2022 ᠣᠨ᠎ᠤ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠪᠠᠷᠢᠬᠤ ᠠᠮᠤᠷ ᠲᠦᠪᠰᠢᠨ᠎ᠤ ᠪᠠᠷᠢᠮᠵᠢᠶᠠᠵᠢᠭᠤᠯᠤᠭᠰᠠᠨ ᠵᠢᠱ᠌ᠢᠶ᠎ᠡ ᠦᠵᠡᠭᠦᠯᠬᠦ ᠪᠠᠷᠢᠯᠭ᠎ᠠ ᠵᠢᠨ ᠭᠠᠵᠠᠷ᠎ᠢ ᠬᠥᠬᠢᠭᠦᠯᠦᠨ ᠰᠠᠶ᠋ᠢᠰᠢᠶᠠᠬᠤ ᠲᠤᠬᠠᠢ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠡᠢ᠌ᠲᠡᠯᠡᠯ
2023-08-10

    《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠪᠠᠷᠢᠬᠤ ᠠᠮᠤᠷ ᠲᠦᠪᠰᠢᠨ᠎ᠤ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠪᠠᠷᠢᠯᠭ᠎ᠠ ᠵᠢᠨ ᠭᠠᠵᠠᠷ᠎ᠢ ᠰᠢᠯᠭ᠋ᠠᠷᠠᠭᠤᠯᠬᠤ ᠠᠷᠭ᠎ᠠ》 (ᠥᠪᠥᠷ ᠪᠦᠲᠦᠭᠡᠨ ᠪᠠᠶ᠋ᠢᠭᠤᠯᠤᠯᠲᠠ [2013] 666 ᠳ᠋ᠤᠭ᠋ᠠᠷ ᠲᠣᠭ᠋ᠠᠲᠤ) ᠵᠢᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠲᠢᠩᠬᠢᠮ᠎ᠨᠢ ᠠᠵᠤ ᠠᠬᠤᠶ᠋ᠢᠯᠠᠯ᠎ᠢ ᠭᠤᠶᠤᠴᠢᠯᠠᠨ ᠮᠡᠳᠡᠭᠦᠯᠬᠦ᠂ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠬᠠᠷᠭᠤᠭᠤᠯᠤᠭᠰᠠᠨ ᠰᠠᠭᠤᠷᠢᠨ ᠳᠡᠭᠡᠷ᠎ᠡ᠂ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠬᠢᠨᠠᠨ ᠲᠣᠭᠲᠠᠭ᠋ᠠᠬᠤ ᠵᠢᠴᠢ ᠬᠤᠷᠠᠯ ᠳᠡᠭᠡᠷ᠎ᠡ ᠰᠤᠳᠤᠯᠵᠤ᠂ ᠰᠢᠨ᠎ᠡ᠎ᠪᠠᠷ ᠨᠡᠭᠡᠭᠡᠨ ᠬᠥᠭᠵᠢᠭᠦᠯᠬᠦ ᠪᠠᠩᠬᠢ ᠵᠢᠨ ᠵᠢᠭᠡᠯᠡᠯᠭᠡ ᠵᠢᠨ ᠬᠥᠬᠡᠬᠤᠲᠠ ᠵᠢᠨ ᠰᠢᠨ᠎ᠡ ᠨᠢᠰᠬᠡᠯ᠎ᠤᠨ ᠪᠠᠭᠤᠳᠠᠯ᠎ᠤᠨ ᠠᠭ᠋ᠠᠷ ᠠᠶᠠᠯᠠᠯ᠎ᠤᠨ ᠥᠷᠲᠡᠭᠡ ᠵᠢᠨ ᠣᠷᠣᠨ᠎ᠤ ᠨᠢᠭᠡᠳᠦᠭᠡᠷ ᠪᠠᠷᠢᠮᠵᠢᠶᠠᠲᠤ ᠬᠡᠰᠡᠭ᠎ᠤᠨ ᠪᠠᠷᠢᠯᠭ᠎ᠠ ᠪᠠᠷᠢᠬᠤ ᠶᠡᠷᠦᠩᠬᠡᠶ ᠳᠠᠭ᠋ᠠᠭ᠋ᠠᠴᠢᠯᠠᠯᠲᠠ ᠵᠢᠨ ᠲᠥᠷᠥᠯ ᠵᠦᠢ᠍ᠯ ᠵᠡᠷᠭᠡ 154 ᠪᠠᠷᠢᠯᠭ᠎ᠠ ᠵᠢᠨ ᠭᠠᠵᠠᠷ᠎ᠢ 2022 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠪᠠᠷᠢᠬᠤ ᠠᠮᠤᠷ ᠲᠦᠪᠰᠢᠨ᠎ᠤ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠪᠠᠷᠢᠯᠭ᠎ᠠ ᠵᠢᠨ ᠭᠠᠵᠠᠷ ᠪᠣᠯᠭ᠋ᠠᠬᠤ ᠭᠡᠵᠦ ᠪᠠᠢ᠌ᠭ᠎ᠠ ᠲᠤᠯᠠ ᠡᠳᠦᠭᠡ ᠵᠠᠷᠯᠠᠨ ᠨᠡᠶ᠋ᠢᠲᠡᠯᠡᠬᠦ᠎ᠪᠠᠷ ᠪᠠᠶ᠋ᠢᠨ᠎ᠠ᠃ ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 2023 ᠣᠨ᠎ᠤ 8 ᠳ᠋ᠤᠭ᠋ᠠᠷ ᠰᠠᠷ᠎ᠠ ᠵᠢᠨ 18᠎ᠤ ᠡᠳᠦᠷ ᠪᠣᠯᠲᠠᠯ᠎ᠠ᠃

     ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠷᠪᠡ ᠢᠯᠡ ᠨᠡᠶ᠋ᠢᠲᠡᠯᠡᠬᠦ ᠲᠥᠷᠥᠯ ᠵᠦᠢ᠍ᠯ᠎ᠳᠤ ᠣᠨᠳᠣᠤ ᠰᠠᠨᠠᠯ᠎ᠲᠠᠢ ᠪᠠᠶ᠋ᠢᠪᠠᠯ᠂ ᠪᠢᠴᠢᠭᠯᠡᠭᠰᠡᠨ ᠰᠠᠨᠠᠯ ᠵᠶ᠋ᠠᠨ ᠳᠤᠷᠠᠳᠴᠤ ᠪᠣᠯᠤᠨ᠎ᠠ᠃ ᠨᠢᠭᠡᠴᠢ ᠵᠢᠨ ᠰᠠᠨᠠᠯ᠎ᠨᠢ ᠡᠷᠬᠡᠪᠰᠢ ᠲᠠᠮᠠᠭ᠎ᠠ᠎ᠪᠠᠨ ᠳᠠᠷᠤᠬᠤ ᠬᠡᠷᠡᠭᠲᠡᠶ᠂ ᠬᠤᠪᠢ ᠬᠥᠮᠦᠨ᠎ᠤ ᠰᠠᠨᠠᠯ᠎ᠨᠢ ᠡᠷᠬᠡᠪᠰᠢ ᠪᠣᠳᠠᠲᠠᠶ ᠣᠪᠣᠭ ᠨᠡᠷ᠎ᠡ᠂ ᠪᠡᠶ᠎ᠡ ᠵᠢᠨ ᠦᠨᠡᠮᠯᠡᠯ᠎ᠤᠨ ᠨᠣᠮᠧᠷ ᠪᠠ ᠬᠠᠷᠢᠯᠴᠠᠬᠤ ᠤᠲᠠᠰᠤ᠎ᠪᠠᠨ ᠲᠣᠳᠣᠷᠬᠠᠶ ᠪᠢᠴᠢᠬᠦ ᠬᠡᠷᠡᠭᠲᠡᠶ᠃

     ᠬᠠᠷᠢᠯᠴᠠᠬᠤ ᠤᠲᠠᠰᠤ᠄ 0471-6610118

     ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠴᠢᠩᠭᠢᠰ ᠬᠠᠭ᠋ᠠᠨ᠎ᠤ ᠵᠡᠭᠦᠨ ᠵᠡᠭᠡᠯᠢ ᠵᠢᠨ 15 ᠳ᠋ᠤᠭ᠋ᠠᠷ ᠨᠣᠮᠧᠷ᠎ᠤᠨ ᠪᠥᠲᠥᠭᠡᠨ ᠪᠠᠶ᠋ᠢᠭᠤᠯᠤᠯᠲᠠ ᠵᠢᠨ ᠲᠣᠮᠣ ᠠᠰᠠᠷ

     ᠰᠢᠦᠳᠠᠨ ᠨᠣᠮᠧᠷ᠄ 010020

     ᠳᠠᠭ᠋ᠠᠯᠳᠤᠭᠤᠯᠤᠯ᠄ 2022 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠪᠠᠷᠢᠬᠤ ᠠᠮᠤᠷ ᠲᠦᠪᠰᠢᠨ᠎ᠤ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠪᠠᠷᠢᠯᠭ᠎ᠠ ᠵᠢᠨ ᠭᠠᠵᠠᠷ᠎ᠢ ᠬᠥᠬᠢᠭᠦᠯᠦᠨ ᠰᠠᠶ᠋ᠢᠰᠢᠶᠠᠬᠤ᠎ᠪᠠᠷ ᠪᠠᠶ᠋ᠢᠭ᠎ᠠ ᠨᠡᠷ᠎ᠡ ᠵᠢᠨ ᠪᠦᠷᠢᠳᠭᠡᠯ

 

 

                                                                            2023 ᠣᠨ᠎ᠤ 8 ᠳ᠋ᠤᠭ᠋ᠠᠷ ᠰᠠᠷ᠎ᠠ ᠵᠢᠨ 10᠎ᠤ ᠡᠳᠦᠷ

 

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ