2022 ᠣᠨ᠎ᠤ ᠨᠢᠭᠡᠳᠦᠭᠡᠷ ᠪᠦᠯᠦᠭ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ ᠬᠤᠨᠳᠠᠭ᠋ᠠᠲᠤ》 ᠢᠨᠵᠧᠨᠧᠷᠢᠩ᠎ᠤᠨ ᠶᠠᠰᠤ ᠴᠢᠨᠠᠷ᠎ᠤᠨ ᠱᠠᠩᠨᠠᠯ᠎ᠳᠤ ᠱᠠᠩᠨᠠᠯ ᠭᠥᠷᠳᠡᠭᠰᠡᠨ ᠨᠡᠷᠡᠰ᠎ᠤᠨ ᠨᠡᠢ᠌ᠲᠡᠯᠡᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠮᠡᠳᠡᠭᠳᠡᠯ
2023-06-12

     ᠥᠪᠦᠷ ᠪᠠᠢ᠌ᠭᠤᠯᠤᠯᠲᠠ ᠴᠢᠨᠠᠷ [2023 ] 113 ᠳ᠋ᠤᠭ᠋ᠠᠷ ᠲᠣᠭ᠋ᠠᠲᠤ

     ᠡᠯ᠎ᠡ ᠠᠢ᠌ᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ ᠨᠡᠢ᠌ᠭᠡᠮᠯᠢᠭ᠎ᠲᠤ᠄

    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠲᠠᠯ᠎ᠠ ᠨᠤᠲᠤᠭ ᠬᠤᠨᠳᠠᠭ᠋ᠠᠲᠤ〉 ᠢᠨᠵᠧᠨᠧᠷᠢᠩ᠎ᠤᠨ ᠶᠠᠰᠤ ᠴᠢᠨᠠᠷ᠎ᠤᠨ ᠱᠠᠩᠨᠠᠯ᠎ᠢ ᠰᠢᠯᠭ᠋ᠠᠷᠠᠭᠤᠯᠬᠤ ᠠᠷᠭ᠎ᠠ》 (ᠥᠪᠥᠷ  ᠪᠠᠢ᠌ᠭᠤᠯᠤᠯᠲᠠ  ᠴᠢᠨᠠᠷ [2021] 100 ᠳ᠋ᠤᠭ᠋ᠠᠷ ᠲᠣᠭ᠋ᠠᠲᠤ)᠂ 《2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠲᠠᠯ᠎ᠠ ᠨᠤᠲᠤᠭ ᠬᠤᠨᠳᠠᠭ᠋ᠠᠲᠤ〉 ᠢᠨᠵᠧᠨᠧᠷᠢᠩ᠎ᠤᠨ ᠶᠠᠰᠤ ᠴᠢᠨᠠᠷ᠎ᠤᠨ ᠱᠠᠩᠨᠠᠯ᠎ᠢ ᠰᠢᠯᠭ᠋ᠠᠷᠠᠭᠤᠯᠬᠤ ᠠᠵᠢᠯ᠎ᠢ ᠥᠷᠨᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠮᠡᠳᠡᠭᠳᠡᠯ》 (ᠥᠪᠥᠷ  ᠪᠠᠢ᠌ᠭᠤᠯᠤᠯᠲᠠ ᠴᠢᠨᠠᠷ [2023] 36 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠬᠢᠨᠠᠨ ᠲᠣᠭᠲᠠᠭ᠋ᠠᠬᠤ᠂ ᠵᠠᠷᠯᠠᠨ ᠨᠡᠢ᠌ᠲᠡᠯᠡᠬᠦ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠥᠪᠥᠷ ᠮᠣᠩᠭᠣᠯ᠎ᠤᠨ ᠨᠡᠢ᠌ᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠢᠨ ᠰᠢᠨ᠎ᠡ᠎ᠪᠠᠷ ᠪᠠᠢ᠌ᠭᠤᠯᠤᠭᠰᠠᠨ ᠵᠢᠭ᠋ᠠᠨ ᠰᠤᠷᠭ᠋ᠠᠯᠲᠠ ᠵᠢᠨ ᠠᠰᠠᠷ ᠵᠢᠴᠢ ᠳᠠᠭ᠋ᠠᠯᠲᠠ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠵᠡᠷᠭᠡ 14 ᠵᠦᠢ᠍ᠯ᠎ᠤᠨ ᠢᠨᠵᠧᠨᠧᠷᠢᠩ᠎ᠳᠤ 2022 ᠣᠨ᠎ᠤ ᠨᠢᠭᠡᠳᠦᠭᠡᠷ ᠪᠦᠯᠦᠭ  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ ᠬᠤᠨᠳᠠᠭ᠋ᠠᠲᠤ》 ᠢᠨᠵᠧᠨᠧᠷᠢᠩ᠎ᠤᠨ ᠶᠠᠰᠤ ᠴᠢᠨᠠᠷ᠎ᠤᠨ ᠱᠠᠩᠨᠠᠯ ᠣᠯᠭᠣᠬᠤ᠎ᠪᠠᠷ ᠲᠣᠭᠲᠠᠪᠠ᠃

     ᠱᠠᠩᠨᠠᠯ ᠣᠯᠣᠭᠰᠠᠨ  ᠨᠢᠭᠡᠴᠢ ᠪᠠ ᠬᠤᠪᠢ ᠬᠥᠮᠥᠨ ᠤᠯᠠᠮ  ᠴᠢᠷᠮᠠᠢ᠌ᠵᠤ᠂ ᠢᠨᠵᠧᠨᠧᠷᠢᠩ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠢᠨᠵᠧᠨᠧᠷᠢᠩ᠎ᠤᠨ ᠶᠠᠰᠤ ᠴᠢᠨᠠᠷ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠠᠲᠤᠳᠬᠠᠨ᠂ ᠢᠨᠵᠧᠨᠧᠷᠢᠩ᠎ᠤᠨ ᠶᠠᠰᠤ ᠴᠢᠨᠠᠷ᠎ᠤᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠮᠠᠨ᠎ᠤ ᠣᠷᠣᠨ᠎ᠤ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠤᠨ ᠥᠨᠳᠥᠷ ᠬᠢᠷᠢ ᠲᠦᠪᠰᠢᠨ ᠵᠶ᠋ᠡᠷ ᠬᠥᠭᠵᠢᠬᠦ ᠵᠢ ᠴᠢᠷᠮᠠᠢ᠌ᠨ ᠠᠬᠢᠭᠤᠯᠬᠤ ᠵᠢ ᠬᠦᠰᠡᠵᠦ ᠪᠠᠢ᠌ᠨ᠎ᠠ᠃

ᠳᠠᠭ᠋ᠠᠯᠳᠤᠭᠤᠯᠤᠯ᠄ 2022 ᠣᠨ᠎ᠤ ᠨᠢᠭᠡᠳᠦᠭᠡᠷ ᠪᠦᠯᠦᠭ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ ᠬᠤᠨᠳᠠᠭ᠋ᠠᠲᠤ》 ᠢᠨᠵᠧᠨᠧᠷᠢᠩ᠎ᠤᠨ ᠶᠠᠰᠤ ᠴᠢᠨᠠᠷ᠎ᠤᠨ ᠱᠠᠩᠨᠠᠯ᠎ᠳᠤ  ᠱᠠᠩᠨᠠᠯ ᠭᠥᠷᠳᠡᠭᠰᠡᠨ ᠲᠥᠷᠥᠯ ᠵᠦᠢ᠍ᠯ᠎ᠤᠨ ᠨᠡᠷᠡᠰ

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ  ᠬᠣᠲᠠ  ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ

                                       2023  ᠣᠨ᠎ᠤ 6 ᠳ᠋ᠤᠭ᠋ᠠᠷ ᠰᠠᠷ᠎ᠠ ᠵᠢᠨ 9᠎ᠤ ᠡᠳᠦᠷ

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ