ᠲᠢᠩᠬᠢᠮ᠎ᠤᠨ ᠳᠣᠲᠣᠭ᠋ᠠᠳᠤ ᠵᠢᠨ ᠪᠠᠢ᠌ᠭᠣᠯᠣᠮᠵᠢ
2024-01-04

ᠲᠢᠩᠬᠢᠮ᠎ᠤᠨ ᠳᠣᠲᠣᠭ᠋ᠠᠳᠤ ᠵᠢᠨ ᠪᠠᠢ᠌ᠭᠣᠯᠣᠮᠵᠢ

 

ᠠᠯᠪᠠᠨ ᠭᠡᠷ 

ᠪᠠᠶ᠋ᠢᠭᠤᠯᠭ᠎ᠠ ᠵᠢᠨ ᠡᠳᠦᠷ ᠲᠤᠲᠤᠮ᠎ᠤᠨ ᠠᠵᠢᠯᠯᠠᠭ᠋ᠠᠨ᠎ᠢ ᠬᠠᠷᠢᠭᠤᠴᠠᠵᠤ᠂ ᠨᠢᠭᠤᠴᠠ ᠵᠢ ᠬᠠᠮᠠᠭ᠋ᠠᠯᠠᠬᠤ᠂ ᠮᠡᠳᠡᠭᠡ ᠵᠠᠩᠭᠢ ᠵᠢᠨ ᠤᠬᠠᠭᠤᠯᠭ᠎ᠠ᠂ ᠵᠠᠬᠢᠳᠠᠯ ᠰᠤᠷᠪᠤᠯᠵᠢᠯᠠᠯ᠎ᠢ ᠶᠡᠷᠦᠩᠬᠡᠶ᠋ᠢᠯᠡᠨ ᠵᠠᠰᠠᠬᠤ᠂ ᠪᠠᠶ᠋ᠢᠭᠤᠯᠭ᠎ᠠ ᠵᠢᠨ ᠡᠳ᠋᠎ᠤᠨ ᠶᠠᠪᠤᠳᠠᠯ᠂ ᠰᠢᠮᠳᠠᠭᠤᠯᠤᠨ ᠪᠠᠶ᠋ᠢᠴᠠᠭ᠋ᠠᠵᠤ ᠰᠢᠮᠳᠠᠭᠤᠯᠤᠨ ᠭᠦᠢ᠍ᠴᠡᠳᠭᠡᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠡᠷᠭᠡ ᠠᠵᠢᠯ᠎ᠢ ᠡᠭᠦᠷᠭᠡᠯᠡᠨ᠎ᠡ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠤᠨ ᠵᠣᠬᠢᠴᠠᠭᠤᠯᠤᠨ᠎ᠠ᠃

 

ᠠᠵᠢᠯᠲᠠᠨ᠎ᠤ ᠶᠠᠪᠤᠳᠠᠯ᠎ᠤᠨ ᠭᠠᠵᠠᠷ 

ᠪᠠᠶ᠋ᠢᠭᠤᠯᠭ᠎ᠠ ᠪᠣᠯᠤᠨ ᠬᠠᠷᠢᠶ᠎ᠠ ᠨᠢᠭᠡᠴᠢ ᠵᠢᠨ ᠺᠠᠳ᠋ᠷ ᠠᠵᠢᠯᠲᠠᠨ᠎ᠤ ᠶᠠᠪᠤᠳᠠᠯ᠂ ᠪᠠᠶ᠋ᠢᠭᠤᠯᠤᠮᠵᠢ ᠵᠢᠨ ᠣᠷᠣᠨ ᠲᠣᠭ᠎ᠠ᠂ ᠬᠥᠳᠡᠯᠮᠦᠷᠢ ᠵᠢᠨ ᠴᠠᠯᠢᠩ᠂ ᠮᠡᠷᠭᠡᠵᠢᠯ᠎ᠤᠨ ᠴᠣᠯᠠ ᠵᠢᠨ ᠬᠠᠮᠢᠶᠠᠷᠤᠯᠲᠠ᠂ ᠬᠥᠮᠦᠵᠢᠯ ᠪᠣᠯᠪᠠᠰᠤᠷᠠᠯ ᠵᠡᠷᠭᠡ ᠠᠵᠢᠯ᠎ᠢ ᠬᠠᠷᠢᠭᠤᠴᠠᠨ᠎ᠠ᠃ ᠠᠵᠢᠯ ᠲᠥᠷᠥᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠪᠠ ᠬᠥᠭᠵᠢᠭᠦᠯᠬᠦ ᠲᠥᠷᠥ ᠵᠢᠨ ᠪᠣᠳᠣᠯᠭ᠎ᠠ᠂ ᠲᠦᠯᠦᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠯᠤᠰ᠎ᠤᠨ ᠠᠵᠢᠯ ᠲᠦᠷᠦᠯ᠎ᠤᠨ ᠠᠵᠢᠯ ᠮᠡᠷᠭᠡᠵᠢᠯ᠎ᠤᠨ ᠪᠠᠷᠢᠮᠵᠢᠶ᠎ᠠ᠂ ᠠᠵᠢᠯ ᠡᠷᠬᠢᠯᠡᠬᠦ ᠬᠢᠷᠢ ᠬᠡᠮ᠎ᠤᠨ ᠪᠠᠷᠢᠮᠵᠢᠶ᠎ᠠ᠂ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠪᠠᠷᠢᠮᠵᠢᠶ᠎ᠠ ᠵᠢ ᠵᠢᠯᠣᠭᠣᠳᠤᠨ ᠬᠡᠷᠡᠭᠵᠢᠭᠦᠯᠦᠨ᠎ᠡ᠃

 

ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ 

ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠣᠷᠣᠨ ᠨᠤᠲᠤᠭ᠎ᠤᠨ ᠴᠢᠨᠠᠷᠲᠠᠶ ᠬᠠᠤᠯᠢ ᠲᠤᠭᠳᠠᠭ᠋ᠠᠯ᠂ ᠳᠦᠷᠢᠮ ᠲᠣᠭᠲᠠᠭ᠋ᠠᠯ᠎ᠤᠨ ᠲᠥᠰᠦᠯ᠎ᠢ ᠵᠣᠬᠢᠶᠠᠨ ᠪᠠᠶ᠋ᠢᠭᠤᠯᠤᠨ ᠲᠤᠭᠤᠷᠪᠢᠨ᠎ᠠ᠃ ᠣᠷᠣᠨ ᠰᠠᠭᠤᠴᠠ ᠪᠣᠯᠤᠨ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠶᠡᠬᠡ ᠲᠥᠷᠥ ᠵᠢᠨ ᠪᠤᠳᠤᠯᠭ᠎ᠠ ᠵᠢᠨ ᠰᠤᠳᠤᠯᠤᠯ᠎ᠢ ᠡᠭᠦᠷᠭᠡᠯᠡᠨ᠎ᠡ᠃ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠢ ᠵᠣᠬᠢᠴᠠᠭᠤᠯᠤᠨ᠎ᠠ᠃ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ᠂ ᠡᠷᠬᠡ ᠲᠡᠭᠰᠢ᠎ᠪᠠᠷ ᠥᠷᠢᠰᠦᠯᠳᠦᠬᠦ ᠵᠢ ᠬᠢᠨᠠᠨ ᠪᠠᠶ᠋ᠢᠴᠠᠭ᠋ᠠᠬᠤ᠂ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠵᠡᠷᠭᠡ ᠠᠵᠢᠯ᠎ᠢ ᠡᠭᠦᠷᠭᠡᠯᠡᠨ᠎ᠡ᠃ ᠪᠥᠬᠥ ᠣᠷᠣᠨ᠎ᠤ ᠠᠵᠢᠯ ᠲᠥᠷᠥᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠵᠢᠯᠣᠭᠣᠳᠤᠨ᠎ᠠ᠃ ᠬᠠᠤᠯᠢ ᠲᠣᠭᠲᠠᠭ᠋ᠠᠯ᠎ᠢ ᠵᠥᠷᠢᠴᠡᠭᠰᠡᠨ ᠬᠦᠨᠳᠦ ᠶᠡᠬᠡ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ ᠤᠷᠤᠯᠴᠠᠨ᠎ᠠ᠃

 

ᠲᠦᠯᠦᠪᠯᠡᠯᠭᠡᠳᠦ ᠡᠳ᠋᠎ᠤᠨ ᠶᠠᠪᠤᠳᠠᠯ᠎ᠤᠨ ᠭᠠᠵᠠᠷ

ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠬᠥᠭᠵᠢᠯᠲᠡ ᠵᠢᠨ ᠤᠷᠲᠤᠪᠲᠤᠷ ᠪᠠ ᠤᠷᠲᠤ ᠬᠤᠭᠤᠴᠠᠭ᠋ᠠᠨ᠎ᠤ ᠲᠥᠯᠦᠪᠵᠢᠭᠦᠯᠭᠡ᠂ ᠬᠣᠲᠠ ᠵᠢᠨ ᠶᠠᠪᠤᠳᠠᠯ᠎ᠤᠨ ᠨᠡᠢ᠍ᠢ᠍ᠲᠡ ᠵᠢᠨ ᠬᠡᠷᠡᠭᠯᠡᠭᠡᠨ᠎ᠤ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠲᠦᠯᠦᠪᠵᠢᠭᠦᠯᠭᠡ ᠪᠠ ᠣᠨ᠎ᠤ ᠲᠥᠯᠥᠪᠯᠡᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠵᠢᠯᠣᠭᠣᠳᠤᠨ ᠬᠡᠷᠡᠭᠵᠢᠭᠦᠯᠦᠨ᠎ᠡ᠃ ᠲᠤᠰ ᠱᠠᠲᠤᠨ᠎ᠤ ᠪᠦᠲᠦᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠡᠯ᠎ᠡ ᠵᠦᠢ᠍ᠯ᠎ᠤᠨ ᠪᠡᠯᠡ ᠮᠥᠩᠭᠥ ᠪᠣᠯᠤᠨ ᠳᠣᠲᠣᠭ᠋ᠠᠳᠤ ᠵᠢᠨ ᠬᠢᠨᠠᠨ ᠪᠣᠳᠣᠯᠲᠠ ᠵᠢ ᠶᠡᠷᠦᠩᠬᠡᠶ᠋ᠢᠯᠡᠨ ᠬᠠᠮᠢᠶᠠᠷᠬᠤ ᠵᠢ ᠬᠠᠷᠢᠭᠤᠴᠠᠨ᠎ᠠ᠃ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠰᠢᠰᠲ᠋ᠧᠮ᠎ᠤᠨ ᠰᠦᠢ᠍ᠳᠭᠡᠯ ᠬᠤᠷᠢᠶᠠᠬᠤ ᠬᠠᠮᠢᠶᠠᠷᠤᠯᠳᠠ ᠵᠢᠨ ᠠᠵᠢᠯ᠎ᠢ   ᠬᠠᠷᠢᠭᠤᠴᠠᠨ᠎ᠠ᠃ ᠲᠢᠩᠬᠢᠮ᠎ᠤᠨ ᠬᠠᠷᠢᠶ᠎ᠠ  ᠨᠢᠭᠡᠴᠢ ᠵᠢᠨ ᠡᠳ᠋᠎ᠤᠨ ᠶᠠᠪᠤᠳᠠᠯ᠎ᠤᠨ ᠬᠠᠮᠢᠶᠠᠷᠤᠯᠲᠠ᠂ ᠡᠳ᠋ ᠬᠥᠷᠥᠩᠭᠡ ᠵᠢᠨ ᠬᠠᠮᠢᠶᠠᠷᠤᠯᠳᠠ ᠵᠢᠨ ᠠᠵᠢᠯ᠎ᠢ ᠵᠢᠯᠣᠭᠣᠳᠤᠨ ᠬᠢᠨᠠᠯᠲᠠ ᠲᠠᠯᠪᠢᠨ᠎ᠠ᠃ ᠠᠵᠢᠯ ᠦᠢ᠍ᠯᠡᠰ᠎ᠤᠨ ᠲᠣᠭ᠎ᠠ ᠪᠦᠷᠢᠳᠬᠡᠯ᠂ ᠵᠠᠳᠠᠯᠤᠨ ᠲᠣᠬᠢᠷᠠᠭᠤᠯᠬᠤ ᠪᠠ ᠭᠠᠳᠠᠭ᠋ᠠᠳᠤ᠎ᠲᠠᠢ ᠬᠠᠮᠲᠤᠷᠠᠯᠴᠠᠬᠤ ᠵᠡᠷᠭᠡ ᠠᠵᠢᠯ᠎ᠢ ᠬᠠᠷᠢᠭᠤᠴᠠᠨ᠎ᠠ᠃

 

ᠣᠷᠣᠨ ᠰᠠᠭᠤᠴᠠ ᠵᠢᠨ ᠪᠠᠲᠤᠯᠠᠭ᠎ᠠ ᠬᠢᠭᠡᠳ  ᠨᠡᠢ᠌ᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠬᠢᠨᠠᠯᠲᠠ ᠬᠠᠮᠢᠶᠠᠷᠤᠯᠲᠠ ᠵᠢᠨ ᠭᠠᠵᠠᠷ

ᠣᠷᠣᠨ ᠰᠠᠭᠤᠴᠠ ᠵᠢᠨ ᠳᠦᠷᠢᠮ᠎ᠤᠨ ᠥᠭᠡᠷᠡᠴᠢᠯᠡᠯᠲᠡ ᠪᠣᠯᠤᠨ ᠣᠷᠣᠨ ᠰᠠᠭᠤᠴᠠ ᠵᠢᠨ ᠪᠠᠲᠤᠯᠠᠭ᠎ᠠ ᠵᠢᠨ ᠲᠥᠷᠥ ᠵᠢᠨ ᠪᠤᠳᠤᠯᠭ᠎ᠠ ᠵᠢ ᠵᠣᠬᠢᠶᠠᠨ ᠪᠠᠶ᠋ᠢᠭᠤᠯᠤᠨ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ᠎ᠤ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠵᠢᠨ ᠲᠦᠯᠦᠪᠵᠢᠭᠦᠯᠭᠡ ᠪᠣᠯᠤᠨ ᠣᠨ᠎ᠤ ᠲᠥᠯᠥᠪᠯᠡᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠯᠳᠠ ᠲᠠᠯᠪᠢᠵᠤ ᠬᠡᠷᠡᠭᠵᠢᠭᠦᠯᠦᠨ᠎ᠡ᠃ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠵᠢ ᠵᠢᠯᠣᠭᠣᠳᠤᠨ᠎ᠠ᠃ ᠲᠥᠪ ᠪᠣᠯᠤᠨ ᠥᠪᠡᠷᠲᠡᠭᠡᠨ ᠵᠠᠰᠠᠬᠤ ᠣᠷᠣᠨ᠎ᠤ ᠪᠠᠲᠤᠯᠠᠭ᠎ᠠ ᠵᠢᠨ ᠴᠢᠨᠠᠷᠲᠠᠶ ᠬᠢᠮᠳᠠ ᠣᠷᠣᠨ ᠰᠠᠭᠤᠴᠠ ᠵᠢᠨ ᠲᠦᠷᠦᠯ ᠵᠦᠢ᠍ᠯ᠎ᠤᠨ ᠪᠡᠯᠡ ᠮᠥᠩᠭᠥ ᠵᠢᠨ ᠲᠣᠬᠢᠷᠠᠭᠤᠯᠤᠯᠲᠠ ᠵᠢᠨ ᠬᠣᠯᠪᠣᠭᠳᠠᠯ ᠪᠦᠬᠦᠢ  ᠵᠦᠢ᠍ᠯᠡᠰ᠎ᠢ ᠳᠠᠭ᠋ᠠᠭ᠋ᠠᠨ ᠡᠷᠬᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ (  ᠨᠢᠭᠡᠴᠢ)᠎ᠤᠨ ᠣᠷᠣᠨ ᠰᠠᠭᠤᠴᠠ ᠵᠢᠨ ᠨᠦᠬᠦᠪᠦᠷᠢ ᠵᠢ ᠬᠢᠨᠠᠨ ᠬᠠᠷᠭᠤᠭᠤᠯᠬᠤ ᠠᠵᠢᠯ᠎ᠢ ᠬᠠᠷᠢᠭᠤᠴᠠᠨ᠎ᠠ᠃ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠲᠤᠰᠢᠶᠠᠨ ᠬᠠᠳᠠᠭ᠋ᠠᠯᠠᠭᠤᠯᠬᠤ᠂ ᠬᠡᠷᠡᠭᠯᠡᠬᠦ᠂ ᠬᠠᠮᠢᠶᠠᠷᠬᠤ᠂ ᠬᠢᠨᠠᠯᠲᠠ ᠲᠠᠯᠪᠢᠬᠤ ᠵᠡᠷᠭᠡ ᠳᠦᠷᠢᠮ ᠲᠣᠭᠲᠠᠭ᠋ᠠᠯ᠎ᠢ ᠲᠤᠭᠤᠷᠪᠢᠨ ᠲᠣᠭᠲᠠᠭ᠋ᠠᠨ᠎ᠠ᠃ ᠪᠥᠬᠦ ᠣᠷᠣᠨ᠎ᠤ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠪᠠ ᠪᠤᠰᠤᠳ ᠣᠷᠣᠨ ᠰᠠᠭᠤᠴᠠ ᠵᠢᠨ ᠪᠠᠯᠠ ᠮᠥᠩᠭᠦ ᠵᠢᠨ ᠬᠠᠮᠢᠶᠠᠷᠬᠤ᠂ ᠬᠡᠷᠡᠭᠯᠡᠬᠦ ᠪᠠ ᠠᠮᠤᠷ ᠲᠦᠪᠰᠢᠨ᠎ᠳᠤ ᠬᠢᠨᠠᠯᠲᠠ ᠲᠠᠯᠪᠢᠨ᠎ᠠ᠃ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠠᠵᠢᠯ ᠪᠠ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠵᠢᠯᠣᠭᠤᠳᠤᠨ᠎ᠠ᠃ 

 

ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠭᠠᠵᠠᠷ

ᠭᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠬᠥᠭᠵᠢᠯᠲᠡ ᠵᠢᠨ ᠲᠦᠯᠦᠪᠵᠢᠭᠦᠯᠭᠡ ᠪᠠ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠬᠢᠷᠠᠭᠤᠯᠭ᠎ᠠ ᠡᠵᠡᠮᠰᠢᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠡᠷ ᠪᠠᠶ᠋ᠢᠰᠢᠩ ᠲᠠᠲᠠᠪᠤᠷᠢᠯᠠᠬᠤ᠂ ᠭᠡᠷ ᠪᠠᠶ᠋ᠢᠰᠢᠩ ᠠᠷᠠᠯᠵᠢᠶᠠᠯᠠᠬᠤ᠂ ᠭᠡᠷ ᠪᠠᠶ᠋ᠢᠰᠢᠩ ᠵᠠᠭᠤᠴᠢᠯᠠᠬᠤ ᠵᠢᠨ ᠳᠦᠷᠢᠮ ᠲᠣᠭᠲᠠᠭ᠋ᠠᠯ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠦ ᠬᠡᠷᠡᠭᠵᠢᠭᠦᠯᠦᠨ᠎ᠡ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠬᠢᠬᠦ᠂ ᠭᠡᠷ ᠪᠠᠶ᠋ᠢᠰᠢᠩ᠎ᠢ ᠤᠷᠢᠳᠴᠢᠯᠠᠨ ᠪᠣᠷᠣᠯᠠᠭᠤᠯᠬᠤ᠂ ᠠᠰᠠᠷ᠎ᠤᠨ ᠦᠨ᠎ᠡ ᠬᠠᠩᠰᠢ ᠵᠢᠨ ᠬᠦᠰᠦᠨᠦᠭᠲᠦ ᠪᠠᠶ᠋ᠢᠭᠤᠯᠬᠤ᠂ ᠭᠡᠷ ᠪᠠᠶ᠋ᠢᠰᠢᠩ ᠬᠤᠳᠠᠯᠳᠤᠨ ᠠᠪᠬᠤ ᠬᠢᠷᠢ ᠬᠡᠮ᠎ᠢ᠎ᠨᠢ ᠬᠠᠷᠭᠤᠭᠤᠯᠬᠤ᠂ ᠭᠡᠷ ᠪᠠᠶ᠋ᠢᠰᠢᠩ᠎ᠤᠨ ᠢᠷᠡᠯᠲᠡ ᠵᠢ ᠰᠢᠯᠭ᠋ᠠᠨ ᠬᠢᠨᠠᠬᠤ᠂ ᠭᠡᠷ ᠪᠠᠶ᠋ᠢᠰᠢᠩ᠎ᠤᠨ ᠠᠷᠠᠯᠵᠢᠶᠠᠨ᠎ᠤ ᠭᠡᠷ᠎ᠡ ᠵᠢᠨ ᠰᠦᠯᠵᠢᠶᠡᠨ ᠳᠡᠭᠡᠷ᠎ᠡ ᠭᠠᠷ᠎ᠤᠨ ᠦᠰᠦᠭ ᠵᠢᠷᠤᠵᠤ ᠳᠠᠩᠰᠠᠯᠠᠬᠤ᠂ ᠭᠡᠷ ᠪᠠᠶ᠋ᠢᠰᠢᠩ᠎ᠤᠨ ᠠᠷᠠᠯᠵᠢᠶᠠᠨ᠎ᠤ ᠪᠡᠯᠡ ᠮᠥᠩᠭᠥ ᠵᠢ ᠬᠢᠨᠠᠨ ᠬᠠᠮᠢᠶᠠᠷᠬᠤ ᠵᠢᠴᠢ ᠭᠡᠷ ᠪᠠᠶ᠋ᠢᠰᠢᠩ᠎ᠢ ᠪᠠᠷᠢᠴᠠᠭ᠋ᠠᠯᠠᠬᠤ ᠵᠡᠷᠭᠡ ᠲᠣᠭᠲᠠᠭ᠋ᠠᠯ᠎ᠢ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠵᠢ ᠬᠠᠷᠢᠭᠤᠴᠠᠨ᠎ᠠ᠃ ᠪᠦᠬᠦ ᠣᠷᠣᠨ᠎ᠤ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠵᠢᠨ ᠰᠢᠰᠲ᠋ᠧᠮ ᠪᠠ ᠬᠤᠪᠢ ᠬᠥᠮᠦᠨ᠎ᠤ ᠣᠷᠣᠨ ᠰᠠᠭᠤᠴᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠬᠠᠮᠢᠶᠠᠷᠤᠨ᠎ᠠ᠃

 

ᠪᠠᠷᠢᠮᠵᠢᠶᠠᠲᠤ ᠨᠤᠷᠮ᠎ᠠ ᠲᠣᠭᠲᠠᠭ᠋ᠠᠬᠤ ᠪᠠ ᠡᠨᠧᠷᠬᠢ ᠠᠷᠪᠢᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ 

ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠣᠷᠣᠨ ᠨᠤᠲᠤᠭ᠎ᠤᠨ ᠪᠠᠷᠢᠮᠵᠢᠶ᠎ᠠ ᠵᠢ ᠵᠣᠬᠢᠶᠠᠨ ᠪᠠᠶ᠋ᠢᠭᠤᠯᠤᠨ ᠨᠠᠢ᠌ᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ᠎ᠤ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠣᠭᠲᠠᠭᠰᠠᠨ ᠲᠣᠭ᠎ᠠ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠨᠡᠢ᠌ᠳᠡᠯᠡᠨ᠎ᠡ᠃ ᠪᠦᠲᠦᠭᠡᠨ ᠪᠠᠶ᠋ᠢᠭᠤᠯᠬᠤ ᠪᠠᠷᠢᠮᠵᠢᠶ᠎ᠠ ᠪᠣᠯᠤᠨ ᠪᠠᠷᠢᠯᠭ᠎ᠠ ᠵᠢᠨ ᠪᠠᠶ᠋ᠢᠭᠤᠯᠤᠭᠰᠠᠨ ᠦᠨ᠎ᠡ ᠵᠢᠨ ᠬᠠᠮᠢᠶᠠᠷᠤᠯᠲᠠ ᠵᠢᠨ ᠳᠦᠷᠢᠮ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠵᠢᠨ ᠪᠠᠶ᠋ᠢᠭᠤᠯᠤᠭᠰᠠᠨ ᠦᠨ᠎ᠡ ᠵᠢᠨ ᠮᠡᠳᠡᠭᠡ ᠵᠠᠩᠭᠢ ᠵᠢ ᠵᠣᠬᠢᠶᠠᠨ ᠪᠠᠶ᠋ᠢᠭᠤᠯᠤᠨ ᠨᠡᠶ᠋ᠢᠲᠡᠯᠡᠨ᠎ᠡ᠃ ᠪᠠᠷᠢᠯᠭ᠎ᠠ ᠵᠢᠨ ᠪᠠᠶ᠋ᠢᠭᠤᠯᠤᠭᠰᠠᠨ ᠦᠨ᠎ᠡ ᠵᠢᠨ ᠯᠠᠪᠯᠠᠯᠭ᠎ᠠ ᠥᠭᠬᠦ ᠨᠢᠭᠡᠴᠢ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠰᠢᠨ᠎ᠡ ᠬᠡᠯᠪᠡᠷᠢ ᠵᠢᠨ ᠬᠡᠷᠡᠮ᠎ᠤᠨ ᠮᠠᠲ᠋ᠧᠷᠢᠶᠠᠯ᠎ᠤᠨ ᠬᠥᠭᠵᠢᠯᠲᠡ ᠵᠢᠨ ᠠᠵᠢᠯ᠎ᠢ ᠵᠢᠯᠣᠭᠣᠳᠤᠨ᠎ᠠ᠃ ᠪᠠᠷᠢᠯᠭ᠎ᠠ ᠵᠢᠨ ᠡᠨᠧᠷᠬᠢ ᠠᠷᠪᠢᠯᠠᠬᠤ ᠲᠥᠷᠥᠯ ᠵᠦᠢ᠍ᠯ ᠎ᠢ ᠮᠡᠳᠡᠭᠦᠯᠬᠦ ᠵᠢ ᠵᠣᠬᠢᠶᠠᠨ ᠪᠠᠶ᠋ᠢᠭᠤᠯᠤᠨ ᠮᠡᠳᠡᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ᠂ ᠪᠣᠬᠢᠷᠲᠤᠯ ᠥᠬᠡᠶ ᠪᠠᠷᠢᠯᠭ᠎ᠠ ᠵᠢ ᠬᠥᠭᠵᠢᠭᠦᠯᠬᠦ ᠵᠢ ᠵᠢᠯᠣᠭᠣᠳᠬᠤ ᠵᠢᠨ ᠬᠠᠮᠲᠤ ᠦᠨᠡᠯᠡᠭᠰᠡᠨ ᠲᠡᠮᠳᠡᠭ᠎ᠲᠤ ᠬᠢᠨᠠᠯᠲᠠ ᠬᠠᠮᠢᠶᠠᠷᠤᠯᠲᠠ ᠬᠢᠨ᠎ᠠ᠃ ᠡᠨᠧᠷᠭᠢ ᠠᠷᠪᠢᠯᠠᠬᠤ ᠲᠤᠰᠬᠠᠶ ᠵᠦᠢ᠍ᠯ᠎ᠤᠨ ᠪᠡᠯᠡ ᠮᠥᠩᠭᠥ ᠵᠢ ᠬᠠᠮᠵᠢᠯᠴᠠᠨ ᠲᠣᠬᠢᠷᠠᠭᠤᠯᠤᠨ᠎ᠠ᠃ ᠠᠵᠢᠯ ᠲᠦᠷᠦᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠬᠢᠭᠡᠳ ᠦᠷ᠎ᠡ ᠪᠦᠲᠦᠭᠡᠯ᠎ᠢ ᠬᠤᠪᠢᠷᠠᠭᠤᠯᠬᠤ ᠪᠠ ᠰᠢᠨ᠎ᠡ ᠮᠡᠷᠭᠡᠵᠢᠯ ᠂ ᠰᠢᠨ᠎ᠡ ᠦᠢ᠍ᠯᠡᠳᠬᠦᠨ᠎ᠢ ᠳᠡᠯᠭᠡᠷᠡᠭᠦᠯᠦᠨ ᠬᠡᠷᠡᠭᠯᠡᠬᠦ ᠵᠢ ᠵᠢᠯᠣᠭᠣᠳᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠯ᠎ᠠ᠎ᠪᠠᠷ ᠬᠠᠮᠲᠤᠷᠠᠨ ᠠᠵᠢᠯᠯᠠᠬᠤ᠂ ᠣᠷᠣᠭᠤᠯᠵᠤ ᠠᠪᠴᠢᠷᠠᠬᠤ ᠪᠠ ᠰᠢᠨ᠎ᠡ ᠵᠢ ᠡᠭᠦᠳᠬᠦ ᠠᠵᠢᠯ᠎ᠢ ᠵᠣᠬᠢᠶᠠᠨ ᠪᠠᠶ᠋ᠢᠭᠤᠯᠤᠨ᠎ᠠ᠃  ᠰᠢᠨ᠎ᠡ ᠮᠠᠶᠢᠭ᠎ᠤᠨ ᠬᠡᠷᠡᠮ᠎ᠤᠨ ᠮᠠᠲ᠋ᠧᠷᠢᠶᠠᠯ᠎ᠢ ᠬᠥᠭᠵᠢᠭᠦᠯᠬᠦ ᠠᠵᠢᠯ᠎ᠢ ᠵᠢᠯᠣᠭᠤᠳᠤᠨ᠎ᠠ᠃ ᠪᠠᠷᠢᠯᠭ᠎ᠠ ᠵᠢᠨ ᠡᠨᠧᠷᠭᠢ ᠠᠷᠪᠢᠯᠠᠬᠤ ᠲᠥᠷᠥᠯ ᠵᠦᠢ᠍ᠯ᠎ᠢ ᠵᠣᠬᠢᠶᠠᠨ ᠪᠠᠶ᠋ᠢᠭᠤᠯᠤᠨ ᠭᠤᠶᠤᠴᠢᠯᠠᠨ ᠮᠡᠳᠡᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ᠂ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ ᠵᠢ ᠵᠢᠯᠣᠭᠤᠳᠬᠤ ᠵᠢᠨ ᠬᠠᠮᠲᠤ ᠦᠨᠡᠯᠡᠭᠰᠡᠨ ᠲᠡᠮᠳᠡᠭ᠎ᠲᠤ ᠬᠢᠨᠠᠯᠲᠠ ᠲᠠᠯᠪᠢᠵᠤ ᠬᠠᠮᠢᠶᠠᠷᠤᠨ᠎ᠠ᠃ ᠡᠨᠧᠷᠭᠢ ᠠᠷᠪᠢᠯᠠᠬᠤ ᠲᠤᠰᠬᠠᠶ ᠵᠦᠢ᠍ᠯ᠎ᠤᠨ ᠪᠡᠯᠡ ᠮᠥᠩᠭᠥ ᠵᠢ ᠬᠠᠮᠵᠢᠯᠴᠠᠨ ᠲᠣᠬᠢᠷᠠᠭᠤᠯᠤᠨ᠎ᠠ᠃ ᠠᠵᠢᠯ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠬᠢᠭᠡᠳ ᠦᠷ᠎ᠡ ᠪᠦᠲᠦᠭᠡᠯ᠎ᠢ ᠬᠤᠪᠢᠷᠠᠭᠤᠯᠬᠤ ᠪᠠ ᠰᠢᠨ᠎ᠡ ᠮᠡᠷᠭᠡᠵᠢᠯ᠂ ᠰᠢᠨ᠎ᠡ ᠦᠢ᠍ᠯᠡᠳᠬᠦᠨ᠎ᠢ ᠳᠡᠯᠭᠡᠷᠡᠭᠦᠯᠦᠨ ᠬᠡᠷᠡᠭᠯᠡᠬᠦ ᠵᠢ ᠵᠢᠯᠣᠭᠤᠳᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ᠂ ᠣᠷᠣᠭᠤᠯᠵᠤ ᠢᠷᠡᠬᠦ ᠪᠠ ᠰᠢᠨ᠎ᠡ ᠵᠢ ᠡᠭᠦᠳᠬᠦ ᠠᠵᠢᠯ᠎ᠢ ᠵᠣᠬᠢᠶᠠᠨ ᠪᠠᠶ᠋ᠢᠭᠤᠯᠤᠨ᠎ᠠ᠃

 

ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠭᠠᠵᠠᠷ  

ᠪᠠᠷᠢᠯᠭ᠎ᠠ ᠵᠢᠨ ᠵᠠᠬ᠎ᠠ ᠳᠡᠯᠭᠡᠭᠦᠷ᠂ ᠭᠡᠷ ᠪᠠᠶ᠋ᠢᠰᠢᠩ᠎ᠤᠨ ᠪᠠᠷᠢᠯᠭ᠎ᠠ ᠪᠣᠯᠤᠨ ᠬᠣᠲᠠ ᠵᠢᠨ ᠶᠠᠪᠤᠳᠠᠯ᠎ᠤᠨ ᠪᠠᠷᠢᠯᠭ᠎ᠠ ᠵᠢᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ᠂ ᠪᠦᠲᠦᠭᠡᠨ ᠪᠠᠶ᠋ᠢᠭᠤᠯᠤᠯᠲᠠ ᠵᠢᠨ ᠬᠢᠨᠠᠨ ᠬᠠᠮᠢᠶᠠᠷᠤᠯᠳᠠ᠂ ᠭᠡᠷ᠎ᠡ ᠵᠢᠨ ᠬᠠᠮᠢᠶᠠᠷᠤᠯᠲᠠ᠂ ᠪᠠᠷᠢᠯᠭ᠎ᠠ ᠵᠢᠨ ᠬᠠᠮᠢᠶᠠᠷᠤᠯᠲᠠ ᠵᠡᠷᠭᠡ ᠲᠠᠯ᠎ᠠ ᠵᠢᠨ ᠲᠥᠷᠥ ᠵᠢᠨ ᠪᠤᠳᠤᠯᠭ᠎ᠠ ᠪᠣᠯᠤᠨ ᠳᠦᠷᠢᠮ ᠲᠣᠭᠲᠠᠭ᠋ᠠᠯ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠶ᠋ᠢᠨ ᠪᠠᠶ᠋ᠢᠴᠠᠭ᠋ᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠵᠠᠰᠠᠵᠤ ᠴᠢᠮᠡᠭᠯᠡᠬᠦ᠂ ᠭᠡᠷ᠎ᠤᠨ ᠳᠣᠲᠣᠷᠠᠬᠢ ᠵᠠᠰᠠᠯ ᠴᠢᠮᠡᠭᠯᠡᠯ᠂ ᠪᠦᠲᠦᠭᠡᠨ ᠪᠠᠶ᠋ᠢᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ᠂ ᠳᠦᠷᠢᠮ ᠲᠣᠭᠲᠠᠭ᠋ᠠᠯ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠂ ᠭᠡᠷ ᠳᠣᠲᠣᠷᠠᠬᠢ ᠵᠠᠰᠠᠯ ᠴᠢᠮᠡᠭᠯᠡᠯ᠎ᠤᠨ ᠠᠵᠤ ᠠᠬᠤᠶ᠋ᠢᠯᠠᠯ᠂ ᠬᠠᠶ᠋ᠢᠨ ᠪᠠᠶ᠋ᠢᠴᠠᠭ᠋ᠠᠵᠤ ᠵᠢᠷᠤᠭᠯᠠᠨ ᠲᠥᠯᠥᠪᠯᠡᠬᠦ ᠵᠢᠨ ᠯᠠᠪᠯᠠᠭ᠎ᠠ ᠥᠭᠬᠦ  ᠨᠢᠭᠡᠴᠢ᠂ ᠪᠦᠲᠦᠭᠡᠨ ᠪᠠᠶ᠋ᠢᠭᠤᠯᠤᠯᠲᠠ ᠵᠢᠨ ᠬᠢᠨᠠᠨ ᠬᠠᠮᠢᠶᠠᠷᠬᠤ ᠨᠢᠭᠡᠴᠡ ᠵᠢᠨ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ᠎ᠠ᠃

 

ᠪᠠᠷᠢᠯᠭ᠎ᠠ ᠵᠢᠨ ᠶᠠᠰᠤ ᠴᠢᠨᠠᠷ᠎ᠤᠨ ᠠᠶᠦᠯᠭᠦᠢ ᠵᠢᠨ ᠬᠢᠨᠠᠯᠲᠠ ᠬᠠᠮᠢᠶᠠᠷᠤᠯᠲᠠ ᠵᠢᠨ ᠭᠠᠵᠠᠷ 

ᠪᠠᠷᠢᠯᠭ᠎ᠠ ᠵᠢᠨ ᠶᠠᠰᠤ ᠴᠢᠨᠠᠷ᠂ ᠪᠠᠷᠢᠯᠭ᠎ᠠ ᠵᠢᠨ ᠠᠶᠦᠯᠭᠦᠢ ᠦᠢ᠍ᠯᠡᠳᠪᠦᠷᠢᠯᠡᠯ ᠵᠡᠷᠭᠡ ᠠᠵᠢᠯ᠎ᠢ ᠵᠢᠯᠣᠭᠣᠳᠤᠨ ᠬᠢᠨᠠᠯᠳᠠ ᠲᠠᠯᠪᠢᠨ᠎ᠠ᠃ ᠬᠦᠨᠳᠦ ᠣᠨᠴᠠ ᠶᠡᠬᠡ ᠶᠠᠰᠤ ᠴᠢᠨᠠᠷ᠂ ᠠᠶᠤᠯᠭᠦᠶ ᠵᠢᠨ ᠡᠨᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ ᠣᠷᠣᠯᠴᠠᠨ᠎ᠠ᠃ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠎ᠢ ᠰᠡᠷᠭᠡᠶ᠋ᠢᠯᠡᠬᠦ᠂ ᠪᠠᠷᠢᠯᠭ᠎ᠠ ᠵᠢᠨ ᠵᠢᠷᠤᠭ᠎ᠢ ᠬᠢᠨᠠᠨ ᠪᠠᠢ᠌ᠴᠠᠭ᠋ᠠᠬᠤ᠂  ᠪᠠᠷᠢᠯᠭ᠎ᠠ ᠪᠠᠷᠢᠬᠤ ᠵᠢ ᠵᠥᠪᠰᠢᠶᠡᠷᠡᠬᠦ᠂ ᠪᠠᠷᠢᠯᠭ᠎ᠠ ᠵᠢᠨ ᠠᠵᠢᠯ ᠳᠠᠭᠤᠰᠤᠭᠰᠠᠨ᠎ᠢ ᠰᠢᠯᠭ᠋ᠠᠨ ᠠᠪᠬᠤ ᠵᠢᠴᠢ ᠳᠠᠩᠰᠠᠯᠠᠬᠤ ᠪᠠ ᠪᠠᠷᠢᠯᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠠᠵᠢᠯ᠎ᠢ ᠵᠢᠯᠣᠭᠣᠳᠤᠨ ᠬᠢᠨᠠᠯᠲᠠ ᠲᠠᠯᠪᠢᠨ᠎ᠠ᠃

 

ᠬᠣᠲᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠵᠠᠷ 

ᠬᠣᠲᠠ ᠪᠠᠯᠭ᠋ᠠᠰᠤ ᠵᠢᠨ ᠤᠰᠤᠨ᠎ᠤ ᠶᠠᠪᠤᠳᠠᠯ᠂ ᠴᠡᠴᠡᠷᠯᠢᠭ᠎ᠤᠨ ᠨᠣᠭᠣᠭ᠋ᠠᠷᠠᠭᠤᠯᠤᠯᠲᠠ ᠵᠢᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢ ᠵᠢᠯᠤᠭᠤᠳᠤᠨ᠎ᠠ᠃ ᠬᠣᠲᠠ ᠵᠢᠨ ᠵᠠᠮ ᠬᠥᠭᠥᠷᠭᠡ᠂ ᠭᠠᠵᠠᠷ ᠳᠣᠤᠷᠠᠬᠢ ᠶᠡᠷᠦᠩᠬᠡᠶ᠋ᠢᠯᠡᠭᠰᠡᠨ ᠬᠣᠭᠣᠯᠠᠶ ᠵᠢᠨ ᠬᠣᠩᠭᠢᠯ᠂ ᠬᠠᠶ᠋ᠢᠮᠢᠶᠠᠨ ᠬᠤᠳᠠ ᠵᠢᠨ ᠪᠦᠲᠦᠭᠡᠨ ᠪᠠᠶ᠋ᠢᠭᠤᠯᠤᠯᠲᠠ ᠪᠣᠯᠤᠨ ᠬᠣᠲᠠ ᠵᠢᠨ ᠵᠢᠮᠳᠦ ᠵᠠᠮ ᠬᠠᠷᠢᠯᠴᠠᠭ᠋ᠠᠨ᠎ᠤ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠵᠢᠯᠣᠭᠣᠳᠤᠨ᠎ᠠ᠃ ᠬᠣᠲᠠ ᠵᠢᠨ ᠰᠡᠯᠪᠢᠨ ᠵᠠᠰᠠᠬᠤ ᠪᠠ ᠠᠮᠢ ᠠᠬᠤᠶ ᠵᠢ ᠵᠠᠰᠠᠨ ᠰᠡᠷᠭᠦᠭᠡᠬᠦ ᠠᠵᠢᠯ᠎ᠢ ᠵᠢᠯᠣᠭᠣᠳᠤᠨ᠎ᠠ᠃ ᠪᠦᠬᠦ ᠣᠷᠣᠨ᠎ᠤ ᠲᠡᠤᠬᠡ ᠰᠣᠶᠣᠯ᠎ᠤᠨ ᠨᠡᠷᠡᠲᠦ ᠬᠣᠲᠠ ᠵᠢ ᠭᠤᠶᠤᠴᠢᠯᠠᠨ ᠮᠡᠳᠡᠭᠦᠯᠬᠦ ᠪᠠ ᠬᠣᠲᠠ ᠪᠠᠯᠭ᠋ᠠᠰᠤ ᠵᠢᠨ ᠭᠠᠵᠠᠷ ᠳᠣᠤᠷᠠᠬᠢ ᠣᠷᠣᠨ ᠵᠠᠶ ᠵᠢ ᠨᠡᠭᠡᠭᠡᠨ ᠠᠰᠢᠭᠯᠠᠬᠤ᠂ ᠬᠣᠲᠠ ᠪᠠᠯᠭ᠋ᠠᠰᠤ ᠵᠢᠨ ᠱᠤᠭᠤᠮᠠᠯ᠂ ᠬᠣᠲᠠ ᠪᠠᠯᠭ᠋ᠠᠰᠤ ᠵᠢᠨ ᠪᠦᠳᠦᠭᠡᠨ ᠪᠠᠶ᠋ᠢᠭᠤᠯᠤᠯᠲᠠ ᠵᠢᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠠᠵᠢᠯ᠎ᠢ ᠵᠢᠯᠣᠭᠣᠳᠤᠨ᠎ᠠ᠃

 

ᠬᠣᠲᠠ ᠵᠢᠨ ᠬᠠᠮᠢᠶᠠᠷᠤᠯᠲᠠ ᠵᠢᠨ ᠭᠠᠵᠠᠷ 

ᠬᠣᠲᠠ ᠵᠢᠨ ᠬᠠᠮᠢᠶᠠᠷᠤᠯᠲᠠ ᠵᠢᠨ ᠠᠵᠢᠯ᠎ᠢ ᠵᠢᠯᠣᠭᠣᠳᠤᠨ᠎ᠠ᠃ ᠬᠣᠲᠠ ᠵᠢᠨ ᠬᠠᠮᠢᠶᠠᠷᠤᠯᠲᠠ ᠵᠢᠨ ᠵᠣᠬᠢᠴᠠᠩᠭᠤᠶ ᠮᠡᠷᠭᠡᠵᠢᠯ᠎ᠤᠨ ᠵᠢᠷᠤᠮᠵᠢᠯ᠂ ᠪᠠᠷᠢᠮᠵᠢᠶ᠎ᠠ ᠵᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠵᠢᠯᠣᠭᠣᠳᠤᠨ ᠬᠡᠷᠡᠭᠵᠢᠭᠦᠯᠦᠨ᠎ᠡ᠃ ᠪᠦᠬᠦ ᠣᠷᠣᠨ᠎ᠤ ᠬᠣᠲᠠ ᠪᠠᠯᠭ᠋ᠠᠰᠤ ᠵᠢᠨ ᠭᠠᠵᠠᠷ ᠳᠣᠤᠷᠠᠬᠢ ᠶᠡᠷᠦᠩᠬᠡᠶ᠋ᠢᠯᠡᠭᠰᠡᠨ ᠬᠣᠭᠣᠯᠠᠶ ᠵᠢᠨ ᠬᠣᠩᠭᠢᠯ᠂ ᠵᠠᠮ ᠬᠥᠭᠥᠷᠭᠡ ᠵᠢᠨ ᠬᠠᠮᠢᠶᠠᠷᠤᠯᠲᠠ ᠵᠢᠨ ᠠᠵᠢᠯ ᠵᠢᠴᠢ ᠪᠦᠬᠦ ᠣᠷᠣᠨ᠎ᠤ ᠬᠣᠲᠠ ᠪᠠᠯᠭ᠋ᠠᠰᠤ ᠵᠢᠨ ᠰᠢᠲᠠᠮᠠᠬᠠᠶ ᠬᠡᠢ᠂ ᠢᠯᠴᠢ ᠬᠠᠩᠭ᠋ᠠᠬᠤ᠂ ᠬᠣᠭ ᠨᠣᠪᠰᠢ᠂ ᠣᠯᠠᠨ ᠨᠡᠶ᠋ᠢᠲᠡ ᠵᠢᠨ ᠭᠡᠷᠡᠯᠲᠦᠭᠦᠯᠭᠡ᠂ ᠬᠣᠲᠠ ᠵᠢᠨ ᠲᠡᠷᠭᠡᠨ ᠵᠣᠭᠰᠣᠭ᠋ᠠᠯ᠂ ᠬᠣᠲᠠ ᠵᠢᠨ ᠦᠵᠡᠮᠵᠢ ᠵᠢᠨ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠂ ᠣᠯᠠᠨ ᠨᠡᠶ᠋ᠢᠲᠡ ᠵᠢᠨ ᠵᠣᠷᠯᠣᠩ᠎ᠤᠨ ᠪᠦᠲᠦᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠠᠶᠦᠯᠭᠦᠢ ᠵᠢᠨ ᠬᠠᠮᠢᠶᠠᠷᠤᠯᠲᠠ ᠵᠢ ᠵᠢᠯᠣᠭᠣᠳᠤᠨ᠎ᠠ᠃  

   

ᠬᠣᠲᠠ ᠵᠢᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠭᠠᠵᠠᠷ 

ᠬᠣᠲᠠ ᠵᠢᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ ᠵᠢ ᠵᠢᠯᠣᠭᠣᠳᠤᠨ ᠬᠢᠨᠠᠯᠲᠠ ᠲᠠᠯᠪᠢᠬᠤ ᠵᠢᠨ ᠬᠠᠮᠲᠤ ᠬᠢᠨᠠᠨ ᠰᠢᠯᠭ᠋ᠠᠵᠤ ᠦᠨᠡᠯᠡᠬᠦ ᠠᠵᠢᠯ᠎ᠢ ᠥᠷᠨᠢᠭᠦᠯᠦᠨ᠎ᠡ᠃ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠣᠭᠣᠷᠢᠭ᠎ᠤᠨ ᠬᠣᠲᠠ ᠬᠥᠳᠡᠭᠡ ᠵᠢᠨ ᠲᠥᠯᠥᠪᠵᠢᠭᠦᠯᠭᠡ ᠵᠢᠨ ᠬᠠᠮᠢᠶᠠᠷᠤᠯᠳᠠ᠎ᠠᠴᠠ ᠪᠤᠰᠤᠳ ᠬᠠᠤᠯᠢ᠎ᠠᠴᠠ ᠵᠥᠷᠢᠴᠡᠭᠰᠡᠨ ᠪᠦᠲᠦᠭᠡᠨ ᠪᠠᠶ᠋ᠢᠭᠤᠯᠤᠯᠲᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠵᠢᠯᠣᠭᠣᠳᠴᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠦᠨᠳᠦ ᠶᠡᠬᠡ ᠬᠡᠷᠡᠭ ᠪᠠ ᠣᠷᠣᠨ ᠪᠦᠰᠡ ᠠᠯᠤᠰᠯᠠᠭᠰᠠᠨ ᠬᠡᠷᠡᠭ᠎ᠢ ᠵᠣᠬᠢᠶᠠᠨ ᠪᠠᠶ᠋ᠢᠭᠤᠯᠤᠨ ᠪᠠᠶ᠋ᠢᠴᠠᠭ᠋ᠠᠨ ᠰᠢᠢ᠍ᠳᠪᠦᠷᠢᠯᠡᠨ᠎ᠡ᠃ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠬᠦᠷᠢᠶ᠎ᠡ ᠪᠠ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠤᠪᠢᠶᠠᠷᠢᠯᠠᠨ ᠰᠢᠯᠵᠢᠭᠦᠯᠦᠭᠰᠡᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠠᠵᠢᠯ᠎ᠢ ᠲᠦᠪᠯᠡᠷᠡᠭᠦᠯᠦᠨ ᠬᠢᠨᠠᠯᠲᠠ ᠲᠠᠯᠪᠢᠬᠤ ᠵᠢ ᠵᠢᠯᠣᠭᠣᠳᠤᠨ᠎ᠠ᠃ ᠪᠦᠬᠦ ᠣᠷᠣᠨ᠎ᠤ ᠬᠣᠲᠠ ᠵᠢᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠡᠩᠨᠡᠭᠡᠨ᠎ᠤ ᠪᠠᠶ᠋ᠢᠭᠤᠯᠤᠯᠲᠠ ᠵᠢ ᠵᠢᠯᠦᠭᠤᠳᠤᠨ᠎ᠠ᠃

 

ᠲᠣᠰᠬᠣᠨ ᠪᠠᠯᠭ᠋ᠠᠰᠤ ᠵᠢᠨ ᠪᠦᠲᠦᠭᠡᠨ ᠪᠠᠶ᠋ᠢᠭᠤᠯᠤᠯᠲᠠ ᠵᠢᠨ ᠭᠠᠵᠠᠷ 

ᠲᠠᠷᠢᠶᠠᠯᠠᠬᠤ ᠮᠠᠯᠵᠢᠬᠤ ᠣᠷᠣᠨ᠎ᠤ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠪᠠ ᠨᠤᠷᠠᠬᠤ ᠠᠶᠤᠯᠲᠠᠶ ᠭᠡᠷ ᠪᠠᠢ᠌ᠰᠢᠩ᠎ᠢ ᠥᠭᠡᠷᠡᠴᠢᠯᠡᠨ ᠵᠠᠰᠠᠬᠤ ᠵᠢ ᠵᠢᠯᠣᠭᠣᠳᠤᠨ᠎ᠠ᠃ ᠲᠡᠤᠬᠡ ᠰᠣᠶᠣᠯ᠎ᠤᠨ ᠨᠡᠷᠡᠲᠦ ᠪᠠᠯᠭ᠋ᠠᠰᠤ (ᠲᠣᠰᠬᠣᠨ) ᠪᠣᠯᠤᠨ ᠣᠨᠴᠠᠯᠢᠭᠲᠤ ᠦᠵᠡᠮᠵᠢ ᠵᠢᠨ ᠨᠡᠷᠡᠲᠦ ᠪᠠᠯᠭ᠋ᠠᠰᠤ (ᠲᠣᠰᠬᠣᠨ) ᠵᠢ ᠬᠠᠮᠠᠭ᠋ᠠᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ ᠡᠯ᠎ᠡ ᠱᠠᠲᠤᠨ᠎ᠤ ᠭᠣᠤᠯᠳᠠᠯᠭ᠎ᠠ᠎ᠲᠠᠢ ᠪᠠᠯᠭ᠋ᠠᠰᠤ᠂ ᠣᠨᠴᠠᠯᠢᠭᠲᠤ ᠵᠢᠵᠢᠭ ᠬᠣᠲᠠ ᠪᠠᠯᠭ᠋ᠠᠰᠤ ᠵᠢᠨ ᠪᠦᠲᠦᠭᠡᠨ ᠪᠠᠢ᠌ᠭᠤᠯᠤᠯᠳᠠ ᠪᠣᠯᠤᠨ ᠤᠯᠠᠮᠵᠢᠯᠠᠯᠲᠤ ᠲᠣᠰᠬᠣᠨ᠂ ᠤᠯᠠᠮᠵᠢᠯᠠᠯᠲᠤ ᠪᠠᠷᠢᠯᠭ᠎ᠠ ᠵᠢ ᠬᠠᠮᠠᠭ᠋ᠠᠯᠠᠬᠤ ᠪᠠ ᠬᠥᠭᠵᠢᠭᠦᠯᠬᠦ ᠠᠵᠢᠯ᠎ᠢ ᠵᠢᠯᠣᠭᠣᠳᠤᠨ᠎ᠠ᠃


ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠭᠠᠵᠠᠷ 

ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠢᠨᠠᠨ ᠪᠠᠶ᠋ᠢᠴᠠᠭ᠋ᠠᠬᠤ (ᠬᠢᠨᠠᠨ ᠬᠠᠷᠭᠤᠭᠤᠯᠬᠤ) ᠲᠦᠷᠢᠮ᠂ ᠪᠠᠷᠢᠮᠵᠢᠶ᠎ᠠ᠂ ᠴᠤᠪᠤᠷᠠᠯ ᠎ᠢ ᠲᠤᠭᠤᠷᠪᠢᠨ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ᠂ ᠬᠢᠨᠠᠨ ᠬᠠᠷᠭᠤᠭᠤᠯᠬᠤ ᠠᠵᠢᠯ᠎ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠳᠤ ᠰᠠᠭᠤᠭ᠎ᠠ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠬᠡ ᠪᠦᠬᠦ ᠣᠷᠣᠨ ᠎ᠤ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠬᠡᠨ ᠪᠠᠶ᠋ᠢᠭᠤᠯᠤᠯᠲᠠ ᠵᠢᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠠᠵᠢᠯ᠎ᠢ ᠵᠢᠯᠣᠭᠣᠳᠤᠨ᠎ᠠ᠃

 

ᠰᠠᠭᠤᠭ᠋ᠠᠯᠢ ᠲᠣᠭᠤᠷᠢᠭ ᠬᠢᠭᠡᠳ ᠠᠳᠠᠯ ᠠᠬᠤᠶ ᠵᠢᠨ ᠬᠠᠮᠢᠶᠠᠷᠤᠯᠲᠠ ᠵᠢᠨ ᠭᠠᠵᠠᠷ

ᠪᠥᠬᠦ ᠣᠷᠣᠨ᠎ᠤ ᠠᠳᠠᠯ ᠠᠬᠤᠢ ᠵᠢᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠬᠥᠭᠵᠢᠯᠲᠡ᠂ ᠬᠤᠲᠠ ᠪᠠᠯᠭ᠋ᠠᠰᠤᠨ᠎ᠤ  ᠬᠠᠭᠤᠴᠢᠷᠠᠭᠰᠠᠨ ᠰᠠᠭᠤᠭ᠋ᠠᠯᠢ ᠲᠣᠭᠤᠷᠢᠭ᠎ᠢ ᠥᠭᠡᠷᠡᠴᠢᠯᠡᠬᠦ ᠪᠠ ᠣᠷᠣᠨ ᠰᠠᠭᠤᠴᠠ ᠵᠢ ᠲᠤᠰᠬᠠᠶ᠋ᠢᠯᠠᠨ ᠰᠡᠯᠪᠢᠨ ᠵᠠᠰᠠᠬᠤ ᠪᠡᠯᠡ ᠮᠥᠩᠭᠦ ᠵᠢᠨ ᠲᠥᠷᠥ ᠵᠢᠨ ᠪᠣᠳᠣᠯᠭ᠎ᠠ᠂ ᠳᠦᠷᠢᠮ ᠲᠣᠭᠲᠠᠭ᠋ᠠᠯ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠳᠠᠯ ᠠᠬᠤᠶ ᠵᠢᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠢ ᠬᠢᠨᠠᠨ ᠬᠠᠮᠢᠶᠠᠷᠬᠤ ᠵᠢ ᠬᠠᠷᠢᠭᠤᠴᠠᠵᠤ᠂ ᠠᠳᠠᠯ ᠠᠬᠤᠶ ᠵᠢᠨ ᠦᠢ᠍ᠯᠡᠴᠢᠯᠡᠭᠡᠨ᠎ᠤ ᠪᠠᠷᠢᠮᠵᠢᠶ᠎ᠠ ᠵᠢᠨ ᠵᠢᠷᠤᠮᠵᠢᠯ᠎ᠢ ᠵᠣᠬᠢᠶᠠᠨ ᠪᠠᠶ᠋ᠢᠭᠤᠯᠤᠨ ᠲᠣᠭᠲᠠᠭ᠋ᠠᠬᠤ ᠵᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠪᠠᠯᠭ᠋ᠠᠰᠤᠨ᠎ᠤ  ᠬᠠᠭᠤᠴᠢᠷᠠᠭᠰᠠᠨ ᠣᠷᠣᠨ ᠰᠠᠭᠤᠴᠠ ᠵᠢᠨ  ᠰᠠᠭᠤᠭ᠋ᠠᠯᠢ ᠲᠣᠭᠤᠷᠢᠭ᠎ᠢ ᠥᠭᠡᠷᠡᠴᠢᠯᠡᠨ ᠰᠢᠨᠡᠳᠬᠡᠬᠦ ᠲᠥᠯᠥᠪᠵᠢᠭᠦᠯᠭᠡ ᠵᠢᠴᠢ ᠣᠨ᠎ᠤ ᠲᠥᠯᠥᠪᠯᠡᠭᠡ ᠵᠢ ᠬᠠᠷᠢᠭᠤᠴᠠᠨ ᠲᠣᠭᠲᠠᠭ᠋ᠠᠵᠤ᠂ ᠬᠤᠲᠠ ᠪᠠᠯᠭ᠋ᠠᠰᠤᠨ᠎ᠤ  ᠬᠠᠭᠤᠴᠢᠷᠠᠭᠰᠠᠨ ᠣᠷᠣᠨ ᠰᠠᠭᠤᠴᠠ ᠵᠢᠨ  ᠰᠠᠭᠤᠭ᠋ᠠᠯᠢ  ᠲᠣᠭᠤᠷᠢᠭ᠎ᠢ ᠰᠢᠨᠡᠳᠬᠡᠨ ᠥᠭᠡᠷᠡᠴᠢᠯᠡᠬᠦ ᠠᠵᠢᠯ᠎ᠢ ᠵᠢᠯᠣᠭᠤᠳᠤᠨ᠎ᠠ᠃

 

ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠭᠠᠯ ᠰᠡᠷᠭᠡᠶ᠋ᠢᠯᠡᠯᠲᠡ ᠵᠢᠨ ᠬᠠᠮᠢᠶᠠᠷᠤᠯᠲᠠ ᠵᠢᠨ ᠭᠠᠵᠠᠷ

ᠪᠦᠬᠦ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠭᠠᠯ ᠰᠡᠷᠭᠡᠢ᠌ᠯᠡᠬᠦ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠠᠵᠢᠯ᠎ᠤᠨ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠂ ᠪᠠᠷᠢᠮᠵᠢᠶ᠎ᠠ ᠵᠢᠷᠤᠮᠵᠢᠯ᠎ᠢ ᠲᠣᠭᠲᠠᠭ᠋ᠠᠬᠤ ᠵᠡᠷᠭᠡ ᠠᠵᠢᠯ᠎ᠢ ᠬᠠᠷᠢᠭᠤᠴᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠲᠦᠭᠡᠨ ᠪᠠᠶ᠋ᠢᠭᠤᠯᠤᠯᠲᠠ ᠵᠢᠨ  ᠢᠨᠵᠧᠨᠧᠷᠢᠩ᠎ᠤᠨ ᠭᠠᠯ  ᠰᠡᠷᠭᠡᠢ᠌ᠯᠡᠬᠦ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠬᠤ᠂ ᠭᠠᠯ  ᠰᠡᠷᠭᠡᠢ᠌ᠯᠡᠬᠦ ᠵᠢ ᠰᠢᠯᠭ᠋ᠠᠨ ᠠᠪᠬᠤ᠂ ᠳᠠᠩᠰᠠᠯᠠᠭᠤᠯᠬᠤ ᠪᠠ ᠰᠤᠭᠤᠴᠢᠨ ᠪᠠᠶ᠋ᠢᠴᠠᠭ᠋ᠠᠬᠤ ᠠᠵᠢᠯ᠎ᠢ ᠵᠢᠯᠣᠭᠤᠳᠤᠨ ᠬᠢᠨᠠᠯᠲᠠ ᠲᠠᠯᠪᠢᠵᠤ ᠬᠠᠮᠢᠶᠠᠷᠤᠨ᠎ᠠ᠃ ᠪᠦᠬᠦ ᠣᠷᠣᠨ᠎ᠤ ᠣᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠵᠢᠷᠤᠭ ᠲᠥᠯᠥᠪᠯᠡᠭᠡ ᠵᠢᠨ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠃ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠬᠦᠨᠳᠦ ᠶᠡᠭᠡ ᠭᠠᠯ᠎ᠤᠨ ᠠᠶᠤᠯ᠎ᠢ ᠪᠠᠶ᠋ᠢᠴᠠᠭ᠋ᠠᠬᠤ ᠠᠵᠢᠯ᠎ᠳᠤ ᠣᠷᠣᠯᠴᠠᠨ᠎ᠠ᠃


ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ 

ᠪᠠᠶ᠋ᠢᠭᠤᠯᠭ᠎ᠠ ᠪᠠ ᠬᠠᠷᠢᠶ᠎ᠠ ᠨᠢᠭᠡᠴᠢ ᠵᠢᠨ ᠵᠶ᠋ᠡᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶ᠋ᠢᠴᠠᠭ᠋ᠠᠬᠤ ᠵᠡᠷᠭᠡ ᠠᠵᠢᠯ᠎ᠢ ᠬᠠᠷᠢᠭᠤᠴᠠᠨ᠎ᠠ᠃

 

ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ

ᠪᠠᠶ᠋ᠢᠭᠤᠯᠭ᠎ᠠ ᠵᠢᠨ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠦᠰ᠎ᠤᠨ ᠠᠵᠢᠯ᠎ᠢ ᠬᠠᠷᠢᠭᠤᠴᠠᠨ᠎ᠠ᠃ ᠬᠠᠷᠢᠶ᠎ᠠ ᠨᠢᠭᠡᠴᠡ ᠵᠢᠨ ᠵᠶ᠋ᠠᠨ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠦᠰ᠎ᠤᠨ ᠠᠵᠢᠯ᠎ᠢ ᠵᠢᠯᠣᠭᠣᠳᠤᠨ᠎ᠠ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠣᠯᠣᠯᠲᠠ ᠵᠢᠨ ᠲᠢᠩᠬᠢᠮ