2023 ᠣᠨ᠎ᠤ ᠬᠤᠷᠢᠨ ᠲᠠᠪᠤᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠢᠨᠠᠨ ᠪᠠᠶ᠋ᠢᠴᠠᠭ᠋ᠠᠭᠰᠠᠨ ᠰᠠᠨᠠᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠡᠢ᠌ᠳᠡᠯᠡᠯ
2023-07-21

    2023 ᠣᠨ᠎ᠤ ᠬᠤᠷᠢᠨ ᠲᠠᠪᠤᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠢᠨᠠᠨ ᠪᠠᠶ᠋ᠢᠴᠠᠭ᠋ᠠᠭᠰᠠᠨ ᠰᠠᠨᠠᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠡᠢ᠌ᠳᠡᠯᠡᠯ

    《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠴᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠬᠤᠯᠪᠣᠭᠳᠠᠯ ᠪᠥᠬᠦᠶ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ᠂ ᠮᠠᠨ᠎ᠤ ᠲᠢᠩᠬᠢᠮ᠎ᠠᠴᠠ 2023 ᠣᠨ᠎ᠤ ᠬᠤᠷᠢᠨ ᠲᠠᠪᠤᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠵᠤ᠂ ᠣᠲᠣ ᠬᠠᠶ᠋ᠢᠨ ᠪᠠᠶ᠋ᠢᠴᠠᠭ᠋ᠠᠵᠤ ᠵᠢᠷᠤᠵᠤ ᠲᠥᠯᠥᠪᠯᠡᠬᠦ 1 ᠠᠵᠤ ᠠᠬᠤᠶ᠋ᠢᠯᠠᠯ᠂ ᠪᠠᠷᠢᠯᠭ᠎ᠠ ᠵᠢᠨ ᠦᠢ᠍ᠯᠡᠰ᠎ᠤᠨ 5 ᠠᠵᠤ ᠠᠬᠤᠶ᠋ᠢᠯᠠᠯ᠂ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠬᠢᠨᠠᠨ ᠬᠠᠮᠢᠶᠠᠷᠬᠤ 3 ᠠᠵᠤ ᠠᠬᠤᠶ᠋ᠢᠯᠠᠯ᠂ 108 ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠪᠠᠶ᠋ᠢᠴᠠᠭ᠋ᠠᠭᠰᠠᠨ ᠰᠠᠨᠠᠯ᠎ᠢ ᠨᠡᠶ᠋ᠢᠲᠡᠯᠡᠪᠡ (ᠳᠠᠭ᠋ᠠᠯᠳᠤᠭᠤᠯᠤᠯ᠎ᠳᠤ ᠦᠵᠡ)᠃ ᠬᠢᠨᠠᠨ ᠪᠠᠶ᠋ᠢᠴᠠᠭ᠋ᠠᠭᠰᠠᠨ ᠰᠠᠨᠠᠯ᠎ᠢ ᠨᠡᠶ᠋ᠢᠲᠡᠯᠡᠬᠦ ᠬᠤᠭᠤᠴᠠᠭ᠎ᠠ᠎ᠨᠢ 2023 ᠣᠨ᠎ᠤ 7 ᠳ᠋ᠤᠭ᠋ᠠᠷ ᠰᠠᠷ᠎ᠠ ᠵᠢᠨ 27᠎ᠤ ᠡᠳᠦᠷ᠎ᠤᠨ 17 ᠴᠠᠭ 30 ᠮᠢᠨᠦ᠋ᠲ ᠪᠣᠯᠲᠠᠯ᠎ᠠ᠂ ᠨᠡᠶ᠋ᠢᠲᠡᠯᠡᠭᠰᠡᠨ ᠰᠠᠨᠠᠯ᠎ᠳᠤ ᠣᠨᠳᠣᠤ ᠰᠠᠨᠠᠯ᠎ᠲᠠᠢ ᠪᠤᠶᠤ ᠠᠰᠠᠭᠤᠳᠠᠯ᠎ᠲᠠᠢ ᠪᠠᠶ᠋ᠢᠪᠠᠯ᠂ ᠵᠥᠪᠳᠡᠭᠡᠨ ᠲᠣᠳᠣᠷᠬᠠᠶ᠋ᠢᠯᠠᠬᠤ᠎ᠪᠠᠷ ᠳᠤᠷᠠᠳᠴᠤ ᠪᠣᠯᠤᠨ᠎ᠠ᠂ ᠬᠢᠨᠠᠨ ᠪᠠᠶ᠋ᠢᠴᠠᠭ᠋ᠠᠭᠰᠠᠨ ᠰᠠᠨᠠᠯ᠎ᠳᠤ ᠪᠠᠲᠤᠯᠠᠭᠳᠠᠭᠰᠠᠨ ᠦᠭᠡᠢ ᠠᠵᠤ ᠠᠬᠤᠶ᠋ᠢᠯᠠᠯ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠢᠰᠲ᠋ᠧᠮ᠎ᠳᠤ ᠪᠣᠳᠠᠲᠠᠶ ᠰᠠᠨᠠᠯ᠎ᠢ ᠪᠠᠶ᠋ᠢᠴᠠᠭ᠋ᠠᠨ ᠦᠵᠡᠵᠦ ᠪᠣᠯᠤᠨ᠎ᠠ᠃

     ᠶᠠᠮᠠᠷᠪᠠ ᠬᠤᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ᠂ ᠬᠡᠷᠪᠡ ᠠᠵᠤ ᠠᠬᠤᠶ᠋ᠢᠯᠠᠯ᠎ᠤᠨ ᠮᠡᠳᠡᠭᠦᠯᠦᠭᠰᠡᠨ ᠬᠢᠷᠢ ᠬᠡᠮ᠎ᠤᠨ ᠪᠠᠶ᠋ᠢᠳᠠᠯ᠎ᠳᠤ ᠣᠨᠳᠣᠤ ᠰᠠᠨᠠᠯ᠎ᠲᠠᠢ ᠪᠠᠶ᠋ᠢᠪᠠᠯ᠂ ᠴᠥᠮ ᠮᠠᠨ᠎ᠤ ᠲᠢᠩᠬᠢᠮ᠎ᠳᠤ ᠪᠠᠶ᠋ᠢᠳᠠᠯ ᠵᠶ᠋ᠠᠨ ᠲᠤᠰᠬᠠᠵᠤ ᠪᠣᠯᠤᠨ᠎ᠠ᠂ ᠨᠢᠭᠡᠴᠢ᠎ᠠᠴᠠ ᠪᠠᠶ᠋ᠢᠳᠠᠯ ᠵᠶ᠋ᠠᠨ ᠲᠤᠰᠬᠠᠬᠤ᠎ᠳᠤ ᠠᠯᠪᠠᠨ ᠲᠠᠮᠠᠭ᠎ᠠ ᠳᠠᠷᠤᠬᠤ ᠴᠢᠬᠤᠯᠠᠲᠠᠶ᠂ ᠬᠤᠪᠢ ᠬᠥᠮᠦᠨ᠎ᠠᠴᠠ ᠪᠠᠶ᠋ᠢᠳᠠᠯ ᠵᠶ᠋ᠠᠨ ᠲᠤᠰᠬᠠᠬᠤ᠎ᠳᠤ ᠵᠢᠩᠬᠢᠨᠢ ᠣᠪᠣᠭ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠤᠲᠠᠰᠤ᠂ ᠬᠠᠶᠢᠭ ᠪᠠ ᠰᠢᠤᠳᠠᠨ᠎ᠤ ᠳ᠋ᠤᠭ᠋ᠠᠷ ᠵᠶ᠋ᠠᠨ ᠦᠯᠡᠳᠡᠭᠡᠬᠦ ᠬᠡᠷᠡᠭᠲᠡᠶ᠃ ᠮᠡᠳᠡᠭᠦᠯᠦᠨ ᠬᠦᠷᠭᠡᠭᠰᠡᠨ ᠮᠠᠲ᠋ᠧᠷᠢᠶᠠᠯ᠎ᠢ ᠰᠢᠦᠳᠠᠨ ᠵᠶ᠋ᠠᠷ ᠢᠯᠡᠭᠡᠬᠦ ᠠᠵᠤ ᠠᠬᠤᠶ᠋ᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠬᠡᠯᠪᠡᠷᠢ᠎ᠪᠠᠨ ᠦᠯᠡᠳᠡᠭᠡᠵᠦ᠂ ᠬᠡᠷᠡᠭᠴᠡᠭᠡ᠎ᠳᠤ᠎ᠪᠠᠨ ᠪᠡᠯᠡᠳᠬᠡᠬᠦ ᠬᠡᠷᠡᠭᠲᠡᠶ᠃

     ᠬᠠᠷᠢᠯᠴᠠᠬᠤ ᠤᠲᠠᠰᠤ᠄ 0471-6945165

     ᠬᠠᠷᠢᠯᠴᠠᠬᠤ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠴᠡᠯᠡᠭᠡᠷ ᠲᠠᠯ᠎ᠠ ᠶᠡᠭᠡ ᠵᠡᠭᠡᠯᠢ ᠵᠢᠨ 6 ᠳ᠋ᠤᠭ᠋ᠠᠷ ᠲᠣᠭ᠋ᠠᠲᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ 13 ᠳ᠋ᠤᠭ᠋ᠠᠷ ᠳᠠᠪᠬᠤᠷᠯᠢᠭ᠎ᠤᠨ ᠶᠡᠷᠦᠩᠬᠡᠶ᠋ᠢᠯᠡᠭᠰᠡᠨ ᠴᠣᠩᠬᠤᠪᠴᠢ

 

     ᠳᠠᠭ᠋ᠠᠯᠳᠤᠭᠤᠯᠤᠯ᠄

    1. ᠬᠤᠷᠢᠨ ᠲᠠᠪᠤᠳᠤᠭ᠋ᠠᠷ ᠪᠦᠯᠦᠭ ᠬᠠᠶ᠋ᠢᠨ ᠪᠠᠶ᠋ᠢᠴᠠᠭ᠋ᠠᠵᠤ ᠵᠢᠷᠤᠭᠯᠠᠨ ᠲᠥᠯᠥᠪᠯᠡᠬᠦ ᠠᠵᠤ ᠠᠬᠤᠶ᠋ᠢᠯᠠᠯ᠎ᠤᠨ ᠬᠢᠷᠢ ᠴᠢᠳᠠᠮᠵᠢ ᠵᠢ ᠬᠢᠨᠠᠨ ᠪᠠᠶ᠋ᠢᠴᠠᠭ᠋ᠠᠭᠰᠠᠨ ᠰᠠᠨᠠᠯ

    2. ᠬᠣᠷᠢᠨ ᠲᠠᠪᠤᠲᠤᠭ᠋ᠠᠷ ᠪᠦᠯᠦᠭ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠭᠡᠮ᠎ᠢ ᠬᠢᠨᠠᠨ ᠪᠠᠶ᠋ᠢᠴᠠᠭ᠋ᠠᠭᠰᠠᠨ ᠰᠠᠨᠠᠯ

    3. ᠬᠣᠷᠢᠨ ᠲᠠᠪᠤᠲᠤᠭ᠋ᠠᠷ ᠪᠦᠯᠦᠭ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠬᠢᠨᠠᠨ ᠬᠠᠮᠢᠶᠠᠷᠬᠤ ᠠᠵᠤ ᠠᠬᠤᠶ᠋ᠢᠯᠠᠯ᠎ᠤᠨ ᠬᠢᠷᠢ ᠭᠡᠮ᠎ᠢ ᠬᠢᠨᠠᠨ ᠪᠠᠶ᠋ᠢᠴᠠᠭ᠋ᠠᠭᠰᠠᠨ ᠰᠠᠨᠠᠯ

    4. ᠬᠤᠷᠢᠨ ᠲᠠᠪᠤᠳᠤᠭ᠋ᠠᠷ ᠪᠦᠯᠦᠭ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠪᠠᠶ᠋ᠢᠴᠠᠭ᠋ᠠᠭᠰᠠᠨ ᠰᠠᠨᠠᠯ

 

 

                                                                        2023 ᠣᠨ᠎ᠤ 7 ᠳ᠋ᠤᠭ᠋ᠠᠷ ᠰᠠᠷ᠎ᠠ ᠵᠢᠨ 21᠎ᠤ ᠡᠳᠦᠷ

 


 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ