ ᠱᠠᠭᠠᠷᠳᠠᠯᠭ᠎ᠠ ᠨᠢ ᠳᠣᠣᠷ᠎ᠠ᠎ᠠᠴᠠ ᠭᠠᠳᠠᠨ᠎ᠠ᠂ ᠨᠡᠢᠭᠡᠮ ᠲᠣᠭᠣᠷᠢᠭ᠋ ᠪᠠᠰᠠ ᠵᠠᠯᠠᠭᠤᠴᠤᠳ᠎ᠤᠨ ᠬᠡᠷᠡᠭᠴᠡᠭᠡ᠎ᠳᠤ ᠣᠨᠣᠪᠴᠢᠲᠠᠢ ᠠᠩᠬᠠᠷᠤᠯ᠎ᠢᠶᠠᠨ ᠲᠥᠪᠯᠡᠷᠡᠭᠦᠯᠵᠦ᠂ ᠠᠮᠢᠵᠢᠷᠠᠯ᠎ᠤᠨ ᠬᠦᠴᠦᠨ᠎ᠲᠠᠢ ᠲᠠᠮᠢᠷ᠎ᠤᠨ ᠭᠦᠶᠦᠯᠲᠡ᠎ᠶᠢᠨ ᠵᠠᠮ᠂ ᠰᠠᠭᠰᠤᠨ ᠪᠥᠮᠪᠥᠭᠡ᠎ᠶᠢᠨ ᠲᠠᠯᠠᠪᠠᠢ᠂ ᠥᠳᠥᠨ ᠪᠥᠮᠪᠥᠭᠡ᠎ᠶᠢᠨ ᠲᠠᠯᠠᠪᠠᠢ ᠵᠡᠷᠭᠡ ᠲᠠᠯᠠᠪᠤᠷ ᠲᠣᠬᠢᠷᠠᠭᠤᠯᠵᠤ᠂ ᠵᠠᠯᠠᠭᠤ ᠠᠵᠤ ᠦᠢᠯᠡᠰ ᠴᠣᠭᠴᠠᠯᠠᠭ᠍ᠴᠢᠶᠢᠨ ᠡᠳᠦᠷ ᠲᠤᠳᠤᠮ᠎ᠤᠨ ᠲᠠᠮᠢᠷ᠎ᠤᠨ ᠬᠥᠳᠡᠯᠭᠡᠭᠡᠨ᠎ᠤ ᠬᠡᠷᠡᠭᠴᠡᠭᠡ᠎ᠶᠢ ᠬᠠᠩᠭᠠᠵᠠᠢ᠃ ᠰᠡᠯᠡᠭᠦᠴᠡᠯ ᠵᠤᠭ᠎ᠠ ᠴᠡᠩᠭᠡᠯ᠎ᠤᠨ ᠲᠠᠯ᠎ᠠ᠎ᠪᠠᠷ᠂ ᠺᠣᠹᠧ᠎ᠶᠢᠨ ᠲᠢᠩᠬᠢᠮ᠂ ᠨᠣᠮ᠎ᠤᠨ ᠪᠠᠭᠠᠷ ᠵᠡᠷᠭᠡ ᠳᠡᠯᠭᠡᠭᠦᠷ ᠪᠠᠢᠭᠤᠯᠤᠨ ᠡᠳᠦᠷ ᠲᠤᠲᠤᠮ᠎ᠤᠨ ᠰᠡᠯᠡᠭᠦᠴᠡᠯ᠎ᠤᠨ ᠬᠡᠷᠡᠭᠴᠡᠭᠡ᠎ᠶᠢ ᠬᠠᠩᠭᠠᠵᠠᠢ᠃ ᠡᠭᠦᠨ᠎ᠢᠶᠠᠷ ᠪᠠᠷᠠᠬᠤ ᠦᠭᠡᠢ᠂ ᠨᠡᠢᠭᠡᠮ ᠲᠣᠭᠣᠷᠢᠭ᠋᠎ᠲᠤ ᠪᠠᠰᠠ ᠵᠠᠯᠠᠭᠤᠴᠤᠳ᠎ᠤᠨ ᠴᠤᠸᠠᠩ ᠺᠧ ᠣᠷᠣᠨ ᠵᠠᠢ᠂ ᠬᠠᠮᠲᠤ ᠪᠠᠷ ᠡᠳ᠋ᠯᠡᠬᠦ᠌ ᠠᠯᠪᠠᠯᠠᠬᠤ ᠣᠷᠣᠨ ᠵᠠᠢ ᠵᠡᠷᠭᠡ ᠭᠠᠵᠠᠷ᠎ᠢ ᠪᠠᠢᠭᠤᠯᠵᠤ᠂ ᠵᠠᠯᠠᠭᠤᠴᠤᠳ᠎ᠤᠨ ᠠᠵᠢᠯ ᠮᠡᠷᠭᠡᠵᠢᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠪᠡ᠃

ᠬᠠᠮᠢᠶ᠎ᠠ ᠪᠦᠬᠦᠢ ᠬᠥᠮᠥᠨ ᠨᠡᠢᠭᠡᠮ ᠲᠣᠭᠣᠷᠢᠭ᠎ᠤᠨ ᠪᠠᠢᠳᠠᠯ᠎ᠢ ᠲᠠᠨᠢᠯᠴᠠᠭᠤᠯᠵᠤ ᠪᠠᠢᠨ᠎ᠠ᠃ ᠳᠠᠳᠤᠯᠭ᠎ᠠ᠎ᠶᠢᠨ ᠰᠤᠷᠤᠭ᠍ᠴᠢ ᠬᠠᠨ ᠹᠧᠢ ᠶᠤᠸᠠᠢ ᠰᠡᠭᠦᠳᠡᠷᠯᠡᠪᠡ
ᠬᠥᠬᠡᠬᠤᠲᠠ᠎ᠶᠢᠨ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠴᠢᠶ᠎ᠠ᠎ᠶᠢᠨ ᠠᠵᠢᠯᠲᠠᠨ ᠢᠯᠡᠷᠬᠡᠢᠯᠡᠬᠦ᠎ᠳᠡᠭᠡᠨ᠂ ᠵᠠᠯᠠᠭᠤᠴᠤᠳ᠎ᠤᠨ ᠨᠡᠢᠭᠡᠮ ᠲᠣᠭᠣᠷᠢᠭ᠋ ᠪᠣᠯ ᠬᠥᠬᠡᠬᠤᠲᠠ᠎ᠶᠢᠨ ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ᠎ᠶᠢᠨ ᠬᠦᠷᠢᠶᠡᠨ᠎ᠳᠠᠬᠢ ᠰᠢᠨ᠎ᠡ᠎ᠶᠢ ᠡᠭᠦᠳᠦᠨ ᠰᠦᠪᠡᠭᠴᠢᠯᠡᠬᠦ ᠪᠠ ᠶᠠᠰᠤ ᠴᠢᠨᠠᠷ᠎ᠢ ᠳᠡᠭᠡᠭᠰᠢᠯᠡᠭᠦᠯᠬᠦ ᠴᠢᠬᠤᠯᠠ ᠦᠢᠯᠡᠳᠦᠯᠭᠡ ᠮᠥᠨ᠃ ᠣᠷᠣᠨ᠎ᠤ ᠲᠥᠪ ᠬᠤᠲᠠ᠎ᠶᠢᠨ ᠵᠠᠯᠠᠭᠤ ᠴᠢᠳᠠᠪᠤᠷᠢᠲᠠᠨ᠎ᠳᠤ ᠵᠢᠵᠢᠭ ᠦᠷᠦᠭᠡ᠂ ᠶᠡᠷᠦᠩᠬᠡᠢ ᠦᠨ᠎ᠡ ᠳᠣᠣᠷ᠎ᠠ᠂ ᠴᠢᠨᠠᠷ ᠰᠠᠢᠲᠠᠢ᠂ ᠪᠦᠷᠢᠨ ᠲᠥᠬᠥᠷ ᠴᠢᠨᠠᠷ ᠰᠠᠢᠲᠠᠢ ᠰᠠᠭᠤᠭᠠᠯᠢ ᠲᠣᠭᠣᠷᠢᠭ᠎ᠢ ᠬᠠᠩᠭᠠᠵᠤ᠂ ᠵᠠᠯᠠᠭᠤᠴᠤᠳ᠎ᠢ ᠬᠥᠬᠡᠬᠤᠲᠠ᠎ᠳᠤ ᠰᠠᠨᠠᠭ᠎ᠠ ᠠᠮᠤᠷ ᠰᠠᠭᠤᠷᠢᠰᠢᠭᠤᠯᠵᠤ᠂ ᠪᠠᠶᠠᠷ ᠪᠠᠶᠠᠰᠬᠤᠯᠠᠩ᠎ᠲᠠᠢ ᠠᠮᠢᠳᠤᠷᠠᠭᠤᠯᠵᠤ᠂ ᠣᠷᠣᠨ᠎ᠤ ᠲᠥᠪ ᠬᠤᠲᠠ᠎ᠶᠢᠨ ᠬᠥᠮᠥᠰ᠎ᠲᠤ ᠣᠷᠣᠰᠢᠨ ᠰᠠᠭᠤᠬᠤ ᠪᠠᠲᠤ ᠪᠡᠬᠢ ᠪᠠᠲᠤᠯᠠᠭ᠎ᠠ ᠬᠠᠩᠭᠠᠭᠰᠠᠨ ᠪᠥᠭᠡᠳ ᠣᠷᠣᠨ᠎ᠤ ᠲᠥᠪ ᠬᠤᠲᠠ᠎ᠶᠢᠨ ᠴᠢᠨᠠᠷ ᠰᠠᠢᠲᠠᠢ ᠬᠥᠭᠵᠢᠯᠲᠡ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢ ᠬᠤᠷᠠᠮᠳᠤᠭᠤᠯᠤᠭᠰᠠᠨ ᠪᠠᠢᠨ᠎ᠠ᠃