2023 ᠣᠨ᠎ᠤ ᠬᠣᠷᠢᠨ ᠨᠢᠭᠡᠳᠦᠭᠡᠷ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠢᠨᠠᠨ ᠪᠠᠢ᠌ᠴᠠᠭ᠋ᠠᠭᠰᠠᠨ ᠰᠠᠨᠠᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠢᠯᠡ ᠨᠡᠢ᠌ᠲᠡᠯᠡᠯ
2023-06-16

    《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠴᠢ ᠬᠣᠯᠪᠣᠭᠳᠠᠯ ᠪᠦᠬᠦᠢ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠠᠵᠤ ᠠᠬᠤᠢ᠌ᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ᠂ ᠮᠠᠨ᠎ᠤ ᠲᠢᠩᠬᠢᠮ᠎ᠠᠴᠠ 2023 ᠣᠨ᠎ᠤ ᠬᠣᠷᠢᠨ ᠨᠢᠭᠡᠳᠦᠭᠡᠷ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠤᠨ ᠮᠡᠳᠡᠭᠦᠯᠦᠯᠲᠡ ᠵᠢᠨ ᠮᠠᠲ᠋ᠧᠷᠢᠶᠠᠯ᠎ᠳᠤ ᠬᠢᠨᠠᠨ ᠪᠠᠢ᠌ᠴᠠᠭ᠋ᠠᠯᠲᠠ ᠬᠢᠵᠦ᠂ ᠣᠲᠣ ᠪᠠᠷᠢᠯᠭ᠎ᠠ ᠵᠢᠨ ᠦᠢ᠍ᠯᠡᠰ᠎ᠤᠨ 64 ᠠᠵᠤ ᠠᠬᠤᠢ᠌ᠯᠠᠯ᠂ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠬᠢᠨᠠᠨ ᠬᠠᠮᠢᠶᠠᠷᠬᠤ 4 ᠠᠵᠤ ᠠᠬᠤᠢ᠌ᠯᠠᠯ᠂ ᠪᠠᠷᠢᠯᠭ᠎ᠠ ᠵᠢᠨ ᠦᠢ᠍ᠯᠡᠰ᠎ᠤᠨ 97 ᠠᠵᠤ ᠠᠬᠤᠢ᠌ᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠪᠠᠢ᠌ᠴᠠᠭ᠋ᠠᠭᠰᠠᠨ ᠰᠠᠨᠠᠯ᠎ᠢ ᠵᠠᠷᠯᠠᠨ ᠨᠡᠢ᠌ᠲᠡᠯᠡᠪᠡ (ᠳᠠᠭ᠋ᠠᠯᠳᠤᠭᠤᠯᠤᠯ᠎ᠳᠤ ᠦᠵᠡ)᠃ ᠬᠢᠨᠠᠨ ᠪᠠᠢ᠌ᠴᠠᠭ᠋ᠠᠭᠰᠠᠨ ᠰᠠᠨᠠᠯ᠎ᠢ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 2023 ᠣᠨ᠎ᠤ 6 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ 17 ᠴᠠᠭ 30 ᠮᠢᠨᠦ᠋ᠲ᠎ᠲᠤ ᠳᠠᠭᠤᠰᠤᠨ᠎ᠠ᠂ ᠵᠠᠷᠯᠠᠨ ᠨᠡᠢ᠌ᠲᠡᠯᠡᠭᠰᠡᠨ ᠰᠠᠨᠠᠯ᠎ᠳᠤ ᠣᠨᠳᠣᠣ ᠰᠠᠨᠠᠯ᠎ᠲᠠᠢ ᠪᠤᠶᠤ ᠠᠰᠠᠭᠤᠳᠠᠯ᠎ᠲᠠᠢ ᠪᠣᠯ ᠵᠥᠪᠲᠡᠭᠡᠨ ᠲᠣᠳᠣᠷᠬᠠᠢ᠌ᠯᠠᠵᠤ ᠪᠣᠯᠣᠨ᠎ᠠ᠂ ᠬᠢᠨᠠᠨ ᠪᠠᠢ᠌ᠴᠠᠭ᠋ᠠᠭᠰᠠᠨ ᠰᠠᠨᠠᠯ᠎ᠨᠢ ᠪᠠᠲᠤᠯᠠᠭᠳᠠᠭᠰᠠᠨ ᠦᠭᠡᠢ ᠠᠵᠤ ᠠᠬᠤᠢ᠌ᠯᠠᠯ᠎ᠨᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠢᠰᠲ᠋ᠧᠮ᠎ᠠᠴᠠ ᠪᠣᠳᠠᠲᠠᠢ ᠰᠠᠨᠠᠯ᠎ᠢ᠎ᠨᠢ ᠪᠠᠢ᠌ᠴᠠᠭ᠋ᠠᠨ ᠦᠵᠡᠵᠦ ᠪᠣᠯᠣᠨ᠎ᠠ᠃

     ᠶᠠᠮᠠᠷᠪᠠ ᠬᠣᠯᠪᠣᠭᠳᠠᠯ ᠪᠦᠬᠦᠢ ᠨᠢᠭᠡᠴᠢ ᠵᠢᠴᠢ ᠬᠤᠪᠢ ᠬᠥᠮᠥᠨ᠂ ᠬᠡᠷᠪᠡ ᠠᠵᠤ ᠠᠬᠤᠢ᠌ᠯᠠᠯ᠎ᠤᠨ ᠮᠡᠳᠡᠭᠦᠯᠦᠭᠰᠡᠨ ᠬᠢᠷᠢ ᠬᠡᠮ᠎ᠤᠨ ᠪᠠᠢ᠌ᠳᠠᠯ᠎ᠳᠤ ᠣᠨᠳᠣᠣ ᠰᠠᠨᠠᠯ᠎ᠲᠠᠢ ᠪᠠᠢ᠌ᠪᠠᠯ ᠴᠥᠮ ᠮᠠᠨ᠎ᠤ ᠲᠢᠩᠬᠢᠮ᠎ᠳᠤ ᠪᠠᠢ᠌ᠳᠠᠯ ᠵᠶ᠋ᠠᠨ ᠲᠤᠰᠬᠠᠵᠤ ᠪᠣᠯᠣᠨ᠎ᠠ᠂ ᠪᠠᠢ᠌ᠳᠠᠯ ᠵᠶ᠋ᠠᠨ ᠲᠤᠰᠬᠠᠬᠤ᠎ᠳᠤ ᠠᠯᠪᠠᠨ ᠲᠠᠮᠠᠭ᠎ᠠ ᠳᠠᠷᠤᠬᠤ ᠬᠡᠷᠡᠭᠲᠡᠢ᠂ ᠬᠤᠪᠢ ᠬᠥᠮᠥᠨ ᠪᠠᠢ᠌ᠳᠠᠯ ᠵᠶ᠋ᠠᠨ ᠲᠤᠰᠬᠠᠬᠤ᠎ᠳᠤ ᠦᠨᠡᠨ ᠣᠪᠣᠭ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠤᠲᠠᠰᠤ᠂ ᠬᠠᠶᠢᠭ ᠪᠠ ᠰᠢᠤᠳᠠᠨ ᠳ᠋ᠤᠭ᠋ᠠᠷ ᠵᠶ᠋ᠠᠨ ᠦᠯᠡᠳᠡᠭᠡᠬᠦ ᠬᠡᠷᠡᠭᠲᠡᠢ᠃ ᠮᠠᠲ᠋ᠧᠷᠢᠶᠠᠯ᠎ᠢ ᠰᠢᠤᠳᠠᠨ ᠵᠶ᠋ᠠᠷ ᠮᠡᠳᠡᠭᠦᠯᠦᠨ ᠬᠦᠷᠭᠡᠭᠰᠡᠨ ᠠᠵᠤ ᠠᠬᠤᠢ᠌ᠯᠠᠯ ᠪᠤᠶᠤ ᠬᠤᠪᠢ ᠬᠥᠮᠥᠨ ᠡᠷᠬᠡᠪᠰᠢ ᠬᠠᠷᠢᠯᠴᠠᠬᠤ ᠬᠡᠯᠪᠡᠷᠢ᠎ᠪᠠᠨ ᠦᠯᠡᠳᠡᠭᠡᠵᠦ᠂ ᠬᠡᠷᠡᠭᠴᠡᠭᠡ᠎ᠲᠠᠢ ᠵᠦᠢ᠍ᠯ᠎ᠳᠤ᠎ᠪᠠᠨ ᠪᠡᠯᠡᠳᠬᠡᠬᠦ ᠬᠡᠷᠡᠭᠲᠡᠢ᠃

     ᠬᠠᠷᠢᠯᠴᠠᠬᠤ ᠤᠲᠠᠰᠤ᠄ 0471-6945165

     ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ ᠵᠢᠨ 6 ᠳ᠋ᠤᠭ᠋ᠠᠷ ᠨᠤᠮᠸᠷᠲᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ 13 ᠳ᠋ᠤᠭ᠋ᠠᠷ ᠠᠰᠠᠷ᠎ᠤᠨ ᠶᠡᠷᠦᠩᠬᠡᠢ᠌ᠯᠡᠭᠰᠡᠨ ᠴᠣᠩᠬᠣ

 

     ᠳᠠᠭ᠋ᠠᠯᠳᠤᠭᠤᠯᠤᠯ᠄

    1. ᠬᠣᠷᠢᠨ ᠨᠢᠭᠡᠳᠦᠭᠡᠷ ᠪᠦᠯᠦᠭ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠬᠢᠷᠢ ᠬᠡᠮ᠎ᠢ ᠬᠢᠨᠠᠨ ᠪᠠᠢ᠌ᠴᠠᠭ᠋ᠠᠭᠰᠠᠨ ᠰᠠᠨᠠᠯ

    2. ᠬᠣᠷᠢᠨ ᠨᠢᠭᠡᠳᠦᠭᠡᠷ ᠪᠦᠯᠦᠭ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠬᠢᠨᠠᠨ ᠬᠠᠮᠢᠶᠠᠷᠬᠤ ᠠᠵᠤ ᠠᠬᠤᠢ᠌ᠯᠠᠯ᠎ᠤᠨ ᠬᠢᠷᠢ ᠬᠡᠮ᠎ᠢ ᠬᠢᠨᠠᠨ ᠪᠠᠢ᠌ᠴᠠᠭ᠋ᠠᠭᠰᠠᠨ ᠰᠠᠨᠠᠯ

    3. ᠬᠣᠷᠢᠨ ᠨᠢᠭᠡᠳᠦᠭᠡᠷ ᠪᠦᠯᠦᠭ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠠᠶᠦᠯᠭᠦᠢ  ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠪᠠᠢ᠌ᠴᠠᠭ᠋ᠠᠭᠰᠠᠨ ᠰᠠᠨᠠᠯ

 

                                       2023 ᠣᠨ᠎ᠤ 6 ᠳ᠋ᠤᠭ᠋ᠠᠷ ᠰᠠᠷ᠎ᠠ ᠵᠢᠨ 16᠎ᠤ ᠡᠳᠦᠷ



 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ