2023 ᠣᠨ᠎ᠤ ᠬᠤᠷᠢᠨ ᠬᠤᠶᠠᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠢᠨᠠᠨ ᠪᠠᠶ᠋ᠢᠴᠠᠭ᠋ᠠᠭᠰᠠᠨ ᠰᠠᠨᠠᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠠᠯᠪᠠᠨ ᠨᠡᠶ᠋ᠢᠳᠡᠯᠡᠯ
2023-07-01

    2023 ᠣᠨ᠎ᠤ ᠬᠤᠷᠢᠨ ᠬᠤᠶᠠᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠢᠨᠠᠨ ᠪᠠᠶ᠋ᠢᠴᠠᠭ᠋ᠠᠭᠰᠠᠨ ᠰᠠᠨᠠᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠠᠯᠪᠠᠨ ᠨᠡᠶ᠋ᠢᠳᠡᠯᠡᠯ

 

    《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠴᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠬᠤᠯᠪᠣᠭᠳᠠᠯ ᠪᠥᠬᠦᠶ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ᠂ ᠮᠠᠨ᠎ᠤ ᠲᠢᠩᠬᠢᠮ᠎ᠠᠴᠠ 2023 ᠣᠨ᠎ᠤ ᠬᠤᠷᠢᠨ ᠬᠤᠶᠠᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠵᠤ᠂ ᠣᠲᠣ 9 ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠂ 6 ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠬᠢᠨᠠᠨ ᠬᠠᠮᠢᠶᠠᠷᠬᠤ ᠠᠵᠤ ᠠᠬᠤᠶ᠋ᠢᠯᠠᠯ᠂ 198 ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠪᠠᠶ᠋ᠢᠴᠠᠭ᠋ᠠᠭᠰᠠᠨ ᠰᠠᠨᠠᠯ᠎ᠢ ᠵᠠᠷᠯᠠᠨ ᠨᠡᠶ᠋ᠢᠲᠡᠯᠡᠪᠡ (ᠳᠠᠭ᠋ᠠᠯᠳᠤᠭᠤᠯᠤᠯ᠎ᠳᠤ ᠦᠵᠡ)᠃      ᠬᠢᠨᠠᠨ ᠪᠠᠶ᠋ᠢᠴᠠᠭ᠋ᠠᠭᠰᠠᠨ ᠰᠠᠨᠠᠯ᠎ᠢ ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 2023 ᠣᠨ᠎ᠤ 7 ᠳ᠋ᠤᠭ᠋ᠠᠷ ᠰᠠᠷ᠎ᠠ ᠵᠢᠨ 6᠎ᠤ ᠡᠳᠦᠷ᠎ᠤᠨ 17 ᠴᠠᠭ 30 ᠮᠢᠨᠦ᠋ᠲ ᠪᠣᠯᠲᠠᠯ᠎ᠠ᠂ ᠵᠠᠷᠯᠠᠨ ᠨᠡᠶ᠋ᠢᠲᠡᠯᠡᠭᠰᠡᠨ ᠰᠠᠨᠠᠯ᠎ᠳᠤ ᠣᠨᠳᠣᠤ ᠰᠠᠨᠠᠯ᠎ᠲᠠᠢ ᠪᠤᠶᠤ ᠠᠰᠠᠭᠤᠳᠠᠯ᠎ᠲᠠᠢ ᠪᠠᠶ᠋ᠢᠪᠠᠯ᠂ ᠵᠥᠪᠳᠡᠭᠡᠨ ᠲᠣᠳᠣᠷᠬᠠᠶ᠋ᠢᠯᠠᠬᠤ᠎ᠪᠠᠷ ᠳᠤᠷᠠᠳᠴᠤ ᠪᠣᠯᠤᠨ᠎ᠠ᠂ ᠬᠢᠨᠠᠨ ᠪᠠᠶ᠋ᠢᠴᠠᠭ᠋ᠠᠭᠰᠠᠨ ᠰᠠᠨᠠᠯ᠎ᠳᠤ ᠪᠠᠲᠤᠯᠠᠭᠳᠠᠭᠰᠠᠨ ᠥᠬᠡᠶ ᠠᠵᠤ ᠠᠬᠤᠶ᠋ᠢᠯᠠᠯ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠢᠰᠲ᠋ᠧᠮ᠎ᠠᠴᠠ ᠪᠣᠳᠠᠲᠠᠶ ᠰᠠᠨᠠᠯ᠎ᠢ ᠪᠠᠶ᠋ᠢᠴᠠᠭ᠋ᠠᠨ ᠦᠵᠡᠵᠦ ᠪᠣᠯᠤᠨ᠎ᠠ᠃

     ᠶᠠᠮᠠᠷᠪᠠ ᠬᠤᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ᠂ ᠬᠡᠷᠪᠡ ᠠᠵᠤ ᠠᠬᠤᠶ᠋ᠢᠯᠠᠯ᠎ᠤᠨ ᠮᠡᠳᠡᠭᠦᠯᠦᠭᠰᠡᠨ ᠬᠢᠷᠢ ᠬᠡᠮ᠎ᠤᠨ ᠪᠠᠶ᠋ᠢᠳᠠᠯ᠎ᠳᠤ ᠣᠨᠳᠣᠤ ᠰᠠᠨᠠᠯ᠎ᠲᠠᠢ ᠪᠠᠶ᠋ᠢᠪᠠᠯ᠂ ᠴᠥᠮ ᠮᠠᠨ᠎ᠤ ᠲᠢᠩᠬᠢᠮ᠎ᠳᠤ ᠢᠷᠡᠵᠦ ᠪᠠᠶ᠋ᠢᠳᠠᠯ ᠵᠶ᠋ᠠᠨ ᠲᠤᠰᠬᠠᠵᠤ ᠪᠣᠯᠤᠨ᠎ᠠ᠂ ᠨᠢᠭᠡᠴᠢ᠎ᠠᠴᠠ ᠪᠠᠶ᠋ᠢᠳᠠᠯ ᠵᠶ᠋ᠠᠨ ᠲᠤᠰᠬᠠᠬᠤ᠎ᠳᠤ ᠠᠯᠪᠠᠨ ᠲᠠᠮᠠᠭ᠎ᠠ ᠳᠠᠷᠤᠬᠤ ᠴᠢᠬᠤᠯᠠᠲᠠᠶ᠂ ᠬᠤᠪᠢ ᠬᠥᠮᠦᠨ᠎ᠠᠴᠠ ᠪᠠᠶ᠋ᠢᠳᠠᠯ ᠵᠶ᠋ᠠᠨ ᠲᠤᠰᠬᠠᠬᠤ᠎ᠳᠤ ᠦᠨᠡᠨ ᠪᠣᠳᠠᠲᠠᠶ ᠣᠪᠣᠭ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠤᠲᠠᠰᠤ᠂ ᠬᠠᠶᠢᠭ ᠪᠠ ᠰᠢᠤᠳᠠᠨ᠎ᠤ ᠳ᠋ᠤᠭ᠋ᠠᠷ ᠵᠶ᠋ᠠᠨ ᠦᠯᠡᠳᠡᠭᠡᠬᠦ ᠬᠡᠷᠡᠭᠲᠡᠶ᠃ ᠮᠡᠳᠡᠭᠦᠯᠦᠨ ᠬᠦᠷᠭᠡᠭᠰᠡᠨ ᠮᠠᠲ᠋ᠧᠷᠢᠶᠠᠯ᠎ᠢ ᠰᠢᠦᠳᠠᠨ ᠵᠶ᠋ᠠᠷ ᠢᠯᠡᠭᠡᠬᠦ ᠠᠵᠤ ᠠᠬᠤᠶ᠋ᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ ᠮᠠᠶᠢᠭ ᠵᠶ᠋ᠠᠨ ᠦᠯᠡᠳᠡᠭᠡᠵᠦ᠂ ᠬᠡᠷᠡᠭᠴᠡᠭᠡ᠎ᠳᠤ᠎ᠪᠠᠨ ᠪᠡᠯᠡᠳᠬᠡᠬᠦ ᠬᠡᠷᠡᠭᠲᠡᠶ᠃

     ᠬᠠᠷᠢᠯᠴᠠᠬᠤ ᠤᠲᠠᠰᠤ᠄ 0471-6945165

     ᠬᠠᠷᠢᠯᠴᠠᠬᠤ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠴᠡᠯᠡᠭᠡᠷ ᠲᠠᠯ᠎ᠠ ᠶᠡᠭᠡ ᠵᠡᠭᠡᠯᠢ ᠵᠢᠨ 6 ᠳ᠋ᠤᠭ᠋ᠠᠷ ᠲᠣᠭ᠋ᠠᠲᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ 13 ᠳ᠋ᠤᠭ᠋ᠠᠷ ᠳᠠᠪᠬᠤᠷᠯᠢᠭ᠎ᠤᠨ ᠶᠡᠷᠦᠩᠬᠡᠶ᠋ᠢᠯᠡᠭᠰᠡᠨ ᠴᠣᠩᠬᠤᠪᠴᠢ

     ᠳᠠᠭ᠋ᠠᠯᠳᠤᠭᠤᠯᠤᠯ᠄

    1. ᠬᠤᠷᠢᠨ ᠬᠤᠶᠠᠳᠤᠭ᠋ᠠᠷ ᠪᠦᠯᠦᠭ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠪᠠᠶ᠋ᠢᠴᠠᠭ᠋ᠠᠭᠰᠠᠨ ᠰᠠᠨᠠᠯ

    2. ᠬᠤᠷᠢᠨ ᠬᠤᠶᠠᠳᠤᠭ᠋ᠠᠷ ᠪᠦᠯᠦᠭ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠬᠢᠨᠠᠨ ᠬᠠᠮᠢᠶᠠᠷᠬᠤ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠪᠠᠶ᠋ᠢᠴᠠᠭ᠋ᠠᠬᠤ ᠰᠠᠨᠠᠯ

    3. ᠬᠤᠷᠢᠨ ᠬᠤᠶᠠᠳᠤᠭ᠋ᠠᠷ ᠪᠦᠯᠦᠭ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠪᠠᠶ᠋ᠢᠴᠠᠭ᠋ᠠᠭᠰᠠᠨ ᠰᠠᠨᠠᠯ

                                                          

                                                           2023 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ

 

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ