ᠰᠢᠭᠤᠳ ᠬᠠᠷᠢᠶ᠎ᠠ ᠨᠢᠭᠡᠴᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠡᠵᠡᠩᠨᠡᠯᠲᠡ ᠵᠢᠨ ᠪᠤᠰᠤ ᠴᠢᠨᠠᠷᠲᠠᠶ ᠲᠥᠷᠥᠯ ᠵᠦᠢ᠍ᠯ᠎ᠢ ᠣᠷᠣᠯᠠᠨ ᠪᠠᠶ᠋ᠢᠭᠤᠯᠬᠤ ᠲᠦᠪ
ᠬᠠᠷᠢᠭᠤᠴᠠᠯᠭ᠋ᠠᠲᠠᠨ᠄ ᠸᠠᠩ ᠸᠧᠨ ᡁᠢ
ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ ᠬᠠᠷᠢᠭᠤᠴᠠᠯᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠡᠵᠡᠩᠨᠡᠯᠲᠡ ᠵᠢᠨ ᠪᠤᠰᠤ ᠴᠢᠨᠠᠷᠲᠠᠶ ᠲᠥᠷᠥᠯ ᠵᠦᠢ᠍ᠯ᠎ᠢ ᠣᠷᠣᠯᠠᠨ ᠪᠠᠶ᠋ᠢᠭᠤᠯᠬᠤ ᠲᠥᠪ᠎ᠨᠢ ᠨᠠᠮ᠎ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠡᠵᠡᠩᠨᠡᠯᠲᠡ ᠵᠢᠨ ᠪᠤᠰᠤ ᠴᠢᠨᠠᠷᠲᠠᠶ ᠲᠥᠷᠥᠯ ᠵᠦᠢ᠍ᠯ ᠢ ᠣᠷᠣᠯᠠᠨ ᠪᠠᠶ᠋ᠢᠭᠤᠯᠬᠤ ᠵᠡᠷᠭᠡ ᠠᠵᠢᠯ᠎ᠤᠨ ᠲᠤᠬᠠᠶ ᠴᠢᠭᠯᠡᠯᠲᠡ ᠲᠥᠷᠥ ᠵᠢᠨ ᠪᠣᠳᠣᠯᠭ᠎ᠠ ᠪᠠ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ᠃ ᠭᠣᠣᠯ ᠡᠭᠦᠷᠭᠡ ᠬᠠᠷᠢᠭᠤᠴᠠᠯᠭ᠎ᠠ ᠄
( ᠨᠢᠭᠡ ) ᠪᠥᠬᠥ ᠣᠷᠣᠨ᠎ᠤ ᠵᠠᠰᠠᠭ᠎ᠤᠨ ᠣᠷᠳᠣᠨ᠎ᠤ ᠡᠵᠡᠩᠨᠡᠯᠲᠡ ᠵᠢᠨ ᠪᠤᠰᠤ ᠴᠢᠨᠠᠷᠲᠠᠶ ᠲᠥᠷᠥᠯ ᠵᠦᠢ᠍ᠯ᠎ᠳᠤ ᠪᠠᠯᠠ ᠣᠷᠣᠭᠤᠯᠵᠤ ᠣᠷᠣᠯᠠᠨ ᠪᠠᠶ᠋ᠢᠭᠤᠯᠬᠤ ᠠᠵᠢᠯ᠎ᠢ ᠵᠢᠯᠣᠭᠣᠳᠤᠨ᠎ᠠ; ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠡᠵᠡᠩᠨᠡᠯᠲᠡ ᠵᠢᠨ ᠪᠤᠰᠤ ᠴᠢᠨᠠᠷᠲᠠᠶ ᠲᠥᠷᠥᠯ ᠵᠦᠢ᠍ᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠪᠠ ᠲᠥᠪᠯᠡᠷᠡᠭᠦᠯᠦᠨ ᠪᠥᠲᠥᠭᠡᠨ ᠪᠠᠶ᠋ᠢᠭᠤᠯᠵᠤ ᠬᠠᠮᠢᠶᠠᠷᠬᠤ ᠵᠢ ᠡᠭᠦᠷᠭᠡᠯᠡᠨ᠎ᠡ; ᠣᠷᠣᠯᠠᠨ ᠪᠠᠶ᠋ᠢᠭᠤᠯᠬᠤ ᠵᠦᠢ᠍ᠯᠡᠰ᠎ᠲᠤ ᠬᠠᠤᠯᠢ ᠶᠣᠰᠣᠭ᠋ᠠᠷ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠳᠠᠭ᠋ᠠᠭ᠋ᠠᠴᠢᠯᠠᠯᠲᠠ ᠣᠯᠤᠭᠰᠠᠨ ᠨᠢᠭᠡᠴᠢ᠎ᠳᠤ ᠬᠢᠨᠠᠯᠲᠠ ᠲᠠᠯᠪᠢᠨ᠎ᠠ᠃
( ᠬᠣᠶᠠᠷ ) ᠣᠷᠣᠯᠠᠨ ᠪᠠᠶ᠋ᠢᠭᠤᠯᠬᠤ ᠭᠡᠷ᠎ᠡ᠎ᠠᠴᠠ ᠣᠯᠭᠣᠭᠰᠠᠨ ᠪᠦᠳᠦᠭᠡᠠ ᠪᠠᠶ᠋ᠢᠭᠤᠯᠬᠤ ᠨᠢᠭᠡᠴᠢ ᠵᠢᠨ ᠬᠠᠷᠢᠭᠤᠴᠠᠯᠭ᠎ᠠ ᠪᠠ ᠡᠭᠦᠷᠭᠡ ᠵᠢ ᠭᠦᠢ᠍ᠴᠡᠳᠬᠡᠨ᠎ᠡ; ᠣᠷᠣᠯᠠᠨ ᠪᠠᠶ᠋ᠢᠭᠤᠯᠬᠤ ᠱᠠᠲᠤ ᠦᠶ᠎ᠡ ᠵᠢᠨ ᠲᠥᠷᠥᠯ ᠵᠦᠢ᠍ᠯ᠎ᠤᠨ ᠪᠠᠯᠠ ᠮᠥᠩᠭᠥ ᠵᠢ ᠬᠠᠷᠭᠤᠭᠤᠯᠤᠨ ᠰᠠᠯᠭ᠋ᠠᠨ ᠥᠭᠴᠦ ᠬᠢᠨᠠᠨ ᠪᠠᠶ᠋ᠢᠴᠠᠭ᠋ᠠᠬᠤ ᠵᠢ ᠡᠭᠦᠷᠭᠡᠯᠡᠵᠦ᠂ ᠵᠥᠪᠰᠢᠶᠡᠷᠡᠭᠰᠡᠨ ᠲᠣᠶ᠋ᠢᠮᠣ ᠲᠥᠰᠦᠪ᠎ᠤᠨ ᠶᠣᠰᠣᠭ᠋ᠠᠷ ᠪᠠᠷᠢᠯᠭ᠎ᠠ ᠵᠢᠨ ᠶᠡᠷᠦᠩᠬᠡᠶ ᠪᠠᠯᠠ ᠣᠷᠣᠭᠤᠯᠤᠯᠲᠠ ᠵᠢ ᠴᠢᠩᠭ᠎ᠠ ᠬᠢᠵᠠᠭ᠋ᠠᠷᠯᠠᠨ᠎ᠠ; ᠪᠦᠳᠤᠭᠡᠨ ᠪᠠᠶ᠋ᠢᠭᠤᠯᠤᠯᠲᠠ ᠵᠢᠨ ᠵᠦᠢ᠍ᠯ᠎ᠤᠨ ᠪᠠᠷᠢᠯᠭ᠎ᠠ ᠵᠢᠨ ᠠᠵᠢᠯ ᠳᠠᠭᠤᠰᠤᠭᠰᠠᠨ᠎ᠢ ᠰᠢᠯᠭ᠋ᠠᠨ ᠠᠪᠬᠤ ᠪᠠ ᠡᠯ᠎ᠡ ᠵᠦᠢ᠍ᠯ᠎ᠤᠨ ᠮᠠᠲ᠋ᠧᠷᠢᠶᠠᠯ᠎ᠢ ᠴᠤᠭᠯᠠᠭᠤᠯᠬᠤ᠂ ᠬᠠᠳᠠᠭ᠋ᠠᠯᠠᠬᠤ᠂ ᠮᠡᠳᠡᠭᠦᠯᠦᠨ ᠳᠠᠩᠰᠠᠯᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠃
( ᠭᠤᠷᠪᠠ ) ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠣᠷᠣᠨ ᠨᠤᠲᠤᠭ᠎ᠤᠨ ᠪᠠᠷᠢᠮᠵᠢᠶ᠎ᠠ᠎ᠪᠠᠷ ᠨᠠᠶ᠋ᠢᠷᠠᠭᠤᠯᠤᠨ ᠵᠣᠬᠢᠶᠠᠭᠰᠠᠨ ᠮᠡᠷᠭᠡᠵᠢᠯ᠎ᠤᠨ ᠦᠢ᠍ᠯᠡᠴᠢᠯᠡᠭᠡ ᠪᠠ ᠬᠡᠪᠯᠡᠨ ᠲᠠᠷᠬᠠᠭ᠋ᠠᠬᠤ ᠠᠵᠢᠯ᠎ᠢ ᠡᠭᠦᠷᠭᠡᠯᠡᠨ᠎ᠡ; ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠲᠣᠭᠲᠠᠭᠰᠠᠨ ᠨᠣᠷᠮ᠎ᠠ ᠪᠠ ᠨᠠᠷᠢᠨ ᠬᠠᠭᠤᠳᠠᠰᠤ ᠵᠢᠨ ᠦᠨ᠎ᠡ ᠪᠤᠳᠤᠬᠤ ᠵᠢᠷᠤᠮᠵᠢᠯ᠎ᠤᠨ ᠬᠡᠷᠡᠭᠵᠢᠭᠦᠯᠬᠦ ᠨᠠᠷᠢᠨ ᠲᠦᠷᠢᠮ᠎ᠢ ᠲᠤᠭᠤᠷᠪᠢᠨ ᠲᠣᠭᠲᠠᠭ᠋ᠠᠬᠤ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ; ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠲᠣᠭᠲᠠᠭᠰᠠᠨ ᠨᠣᠷᠮ᠎ᠠ ᠵᠢ ᠨᠠᠶ᠋ᠢᠷᠠᠭᠤᠯᠤᠨ ᠵᠣᠬᠢᠶᠠᠭᠰᠠᠨ ᠪᠠᠶ᠋ᠢᠴᠠᠭ᠋ᠠᠨ ᠨᠤᠲᠠᠯᠠᠬᠤ᠂ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ; ᠪᠠᠷᠢᠯᠭ᠎ᠠ ᠵᠢᠨ ᠬᠠᠩᠰᠢᠯᠠᠭᠰᠠᠨ ᠦᠨ᠎ᠡ ᠵᠢᠨ ᠮᠡᠳᠡᠭᠡ ᠵᠠᠩᠭᠢ ᠵᠢ ᠬᠠᠮᠵᠢᠨ ᠨᠡᠢ᠌ᠲᠡᠯᠡᠨ᠎ᠡ᠃
( ᠳᠥᠷᠪᠡ ) ᠬᠣᠯᠪᠤᠭᠳᠠᠯ ᠪᠥᠬᠥᠶ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠵᠢᠨ ᠪᠠᠶ᠋ᠢᠴᠠᠭ᠋ᠠᠨ ᠰᠤᠳᠤᠯᠤᠯᠲᠠ᠂ ᠲᠤᠰᠬᠠᠶ ᠨᠤᠲᠠᠯᠠᠯᠲᠠ᠂ ᠮᠡᠷᠭᠡᠵᠢᠯ᠎ᠤᠨ ᠦᠢ᠍ᠯᠡᠴᠢᠯᠡᠭᠡ ᠵᠡᠷᠭᠡ ᠠᠵᠢᠯ᠎ᠢ ᠡᠭᠦᠷᠭᠡᠯᠡᠨ᠎ᠡ; ᠬᠣᠯᠪᠤᠭᠳᠠᠯ ᠪᠥᠬᠥᠢ ᠪᠥᠳᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨ ᠠᠶᠤᠯ ᠤᠨ ᠡᠨᠳᠡᠯ᠎ᠢ ᠪᠠᠶ᠋ᠢᠴᠠᠭ᠋ᠠᠬᠤ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ᠃
( ᠲᠠᠪᠤ ) ᠪᠥᠬᠥ ᠣᠷᠣᠨ᠎ᠤ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ᠂ ᠬᠡᠷ ᠪᠠᠶ᠋ᠢᠰᠢᠩ᠎ᠤᠨ ᠪᠠᠷᠢᠯᠭ᠎ᠠ ᠪᠠ ᠬᠣᠲᠠ ᠵᠢᠨ ᠶᠠᠪᠤᠳᠠᠯ᠎ᠤᠨ ᠢᠨᠵᠧᠨᠧᠷᠢᠩ᠎ᠤᠨ ᠭᠠᠵᠠᠷ ᠬᠥᠳᠡᠯᠦᠯᠲᠡ ᠵᠢ ᠡᠰᠡᠷᠭᠦᠴᠡᠨ ᠭᠠᠮᠰᠢᠭ᠎ᠢ ᠰᠡᠷᠭᠡᠶ᠋ᠢᠯᠡᠬᠦ ᠵᠡᠷᠭᠡ ᠮᠡᠷᠭᠡᠵᠢᠯ᠎ᠤᠨ ᠬᠠᠶ᠋ᠢᠨ ᠪᠠᠶ᠋ᠢᠴᠠᠭ᠋ᠠᠵᠤ ᠵᠢᠷᠤᠭᠯᠠᠨ ᠲᠥᠯᠥᠪᠯᠡᠬᠦ ᠵᠢᠴᠢ ᠪᠠᠷᠢᠯᠭ᠎ᠠ ᠵᠢᠨ ᠵᠢᠷᠤᠭ᠎ᠢ ᠬᠢᠨᠠᠨ ᠪᠠᠶ᠋ᠢᠴᠠᠭ᠋ᠠᠬᠤ ᠮᠡᠷᠭᠡᠵᠢᠯ᠎ᠤᠨ ᠦᠢ᠍ᠯᠡᠴᠢᠯᠡᠭᠡᠨ ᠤ ᠠᠵᠢᠯ᠎ᠢ ᠡᠭᠦᠷᠭᠡᠯᠡᠨ᠎ᠡ; ᠬᠡᠮᠵᠢᠶ᠎ᠡ᠎ᠠᠴᠠ ᠬᠡᠲᠦᠷᠡᠭᠰᠡᠨ ᠥᠨᠳᠥᠷ ᠪᠠᠷᠢᠯᠭ᠎ᠠ ᠵᠢᠨ ᠠᠵᠢᠯ ᠤᠨ ᠭᠠᠵᠠᠷ ᠬᠥᠳᠡᠯᠦᠯᠲᠡ ᠵᠢ ᠳᠠᠭ᠋ᠠᠭ᠋ᠠᠬᠤ ᠰᠡᠷᠭᠡᠶ᠋ᠢᠯᠡᠯᠲᠡ ᠵᠢᠨ ᠲᠤᠰᠬᠠᠶ ᠵᠦᠢ᠍ᠯ᠎ᠤᠨ ᠮᠡᠷᠭᠡᠵᠢᠯ᠎ᠤᠨ ᠨᠤᠲᠠᠯᠠᠯᠲᠠ ᠬᠢᠬᠦ ᠵᠡᠷᠭᠡ ᠠᠵᠢᠯ᠎ᠢ ᠡᠭᠦᠷᠭᠡᠯᠡᠨ᠎ᠡ᠃
( ᠵᠢᠷᠭᠤᠭ᠎ᠠ ) ᠪᠣᠬᠢᠷᠲᠤᠯ ᠥᠭᠡᠢ ᠪᠠᠷᠢᠯᠭ᠎ᠠ᠂ ᠡᠨᠧᠷᠬᠢ ᠪᠠᠭ᠎ᠠ ᠬᠣᠷᠣᠭᠳᠠᠭᠤᠯᠬᠤ ᠢᠳᠡᠪᠬᠢ ᠪᠤᠰᠤ ᠮᠠᠶᠢᠭ᠎ᠤᠨ ᠪᠠᠷᠢᠯᠭ᠎ᠠ᠂ ᠤᠭᠰᠠᠷᠠᠮᠠᠯ ᠮᠠᠶᠢᠭ᠎ᠤᠨ ᠪᠠᠷᠢᠯᠭ᠎ᠠ᠂ ᠳᠠᠬᠢᠨ ᠡᠭᠦᠰᠬᠦᠢ᠌ᠴᠡ ᠡᠨᠧᠷᠬᠢ ᠵᠢᠨ ᠪᠠᠷᠢᠯᠭ᠎ᠠ ᠵᠡᠷᠭᠡ ᠵᠢᠨ ᠲᠥᠷᠥᠯ ᠵᠦᠢ᠍ᠯ ᠤᠨ ᠵᠢᠱ᠌ᠢᠶ᠎ᠡ ᠦᠵᠡᠭᠦᠯᠵᠦ ᠳᠡᠯᠭᠡᠷᠡᠭᠦᠯᠦᠨ ᠬᠡᠷᠡᠭᠯᠡᠬᠦ ᠠᠵᠢᠯ ᠢ ᠡᠭᠦᠷᠭᠡᠯᠡᠨ᠎ᠡ᠃
( ᠳᠣᠯᠣᠭ᠎ᠠ ) ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠲᠤᠰᠢᠶᠠᠭᠰᠠᠨ ᠪᠤᠰᠤᠳ ᠡᠭᠦᠷᠭᠡ ᠵᠢ ᠡᠭᠦᠷᠭᠡᠯᠡᠨ᠎ᠡ᠃
ᠳᠤᠳᠤᠭ᠋ᠠᠳᠤ ᠪᠠᠶ᠋ᠢᠭᠤᠯᠤᠮᠵᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠡᠵᠡᠩᠨᠡᠯᠲᠡ ᠵᠢᠨ ᠪᠤᠰᠤ ᠴᠢᠨᠠᠷᠲᠠᠶ ᠲᠥᠷᠥᠯ ᠵᠦᠢ᠍ᠯ᠎ᠤᠨ ᠣᠷᠣᠯᠠᠨ ᠪᠠᠶ᠋ᠢᠭᠤᠯᠬᠤ ᠲᠥᠪ᠎ᠲᠤ 9 ᠳᠣᠲᠣᠭ᠋ᠠᠳᠤ ᠪᠠᠶ᠋ᠢᠭᠤᠯᠤᠮᠵᠢ ᠲᠣᠬᠢᠷᠠᠭᠤᠯᠪᠠ᠄ ᠶᠡᠷᠦᠩᠬᠡᠶ᠋ᠢᠯᠡᠭᠰᠡᠨ ᠭᠠᠵᠠᠷ᠂ ᠲᠥᠷᠥᠯ ᠵᠦᠢ᠍ᠯ᠎ᠤᠨ ᠰᠠᠭᠤᠷᠢ ᠲᠥᠬᠦᠭᠡᠷᠦᠮᠵᠢ ᠵᠢᠨ ᠭᠠᠵᠠᠷ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠭᠠᠵᠠᠷ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠭᠡᠷ᠎ᠡ ᠵᠢᠨ ᠭᠠᠵᠠᠷ᠂ ᠲᠥᠷᠥᠯ ᠵᠦᠢ᠍ᠯ᠎ᠤᠨ ᠪᠡᠯᠡ ᠮᠥᠩᠭᠦ ᠵᠢ ᠬᠢᠨᠠᠬᠤ ᠭᠠᠵᠠᠷ᠂ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠬᠢᠭᠡᠳ ᠪᠠᠷᠢᠮᠵᠢᠶᠠᠲᠤ ᠦᠢ᠍ᠯᠡᠴᠢᠯᠡᠭᠡᠨ᠎ᠤ ᠭᠠᠵᠠᠷ᠂ ᠲᠣᠭᠲᠠᠭᠰᠠᠨ ᠨᠣᠷᠮ᠎ᠠ ᠵᠢᠨ ᠦᠢ᠍ᠯᠡᠴᠢᠯᠡᠭᠡᠨ᠎ᠤ ᠭᠠᠵᠠᠷ᠂ ᠭᠠᠯ ᠤᠨᠲᠠᠷᠠᠭ᠋ᠠᠬᠤ ᠮᠡᠷᠭᠡᠵᠢᠯ᠎ᠤᠨ ᠦᠢ᠍ᠯᠡᠴᠢᠯᠡᠭᠡᠨ᠎ᠤ ᠭᠠᠵᠠᠷ᠂ ᠪᠣᠬᠢᠷᠲᠤᠯ ᠥᠬᠡᠶ ᠪᠠᠷᠢᠯᠭ᠎ᠠ ᠵᠢᠨ ᠵᠢᠱ᠌ᠢᠶ᠎ᠡ ᠦᠵᠡᠭᠦᠯᠬᠦ ᠬᠡᠷᠡᠭᠯᠡᠭᠡᠨ᠎ᠤ ᠭᠠᠵᠠᠷ᠎ᠢ ᠪᠠᠭᠲᠠᠭ᠋ᠠᠨ᠎ᠠ᠃
ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠴᠢᠩᠭᠢᠰ ᠬᠠᠭ᠋ᠠᠨ ᠵᠡᠭᠦᠨ ᠵᠡᠭᠡᠯᠢ ᠵᠢᠨ 15 ᠳ᠋ᠤᠭ᠋ᠠᠷ ᠨᠣᠮᠧᠷᠲᠤ ᠪᠥᠲᠥᠭᠡᠨ ᠪᠠᠶ᠋ᠢᠭᠤᠯᠤᠯᠲᠠ ᠵᠢᠨ ᠲᠣᠮᠣ ᠠᠰᠠᠷ᠎ᠤᠨ A ᠰᠠᠭᠤᠳᠠᠯ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 — 12᠄ 00᠂ 14᠄ 30 — 17᠄ 30 ᠪᠣᠯᠲᠠᠯ᠎ᠠ ᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ
ᠬᠠᠷᠢᠯᠴᠠᠬᠤ ᠤᠲᠠᠰᠤ᠄ 0471—5183525
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠣᠯᠣᠨ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠦᠪ
ᠬᠠᠷᠢᠭᠤᠴᠠᠯᠭ᠋ᠠᠲᠠᠨ᠄ ᠣᠣ ᠵᠢᠶᠦ᠋ᠨ ᠺᠠᠢ
ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ ᠬᠠᠷᠢᠭᠤᠴᠠᠯᠭ᠎ᠠ
( ᠨᠢᠭᠡ ) ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠣᠯᠣᠨ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠳᠤᠮᠳᠠ ᠣᠷᠳᠣ ᠬᠤᠭᠤᠴᠠᠭ᠋ᠠᠨ᠎ᠤ ᠲᠥᠯᠥᠪᠵᠢᠭᠦᠯᠭᠡ ᠪᠠ ᠠᠵᠢᠯ ᠲᠥᠷᠥᠯ᠎ᠤᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠨ ᠪᠠᠶ᠋ᠢᠴᠠᠭ᠋ᠠᠨ ᠰᠤᠳᠤᠯᠤᠯᠲᠠ᠂ ᠵᠣᠬᠢᠶᠠᠨ ᠪᠠᠶ᠋ᠢᠭᠤᠯᠤᠯᠲᠠ ᠵᠢᠨ ᠨᠤᠲᠠᠯᠠᠯᠲᠠ ᠵᠡᠷᠭᠡ ᠬᠣᠯᠪᠤᠭᠳᠠᠯ ᠪᠥᠬᠥᠶ ᠠᠵᠢᠯ᠎ᠢ ᠡᠭᠦᠷᠭᠡᠯᠡᠨ᠎ᠡ ᠃
( ᠬᠣᠶᠠᠷ ) ᠲᠢᠩᠬᠢᠮ᠎ᠤᠨ ᠪᠠᠶ᠋ᠢᠭᠤᠯᠭ᠎ᠠ ᠵᠢᠨ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠬᠣᠯᠪᠤᠭᠳᠠᠯ ᠪᠥᠬᠥᠶ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ ᠃
( ᠭᠤᠷᠪᠠ ) ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠬᠣᠯᠪᠤᠭᠳᠠᠯ ᠪᠥᠬᠥᠶ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ ᠃
( ᠳᠥᠷᠪᠡ ) ᠲᠢᠩᠬᠢᠮ᠎ᠤᠨ ᠰᠢᠰᠲ᠋ᠧᠮ᠎ᠤᠨ ᠬᠣᠯᠪᠤᠭᠳᠠᠯ ᠪᠥᠬᠥᠶ ᠨᠢᠭᠡᠴᠢ ᠵᠢᠨ ᠨᠢᠭᠲᠠᠯᠠᠨ ᠪᠤᠳᠤᠬᠤ ᠲᠣᠭ᠋ᠠᠴᠠᠭ᠎ᠠ ᠬᠢᠬᠦ ᠠᠵᠢᠯ᠎ᠢ ᠡᠭᠦᠷᠭᠡᠯᠡᠨ᠎ᠡ ᠃
( ᠲᠠᠪᠤ ) ᠠᠵᠢᠯ ᠲᠥᠷᠥᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢᠨ ᠬᠣᠯᠪᠤᠭᠳᠠᠯ ᠪᠥᠬᠥᠶ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ ᠃
( ᠵᠢᠷᠭᠤᠭ᠎ᠠ ) ᠲᠢᠩᠬᠢᠮ᠎ᠤᠨ ᠮᠡᠳᠡᠭᠡ ᠵᠠᠩᠭᠢ ᠨᠡᠶ᠋ᠢᠲᠡᠯᠡᠬᠦ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠢᠨᠠᠨ ᠬᠡᠮᠵᠢᠬᠦ᠂ ᠠᠵᠢᠯ ᠲᠥᠷᠥᠯ᠎ᠤᠨ ᠲᠣᠭ᠎ᠠ ᠪᠦᠷᠢᠳᠬᠡᠯ ᠪᠠ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠢ ᠵᠠᠳᠠᠯᠬᠤ ᠵᠡᠷᠭᠡ ᠬᠣᠯᠪᠤᠭᠳᠠᠯ ᠪᠥᠬᠥᠶ ᠠᠵᠢᠯ᠎ᠢ ᠡᠭᠦᠷᠭᠡᠯᠡᠨ᠎ᠡ ᠃
( ᠳᠣᠯᠣᠭ᠎ᠠ ) ᠲᠢᠩᠬᠢᠮ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠠᠵᠢᠯᠯᠠᠬᠤ ᠲᠣᠭᠣᠷᠢᠭ᠎ᠤᠨ ᠠᠷᠤ ᠲᠠᠯ᠎ᠠ ᠵᠢᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ ᠃
( ᠨᠠᠢ᠍ᠮᠠ ) ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠲᠤᠰᠢᠶᠠᠭᠰᠠᠨ ᠪᠤᠰᠤᠳ ᠬᠣᠯᠪᠤᠭᠳᠠᠯ ᠪᠥᠬᠥᠶ ᠠᠵᠢᠯ᠎ᠢ ᠡᠭᠦᠷᠭᠡᠯᠡᠨ᠎ᠡ᠃
ᠲᠤᠲᠤᠭ᠋ᠠᠲᠤ ᠪᠠᠢ᠌ᠭᠤᠯᠤᠮᠵᠢ
ᠲᠤᠳᠤᠭ᠋ᠠᠲᠤ᠎ᠳᠤᠨᠢ ᠵᠢᠩᠬᠢᠨᠢ ᠰᠠᠯᠠᠭ᠋ᠠᠨ ᠲᠠᠰ᠎ᠤᠨ ᠪᠠᠶ᠋ᠢᠭᠤᠯᠤᠮᠵᠢ 9 ᠪᠣᠶ᠄ ᠶᠡᠷᠦᠩᠬᠡᠶ᠋ᠢᠯᠡᠭᠰᠡᠨ ᠰᠠᠯᠠᠭ᠎ᠠ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠦᠢ᠍ᠯᠡᠴᠢᠯᠡᠭᠡᠨ᠎ᠤ ᠰᠠᠯᠠᠭ᠎ᠠ᠂ ᠬᠢᠷᠢ ᠬᠡᠮ᠎ᠤᠨ ᠦᠢ᠍ᠯᠡᠴᠢᠯᠡᠭᠡᠨ᠎ᠤ ᠰᠠᠯᠠᠭ᠎ᠠ᠂ ᠬᠢᠷᠢ ᠬᠡᠮ᠎ᠤᠨ ᠳᠡᠩᠰᠡᠯᠡᠯᠲᠡ ᠵᠢᠨ ᠦᠢ᠍ᠯᠡᠴᠢᠯᠡᠭᠡᠨ᠎ᠤ ᠰᠠᠯᠠᠭ᠎ᠠ᠂ ᠨᠢᠭᠲᠠᠯᠠᠨ ᠪᠤᠳᠤᠵᠤ ᠲᠣᠭ᠋ᠠᠴᠠᠭ᠎ᠠ ᠬᠢᠬᠦ ᠰᠠᠯᠠᠭ᠎ᠠ᠂ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢᠨ ᠦᠢ᠍ᠯᠡᠴᠢᠯᠡᠭᠡᠨ᠎ᠤ ᠰᠠᠯᠠᠭ᠎ᠠ᠂ ᠮᠡᠳᠡᠭᠡ ᠵᠠᠩᠭᠢ ᠵᠢᠨ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠤᠨ ᠲᠤᠭ᠎ᠠ ᠪᠦᠷᠢᠳᠬᠡᠯ᠎ᠤᠨ ᠰᠠᠯᠠᠭ᠎ᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠠᠯᠠᠭ᠎ᠠ᠂ ᠠᠷᠤ ᠲᠠᠯ᠎ᠠ ᠵᠢᠨ ᠪᠠᠲᠤᠯᠠᠭ᠎ᠠ ᠵᠢᠨ ᠰᠠᠯᠠᠭ᠎ᠠ᠃
ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠴᠢᠩᠭᠢᠰ ᠬᠠᠭ᠋ᠠᠨ ᠵᠡᠭᠦᠨ ᠵᠡᠭᠡᠯᠢ ᠵᠢᠨ 15 ᠳ᠋ᠤᠭ᠋ᠠᠷ ᠨᠣᠮᠧᠷᠲᠤ ᠪᠥᠲᠥᠭᠡᠨ ᠪᠠᠶ᠋ᠢᠭᠤᠯᠤᠯᠲᠠ ᠵᠢᠨ ᠲᠣᠮᠣ ᠠᠰᠠᠷ᠎ᠤᠨ A ᠰᠠᠭᠤᠳᠠᠯ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 — 12᠄ 00᠂ 14᠄ 30 — 17᠄ 30 ᠪᠣᠯᠲᠠᠯ᠎ᠠ ᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ
ᠬᠠᠷᠢᠯᠴᠠᠬᠤ ᠤᠲᠠᠰᠤ᠄ 0471—6945579
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠬᠥᠳᠡᠭᠡ ᠵᠢᠨ ᠣᠷᠣᠰᠢᠨ ᠰᠠᠭᠤᠬᠤ ᠣᠷᠴᠢᠨ ᠲᠣᠭᠣᠷᠢᠨ᠎ᠤ ᠬᠥᠭᠵᠢᠯᠲᠡ ᠵᠢ ᠠᠬᠢᠭᠤᠯᠬᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠵᠢᠨ ᠬᠠᠮᠢᠶᠠᠷᠤᠯᠲᠠ ᠵᠢᠨ ᠪᠠᠲᠤᠯᠠᠭ᠎ᠠ ᠵᠢᠨ ᠲᠦᠪ᠎ᠤᠨ ᠫᠠᠢ᠌ᠰᠠ ᠵᠢ ᠡᠯᠭᠦᠬᠦ)
ᠬᠠᠷᠢᠭᠤᠴᠠᠯᠭ᠋ᠠᠲᠠᠨ᠄ ᠯᠢᠦ ᠵᠢᠶᠠᠨ ᠹᠸᠢ
ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ ᠬᠠᠷᠢᠭᠤᠴᠠᠯᠭ᠎ᠠ
( ᠨᠢᠭᠡ ) ᠬᠤᠳᠠ ᠪᠠ ᠭᠠᠴᠠᠭ᠎ᠠ ᠪᠠᠯᠭ᠋ᠠᠰᠤᠨ᠎ᠤ ᠪᠦᠳᠦᠭᠡᠠ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠲᠠᠯ᠎ᠠ ᠵᠢᠨ ᠲᠤᠢ᠍ᠷᠦ ᠵᠢᠨ ᠪᠤᠳᠦᠯᠭ᠎ᠠ ᠵᠢᠨ ᠰᠤᠳᠤᠯᠭ᠋ᠠᠨ᠎ᠤ ᠠᠵᠢᠯ᠎ᠳᠤ ᠣᠷᠣᠯᠴᠠᠨ᠎ᠠ ᠃
( ᠬᠣᠶᠠᠷ ) ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠬᠣᠯᠪᠤᠭᠳᠠᠯ ᠪᠥᠬᠥᠶ ᠪᠠᠷᠢᠮᠵᠢᠶ᠎ᠠ ᠵᠢ ᠡᠭᠦᠷᠭᠡᠯᠡᠵᠦ᠂ ᠨᠠᠶ᠋ᠢᠷᠠᠭᠤᠯᠤᠨ ᠵᠣᠬᠢᠶᠠᠭᠰᠠᠨ ᠮᠡᠷᠭᠡᠵᠢᠯ᠎ᠤᠨ ᠲᠤᠯᠭ᠋ᠠᠭᠤᠷᠢᠯᠠᠯ ᠪᠠ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠵᠢᠷᠤᠮᠵᠢᠭᠤᠯᠤᠨ᠎ᠠ ᠃
( ᠭᠤᠷᠪᠠ ) ᠬᠣᠲᠠ ᠪᠠᠯᠭ᠋ᠠᠰᠤ ᠵᠢᠨ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ᠂ ᠨᠡᠶ᠋ᠢᠲᠡ ᠵᠢᠨ ᠬᠡᠷᠡᠭᠯᠡᠭᠡᠨ᠎ᠤ ᠦᠢ᠍ᠯᠡᠰ᠎ᠤᠨ ᠬᠥᠭᠵᠢᠯᠲᠡ᠂ ᠬᠣᠲᠠ ᠵᠢᠨ ᠰᠢᠨᠡᠴᠢᠯᠡᠯᠲᠡ᠂ ᠬᠣᠲᠠ ᠵᠢᠨ ᠶᠠᠰᠤ ᠴᠢᠨᠠᠷ᠎ᠤᠨ ᠳᠡᠭᠡᠭᠰᠢᠯᠡᠯᠲᠡ ᠵᠡᠷᠭᠡ ᠬᠣᠲᠠ ᠵᠢᠨ ᠠᠮᠤᠷ ᠲᠦᠪᠰᠢᠨ᠎ᠤ ᠮᠡᠷᠭᠡᠵᠢᠯ᠎ᠤᠨ ᠲᠤᠯᠭ᠋ᠠᠭᠤᠷᠢᠯᠠᠯ ᠪᠠ ᠦᠢ᠍ᠯᠡᠴᠢᠯᠡᠭᠡᠨ ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ ᠃
( ᠳᠥᠷᠪᠡ ) ᠬᠣᠲᠠ ᠪᠠᠯᠭ᠋ᠠᠰᠤ ᠵᠢᠨ ᠤᠰᠤ ᠬᠠᠩᠭ᠋ᠠᠬᠤ ᠤᠰᠤ ᠵᠠᠯᠠᠬᠤ᠂ ᠪᠣᠬᠢᠷ ᠦᠮᠡᠬᠡᠶ ᠤᠰᠤᠨ ᠴᠣᠭᠴᠠ ᠂ ᠪᠤᠵᠠᠷ ᠰᠢᠪᠠᠷ᠂ ᠬᠡᠢ ᠪᠡᠶᠡᠲᠦ ᠵᠢ ᠪᠠᠢ᠌ᠴᠠᠭ᠋ᠠᠵᠤ ᠰᠤᠳᠤᠯᠬᠤ ᠂ ᠪᠦᠷᠢᠳᠬᠡᠨ ᠵᠠᠳᠠᠯᠬᠤ ᠪᠠ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠠᠵᠢᠯ᠎ᠢ ᠡᠭᠦᠷᠭᠡᠯᠡᠵᠦ᠂ ᠪᠣᠬᠢᠷᠲᠤᠯ᠎ᠢ ᠴᠡᠭᠴᠡᠯᠡᠨ ᠵᠠᠰᠠᠬᠤ᠎ᠳᠤ ᠮᠡᠷᠭᠡᠵᠢᠯ᠎ᠤᠨ ᠲᠤᠯᠭ᠋ᠠᠭᠤᠷᠢᠯᠠᠯ ᠪᠠ ᠦᠢ᠍ᠯᠡᠴᠢᠯᠡᠭᠡᠨ᠎ᠤ ᠪᠠᠲᠤᠯᠠᠭ᠎ᠠ ᠬᠠᠩᠭ᠋ᠠᠨ᠎ᠠ ᠃
( ᠲᠠᠪᠤ ) ᠬᠣᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠬᠣᠯᠪᠤᠭᠳᠠᠯ ᠪᠥᠬᠥᠶ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ ᠃
( ᠵᠢᠷᠭᠤᠭ᠎ᠠ ) ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠎ᠤᠨ ᠬᠠᠷᠢᠭᠤᠴᠠᠭᠰᠠᠨ ᠲᠡᠤᠬᠡ ᠰᠣᠶᠣᠯ᠎ᠤᠨ ᠨᠠᠷᠠᠲᠤ ᠬᠣᠲᠠ (ᠪᠠᠯᠭ᠋ᠠᠰᠤ᠂ ᠲᠣᠰᠬᠣᠨ) ᠵᠢᠨ ᠬᠠᠮᠠᠭ᠋ᠠᠯᠠᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ ᠃
( ᠳᠣᠯᠣᠭ᠎ᠠ ) ᠪᠥᠬᠥ ᠣᠷᠣᠨ᠎ᠤ ᠵᠢᠵᠢᠭ ᠬᠣᠲᠠ ᠪᠠᠯᠭ᠋ᠠᠰᠤ᠂ ᠠᠶ᠋ᠢᠯ ᠲᠣᠰᠬᠣᠨ᠎ᠤ ᠪᠥᠲᠥᠭᠡᠨ ᠪᠠᠶ᠋ᠢᠭᠤᠯᠤᠯᠲᠠ ᠵᠡᠷᠭᠡ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠦᠢ᠍ᠯᠡᠴᠢᠯᠡᠭᠡᠨ ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ ᠃
( ᠨᠠᠢ᠍ᠮᠠ ) ᠬᠣᠲᠠ ᠵᠢᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ ᠵᠢᠴᠢ ᠬᠣᠯᠪᠤᠭᠳᠠᠯ ᠪᠥᠬᠥᠶ ᠲᠤᠰᠠᠯᠠᠬᠤ ᠠᠵᠢᠯ᠎ᠢ ᠡᠭᠦᠷᠭᠡᠯᠡᠨ᠎ᠡ ᠃
( ᠶᠢᠰᠦ ) ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠲᠤᠰᠢᠶᠠᠭᠰᠠᠨ ᠪᠤᠰᠤᠳ ᠬᠣᠯᠪᠤᠭᠳᠠᠯ ᠪᠥᠬᠥᠶ ᠠᠵᠢᠯ᠎ᠢ ᠡᠭᠦᠷᠭᠡᠯᠡᠨ᠎ᠡ᠃
ᠲᠤᠳᠤᠭ᠋ᠠᠲᠤ ᠪᠠᠢ᠌ᠭᠤᠯᠤᠮᠵᠢ
ᠳᠣᠲᠣᠭ᠋ᠠᠳᠤ᠎ᠳᠤᠨᠢ ᠵᠢᠩᠬᠢᠨᠢ ᠰᠠᠯᠠᠭ᠋ᠠᠨ ᠲᠠᠰ᠎ᠤᠨ ᠪᠠᠶ᠋ᠢᠭᠤᠯᠤᠮᠵᠢ 11 ᠪᠣᠢ᠄ ᠶᠡᠷᠦᠩᠬᠡᠶ᠋ᠢᠯᠡᠭᠰᠡᠨ ᠰᠠᠯᠠᠭ᠎ᠠ᠂ ᠬᠤᠲᠠ ᠵᠢᠨ ᠬᠥᠭᠵᠢᠯᠲᠡ ᠵᠢᠨ ᠦᠢ᠍ᠯᠡᠴᠢᠯᠡᠭᠡᠨ᠎ᠤ ᠰᠠᠯᠠᠭ᠎ᠠ᠂ ᠬᠤᠲᠠ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠰᠠᠯᠠᠭ᠎ᠠ᠂ ᠲᠤᠰᠬᠤᠨ ᠪᠠᠯᠭ᠋ᠠᠰᠤ ᠵᠢᠨ ᠬᠦᠭᠵᠢᠯᠲᠡ ᠵᠢᠨ ᠦᠢ᠍ᠯᠡᠴᠢᠯᠡᠭᠡᠨ᠎ᠤ ᠰᠠᠯᠠᠭ᠎ᠠ ᠂ ᠬᠤᠲᠠ ᠬᠥᠳᠡᠭᠡ ᠵᠢᠨ ᠣᠷᠴᠢᠨ ᠲᠣᠭᠤᠷᠢᠨ᠎ᠢ ᠵᠠᠰᠠᠬᠤ ᠦᠢ᠍ᠯᠡᠴᠢᠯᠡᠭᠡᠨ᠎ᠤ ᠰᠠᠯᠠᠭ᠎ᠠ᠂ ᠬᠤᠲᠠ ᠵᠢᠨ ᠶᠠᠪᠤᠳᠠᠯ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠦᠢ᠍ᠯᠡᠴᠢᠯᠡᠭᠡᠨ᠎ᠤ ᠰᠠᠯᠠᠭ᠎ᠠ᠂ ᠴᠡᠴᠡᠷᠯᠢᠭ᠎ᠤᠨ ᠨᠣᠭᠤᠭ᠋ᠠᠷᠠᠭᠤᠯᠤᠯᠲᠠ ᠵᠢᠨ ᠦᠢ᠍ᠯᠡᠴᠢᠯᠡᠭᠡᠨ᠎ᠤ ᠰᠠᠯᠠᠭ᠎ᠠ᠂ ᠪᠠᠶ᠋ᠢᠴᠠᠭ᠋ᠠᠨ ᠰᠢᠯᠭ᠋ᠠᠬᠤ ᠰᠠᠯᠠᠭ᠎ᠠ᠂ ᠬᠤᠲᠠ ᠪᠠᠯᠭ᠋ᠠᠰᠤᠨ᠎ᠤ ᠤᠰᠤ ᠬᠠᠩᠭ᠋ᠠᠬᠤ ᠤᠰᠤ ᠵᠠᠯᠠᠬᠤ ᠦᠢ᠍ᠯᠡᠴᠢᠯᠡᠭᠡᠨ᠎ᠤ ᠰᠠᠯᠠᠭ᠎ᠠ᠂ ᠬᠤᠲᠠ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠦᠢ᠍ᠯᠡᠴᠢᠯᠡᠭᠡᠨ᠎ᠤ ᠰᠠᠯᠠᠭ᠎ᠠ᠂ ᠬᠤᠲᠠ ᠵᠢᠨ ᠬᠠᠤᠯᠢ ᠬᠡᠷᠡᠭᠵᠢᠭᠦᠯᠦᠯᠲᠡ ᠵᠢᠨ ᠲᠤᠰᠠᠯᠠᠬᠤ ᠰᠠᠯᠠᠭ᠎ᠠ᠃
ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠶᠡᠬᠡ ᠰᠤᠷᠭ᠋ᠠᠭᠤᠯᠢ ᠵᠡᠭᠦᠨ ᠵᠡᠭᠡᠯᠢ ᠵᠢᠨ 102 ᠳ᠋ᠤᠭ᠋ᠠᠷ ᠨᠣᠮᠸᠷᠲᠤ
ᠠᠵᠢᠯᠯᠠᠬᠤ ᠴᠠᠭ᠄ ᠠᠵᠢᠯᠯᠠᠬᠤ ᠡᠳᠦᠷ᠎ᠤᠨ 8᠄ 30 — 12᠄ 00᠂ 14᠄ 00 — 17᠄ 30 ᠪᠣᠯᠲᠠᠯ᠎ᠠ ᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ
ᠬᠠᠷᠢᠯᠴᠠᠬᠤ ᠤᠲᠠᠰᠤ᠄ 0471—3290278
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠣᠯᠣᠨ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠪᠣᠬᠢᠷᠲᠤᠯ ᠥᠬᠡᠶ ᠰᠤᠳᠤᠯᠭ᠋ᠠᠨ᠎ᠤ ᠬᠥᠭᠵᠢᠯᠲᠡ ᠵᠢᠨ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠮ᠎ᠤᠨ ᠮᠠᠲ᠋ᠧᠷᠢᠶᠠᠯ᠎ᠤᠨ ᠰᠢᠨᠡᠴᠢᠯᠡᠯᠲᠡ ᠬᠥᠭᠵᠢᠯᠲᠡ ᠵᠢᠨ ᠲᠥᠪ᠎ᠤᠨ ᠫᠠᠢ᠌ᠰᠠ ᠵᠢ ᠡᠯᠭᠦᠬᠦ)
ᠬᠠᠷᠢᠭᠤᠴᠠᠯᠭ᠋ᠠᠲᠠᠨ᠄ ᠵᠠᠩ ᠱᠣᠣ ᠹᠧᠩ
ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ ᠬᠠᠷᠢᠭᠤᠴᠠᠯᠭ᠎ᠠ
( ᠨᠢᠭᠡ ) ᠬᠣᠲᠠ ᠪᠠᠯᠭ᠋ᠠᠰᠤ ᠵᠢᠨ ᠣᠷᠣᠨ ᠰᠠᠭᠤᠴᠠ ᠵᠢᠨ ᠪᠠᠲᠤᠯᠠᠭ᠎ᠠ᠂ ᠳᠥᠭᠥᠮ ᠪᠦᠳᠦᠭᠦᠯᠢᠭ ᠣᠷᠣᠨ ᠰᠠᠭᠤᠴᠠ᠎ᠳᠤ ᠲᠣᠭᠣᠷᠢᠭ ᠢ ᠰᠢᠨᠡᠳᠬᠡᠨ ᠵᠠᠰᠠᠵᠤ ᠪᠥᠳᠥᠭᠡᠨ ᠪᠠᠶ᠋ᠢᠭᠤᠯᠬᠤ᠂ ᠪᠠᠷᠢᠯᠭ᠎ᠠ ᠵᠢᠨ ᠠᠵᠤ ᠦᠢ᠍ᠯᠡᠳᠪᠦᠷᠢᠵᠢᠭᠦᠯᠦᠯᠲᠡ ᠪᠠ ᠣᠷᠣᠨ ᠰᠠᠭᠤᠴᠠ ᠵᠢᠨ ᠠᠵᠤ ᠦᠢ᠍ᠯᠡᠰᠵᠢᠭᠦᠯᠦᠯᠲᠡ᠂ ᠠᠳᠠᠯ ᠠᠬᠤᠶ ᠵᠢᠨ ᠬᠠᠮᠢᠶᠠᠷᠤᠯᠲᠠ᠂ ᠬᠣᠲᠠ ᠪᠠᠯᠭ᠋ᠠᠰᠤ ᠵᠢᠨ ᠬᠠᠭᠤᠴᠢᠨ ᠵᠢᠵᠢᠭ ᠲᠣᠭᠣᠷᠢᠭ᠎ᠢ ᠰᠢᠨᠡᠳᠬᠡᠨ ᠵᠠᠰᠠᠬᠤ ᠵᠡᠷᠭᠡ ᠲᠠᠯ᠎ᠠ ᠵᠢᠨ ᠲᠥᠷᠥ ᠵᠢᠨ ᠪᠤᠳᠤᠯᠭ᠎ᠠ ᠵᠢᠨ ᠰᠤᠳᠤᠯᠤᠯ᠂ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠭᠰᠠᠨ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ ᠃
( ᠬᠣᠶᠠᠷ ) ᠪᠥᠬᠥ ᠣᠷᠣᠨ᠎ᠤ ᠣᠷᠣᠨ ᠰᠠᠭᠤᠴᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ ᠪᠠ ᠪᠠᠷᠠᠯᠠᠯᠲᠤ ᠴᠢᠨᠠᠷᠲᠠᠶ ᠰᠤᠳᠤᠯᠭ᠋ᠠᠨ᠎ᠢ ᠡᠭᠦᠷᠭᠡᠯᠡᠵᠦ᠂ ᠪᠥᠬᠥ ᠣᠷᠣᠨ᠎ᠤ ᠬᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠲᠤ ᠬᠢᠨᠠᠨ ᠰᠢᠨᠵᠢᠵᠦ ᠵᠠᠳᠠᠯᠤᠯᠲᠠ ᠬᠢᠬᠦ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠵᠢᠨ ᠬᠠᠮᠲᠤ ᠬᠣᠯᠪᠤᠭᠳᠠᠯ ᠪᠥᠬᠥᠶ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠤᠨ᠎ᠠ ᠃
( ᠭᠤᠷᠪᠠ ) ᠪᠠᠷᠢᠯᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠲᠥᠷᠥ ᠵᠢᠨ ᠪᠤᠳᠤᠯᠭ᠎ᠠ᠂ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠲᠥᠷᠥ ᠵᠢᠨ ᠪᠤᠳᠤᠯᠭ᠎ᠠ᠂ ᠳᠤᠮᠳᠠ ᠤᠷᠳᠤ ᠬᠤᠭᠤᠴᠠᠭ᠋ᠠᠨ᠎ᠤ ᠲᠥᠯᠥᠪᠵᠢᠭᠦᠯᠭᠡ ᠵᠢᠨ ᠪᠠᠶ᠋ᠢᠴᠠᠭ᠋ᠠᠨ ᠰᠤᠳᠤᠯᠤᠯᠲᠠ ᠬᠢᠬᠦ᠂ ᠲᠤᠰᠬᠠᠶ ᠵᠦᠢ᠍ᠯ ᠤᠨ ᠨᠤᠲᠠᠯᠠᠯᠲᠠ ᠬᠢᠬᠦ ᠵᠡᠷᠭᠡ ᠠᠵᠢᠯ᠎ᠢ ᠡᠭᠦᠷᠭᠡᠯᠡᠨ᠎ᠡ ᠃
( ᠳᠥᠷᠪᠡ ) ᠪᠠᠷᠢᠯᠭ᠎ᠠ ᠵᠢᠨ ᠡᠨᠧᠷᠭᠢ ᠠᠷᠪᠢᠯᠠᠬᠤ᠂ ᠬᠤᠳᠠ ᠬᠥᠳᠡᠭᠡ ᠵᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠡᠷᠭᠡ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ; ᠪᠣᠬᠢᠷᠲᠤᠯ ᠥᠬᠡᠶ ᠪᠠᠷᠢᠯᠭ᠎ᠠ᠂ ᠡᠨᠧᠷᠭᠢ ᠪᠠᠭ᠎ᠠ ᠬᠣᠷᠣᠭᠳᠠᠭᠤᠯᠬᠤ ᠢᠳᠡᠪᠬᠢ ᠪᠤᠰᠤ ᠪᠠᠷᠢᠯᠭ᠎ᠠ᠂ ᠤᠭᠰᠠᠷᠠᠮᠠᠯ ᠮᠠᠶᠢᠭ᠎ᠤᠨ ᠪᠠᠷᠢᠯᠭ᠎ᠠ᠂ ᠳᠠᠬᠢᠨ ᠡᠭᠦᠰᠬᠦᠢ᠌ᠴᠡ ᠡᠨᠧᠷᠭᠢ ᠵᠢᠨ ᠪᠠᠷᠢᠯᠭ᠎ᠠ ᠪᠠ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠂ ᠰᠢᠨ᠎ᠡ ᠬᠡᠯᠪᠡᠷᠢ ᠵᠢᠨ ᠬᠡᠷᠡᠮ᠎ᠤᠨ ᠮᠠᠲ᠋ᠧᠷᠢᠶᠠᠯ ᠵᠡᠷᠭᠡ ᠵᠢᠨ ᠮᠡᠷᠭᠡᠵᠢᠯ᠎ᠤᠨ ᠰᠢᠨᠡᠴᠢᠯᠡᠯᠲᠡ ᠵᠢᠨ ᠠᠵᠢᠯ᠎ᠢ ᠡᠭᠦᠷᠭᠡᠯᠡᠨ᠎ᠡ ᠃
( ᠲᠠᠪᠤ ) ᠪᠦᠳᠦᠭᠡᠨ ᠪᠠᠶ᠋ᠢᠭᠤᠯᠤᠯᠲᠠ ᠵᠢᠨ ᠰᠢᠰᠲ᠋ᠧᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠨᠡᠭᠡᠭᠡᠨ ᠳᠡᠯᠭᠡᠷᠡᠭᠦᠯᠬᠦ᠂ ᠮᠡᠷᠭᠡᠵᠢᠯ᠎ᠢ ᠰᠢᠯᠵᠢᠭᠦᠯᠦᠨ ᠥᠭᠬᠦ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ ᠃
( ᠵᠢᠷᠭᠤᠭ᠎ᠠ ) ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠲᠤᠰᠢᠶᠠᠭᠰᠠᠨ ᠪᠤᠰᠤᠳ ᠬᠣᠯᠪᠤᠭᠳᠠᠯ ᠪᠥᠬᠥᠶ ᠠᠵᠢᠯ᠎ᠢ ᠡᠭᠦᠷᠭᠡᠯᠡᠨ᠎ᠡ᠃
ᠲᠤᠳᠤᠭ᠋ᠠᠲᠤ ᠪᠠᠢ᠌ᠭᠤᠯᠤᠮᠵᠢ
ᠳᠣᠲᠣᠭ᠋ᠠᠳᠤ᠎ᠳᠤᠨᠢ ᠵᠢᠩᠬᠢᠨᠢ ᠰᠠᠯᠠᠭ᠋ᠠᠨ ᠲᠠᠰ᠎ᠤᠨ ᠪᠠᠶ᠋ᠢᠭᠤᠯᠤᠮᠵᠢ 7 ᠪᠣᠢ ᠄ ᠶᠡᠷᠦᠩᠬᠡᠢ᠌ᠯᠡᠭᠰᠡᠨ ᠰᠠᠯᠠᠭ᠎ᠠ᠂ ᠣᠷᠣᠨ ᠰᠠᠭᠤᠴᠠ ᠵᠢᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠰᠠᠯᠠᠭ᠎ᠠ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠦᠢ᠍ᠯᠡᠴᠢᠯᠡᠭᠡᠨ᠎ᠤ ᠰᠠᠯᠠᠭ᠎ᠠ᠂ ᠠᠳᠠᠯ ᠠᠬᠤᠢ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠰᠠᠯᠠᠭ᠎ᠠ᠂ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠦᠢ᠍ᠯᠡᠴᠢᠯᠡᠭᠡᠨ᠎ᠤ ᠰᠠᠯᠠᠭ᠎ᠠ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠰᠠᠯᠠᠭ᠎ᠠ᠂ ᠬᠡᠷᠡᠮ᠎ᠤᠨ ᠮᠠᠲ᠋ᠧᠷᠢᠶᠠᠯ᠎ᠤᠨ ᠰᠢᠨᠡᠴᠢᠯᠡᠯᠲᠡ ᠵᠢᠨ ᠰᠠᠯᠠᠭ᠎ᠠ᠃
ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠴᠢᠩᠭᠢᠰ ᠬᠠᠭ᠋ᠠᠨ ᠵᠡᠭᠦᠨ ᠵᠡᠭᠡᠯᠢ ᠵᠢᠨ 15 ᠳ᠋ᠤᠭ᠋ᠠᠷ ᠨᠣᠮᠧᠷᠲᠤ ᠪᠥᠲᠥᠭᠡᠨ ᠪᠠᠶ᠋ᠢᠭᠤᠯᠤᠯᠲᠠ ᠵᠢᠨ ᠲᠣᠮᠣ ᠠᠰᠠᠷ᠎ᠤᠨ A ᠰᠠᠭᠤᠳᠠᠯ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 — 12᠄ 00᠂ 14᠄ 30 — 17᠄ 30 ᠪᠣᠯᠲᠠᠯ᠎ᠠ ᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ
ᠬᠠᠷᠢᠯᠴᠠᠬᠤ ᠤᠲᠠᠰᠤ᠄ 0471—6946880
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠠᠶᠤᠯᠭᠦᠶ ᠮᠡᠷᠭᠡᠵᠢᠯ᠎ᠤᠨ ᠦᠢ᠍ᠯᠡᠴᠢᠯᠡᠭᠡᠨ᠎ᠤ ᠲᠥᠪ
ᠬᠠᠷᠢᠭᠤᠴᠠᠯᠭ᠋ᠠᠲᠠᠨ᠄ ᠵᠣᠣ ᠯᠠᠢ ᠪᠢᠩ
ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ ᠬᠠᠷᠢᠭᠤᠴᠠᠯᠭ᠎ᠠ
( ᠨᠢᠭᠡ ) ᠬᠡᠷ ᠪᠠᠶ᠋ᠢᠰᠢᠩ᠎ᠤᠨ ᠪᠠᠷᠢᠯᠭ᠎ᠠ ᠪᠠ ᠬᠣᠲᠠ ᠵᠢᠨ ᠶᠠᠪᠤᠳᠠᠯ᠎ᠤᠨ ᠪᠠᠷᠢᠯᠭ᠎ᠠ᠂ ᠬᠡᠷ᠎ᠤᠨ ᠳᠣᠲᠣᠷᠠᠬᠢ ᠵᠠᠰᠠᠯ ᠴᠢᠮᠡᠭᠯᠡᠯ᠎ᠤᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ᠂ ᠪᠠᠷᠢᠯᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠣᠷᠣᠨ ᠨᠤᠲᠤᠭ᠎ᠤᠨ ᠪᠠᠷᠢᠮᠵᠢᠶ᠎ᠠ ᠵᠢ ᠨᠠᠶ᠋ᠢᠷᠠᠭᠤᠯᠤᠨ ᠵᠣᠬᠢᠶᠠᠬᠤ ᠵᠢᠴᠢ ᠶᠠᠰᠤ ᠴᠢᠨᠠᠷ᠎ᠤᠨ ᠠᠮᠤᠷ ᠲᠦᠪᠰᠢᠨ ᠵᠡᠷᠭᠡ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ ᠃
( ᠬᠣᠶᠠᠷ ) ᠪᠥᠬᠥ ᠣᠷᠣᠨ᠎ᠤ ᠬᠡᠷ ᠪᠠᠶ᠋ᠢᠰᠢᠩ᠎ᠤᠨ ᠪᠠᠷᠢᠯᠭ᠎ᠠ ᠪᠠ ᠬᠣᠲᠠ ᠵᠢᠨ ᠶᠠᠪᠤᠳᠠᠯ᠎ᠤᠨ ᠪᠠᠷᠢᠯᠭ᠎ᠠ᠂ ᠬᠡᠷ᠎ᠤᠨ ᠳᠣᠲᠣᠷᠠᠬᠢ ᠵᠠᠰᠠᠯ ᠴᠢᠮᠡᠭᠯᠡᠯ᠎ᠤᠨ ᠪᠠᠷᠢᠯᠭ᠎ᠠ ᠵᠢᠨ ᠶᠠᠰᠤ ᠴᠢᠨᠠᠷ᠂ ᠠᠮᠤᠷ ᠲᠦᠪᠰᠢᠨ᠎ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶ᠎ᠠ ᠪᠥᠬᠥᠶ ᠱᠠᠩᠨᠠᠯ᠎ᠤᠨ ᠵᠦᠢ᠍ᠯ᠂ ᠪᠠᠷᠢᠯᠭ᠎ᠠ ᠵᠢᠨ ᠠᠷᠭ᠎ᠠ᠂ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠰᠢᠯᠭ᠋ᠠᠷᠠᠭᠤᠯᠬᠤ ᠮᠡᠷᠭᠡᠵᠢᠯ᠎ᠤᠨ ᠲᠤᠯᠭ᠋ᠠᠭᠤᠷᠢᠯᠠᠯ ᠪᠠ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ ᠃
( ᠭᠤᠷᠪᠠ ) ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠴᠢᠬᠤᠯᠠ ᠶᠡᠬᠡ ᠪᠥᠳᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠲᠥᠷᠥᠯ ᠵᠦᠢ᠍ᠯ᠎ᠤᠨ ᠶᠠᠰᠤ ᠴᠢᠨᠠᠷ ᠪᠣᠯᠤᠨ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ ; ᠥᠪᠡᠷᠲᠡᠭᠡᠨ ᠵᠠᠰᠠᠬᠤ ᠣᠷᠣᠨ᠎ᠤ ᠪᠥᠳᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠬᠦᠨᠳᠦ ᠶᠡᠬᠡ ᠶᠠᠰᠤ ᠴᠢᠨᠠᠷ ᠪᠣᠯᠤᠨ ᠠᠶᠤᠯᠭᠦᠢ ᠵᠢᠨ ᠡᠨᠳᠡᠯ᠎ᠤᠨ ᠪᠠᠶ᠋ᠢᠴᠠᠭ᠋ᠠᠯᠲᠠ᠎ᠳᠤ ᠣᠷᠣᠯᠴᠠᠬᠤ ᠵᠢᠨ ᠬᠠᠮᠲᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ ᠃
( ᠲᠥᠷᠪᠡ ) ᠭᠡᠷ ᠳᠣᠲᠣᠷᠠᠬᠢ ᠳᠡᠯᠭᠡᠮᠡᠯ ᠤᠷᠠᠯᠢᠭ᠂ ᠭᠡᠷ ᠪᠦᠯᠢ ᠵᠢᠨ ᠵᠠᠰᠠᠯ ᠴᠢᠮᠡᠭᠯᠡᠯ᠎ᠤᠨ ᠮᠡᠷᠭᠡᠵᠢᠯ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ ᠃
( ᠲᠠᠪᠤ ) ᠪᠥᠬᠥ ᠣᠷᠣᠨ᠎ᠤ ᠪᠥᠳᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠪᠠᠶ᠋ᠢᠭᠤᠯᠤᠮᠵᠢ᠂ ᠤᠷᠢᠳᠴᠢᠯᠠᠨ ᠬᠣᠯᠢᠭᠰᠠᠨ ᠪᠸᠲ᠋ᠣᠨ (ᠤᠷᠢᠳᠴᠢᠯᠠᠨ ᠬᠣᠯᠢᠭᠰᠠᠨ ᠡᠯᠡᠰᠦᠨ ᠡᠭᠡᠳᠡᠩ) ᠦᠢ᠍ᠯᠡᠳᠪᠦᠷᠢᠯᠡᠬᠦ ᠠᠵᠤ ᠠᠬᠤᠶ᠋ᠢᠯᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ ; ᠤᠷᠢᠳᠴᠢᠯᠠᠨ ᠬᠣᠯᠢᠭᠰᠠᠨ ᠪᠸᠲ᠋ᠣᠨ᠂ ᠤᠷᠢᠳᠴᠢᠯᠠᠨ ᠬᠣᠯᠢᠭᠰᠠᠨ ᠡᠯᠡᠰᠦᠨ ᠡᠭᠡᠳᠡᠩᠢ ᠳᠡᠯᠭᠡᠷᠡᠭᠦᠯᠦᠨ ᠬᠡᠷᠡᠭᠯᠡᠬᠦ ᠠᠵᠢᠯ᠎ᠢ ᠡᠭᠦᠷᠭᠡᠯᠡᠨ᠎ᠡ ᠃
( ᠵᠢᠷᠭᠤᠭ᠎ᠠ ) ᠪᠠᠷᠢᠯᠭ᠎ᠠ ᠵᠢᠨ ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠵᠡᠷᠭᠡ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ ᠃
( ᠳᠣᠯᠣᠭ᠎ᠠ ) ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠲᠤᠰᠢᠶᠠᠭᠰᠠᠨ ᠪᠤᠰᠤᠳ ᠬᠣᠯᠪᠤᠭᠳᠠᠯ ᠪᠥᠬᠥᠶ ᠠᠵᠢᠯ᠎ᠢ ᠡᠭᠦᠷᠭᠡᠯᠡᠨ᠎ᠡ᠃
ᠲᠤᠳᠤᠭ᠋ᠠᠲᠤ ᠪᠠᠢ᠌ᠭᠤᠯᠤᠮᠵᠢ
ᠲᠤᠳᠤᠭ᠋ᠠᠲᠤ᠎ᠳᠤ ᠨᠢ ᠵᠢᠩᠬᠢᠨᠢ ᠰᠠᠯᠠᠭ᠋ᠠᠨ ᠲᠠᠰ᠎ᠤᠨ ᠪᠠᠶ᠋ᠢᠭᠤᠯᠤᠮᠵᠢ 7 ᠪᠣᠶ᠄ ᠶᠡᠷᠦᠩᠬᠡᠶ᠋ᠢᠯᠡᠭᠰᠡᠨ ᠰᠠᠯᠠᠭ᠎ᠠ᠂ ᠪᠠᠷᠢᠯᠭ᠎ᠠ ᠵᠢᠨ ᠠᠮᠤᠷ ᠲᠦᠪᠰᠢᠨ᠎ᠤ ᠦᠢ᠍ᠯᠡᠴᠢᠯᠡᠭᠡᠨ᠎ᠤ ᠰᠠᠯᠠᠭ᠎ᠠ᠂ ᠪᠠᠷᠢᠯᠭ᠎ᠠ ᠵᠢᠨ ᠶᠠᠰᠤ ᠴᠢᠨᠠᠷ᠎ᠤᠨ ᠦᠢ᠍ᠯᠡᠴᠢᠯᠡᠭᠡᠨ᠎ᠤ ᠰᠠᠯᠠᠭ᠎ᠠ᠂ ᠬᠡᠷ ᠳᠣᠲᠣᠷᠠᠬᠢ ᠵᠠᠰᠠᠯ ᠴᠢᠮᠡᠭᠯᠡᠯ᠎ᠤᠨ ᠪᠠᠷᠢᠯᠭ᠎ᠠ ᠵᠢᠨ ᠦᠢ᠍ᠯᠡᠴᠢᠯᠡᠭᠡᠨ᠎ᠤ ᠰᠠᠯᠠᠭ᠎ᠠ᠂ ᠪᠠᠷᠢᠯᠭ᠎ᠠ ᠵᠢᠨ ᠮᠠᠲ᠋ᠧᠷᠢᠶᠠᠯ᠎ᠤᠨ ᠮᠡᠷᠭᠡᠵᠢᠯ᠎ᠤᠨ ᠦᠢ᠍ᠯᠡᠴᠢᠯᠡᠭᠡᠨ᠎ᠤ ᠰᠠᠯᠠᠭ᠎ᠠ᠂ ᠪᠠᠶ᠋ᠢᠴᠠᠭ᠋ᠠᠨ ᠰᠢᠯᠭ᠋ᠠᠬᠤ ᠮᠡᠷᠭᠡᠵᠢᠯ᠎ᠤᠨ ᠦᠢ᠍ᠯᠡᠴᠢᠯᠡᠭᠡᠨ᠎ᠤ ᠰᠠᠯᠠᠭ᠎ᠠ᠂ ᠪᠠᠷᠢᠯᠭ᠎ᠠ ᠵᠢᠨ ᠲᠥᠷᠥᠯ ᠵᠦᠢ᠍ᠯ᠎ᠤᠨ ᠦᠢ᠍ᠯᠡᠴᠢᠯᠡᠭᠡᠨ᠎ᠤ ᠰᠠᠯᠠᠭ᠎ᠠ᠃
ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠴᠢᠩᠭᠢᠰ ᠬᠠᠭ᠋ᠠᠨ ᠵᠡᠭᠦᠨ ᠵᠡᠭᠡᠯᠢ ᠵᠢᠨ 15 ᠳ᠋ᠤᠭ᠋ᠠᠷ ᠨᠣᠮᠧᠷᠲᠤ ᠪᠥᠲᠥᠭᠡᠨ ᠪᠠᠶ᠋ᠢᠭᠤᠯᠤᠯᠲᠠ ᠵᠢᠨ ᠲᠣᠮᠣ ᠠᠰᠠᠷ᠎ᠤᠨ A ᠰᠠᠭᠤᠳᠠᠯ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 — 12᠄ 00᠂ 14᠄ 30 — 17᠄ 30 ᠪᠣᠯᠲᠠᠯ᠎ᠠ ᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ
ᠬᠠᠷᠢᠯᠴᠠᠬᠤ ᠤᠲᠠᠰᠤ᠄ 0471—6294211
ᠥᠪᠥᠷ ᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠨ ᠣᠷᠣᠨ ᠰᠠᠭᠤᠴᠠ ᠵᠢᠨ ᠪᠡᠯᠡ ᠮᠥᠩᠭᠦᠨ ᠤ ᠲᠥᠪ
ᠬᠠᠷᠢᠭᠤᠴᠠᠯᠭ᠋ᠠᠲᠠᠨ᠄ ᠯᠢᠦ ᠵᠢᠶᠠᠨ ᠹᠸᠢ
ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ ᠬᠠᠷᠢᠭᠤᠴᠠᠯᠭ᠎ᠠ
(ᠨᠢᠭᠡ) ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠨᠢᠭᠡᠴᠢ ᠵᠢᠴᠢ ᠬᠥᠬᠡᠬᠤᠲᠠ᠎ᠳᠤ ᠰᠠᠭᠤᠭ᠎ᠠ ᠲᠥᠪ᠎ᠤᠨ ᠨᠢᠭᠡᠴᠢ ᠵᠢᠨ ᠨᠡᠶ᠋ᠢᠲᠡ ᠵᠢᠨ ᠣᠷᠣᠨ ᠰᠠᠭᠤᠴᠠ ᠬᠤᠳᠠᠯᠳᠤᠭᠰᠠᠨ ᠣᠷᠣᠯᠭ᠎ᠠ᠂ ᠣᠷᠣᠨ ᠰᠠᠭᠤᠴᠠ ᠰᠡᠯᠪᠢᠨ ᠵᠠᠰᠠᠬᠤ ᠰᠠᠭᠤᠷᠢ ᠮᠥᠩᠭᠦ᠂ ᠣᠷᠣᠨ ᠰᠠᠭᠤᠴᠠ ᠵᠢᠨ ᠨᠥᠬᠦᠪᠥᠷᠢ ᠵᠢᠨ ᠪᠡᠯᠡ ᠮᠥᠩᠭᠦ ᠵᠡᠷᠭᠡ ᠣᠷᠣᠨ ᠰᠠᠭᠤᠴᠠ ᠵᠢᠨ ᠪᠡᠯᠡ ᠮᠥᠩᠭᠦ ᠵᠢ ᠴᠤᠭᠯᠠᠭᠤᠯᠬᠤ᠂ ᠲᠦᠯᠦᠬᠦ᠂ ᠲᠣᠭ᠋ᠠᠴᠠᠭ᠎ᠠ ᠬᠢᠬᠦ ᠠᠵᠢᠯ᠎ᠢ ᠡᠭᠦᠷᠭᠡᠯᠡᠨ᠎ᠡ᠃
(ᠬᠤᠶᠠᠷ) ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢ ᠴᠤᠭᠯᠠᠭᠤᠯᠬᠤ᠂ ᠲᠦᠯᠦᠬᠦ᠂ ᠬᠡᠷᠡᠭᠯᠡᠬᠦ ᠵᠡᠷᠭᠡ ᠠᠵᠢᠯ᠎ᠢ ᠡᠭᠦᠷᠭᠡᠯᠡᠨ᠎ᠡ᠃
(ᠭᠤᠷᠪᠠ) ᠬᠥᠬᠡᠬᠤᠲᠠ ᠵᠢᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠨᠠᠶ᠋ᠢᠳᠠᠭᠰᠠᠨ ᠪᠤᠰᠤᠳ ᠵᠦᠢ᠍ᠯᠡᠰ᠎ᠢ ᠳᠠᠭ᠋ᠠᠭ᠋ᠠᠨ ᠡᠷᠬᠢᠯᠡᠨ᠎ᠡ ᠃
(ᠲᠦᠷᠪᠡ) ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠤᠨ ᠲᠤᠰᠢᠶᠠᠭᠰᠠᠨ ᠪᠤᠰᠤᠳ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃
ᠳᠤᠳᠤᠭ᠋ᠠᠳᠤ ᠪᠠᠶ᠋ᠢᠭᠤᠯᠤᠮᠵᠢ
ᠳᠣᠲᠣᠭ᠋ᠠᠳᠤ᠎ᠳᠤ ᠨᠢ ᠵᠢᠩᠬᠢᠨᠢ ᠰᠠᠯᠠᠭ᠋ᠠᠨ ᠳᠡᠰ᠎ᠤᠨ ᠪᠠᠶ᠋ᠢᠭᠤᠯᠤᠮᠵᠢ 6 ᠪᠣᠢ ᠄ ᠠᠯᠪᠠᠨ ᠭᠡᠷ᠂ ᠪᠡᠯᠡ ᠮᠥᠩᠭᠦ ᠴᠤᠭᠯᠠᠭᠤᠯᠬᠤ ᠰᠠᠯᠠᠭ᠎ᠠ᠂ ᠪᠡᠯᠡ ᠮᠥᠩᠭᠦ ᠵᠢᠨ ᠬᠡᠷᠡᠭᠯᠡᠭᠡᠨ᠎ᠤ ᠰᠠᠯᠠᠭ᠎ᠠ᠂ ᠨᠢᠭᠲᠠᠯᠠᠨ ᠪᠤᠳᠤᠵᠤ ᠲᠣᠭ᠋ᠠᠴᠠᠭ᠎ᠠ ᠬᠢᠬᠦ ᠰᠠᠯᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ ᠮᠡᠳᠡᠭᠡ ᠵᠠᠩᠭᠢ ᠵᠢᠨ ᠰᠠᠯᠠᠭ᠎ᠠ᠂ ᠪᠠᠶ᠋ᠢᠴᠠᠭ᠋ᠠᠨ ᠬᠠᠷᠭᠤᠭᠤᠯᠵᠤ ᠬᠢᠨᠠᠨ ᠪᠤᠳᠤᠬᠤ ᠰᠠᠯᠠᠭ᠎ᠠ᠃
ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠴᠢᠩᠭᠢᠰ ᠬᠠᠭ᠋ᠠᠨ ᠵᠡᠭᠦᠨ ᠵᠡᠭᠡᠯᠢ ᠵᠢᠨ 15 ᠳ᠋ᠤᠭ᠋ᠠᠷ ᠨᠣᠮᠧᠷᠲᠤ ᠪᠥᠲᠥᠭᠡᠨ ᠪᠠᠶ᠋ᠢᠭᠤᠯᠤᠯᠲᠠ ᠵᠢᠨ ᠲᠣᠮᠣ ᠠᠰᠠᠷ᠎ᠤᠨ A ᠰᠠᠭᠤᠳᠠᠯ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 —17᠄ 00 ᠪᠣᠯᠲᠠᠯ᠎ᠠ ᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ
ᠬᠠᠷᠢᠯᠴᠠᠬᠤ ᠤᠲᠠᠰᠤ ᠄ 0471—5310326
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠵᠤ ᠬᠢᠨᠠᠨ ᠲᠣᠭᠲᠠᠭ᠋ᠠᠬᠤ ᠪᠠ ᠡᠨᠧᠷᠭᠢ ᠵᠢᠨ ᠠᠰᠢᠭᠯᠠᠮᠵᠢ ᠵᠢ ᠬᠡᠮᠵᠢᠨ ᠲᠣᠭᠲᠠᠭ᠋ᠠᠬᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠬᠠᠶ᠋ᠢᠨ ᠪᠠᠶ᠋ᠢᠴᠠᠭ᠋ᠠᠬᠤ ᠮᠡᠷᠭᠡᠵᠢᠯ᠎ᠤᠨ ᠦᠢ᠍ᠯᠡᠴᠢᠯᠡᠭᠡ ᠵᠢᠨ ᠲᠦᠪ᠎ᠤᠨ ᠫᠠᠢ᠌ᠰᠠ ᠵᠢ ᠡᠯᠭᠦᠬᠦ )
ᠬᠠᠷᠢᠭᠤᠴᠠᠯᠭ᠋ᠠᠲᠠᠨ᠄ ᠯᠢ ᠠᠢ ᠫᠢᠩ
ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ ᠬᠠᠷᠢᠭᠤᠴᠠᠯᠭ᠎ᠠ
( ᠨᠢᠭᠡ ) ᠭᠡᠷ ᠪᠠᠶ᠋ᠢᠰᠢᠩ᠎ᠤᠨ ᠪᠠᠷᠢᠯᠭ᠎ᠠ ᠪᠠ ᠬᠤᠳᠠ ᠵᠢᠨ ᠶᠠᠪᠤᠳᠠᠯ᠎ᠤᠨ ᠪᠠᠷᠢᠯᠭ᠎ᠠ ᠵᠢᠨ ᠪᠦᠲᠦᠴᠡ ᠵᠢ ᠪᠠᠶ᠋ᠢᠴᠠᠭ᠋ᠠᠨ ᠰᠢᠯᠭ᠋ᠠᠬᠤ ᠪᠠ ᠪᠠᠷᠢᠯᠭ᠎ᠠ ᠵᠢᠨ ᠮᠠᠲ᠋ᠧᠷᠢᠶᠠᠯ᠎ᠢ ᠲᠤᠷᠰᠢᠬᠤ ᠠᠵᠢᠯ᠎ᠢ ᠡᠭᠦᠷᠭᠡᠯᠡᠨ᠎ᠡ ᠃
( ᠬᠣᠶᠠᠷ ) ᠪᠠᠷᠢᠯᠭ᠎ᠠ ᠵᠢᠨ ᠶᠠᠰᠤ ᠴᠢᠨᠠᠷ᠎ᠤᠨ ᠡᠨᠳᠡᠯ᠂ ᠠᠰᠠᠭᠤᠳᠠᠯ᠂ ᠵᠠᠭ᠋ᠠᠯᠳᠤᠯᠭ᠎ᠠ ᠪᠠ ᠪᠠᠷᠢᠯᠭ᠎ᠠ ᠵᠢᠨ ᠪᠠᠶ᠋ᠢᠴᠠᠭ᠋ᠠᠨ ᠬᠡᠮᠵᠢᠯᠲᠡ ᠵᠢᠨ ᠮᠠᠷᠭᠤᠯᠳᠤᠭ᠋ᠠᠨ᠎ᠲᠠᠢ ᠵᠦᠢ᠍ᠯᠡᠰ᠎ᠤᠨ ᠪᠠᠷᠢᠯᠭ᠎ᠠ ᠵᠢᠨ ᠶᠠᠰᠤ ᠴᠢᠨᠠᠷ᠎ᠢ ᠬᠢᠨᠠᠨ ᠲᠣᠭᠲᠠᠭ᠋ᠠᠬᠤ ᠪᠠ ᠪᠠᠶ᠋ᠢᠴᠠᠭ᠋ᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ ᠃
( ᠭᠤᠷᠪᠠ ) ᠪᠥᠬᠥ ᠣᠷᠣᠨ᠎ᠤ ᠠᠷᠠᠳ᠎ᠤᠨ ᠬᠡᠷᠡᠭᠯᠡᠭᠡᠨ᠎ᠤ ᠪᠠᠷᠢᠯᠭ᠎ᠠ ᠵᠢᠨ ᠡᠨᠧᠷᠬᠢ ᠠᠷᠪᠢᠯᠠᠬᠤ ᠵᠢ ᠪᠠᠶ᠋ᠢᠴᠠᠭ᠋ᠠᠨ ᠬᠡᠮᠵᠢᠬᠦ᠂ ᠡᠨᠧᠷᠬᠢ ᠵᠢᠨ ᠠᠰᠢᠭᠯᠠᠮᠵᠢ ᠵᠢ ᠬᠡᠮᠵᠢᠨ ᠲᠣᠭᠲᠠᠭ᠋ᠠᠬᠤ ᠪᠠ ᠪᠣᠬᠢᠷᠲᠤᠯ ᠥᠭᠡᠢ ᠪᠠᠷᠢᠯᠭ᠎ᠠ ᠵᠢ ᠦᠨᠡᠯᠡᠬᠦ ᠠᠵᠢᠯ᠎ᠢ ᠡᠭᠦᠷᠭᠡᠯᠡᠨ᠎ᠡ ᠃
( ᠳᠥᠷᠪᠡ ) ᠬᠣᠲᠠ ᠵᠢᠨ ᠶᠠᠪᠤᠳᠠᠯ᠎ᠤᠨ ᠰᠠᠭᠤᠷᠢ ᠲᠥᠬᠦᠭᠡᠷᠦᠮᠵᠢ ᠪᠠ ᠬᠡᠷ ᠪᠠᠶ᠋ᠢᠰᠢᠩ᠎ᠤᠨ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ᠂ ᠪᠠᠷᠢᠯᠭ᠎ᠠ ᠵᠢᠨ ᠠᠵᠢᠯ᠎ᠤᠨ ᠴᠢᠯᠠᠭᠤᠯᠢᠭ ᠰᠢᠷᠣᠶ ᠵᠢ ᠬᠠᠶ᠋ᠢᠨ ᠰᠢᠨᠵᠢᠵᠦ ᠬᠠᠶ᠋ᠢᠨ ᠰᠢᠨᠵᠢᠬᠦ ᠬᠣᠯᠪᠤᠭᠳᠠᠯ ᠪᠥᠬᠥᠶ ᠮᠡᠷᠭᠡᠵᠢᠯ᠎ᠤᠨ ᠲᠤᠯᠭ᠋ᠠᠭᠤᠷᠢᠯᠠᠯ ᠪᠠ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ ᠃
( ᠲᠠᠪᠤ ) ᠪᠦᠳᠦᠭᠡᠨ ᠪᠠᠶ᠋ᠢᠭᠤᠯᠤᠯᠲᠠ ᠵᠢᠨ ᠠᠵᠢᠯ ᠲᠦᠷᠦᠯ᠎ᠤᠨ ᠡᠯ᠎ᠡ ᠲᠦᠷᠦᠯ᠎ᠤᠨ ᠠᠵᠢᠯ ᠡᠷᠬᠢᠯᠡᠭᠰᠡᠳ᠎ᠢ ᠪᠣᠯᠪᠠᠰᠤᠷᠠᠭᠤᠯᠬᠤ᠂ ᠬᠢᠨᠠᠨ ᠰᠢᠯᠭ᠋ᠠᠬᠤ᠂ ᠬᠢᠨᠠᠨ ᠲᠣᠭᠲᠠᠭ᠋ᠠᠬᠤ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠨᠡᠶ᠋ᠢᠭᠡᠮ᠎ᠤᠨ ᠪᠠᠲᠤᠯᠠᠭ᠎ᠠ ᠵᠢᠨ ᠰᠦᠢ᠍ᠳᠭᠡᠯ᠎ᠤᠨ ᠦᠯᠡᠳᠡᠭᠡᠯ ᠪᠠᠯᠠ ᠮᠥᠩᠭᠥ ᠵᠢᠨ ᠡᠳᠦᠷ ᠳᠣᠳᠥᠮ᠎ᠤᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ ᠃
( ᠵᠢᠷᠭᠤᠭ᠎ᠠ ) ᠣᠷᠣᠨ ᠰᠠᠭᠤᠴᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠪᠥᠬᠥ ᠠᠵᠤ ᠦᠢ᠍ᠯᠡᠰ᠎ᠤᠨ ᠲᠣᠭ᠋ᠠᠴᠠᠯᠠᠭᠰᠠᠨ ᠬᠡᠯᠪᠡᠷᠢ ᠵᠢ ᠬᠤᠪᠢᠷᠠᠭᠤᠯᠤᠨ ᠬᠥᠭᠵᠢᠭᠦᠯᠬᠦ ᠮᠡᠷᠭᠡᠵᠢᠯ᠎ᠤᠨ ᠲᠤᠯᠭ᠋ᠠᠭᠤᠷᠢᠯᠠᠯ ᠪᠠ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ ᠃
( ᠳᠣᠯᠣᠭ᠎ᠠ ) ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠲᠤᠰᠢᠶᠠᠭᠰᠠᠨ ᠪᠤᠰᠤᠳ ᠬᠣᠯᠪᠤᠭᠳᠠᠯ ᠪᠥᠬᠥᠶ ᠠᠵᠢᠯ᠎ᠢ ᠡᠭᠦᠷᠭᠡᠯᠡᠨ᠎ᠡ᠃
ᠲᠤᠳᠤᠭ᠋ᠠᠲᠤ ᠪᠠᠢ᠌ᠭᠤᠯᠤᠮᠵᠢ ᠄
ᠳᠣᠲᠣᠭ᠋ᠠᠳᠤ᠎ᠳᠤᠨᠢ ᠵᠢᠩᠬᠢᠨᠢ ᠰᠠᠯᠠᠭ᠋ᠠᠨ ᠳᠡᠰ᠎ᠤᠨ ᠪᠠᠶ᠋ᠢᠭᠤᠯᠤᠮᠵᠢ 5 ᠪᠣᠢ᠄ ᠶᠡᠷᠦᠩᠬᠡᠶ᠋ᠢᠯᠡᠭᠰᠡᠨ ᠰᠠᠯᠠᠭ᠎ᠠ᠂ ᠪᠠᠷᠢᠯᠭ᠎ᠠ ᠵᠢᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠰᠠᠯᠠᠭ᠎ᠠ᠂ ᠪᠠᠷᠢᠯᠭ᠎ᠠ ᠵᠢᠨ ᠡᠨᠧᠷᠭᠢ ᠵᠢᠨ ᠦᠷ᠎ᠡ ᠪᠦᠲᠦᠮᠵᠢ ᠵᠢ ᠰᠢᠯᠭ᠋ᠠᠨ ᠲᠣᠭᠲᠠᠭ᠋ᠠᠬᠤ ᠰᠠᠯᠠᠭ᠎ᠠ᠂ ᠬᠢᠨᠠᠨ ᠲᠣᠭᠲᠠᠭ᠋ᠠᠬᠤ ᠪᠠ ᠬᠠᠶ᠋ᠢᠨ ᠪᠠᠶ᠋ᠢᠴᠠᠭ᠋ᠠᠬᠤ ᠦᠢ᠍ᠯᠡᠴᠢᠯᠡᠭᠡᠨ᠎ᠤ ᠰᠠᠯᠠᠭ᠎ᠠ᠂ ᠲᠣᠭ᠋ᠠᠴᠠᠯᠠᠭᠰᠠᠨ ᠬᠡᠯᠪᠡᠷᠢ ᠵᠢᠨ ᠬᠤᠪᠢᠷᠠᠯᠲᠠ ᠬᠢᠭᠡᠳ ᠪᠣᠯᠪᠠᠰᠤᠷᠠᠯ᠎ᠤᠨ ᠬᠢᠨᠠᠨ ᠲᠣᠭᠲᠠᠭ᠋ᠠᠬᠤ ᠰᠠᠯᠠᠭ᠎ᠠ (ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠨᠡᠶ᠋ᠢᠭᠡᠮ᠎ᠤᠨ ᠳᠠᠭ᠋ᠠᠳᠬᠠᠯ᠎ᠤᠨ ᠵᠠᠷᠤᠳᠠᠯ᠎ᠤᠨ ᠠᠯᠪᠠᠨ ᠬᠡᠷ)᠃
ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠵᠢᠨ ᠴᠢᠶᠣᠤ ᠨᠡᠭᠡᠭᠡᠯᠲᠡ ᠵᠢᠨ ᠲᠣᠭᠣᠷᠢᠭ᠎ᠤᠨ ᠵᠢᠩ ᠭᠤᠸᠠᠨ ᠶᠡᠬᠡ ᠵᠠᠮ᠎ᠤᠨ ᠵᠢᠨ ᠰᠢᠤ ᠵᠢᠶᠠ ᠶᠤᠸᠠᠨ B12 ᠳ᠋ᠤᠭ᠋ᠠᠷ ᠨᠣᠮᠸᠷᠲᠣ ᠠᠰᠠᠷ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 — 12᠄ 00᠂ 14᠄ 30 — 17᠄ 30 ᠪᠣᠯᠲᠠᠯ᠎ᠠ ᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ
ᠬᠠᠷᠢᠯᠴᠠᠬᠤ ᠤᠲᠠᠰᠤ᠄ 0471—3240934