《ᠪᠦᠲᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠤᠨ ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》᠎ᠳᠤ ᠵᠠᠰᠠᠪᠤᠷᠢ ᠣᠷᠣᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠲᠣᠭᠲᠠᠭ᠋ᠠᠯ
2023-09-19

    (2023 ᠣᠨ᠎ᠤ 8 ᠳ᠋ᠤᠭ᠋ᠠᠷ ᠰᠠᠷ᠎ᠠ ᠵᠢᠨ 21᠎ᠤ ᠡᠳᠦᠷ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠵᠠᠷᠯᠢᠭ 58 ᠳ᠋ᠤᠭ᠋ᠠᠷ ᠲᠣᠭ᠋ᠠᠲᠤ ᠵᠢ ᠨᠡᠶ᠋ᠢᠲᠡᠯᠡᠵᠦ᠂ 2023 ᠣᠨ᠎ᠤ 10 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ)

 

ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠠᠴᠠ 《ᠪᠦᠲᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠤᠨ ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》 (ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠵᠠᠷᠯᠢᠭ 51   ᠳ᠋ᠦ᠍ᠭᠡᠷ ᠲᠣᠭ᠋ᠠᠲᠤ)᠎ᠳᠤ ᠳᠣᠤᠷᠠᠬᠢ ᠮᠡᠲᠦ ᠵᠠᠰᠠᠪᠤᠷᠢ ᠣᠷᠣᠭᠤᠯᠬᠤ᠎ᠪᠠᠷ ᠲᠣᠭᠲᠠᠭ᠋ᠠᠪᠠ᠄

     ᠨᠢᠭᠡ᠂ ᠠᠷᠪᠠᠨ ᠳᠣᠯᠣᠳᠤᠭ᠋ᠠᠷ ᠵᠣᠷᠪᠤᠰ᠎ᠢ 《ᠣᠨᠴᠠᠭ᠋ᠠᠶ ᠪᠦᠲᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠳᠤ ᠳᠣᠤᠷᠠᠬᠢ ᠮᠡᠲᠦ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠪᠠᠷᠢᠯᠭ᠎ᠠ ᠪᠠᠷᠢᠭᠤᠯᠬᠤ ᠨᠢᠭᠡᠴᠢ᠎ᠨᠢ ᠲᠣᠰ ᠲᠣᠭᠲᠠᠭ᠋ᠠᠯ᠎ᠤᠨ ᠠᠷᠪᠠᠨ ᠵᠢᠷᠭᠤᠳᠤᠭ᠋ᠠᠷ ᠵᠣᠷᠪᠤᠰ᠎ᠲᠤ ᠵᠢᠭᠰᠠᠭ᠋ᠠᠭᠳᠠᠭᠰᠠᠨ ᠮᠠᠲ᠋ᠧᠷᠢᠶᠠᠯ ᠵᠶ᠋ᠠᠨ ᠲᠤᠰᠢᠶᠠᠬᠤ᠎ᠠᠴᠠ ᠭᠠᠳᠠᠨ᠎ᠠ᠂ ᠪᠠᠰᠠ ᠣᠨᠴᠠᠭ᠋ᠠᠢ ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢᠨ ᠮᠡᠷᠭᠡᠵᠢᠯ᠎ᠤᠨ ᠮᠠᠲ᠋ᠧᠷᠢᠶᠠᠯ ᠵᠶ᠋ᠠᠨ ᠬᠠᠮᠲᠤ᠎ᠳᠤ᠎ᠨᠢ ᠲᠤᠰᠢᠶᠠᠬᠤ ᠬᠡᠷᠡᠭᠲᠡᠶ᠄

 (ᠨᠢᠭᠡ) ᠤᠯᠤᠰ᠎ᠤᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠯᠲᠠ ᠵᠢᠨ ᠮᠡᠷᠭᠡᠵᠢᠯ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ ᠦᠭᠡᠶ᠃

 (ᠬᠣᠶᠠᠷ) ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ᠎ᠤᠨ ᠬᠡᠷᠡᠭᠯᠡᠬᠦ᠎ᠪᠠᠷ ᠪᠠᠶ᠋ᠢᠭ᠎ᠠ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠎ᠨᠢ ᠤᠯᠤᠰ᠎ᠤᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠠᠯ ᠣᠨᠲᠠᠷᠠᠭ᠋ᠠᠯᠲᠠ ᠵᠢᠨ ᠮᠡᠷᠭᠡᠵᠢᠯ᠎ᠤᠨ ᠪᠠᠷᠢᠮᠵᠢᠶ᠎ᠠ ᠵᠢᠨ ᠲᠣᠭᠲᠠᠭ᠋ᠠᠯ᠎ᠳᠤ ᠨᠡᠶ᠋ᠢᠴᠡᠬᠦ ᠦᠭᠡᠶ᠃

 (ᠭᠤᠷᠪᠠ) ᠲᠡᠦᠬᠡᠨ ᠪᠠᠷᠢᠯᠭ᠎ᠠ᠂ ᠲᠡᠦᠬᠡ ᠰᠣᠶᠣᠯ᠎ᠤᠨ ᠵᠡᠭᠡᠯᠢ ᠲᠣᠭᠤᠷᠢᠭ᠎ᠢ ᠬᠠᠮᠠᠭ᠋ᠠᠯᠠᠨ ᠠᠰᠢᠭᠯᠠᠬᠤ᠎ᠠᠴᠠ ᠪᠣᠯᠵᠤ᠂ ᠤᠯᠤᠰ᠎ᠤᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠯᠲᠠ ᠵᠢᠨ ᠮᠡᠷᠭᠡᠵᠢᠯ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠦᠨᠡᠨ ᠬᠦ᠌ ᠬᠠᠩᠭ᠋ᠠᠬᠤ ᠵᠢᠨ ᠠᠷᠭ᠎ᠠ ᠦᠭᠡᠢ ᠪᠠᠶ᠋ᠢᠬᠤ᠃

     ᠡᠮᠦᠨᠡᠬᠢ ᠵᠤᠷᠪᠤᠰ᠎ᠲᠤ ᠬᠡᠯᠡᠵᠦ ᠪᠠᠶ᠋ᠢᠭ᠎ᠠ ᠣᠨᠴᠠᠭ᠋ᠠᠢ ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢᠨ ᠮᠡᠷᠭᠡᠵᠢᠯ᠎ᠤᠨ ᠮᠠᠲ᠋ᠧᠷᠢᠶᠠᠯ᠎ᠳᠤ ᠣᠨᠴᠠᠭ᠋ᠠᠢ ᠭᠠᠯ ᠣᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ ᠵᠢᠴᠢ ᠬᠣᠶᠠᠷ᠎ᠠᠴᠠ ᠳᠡᠭᠡᠭᠰᠢ ᠬᠣᠯᠪᠣᠭᠳᠠᠯ ᠪᠦᠬᠦᠢ ᠬᠡᠷᠡᠭᠯᠡᠯᠲᠡ ᠵᠢᠨ ᠪᠣᠳᠠᠲᠤ ᠵᠢᠱ᠌ᠢᠶ᠎ᠡ᠂ ᠦᠢ᠍ᠯᠡᠳᠬᠦᠨ᠎ᠤ ᠲᠣᠳᠣᠷᠬᠠᠶ᠋ᠢᠯᠠᠯᠲᠠ ᠵᠡᠷᠭᠡ ᠮᠠᠲ᠋ᠧᠷᠢᠶᠠᠯ᠎ᠢ ᠪᠠᠭᠲᠠᠭ᠋ᠠᠬᠤ ᠬᠡᠷᠡᠭᠲᠡᠶ᠃

     ᠣᠨᠴᠠᠭ᠋ᠠᠢ ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ᠎ᠨᠢ ᠣᠯᠠᠨ ᠤᠯᠤᠰ᠎ᠤᠨ ᠪᠠᠷᠢᠮᠵᠢᠶ᠎ᠠ ᠪᠤᠶᠤ ᠬᠢᠯᠢ ᠵᠢᠨ ᠭᠠᠳᠠᠨᠠᠬᠢ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠠᠯ ᠤᠨᠲᠠᠷᠠᠭ᠋ᠠᠯᠲᠠ ᠵᠢᠨ ᠮᠡᠷᠭᠡᠵᠢᠯ᠎ᠤᠨ ᠪᠠᠷᠢᠮᠵᠢᠶ᠎ᠠ ᠵᠢ ᠬᠡᠷᠡᠭᠯᠡᠬᠦ᠎ᠲᠠᠢ ᠬᠣᠯᠪᠣᠭᠳᠠᠪᠠᠯ᠂ ᠪᠠᠰᠠ ᠵᠣᠬᠢᠬᠤ ᠬᠢᠲᠠᠳ ᠬᠡᠯᠡᠨ᠎ᠤ ᠳᠣᠪᠬᠢᠮᠠᠯ ᠬᠠᠩᠭ᠋ᠠᠬᠤ ᠬᠡᠷᠡᠭᠲᠡᠶ᠃

     ᠬᠤᠶᠠᠷ᠂ ᠨᠢᠭᠡ ᠵᠣᠷᠪᠤᠰ ᠨᠡᠮᠡᠭᠡᠳ ᠠᠷᠪᠠᠨ ᠨᠠᠢ᠍ᠮᠠᠳᠤᠭ᠋ᠠᠷ ᠵᠣᠷᠪᠤᠰ ᠪᠣᠯᠭ᠋ᠠᠨ᠎ᠠ᠄ 《ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢᠨ ᠣᠨᠴᠠᠭ᠋ᠠᠶ ᠪᠢᠴᠢᠭ ᠮᠠᠲ᠋ᠧᠷᠢᠶᠠᠯ᠎ᠳᠤ ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢᠨ ᠴᠢᠬᠤᠯᠠ ᠴᠢᠨᠠᠷ᠎ᠤᠨ ᠨᠤᠲᠠᠯᠠᠯᠲᠠ᠂ ᠭᠠᠯ ᠤᠨᠲᠠᠷᠠᠭ᠋ᠠᠯᠲᠠ ᠵᠢᠨ ᠣᠨᠴᠠᠭ᠋ᠠᠢ ᠵᠢᠷᠤᠭ ᠲᠥᠯᠥᠪᠯᠡᠭᠡ ᠵᠢᠨ ᠲᠥᠰᠦᠯ᠂ ᠭᠠᠯ᠎ᠤᠨ ᠠᠶᠤᠯ᠎ᠤᠨ ᠲᠤᠭ᠎ᠠ ᠬᠡᠮᠵᠢᠭᠳᠡᠯ᠎ᠤᠨ ᠳᠠᠭᠤᠷᠢᠶᠠᠮᠠᠯ ᠵᠠᠳᠠᠯᠤᠯᠲᠠ ᠵᠡᠷᠭᠡ ᠠᠭᠤᠯᠭ᠎ᠠ ᠵᠢ ᠪᠠᠭᠲᠠᠭ᠋ᠠᠵᠤ᠂ ᠬᠦᠨᠳᠦ ᠶᠡᠭᠡ ᠢᠨᠵᠧᠨᠧᠷᠢᠩ᠂ ᠭᠠᠯ᠎ᠤᠨ ᠠᠶᠤᠯ᠎ᠤᠨ ᠲᠦᠭᠰᠢᠭᠦᠷᠢ ᠵᠢᠨ ᠵᠡᠷᠭᠡ ᠳᠡᠰ᠎ᠨᠢ ᠥᠨᠳᠥᠷ ᠪᠠᠶ᠋ᠢᠪᠠᠯ᠂ ᠪᠣᠳᠠᠲᠤ ᠴᠣᠭᠴᠠ ᠵᠢᠨ ᠲᠤᠷᠰᠢᠯᠲᠠ ᠵᠢᠨ ᠰᠢᠯᠭ᠋ᠠᠨ ᠪᠠᠲᠤᠯᠠᠬᠤ ᠠᠭᠤᠯᠭ᠎ᠠ ᠵᠢ ᠪᠠᠭᠲᠠᠭ᠋ᠠᠬᠤ ᠬᠡᠷᠡᠭᠲᠡᠶ᠃

     ᠣᠨᠴᠠᠭ᠋ᠠᠢ ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢᠨ ᠲᠥᠰᠦᠯ᠎ᠢ ᠬᠣᠶᠠᠷ ᠵᠦᠢ᠍ᠯ᠎ᠠᠴᠠ ᠳᠡᠭᠡᠭᠰᠢᠬᠢ ᠲᠥᠰᠦᠯ᠎ᠲᠠᠢ ᠠᠳᠠᠯᠢᠳᠬᠠᠨ ᠰᠣᠩᠭᠣᠵᠤ᠂ ᠠᠶᠤᠯᠭᠦᠢ ᠴᠢᠨᠠᠷ᠂ ᠠᠵᠤ ᠠᠬᠤᠶ ᠵᠢᠨ ᠴᠢᠨᠠᠷ᠂ ᠬᠡᠷᠡᠭᠵᠢᠭᠦᠯᠵᠦ ᠪᠣᠯᠬᠤᠶ᠋ᠢᠴᠠ ᠴᠢᠨᠠᠷ ᠵᠡᠷᠭᠡ ᠲᠠᠯ᠎ᠠ᠎ᠠᠴᠠ ᠶᠡᠷᠦᠩᠬᠡᠶ᠋ᠢᠯᠡᠨ ᠵᠠᠳᠠᠯᠤᠯᠲᠠ ᠬᠢᠭᠰᠡᠨ᠎ᠤ ᠳᠠᠷᠠᠭ᠎ᠠ ᠪᠦᠷᠢᠯᠳᠦᠬᠦᠯᠬᠦ ᠬᠡᠷᠡᠭᠲᠡᠶ᠃

     ᠭᠠᠯ᠎ᠤᠨ ᠠᠶᠤᠯ᠎ᠤᠨ ᠲᠣᠭ᠎ᠠ ᠬᠡᠮᠵᠢᠭᠳᠡᠯ᠎ᠤᠨ ᠳᠠᠭᠤᠷᠢᠶᠠᠮᠠᠯ ᠵᠠᠳᠠᠯᠤᠯᠲᠠ ᠵᠢ ᠭᠠᠯ᠎ᠤᠨ ᠠᠶᠤᠯ᠎ᠤᠨ ᠦᠵᠡᠭᠳᠡᠯ ᠪᠣᠯᠤᠨ ᠳᠠᠭᠤᠷᠢᠶᠠᠮᠠᠯ ᠪᠣᠯᠵᠣᠯᠲᠤ ᠲᠣᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠪᠣᠳᠠᠲᠤ ᠴᠣᠭᠴᠠ ᠵᠢᠨ ᠲᠤᠷᠰᠢᠯᠲᠠ᠎ᠨᠢ ᠪᠣᠳᠠᠲᠤ ᠪᠠᠶ᠋ᠢᠳᠠᠯ᠎ᠲᠠᠢ᠎ᠪᠠᠨ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠭᠠᠯ᠎ᠤᠨ ᠠᠶᠤᠯ᠎ᠤᠨ ᠲᠣᠭ᠎ᠠ ᠬᠡᠮᠵᠢᠭᠳᠡᠯ᠎ᠤᠨ ᠳᠠᠭᠤᠷᠢᠶᠠᠮᠠᠯ ᠵᠠᠳᠠᠯᠤᠯᠲᠠ ᠵᠢᠨ ᠳ᠋ᠦᠩᠨᠡᠯᠲᠡ ᠪᠠ ᠪᠣᠳᠠᠲᠤ ᠴᠣᠭᠴᠠ ᠵᠢᠨ ᠲᠤᠷᠰᠢᠯᠲᠠ ᠵᠢᠨ ᠰᠢᠢ᠍ᠳᠪᠦᠷᠢ ᠵᠢ ᠨᠢᠭᠡᠳᠦᠯᠲᠡᠶ ᠪᠠᠶ᠋ᠢᠯᠭ᠋ᠠᠬᠤ ᠬᠡᠷᠡᠭᠲᠡᠶ᠃

     ᠭᠤᠷᠪᠠ᠂ ᠬᠤᠷᠢᠨ ᠨᠢᠭᠡᠳᠦᠭᠡᠷ ᠵᠣᠷᠪᠤᠰ᠎ᠢ ᠬᠤᠷᠢᠨ ᠬᠤᠶᠠᠳᠤᠭ᠋ᠠᠷ ᠵᠣᠷᠪᠤᠰ ᠪᠣᠯᠭ᠋ᠠᠨ ᠵᠠᠰᠠᠵᠤ᠂ ᠭᠤᠷᠪᠠᠳᠤᠭ᠋ᠠᠷ ᠪᠠᠳᠠᠭ᠎ᠢ᠄ 《ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ ᠬᠠᠮᠢᠶ᠎ᠠ ᠪᠥᠬᠦᠶ ᠲᠤᠰᠬᠠᠶ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠂ ᠶᠡᠷᠦᠩᠬᠡᠶ ᠬᠦᠮᠦᠨ᠎ᠤ ᠲᠤᠭ᠎ᠠ᠎ᠨᠢ ᠳᠣᠯᠣᠭ᠎ᠠ᠎ᠠᠴᠠ ᠳᠤᠲᠠᠭᠤ ᠪᠠᠶ᠋ᠢᠵᠤ ᠪᠣᠯᠬᠤ ᠥᠬᠡᠶ᠂ ᠪᠠᠰᠠ ᠲᠤᠰᠠᠭ᠋ᠠᠷ ᠵᠥᠪᠰᠢᠶᠡᠷᠡᠭᠰᠡᠨ ᠪᠤᠶᠤ ᠵᠥᠪᠰᠢᠶᠡᠷᠡᠭᠰᠡᠨ ᠥᠬᠡᠶ ᠬᠢᠨᠠᠨ ᠲᠣᠭᠲᠠᠭ᠋ᠠᠬᠤ ᠰᠠᠨᠠᠯ᠎ᠢ ᠭᠠᠷᠭ᠋ᠠᠵᠤ ᠥᠭᠬᠦ ᠬᠡᠷᠡᠭᠲᠡᠶ᠃ ᠣᠨᠴᠠᠭ᠋ᠠᠢ ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢᠨ ᠮᠡᠷᠭᠡᠵᠢᠯ᠎ᠤᠨ ᠮᠠᠲ᠋ᠧᠷᠢᠶᠠᠯ᠎ᠢ ᠳᠥᠷᠪᠡᠨ᠎ᠤ ᠭᠤᠷᠪᠠ᠎ᠠᠴᠠ ᠳᠡᠭᠡᠭᠰᠢᠬᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ ᠵᠶ᠋ᠠᠷ ᠵᠥᠪᠰᠢᠶᠡᠷᠡᠭᠦᠯᠵᠦ ᠬᠢᠨᠠᠨ ᠲᠤᠭᠳᠠᠭ᠋ᠠᠯᠭ᠋ᠠᠭ᠋ᠠᠳ ᠪᠠᠲᠤᠯᠠᠭᠤᠯᠵᠤ᠂ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ ᠠᠳᠠᠯᠢ ᠪᠤᠰᠤ ᠰᠠᠨᠠᠯ᠎ᠲᠠᠢ ᠪᠠᠶ᠋ᠢᠪᠠᠯ᠂ ᠲᠤᠳᠤᠷᠬᠠᠢ᠌ᠯᠠᠭᠤᠯᠬᠤ ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠤᠣᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ᠎ᠤᠳ ᠲᠤᠰᠬᠠᠢ ᠮᠡᠷᠭᠡᠵᠢᠯᠲᠡᠨ᠎ᠤ ᠬᠢᠨᠠᠨ ᠲᠤᠭᠳᠠᠭ᠋ᠠᠭᠰᠠᠨ ᠰᠠᠨᠠᠯ᠎ᠢ ᠬᠢᠨᠠᠨ ᠲᠣᠭᠲᠠᠭ᠋ᠠᠯᠭ᠋ᠠᠬᠤ᠎ᠪᠠᠷ ᠮᠡᠳᠡᠭᠦᠯᠦᠭᠰᠡᠨ ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠵᠢ ᠭᠤᠣᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ᠎ᠲᠤ ᠪᠢᠴᠢᠭ ᠵᠶ᠋ᠡᠷ ᠮᠡᠳᠡᠭᠳᠡᠬᠦ ᠬᠡᠷᠡᠭᠲᠡᠢ》 ᠭᠡᠵᠦ ᠵᠠᠰᠠᠨ᠎ᠠ᠃

     ᠳᠥᠷᠪᠡ᠂ ᠭᠤᠴᠢᠨ ᠭᠤᠷᠪᠠᠳᠤᠭ᠋ᠠᠷ ᠵᠣᠷᠪᠤᠰ᠎ᠢ ᠭᠤᠴᠢᠨ ᠳᠥᠷᠪᠡᠳᠦᠭᠡᠷ ᠵᠣᠷᠪᠤᠰ ᠪᠣᠯᠭ᠋ᠠᠵᠤ᠂ ᠨᠢᠭᠡᠳᠦᠭᠡᠷ ᠪᠠᠳᠠᠭ᠎ᠢ᠄ 《ᠪᠤᠰᠤᠳ ᠪᠦᠲᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠳᠤ   ᠳᠠᠩᠰᠠᠯᠠᠭᠤᠯᠵᠤ ᠰᠤᠭᠤᠴᠢᠨ ᠪᠠᠶ᠋ᠢᠴᠠᠭ᠋ᠠᠬᠤ ᠳᠦᠷᠢᠮ᠎ᠢ ᠬᠡᠷᠡᠭᠵᠢᠭᠦᠯᠵᠦ᠂ ᠲᠥᠷᠥᠯ ᠬᠤᠪᠢᠶᠠᠨ ᠬᠠᠮᠢᠶᠠᠷᠤᠨ᠎ᠠ》 ᠭᠡᠵᠦ ᠵᠠᠰᠠᠨ᠎ᠠ᠃

     ᠲᠠᠪᠤ᠂ ᠨᠢᠭᠡ ᠵᠣᠷᠪᠤᠰ ᠨᠡᠮᠡᠭᠡᠳ ᠭᠤᠴᠢᠨ ᠲᠠᠪᠤᠳᠤᠭ᠋ᠠᠷ ᠵᠣᠷᠪᠤᠰ ᠪᠣᠯᠭ᠋ᠠᠨ᠎ᠠ᠄ 《ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ᠎ᠨᠢ ᠪᠤᠰᠤᠳ ᠪᠦᠲᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠤᠨ ᠲᠥᠷᠥᠯ ᠬᠤᠪᠢᠶᠠᠨ ᠬᠠᠮᠢᠶᠠᠷᠬᠤ ᠭᠠᠷᠴᠠᠭ᠎ᠤᠨ ᠨᠠᠷᠢᠨ ᠬᠠᠭᠤᠳᠠᠰᠤ ᠵᠢ ᠲᠣᠭᠲᠠᠭ᠋ᠠᠬᠤ ᠬᠡᠷᠡᠭᠲᠡᠶ᠃

     ᠪᠤᠰᠤᠳ ᠪᠦᠲᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠨᠢ ᠪᠠᠷᠢᠯᠭ᠎ᠠ ᠵᠢᠨ ᠪᠠᠶ᠋ᠢᠭ᠎ᠠ ᠣᠷᠣᠨ ᠪᠦᠰᠡ ᠵᠢᠨ ᠣᠷᠴᠢᠨ ᠲᠣᠭᠣᠷᠢᠨ᠂ ᠪᠠᠷᠢᠯᠭ᠎ᠠ ᠵᠢᠨ ᠬᠡᠷᠡᠭᠯᠡᠭᠡᠨ᠎ᠤ ᠴᠢᠳᠠᠮᠵᠢ᠂ ᠪᠠᠷᠢᠯᠭ᠎ᠠ ᠵᠢᠨ ᠬᠡᠪᠴᠢᠶ᠎ᠡ ᠪᠣᠯᠤᠨ ᠥᠨᠳᠥᠷ᠎ᠤᠨ ᠬᠡᠮᠵᠢᠶ᠎ᠡ᠂ ᠪᠠᠷᠢᠯᠭ᠎ᠠ ᠵᠢᠨ ᠭᠠᠯ᠎ᠢ ᠳᠠᠭ᠋ᠠᠭ᠋ᠠᠬᠤ ᠳᠡᠰ᠂ ᠲᠠᠷᠬᠠᠭ᠋ᠠᠬᠤ ᠴᠢᠳᠠᠪᠤᠷᠢ᠂ ᠭᠠᠯ ᠤᠨᠲᠠᠷᠠᠭ᠋ᠠᠯᠲᠠ ᠵᠢᠨ ᠪᠡᠯᠡᠳᠬᠡᠮᠵᠢ ᠲᠥᠬᠥᠭᠡᠷᠦᠮᠵᠢ ᠵᠢ ᠲᠣᠬᠢᠷᠠᠭᠤᠯᠬᠤ ᠬᠢᠷᠢ ᠬᠡᠮᠵᠢᠶ᠎ᠡ ᠵᠡᠷᠭᠡ ᠬᠦᠴᠦᠨ ᠵᠦᠢ᠍ᠯ᠎ᠢ ᠦᠨᠳᠦᠰᠦᠯᠡᠨ ᠡᠩ᠎ᠤᠨ ᠲᠥᠷᠥᠯ ᠵᠦᠢ᠍ᠯ᠂ ᠭᠣᠤᠯᠳᠠᠯᠭ᠎ᠠ᠎ᠲᠠᠢ ᠲᠥᠷᠥᠯ ᠵᠦᠢ᠍ᠯ ᠵᠡᠷᠭᠡ ᠬᠣᠶᠠᠷ ᠲᠥᠷᠥᠯ᠎ᠳᠤ ᠬᠤᠪᠢᠶᠠᠨ᠎ᠠ᠃

     ᠵᠢᠷᠭᠤᠭ᠎ᠠ᠂ ᠭᠤᠴᠢᠨ ᠲᠠᠪᠤᠳᠤᠭ᠋ᠠᠷ ᠵᠣᠷᠪᠤᠰ᠎ᠢ ᠭᠤᠴᠢᠨ ᠳᠣᠯᠣᠳᠤᠭ᠋ᠠᠷ ᠵᠣᠷᠪᠤᠰ ᠪᠣᠯᠭ᠋ᠠᠵᠤ᠂ ᠨᠢᠭᠡ ᠪᠠᠳᠠᠭ ᠨᠡᠮᠡᠵᠦ᠂ ᠬᠤᠶᠠᠳᠤᠭ᠋ᠠᠷ ᠪᠠᠳᠠᠭ ᠪᠣᠯᠭ᠋ᠠᠨ᠎ᠠ᠄ 《ᠡᠩ᠎ᠤᠨ ᠲᠥᠷᠥᠯ ᠵᠦᠢ᠍ᠯ᠎ᠨᠢ ᠬᠡᠯᠡᠵᠦ ᠥᠭᠬᠦ ᠠᠮᠠᠯᠠᠯᠲᠠ ᠵᠢᠨ ᠲᠦᠷᠢᠮ᠎ᠤᠨ ᠠᠷᠭ᠎ᠠ ᠬᠡᠯᠪᠡᠷᠢ᠎ᠪᠠᠷ ᠳᠠᠩᠰᠠᠯᠠᠭᠤᠯᠬᠤ᠎ᠪᠠᠷ ᠭᠤᠶᠤᠴᠢᠯᠠᠵᠤ ᠪᠣᠯᠤᠨ᠎ᠠ᠂ ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠵᠢ ᠭᠣᠣᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ᠎ᠨᠢ ᠠᠮᠠᠯᠠᠯᠲᠠ ᠵᠢᠨ ᠪᠢᠴᠢᠭ ᠵᠶ᠋ᠠᠨ ᠦᠨᠳᠦᠰᠦᠯᠡᠨ ᠳᠠᠩᠰᠠᠯᠠᠭᠤᠯᠤᠭᠰᠠᠨ ᠭᠡᠷᠡᠴᠢ ᠪᠠᠷᠢᠮᠲᠠ ᠵᠢ ᠭᠠᠷᠭ᠋ᠠᠵᠤ ᠥᠭᠬᠦ ᠬᠡᠷᠡᠭᠲᠡᠢ᠃

     ᠳᠣᠯᠣᠭ᠎ᠠ᠂ ᠭᠤᠴᠢᠨ ᠵᠢᠷᠭᠤᠳᠤᠭ᠋ᠠᠷ ᠵᠣᠷᠪᠤᠰ᠎ᠤᠨ ᠨᠢᠭᠡᠳᠦᠭᠡᠷ ᠪᠠᠳᠠᠭ᠎ᠢ ᠭᠤᠴᠢᠨ   ᠨᠠᠢ᠍ᠮᠠᠳᠤᠭ᠋ᠠᠷ ᠵᠣᠷᠪᠤᠰ ᠪᠣᠯᠭ᠋ᠠᠭ᠋ᠠᠳ᠄ 《ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠵᠢ ᠭᠣᠤᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠳᠠᠩᠰᠠᠯᠠᠭᠤᠯᠤᠭᠰᠠᠨ ᠪᠤᠰᠤᠳ ᠪᠦᠲᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠳᠤ ᠰᠤᠭᠤᠴᠢᠨ ᠪᠠᠶ᠋ᠢᠴᠠᠭ᠋ᠠᠯᠲᠠ ᠬᠢᠵᠦ᠂ ᠭᠣᠤᠯᠳᠠᠯᠭ᠎ᠠ᠎ᠲᠠᠢ ᠲᠥᠷᠥᠯ ᠵᠦᠢ᠍ᠯ᠎ᠤᠨ ᠰᠤᠭᠤᠴᠢᠨ ᠪᠠᠶ᠋ᠢᠴᠠᠭ᠋ᠠᠯᠲᠠ᠎ᠪᠠᠨ ᠴᠢᠩᠭ᠋ᠠᠳᠬᠠᠬᠤ ᠬᠡᠷᠡᠭᠲᠡᠶ᠃

     ᠰᠤᠭᠤᠴᠢᠨ ᠪᠠᠶ᠋ᠢᠴᠠᠭ᠋ᠠᠬᠤ ᠠᠵᠢᠯ᠎ᠳᠤ 〈ᠬᠤᠶᠠᠷ᠎ᠢ ᠳᠠᠰᠢᠷᠠᠮ ᠳᠠᠭ᠋ᠠᠤ ᠨᠢᠭᠡ ᠵᠢ ᠢᠯᠡ ᠪᠣᠯᠭ᠋ᠠᠬᠤ〉 ᠲᠦᠷᠢᠮ᠎ᠢ ᠬᠡᠷᠡᠭᠵᠢᠭᠦᠯᠵᠦ᠂ ᠪᠠᠶ᠋ᠢᠴᠠᠭ᠋ᠠᠬᠤ ᠡᠲᠡᠭᠡᠳ᠎ᠢ ᠲᠣᠬᠢᠶᠠᠯᠳᠤᠯ ᠵᠶ᠋ᠠᠷ ᠰᠣᠩᠭᠤᠨ ᠭᠠᠷᠭ᠋ᠠᠵᠤ᠂ ᠪᠠᠶ᠋ᠢᠴᠠᠭ᠋ᠠᠬᠤ ᠠᠵᠢᠯᠲᠠᠨ᠎ᠢ ᠲᠣᠬᠢᠶᠠᠯᠳᠤᠯ ᠵᠶ᠋ᠠᠷ ᠰᠣᠩᠭᠤᠨ ᠲᠣᠮᠢᠯᠠᠨ᠎ᠠ᠃ ᠰᠤᠭᠤᠴᠢᠵᠵᠣ ᠠᠪᠬᠤ ᠬᠠᠷᠢᠴᠠᠯ᠎ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ᠎ᠠᠴᠠ᠂ ᠬᠠᠷᠢᠶ᠎ᠠ ᠣᠷᠣᠨ᠎ᠤ᠎ᠪᠠᠨ ᠳᠣᠲᠣᠷᠠᠬᠢ ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠶᠠᠰᠤ ᠴᠢᠨᠠᠷ᠎ᠤᠨ ᠪᠠᠶ᠋ᠢᠳᠠᠯ᠎ᠲᠠᠢ ᠤᠶᠠᠯᠳᠤᠭᠤᠯᠤᠨ ᠲᠣᠭᠲᠠᠭ᠋ᠠᠬᠤ ᠵᠢᠨ ᠬᠠᠮᠲᠤ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃

     ᠳᠤᠯᠤᠭ᠎ᠠ᠂ ᠭᠤᠴᠢᠨ ᠵᠢᠷᠭᠤᠳᠤᠭ᠋ᠠᠷ ᠵᠣᠷᠪᠤᠰ᠎ᠤᠨ ᠬᠣᠶᠠᠳᠤᠭ᠋ᠠᠷ ᠪᠠᠳᠠᠭ᠎ᠢ ᠭᠤᠴᠢ ᠶᠢᠰᠦᠳᠦᠭᠡᠷ ᠵᠣᠷᠪᠤᠰ ᠪᠣᠯᠭ᠋ᠠᠨ᠎ᠠ᠃

ᠡᠭᠦᠨ᠎ᠠᠴᠠ ᠭᠠᠳᠠᠨ᠎ᠠ᠂ ᠬᠤᠯᠪᠣᠭᠳᠠᠯ ᠪᠦᠬᠦᠢ ᠵᠦᠢ᠍ᠯ ᠵᠤᠷᠪᠤᠰ᠎ᠤᠨ ᠳ᠋ᠤᠭ᠋ᠠᠷᠯᠠᠯ᠎ᠳᠤ ᠵᠣᠬᠢᠴᠠᠩᠭᠤᠶ ᠲᠣᠬᠢᠷᠠᠭᠤᠯᠤᠯᠲᠠ ᠬᠢᠨ᠎ᠡ᠃

ᠲᠣᠰ ᠲᠣᠭᠲᠠᠭ᠋ᠠᠯ᠎ᠢ 2023 ᠣᠨ᠎ᠤ 10 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠪ᠊ ᠊ᠦ᠋ᠲᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠤᠨ ᠭᠠᠯ ᠤᠨᠲᠠᠷᠠᠭ᠋ᠠᠯᠲᠠ ᠵᠢᠨ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ 》᠎ᠳᠤ ᠲᠤᠰ ᠲᠣᠭᠲᠠᠭ᠋ᠠᠯ᠎ᠢ ᠦᠨᠳᠦᠰᠦᠯᠡᠨ ᠵᠣᠬᠢᠬᠤ ᠵᠠᠰᠠᠪᠤᠷᠢ ᠣᠷᠣᠭᠤᠯᠵᠤ᠂ ᠳᠠᠬᠢᠵᠤ ᠨᠡᠶ᠋ᠢᠲᠡᠯᠡᠨ᠎ᠡ᠃





 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ