《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠴᠢ ᠬᠣᠯᠪᠣᠭᠳᠠᠯ ᠪᠦᠬᠦᠢ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠠᠵᠤ ᠠᠬᠤᠢ᠌ᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ᠎ᠠᠴᠠ 2023 ᠣᠨ᠎ᠤ ᠬᠣᠷᠢᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠭᠦᠯᠬᠦ ᠵᠦᠢ᠍ᠯᠡᠰ᠎ᠤᠨ ᠮᠡᠳᠡᠭᠦᠯᠦᠯᠲᠡ ᠵᠢᠨ ᠮᠠᠲ᠋ᠧᠷᠢᠶᠠᠯ᠎ᠳᠤ ᠬᠢᠨᠠᠨ ᠪᠠᠢ᠌ᠴᠠᠭ᠋ᠠᠯᠲᠠ ᠬᠢᠵᠦ᠂ ᠣᠲᠣ ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ 3 ᠠᠵᠤ ᠠᠬᠤᠢ᠌ᠯᠠᠯ᠂ ᠪᠠᠷᠢᠯᠭ᠎ᠠ ᠵᠢᠨ ᠦᠢ᠍ᠯᠡᠰ᠎ᠤᠨ 27 ᠠᠵᠤ ᠠᠬᠤᠢ᠌ᠯᠠᠯ᠂ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠬᠢᠨᠠᠨ ᠬᠠᠮᠢᠶᠠᠷᠬᠤ 6 ᠠᠵᠤ ᠠᠬᠤᠢ᠌ᠯᠠᠯ᠂ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠪᠠᠷᠢᠯᠭ᠎ᠠ ᠵᠢᠨ ᠠᠵᠢᠯ᠎ᠤᠨ ᠵᠢᠷᠤᠭ᠎ᠢ ᠬᠢᠨᠠᠨ ᠪᠠᠢ᠌ᠴᠠᠭ᠋ᠠᠬᠤ 1 ᠪᠠᠢ᠌ᠭᠤᠯᠤᠮᠵᠢ᠂ ᠪᠠᠷᠢᠯᠭ᠎ᠠ ᠵᠢᠨ ᠦᠢ᠍ᠯᠡᠰ᠎ᠤᠨ 63 ᠠᠵᠤ ᠠᠬᠤᠢ᠌ᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠪᠠᠢ᠌ᠴᠠᠭ᠋ᠠᠭᠰᠠᠨ ᠰᠠᠨᠠᠯ᠎ᠢ ᠵᠠᠷᠯᠠᠨ ᠨᠡᠢ᠌ᠲᠡᠯᠡᠪᠡ (ᠳᠠᠭ᠋ᠠᠯᠳᠤᠭᠤᠯᠤᠯ᠎ᠳᠤ ᠦᠵᠡ)᠃ ᠬᠢᠨᠠᠨ ᠪᠠᠢ᠌ᠴᠠᠭ᠋ᠠᠭᠰᠠᠨ ᠰᠠᠨᠠᠯ᠎ᠢ ᠵᠠᠷᠯᠠᠨ ᠨᠡᠢ᠌ᠲᠡᠯᠡᠬᠦ ᠬᠤᠭᠤᠴᠠᠭ᠎ᠠ 2023 ᠣᠨ᠎ᠤ 6 ᠳ᠋ᠤᠭ᠋ᠠᠷ ᠰᠠᠷ᠎ᠠ ᠵᠢᠨ 15᠎ᠤ ᠡᠳᠦᠷ᠎ᠤᠨ 17 ᠴᠠᠭ 30 ᠮᠢᠨᠦ᠋ᠲ᠎ᠲᠤ ᠳᠠᠭᠤᠰᠤᠨ᠎ᠠ᠂ ᠵᠠᠷᠯᠠᠨ ᠨᠡᠢ᠌ᠲᠡᠯᠡᠭᠰᠡᠨ ᠰᠠᠨᠠᠯ᠎ᠳᠤ ᠣᠨᠳᠣᠣ ᠰᠠᠨᠠᠯ᠎ᠲᠠᠢ ᠪᠤᠶᠤ ᠠᠰᠠᠭᠤᠳᠠᠯ᠎ᠲᠠᠢ ᠪᠣᠯ ᠵᠥᠪᠲᠡᠭᠡᠨ ᠲᠣᠳᠣᠷᠬᠠᠢ᠌ᠯᠠᠵᠤ ᠪᠣᠯᠣᠨ᠎ᠠ᠂ ᠬᠢᠨᠠᠨ ᠪᠠᠢ᠌ᠴᠠᠭ᠋ᠠᠭᠰᠠᠨ ᠰᠠᠨᠠᠯ᠎ᠨᠢ ᠪᠠᠲᠤᠯᠠᠭᠳᠠᠭᠰᠠᠨ ᠦᠭᠡᠢ ᠠᠵᠤ ᠠᠬᠤᠢ᠌ᠯᠠᠯ ᠪᠣᠯ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠢᠰᠲ᠋ᠧᠮ᠎ᠠᠴᠠ ᠪᠣᠳᠠᠲᠠᠢ ᠰᠠᠨᠠᠯ᠎ᠢ᠎ᠨᠢ ᠪᠠᠢ᠌ᠴᠠᠭ᠋ᠠᠨ ᠦᠵᠡᠵᠦ ᠪᠣᠯᠣᠨ᠎ᠠ᠃
ᠶᠠᠮᠠᠷᠪᠠ ᠬᠣᠯᠪᠣᠭᠳᠠᠯ ᠪᠦᠬᠦᠢ ᠨᠢᠭᠡᠴᠢ ᠵᠢᠴᠢ ᠬᠤᠪᠢ ᠬᠥᠮᠥᠨ᠂ ᠬᠡᠷᠪᠡ ᠠᠵᠤ ᠠᠬᠤᠢ᠌ᠯᠠᠯ᠎ᠤᠨ ᠮᠡᠳᠡᠭᠦᠯᠦᠭᠰᠡᠨ ᠬᠢᠷᠢ ᠬᠡᠮ᠎ᠤᠨ ᠪᠠᠢ᠌ᠳᠠᠯ᠎ᠳᠤ ᠣᠨᠳᠣᠣ ᠰᠠᠨᠠᠯ᠎ᠲᠠᠢ ᠪᠠᠢ᠌ᠪᠠᠯ ᠴᠥᠮ ᠮᠠᠨ᠎ᠤ ᠲᠢᠩᠬᠢᠮ᠎ᠳᠤ ᠪᠠᠢ᠌ᠳᠠᠯ ᠵᠶ᠋ᠠᠨ ᠲᠤᠰᠬᠠᠵᠤ ᠪᠣᠯᠣᠨ᠎ᠠ᠂ ᠨᠢᠭᠡᠴᠢ ᠪᠠᠢ᠌ᠳᠠᠯ ᠵᠶ᠋ᠠᠨ ᠲᠤᠰᠬᠠᠬᠤ᠎ᠳᠤ ᠠᠯᠪᠠᠨ ᠲᠠᠮᠠᠭ᠎ᠠ ᠳᠠᠷᠤᠬᠤ ᠬᠡᠷᠡᠭᠲᠡᠢ᠂ ᠬᠤᠪᠢ ᠬᠥᠮᠥᠨ ᠪᠠᠢ᠌ᠳᠠᠯ ᠵᠶ᠋ᠠᠨ ᠲᠤᠰᠬᠠᠬᠤ᠎ᠳᠤ ᠦᠨᠡᠨ ᠣᠪᠣᠭ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠤᠲᠠᠰᠤ᠂ ᠬᠠᠶᠢᠭ ᠪᠠ ᠰᠢᠤᠳᠠᠨ ᠳ᠋ᠤᠭ᠋ᠠᠷ ᠵᠶ᠋ᠠᠨ ᠦᠯᠡᠳᠡᠭᠡᠬᠦ ᠬᠡᠷᠡᠭᠲᠡᠢ᠃ ᠮᠠᠲ᠋ᠧᠷᠢᠶᠠᠯ᠎ᠢ ᠰᠢᠤᠳᠠᠨ ᠵᠶ᠋ᠠᠷ ᠮᠡᠳᠡᠭᠦᠯᠦᠨ ᠬᠦᠷᠭᠡᠭᠰᠡᠨ ᠠᠵᠤ ᠠᠬᠤᠢ᠌ᠯᠠᠯ ᠪᠤᠶᠤ ᠬᠤᠪᠢ ᠬᠥᠮᠥᠨ ᠡᠷᠬᠡᠪᠰᠢ ᠬᠠᠷᠢᠯᠴᠠᠬᠤ ᠬᠡᠯᠪᠡᠷᠢ᠎ᠪᠠᠨ ᠦᠯᠡᠳᠡᠭᠡᠵᠦ᠂ ᠬᠡᠷᠡᠭᠴᠡᠭᠡ᠎ᠲᠠᠢ ᠵᠦᠢ᠍ᠯ᠎ᠳᠤ᠎ᠪᠠᠨ ᠪᠡᠯᠡᠳᠬᠡᠬᠦ ᠬᠡᠷᠡᠭᠲᠡᠢ᠃
ᠬᠠᠷᠢᠯᠴᠠᠬᠤ ᠤᠲᠠᠰᠤ᠄ 0471-6945165
ᠬᠠᠷᠢᠯᠴᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ ᠵᠢᠨ 6 ᠳ᠋ᠤᠭ᠋ᠠᠷ ᠲᠣᠭ᠋ᠠᠲᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ 13 ᠳ᠋ᠤᠭ᠋ᠠᠷ ᠶᠡᠷᠦᠩᠬᠡᠢ᠌ᠯᠡᠭᠰᠡᠨ ᠴᠣᠩᠬᠣ
ᠳᠠᠭ᠋ᠠᠯᠳᠤᠭᠤᠯᠤᠯ᠄
2. ᠬᠣᠷᠢᠳᠤᠭ᠋ᠠᠷ ᠪᠦᠯᠦᠭ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠬᠢᠷᠢ ᠬᠡᠮ᠎ᠢ ᠬᠢᠨᠠᠨ ᠪᠠᠢ᠌ᠴᠠᠭ᠋ᠠᠭᠰᠠᠨ ᠰᠠᠨᠠᠯ
2023 ᠣᠨ᠎ᠤ 6 ᠳ᠋ᠤᠭ᠋ᠠᠷ ᠰᠠᠷ᠎ᠠ ᠵᠢᠨ 9᠎ᠤ ᠡᠳᠦᠷ