ᠦᠰᠦᠭ ᠪᠢᠴᠢᠭ ᠵᠶ᠋ᠠᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠣᠷᠣᠨ ᠰᠠᠭᠤᠴᠠ ᠵᠢ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠵᠢᠯᠤᠭᠣᠳᠬᠤ ᠰᠠᠨᠠᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
2024-10-28

     ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠣᠷᠣᠨ ᠰᠠᠭᠤᠴᠠ ᠵᠢ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠵᠢᠯᠤᠭᠣᠳᠬᠤ ᠰᠠᠨᠠᠯ》 (ᠥᠪᠥᠷ  ᠪᠠᠢ᠌ᠭᠤᠯᠤᠯᠳᠠ ᠪᠠᠢ᠌ᠰᠢᠩ [2024] 178 ᠲᠣᠭ᠋ᠠᠲᠤ᠂ ᠳᠣᠷᠣᠭᠰᠢ 《ᠵᠢᠯᠤᠭᠣᠳᠬᠤ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠢᠴᠢ ᠨᠡᠢ᠌ᠭᠡᠮ ᠨᠡᠶ᠋ᠢᠲᠡ ᠵᠢᠨ  ᠤᠠᠯᠨ ᠲᠦᠮᠡᠨ᠎ᠤ  ᠬᠠᠮᠢᠶ᠎ᠠ ᠪᠦᠬᠦᠢ ᠠᠭᠤᠯᠭ᠎ᠠ ᠵᠢ ᠨᠠᠩ ᠰᠠᠢ᠌ᠨ ᠣᠢ᠌ᠯᠠᠭ᠋ᠠᠬᠤ᠎ᠳᠤ ᠲᠥᠬᠥᠮ ᠦᠵᠡᠭᠦᠯᠬᠦ ᠵᠢᠨ ᠲᠤᠰᠠᠳᠠ᠂ ᠡᠳᠦᠭᠡ ᠵᠢᠯᠤᠭᠣᠳᠬᠤ ᠰᠠᠨᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ  ᠳᠣᠣᠷᠠᠬᠢ ᠮᠡᠲᠦ ᠲᠠᠢ᠌ᠯᠤᠮᠵᠢ ᠬᠢᠶ᠎ᠠ᠃

ᠨᠢᠭᠡ᠂ ᠨᠡᠢ᠌ᠲᠡᠯᠡᠭᠰᠡᠨ ᠠᠬᠤᠢ ᠪᠠᠢ᠌ᠳᠠᠯ

     ᠠᠷᠠᠳ ᠣᠯᠠᠨ᠎ᠤ  ᠵᠠᠢ᠌ᠯᠠᠰᠢ ᠦᠭᠡᠢ  ᠴᠢᠨᠠᠷ ᠪᠠ ᠰᠠᠢ᠌ᠵᠢᠷᠠᠭᠤᠯᠬᠤ ᠴᠢᠨᠠᠷᠲᠠᠢ ᠣᠷᠣᠨ ᠰᠠᠭᠤᠴᠠ ᠵᠢᠨ ᠬᠡᠷᠡᠭᠴᠡᠭᠡ ᠵᠢ ᠬᠠᠩᠭ᠋ᠠᠵᠦ᠂ ᠭᠡᠷ ᠪᠠᠢ᠌ᠰᠢᠩ ᠭᠠᠵᠠᠷ ᠬᠥᠷᠥᠩᠭᠡ ᠵᠢᠨ ᠠᠵᠤ ᠠᠬᠤᠢ᠌ᠯᠠᠯ᠎ᠢ ᠠᠷᠠᠳ ᠲᠦᠮᠡᠨ᠎ᠤ ᠰᠠᠨᠠᠭ᠋ᠠᠨ᠎ᠳᠤ ᠨᠡᠢ᠌ᠴᠡᠭᠰᠡᠨ ᠴᠢᠨᠠᠷ ᠰᠠᠢ᠌ᠲᠠᠢ ᠣᠷᠣᠨ ᠰᠠᠭᠤᠴᠠ ᠪᠠᠶ᠋ᠢᠭᠤᠯᠬᠤ ᠵᠢ ᠵᠣᠷᠢᠭᠵᠢᠭᠤᠯᠵᠤ᠂ ᠪᠦᠬᠦ ᠣᠷᠣᠨ᠎ᠤ ᠭᠡᠷ ᠪᠠᠢ᠌ᠰᠢᠩ ᠭᠠᠵᠠᠷ  ᠬᠥᠷᠥᠩᠭᠡ ᠵᠢᠨ ᠦᠢ᠍ᠯᠡᠰ᠎ᠤᠨ ᠬᠡᠯᠪᠡᠷᠢ ᠬᠤᠪᠢᠷᠠᠭᠤᠯᠤᠨ ᠳᠡᠰ  ᠲᠡᠪᠰᠢᠭᠦᠯᠬᠦ᠎ᠳᠤ ᠬᠦᠴᠦᠨ ᠨᠡᠮᠡᠷᠢᠯᠡᠵᠦ᠂  ᠭᠡᠷ ᠪᠠᠢ᠌ᠰᠢᠩ ᠭᠠᠵᠠᠷ  ᠬᠥᠷᠥᠩᠭᠡ ᠵᠢᠨ ᠦᠢ᠍ᠯᠡᠰ᠎ᠤᠨ ᠴᠢᠨᠠᠷ ᠰᠠᠢ᠌ᠳᠠᠢ ᠬᠦᠭᠵᠢᠯᠳᠡ ᠵᠢ ᠠᠬᠢᠭᠤᠯᠬᠤ ᠵᠢᠨ ᠲᠦᠯᠦᠭᠡ ᠂ 《ᠪᠠᠷᠢᠯᠭ᠎ᠠ ᠵᠢᠨ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2017] 173 ᠳ᠋ᠤᠭ᠋ᠠᠷ ᠲᠣᠭ᠋ᠠᠲᠤ) ᠪᠠ 《ᠰᠢᠨ᠎ᠡ ᠬᠡᠯᠪᠡᠷᠢ ᠵᠢᠨ ᠪᠠᠷᠢᠯᠭ᠎ᠠ ᠵᠢᠨ ᠠᠵᠤ ᠦᠢ᠍ᠯᠡᠳᠪᠦᠷᠢᠵᠢᠯᠲᠡ ᠵᠢᠨ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2021] 41  ᠳ᠋ᠤᠭᠡᠷ  ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠲᠣᠭᠲᠠᠭ᠋ᠠᠯ ᠪᠠ ᠤᠯᠤᠰ᠂ ᠣᠷᠣᠨ ᠨᠤᠲᠤᠭ᠎ᠤᠨ ᠬᠠᠮᠢᠶ᠎ᠠ ᠪᠦᠬᠦᠢ ᠪᠠᠷᠢᠮᠵᠢᠶ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠥᠭᠵᠢᠯᠲᠡ ᠵᠢᠨ ᠪᠣᠳᠠᠲᠠᠢ᠎ᠲᠠᠢ ᠤᠶᠠᠯᠳᠤᠭᠤᠯᠤᠨ᠂ 《ᠵᠢᠯᠤᠭᠣᠳᠬᠤ ᠰᠠᠨᠠᠯ》᠎ᠢ ᠰᠤᠳᠤᠯᠤᠨ ᠲᠣᠭᠲᠠᠭ᠋ᠠᠬᠤ ᠵᠢᠨ ᠬᠠᠮᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠵᠢᠨ ᠮᠡᠷᠭᠡᠵᠢᠯ᠎ᠤᠨ ᠵᠢᠯᠤᠭᠤᠳᠤᠮᠵᠢ》 ᠵᠢ ᠳᠠᠭ᠋ᠠᠯᠳᠤᠭᠤᠯᠪᠠ᠃

ᠬᠣᠶᠠᠷ ᠂ ᠲᠤᠭᠤᠷᠪᠢᠨ ᠪᠢᠴᠢᠭᠰᠡᠨ ᠶᠠᠪᠤᠴᠠ

    2024 ᠣᠨ᠎ᠤ 3 ᠳ᠋ᠤᠭ᠋ᠠᠷ ᠰᠠᠷ᠎ᠠ ᠵᠢᠨ 7᠎ᠤ ᠡᠳᠦᠷ ᠂  ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠢᠩᠬᠢᠮ ᠲᠣᠪᠴᠢᠶ᠎ᠠ᠂ ᠡᠯ᠎ᠡ ᠠᠢ᠌ᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ᠂ ᠠᠵᠢᠯ ᠲᠥᠷᠥᠯ᠎ᠤᠨ ᠨᠡᠢ᠌ᠭᠡᠮᠯᠢᠭ᠂ ᠬᠠᠮᠢᠶ᠎ᠠ ᠪᠦᠬᠦᠢ ᠠᠵᠤ ᠠᠬᠤᠢ᠌ᠯᠠᠯ᠎ᠠᠴᠠ ᠰᠠᠨᠠᠯ ᠰᠠᠨᠠᠭᠤᠯᠭ᠎ᠠ ᠬᠤᠷᠢᠶᠠᠭᠰᠠᠨ ᠪᠥᠭᠡᠳ 2024 ᠣᠨ᠎ᠤ 4  ᠳ᠋ᠤᠭᠡᠷ  ᠰᠠᠷ᠎ᠠ ᠵᠢᠨ 3᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠠᠯᠪᠠᠨ᠎ᠤ ᠰᠦᠯᠵᠢᠶ᠎ᠡ᠎ᠪᠠᠷ ᠳᠠᠮᠵᠢᠭᠤᠯᠤᠨ ᠨᠡᠢ᠌ᠭᠡᠮ ᠨᠡᠶ᠋ᠢᠲᠡ᠎ᠠᠴᠠ  ᠢᠯᠡ᠎ᠪᠠᠷ ᠰᠠᠨᠠᠯ ᠰᠠᠨᠠᠭᠤᠯᠭ᠎ᠠ  ᠬᠤᠷᠢᠶᠠᠭᠰᠠᠨ ᠪᠠᠢ᠌ᠨ᠎ᠠ᠃ ᠨᠡᠢ᠍ᠢ᠍ᠳᠡ 44 ᠵᠦᠢ᠍ᠯ᠎ᠤᠨ ᠰᠠᠨᠠᠯ ᠰᠠᠨᠠᠭᠤᠯᠭ᠎ᠠ ᠵᠢ ᠴᠤᠭᠯᠠᠭᠤᠯᠵᠤ ᠂ 3 ᠤᠳᠠᠭ᠎ᠠ ᠵᠢᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ ᠵᠢᠯᠤᠭᠣᠳᠬᠤ ᠰᠠᠨᠠᠯ᠎ᠢ ᠰᠤᠳᠤᠯᠤᠨ ᠨᠤᠲᠠᠯᠠᠵᠤ ᠂ ᠵᠢᠷᠤᠮ ᠶᠣᠰᠣᠭ᠋ᠠᠷ 2024 ᠣᠨ᠎ᠤ 8  ᠳ᠋ᠤᠭ᠋ᠠᠷ  ᠰᠠᠷ᠎ᠠ ᠵᠢᠨ 2᠎ᠤᠨ ᠡᠳᠦᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠵᠥᠪᠳᠡᠯᠴᠡᠪᠡ ᠃

ᠭᠤᠷᠪᠠ ᠂ ᠭᠣᠣᠯ ᠠᠭᠤᠯᠭ᠎ᠠ

    《ᠵᠢᠯᠤᠭᠣᠳᠬᠤ ᠰᠠᠨᠠᠯ》᠎ᠢ ᠶᠡᠷᠦᠩᠬᠡᠢ ᠱᠠᠭ᠋ᠠᠷᠳᠠᠯᠭ᠎ᠠ᠂ ᠭᠣᠣᠯᠳᠠᠯᠭ᠎ᠠ᠎ᠲᠠᠢ ᠡᠭᠦᠷᠭᠡ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠭᠡᠵᠦ ᠭᠤᠷᠪᠠᠨ ᠬᠡᠰᠡᠭ᠎ᠲᠤ ᠬᠤᠪᠢᠶᠠᠵᠤ᠂ ᠠᠷᠪᠠᠨ ᠨᠢᠭᠡᠨ ᠵᠦᠢ᠍ᠯ᠎ᠤᠨ ᠪᠣᠳᠠᠲᠠᠢ ᠱᠠᠭ᠋ᠠᠷᠳᠠᠯᠭ᠎ᠠ ᠳᠤᠷᠠᠳᠪᠠ᠃ ᠶᠠᠰᠤ ᠴᠢᠨᠠᠷ᠎ᠢ ᠬᠠᠮᠢᠶᠠᠷᠤᠨ ᠡᠵᠡᠮᠳᠡᠬᠦ᠂ ᠳᠠᠯᠳᠠ ᠬᠡᠮ᠎ᠢ ᠠᠷᠢᠯᠭ᠋ᠠᠬᠤ᠂ ᠴᠢᠳᠠᠮᠵᠢ ᠵᠢ ᠲᠡᠭᠦᠯᠳᠡᠷᠵᠢᠭᠦᠯᠬᠦ᠂ ᠢᠵᠢ ᠪᠦᠷᠢᠳᠦᠭᠦᠯᠬᠦ ᠵᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠲᠣᠰ ᠲᠣᠰ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠂ ᠪᠠᠷᠢᠯᠭ᠎ᠠ ᠵᠢᠨ ᠠᠵᠤ ᠠᠬᠤᠢ᠌ᠯᠠᠯ᠂ ᠵᠢᠷᠤᠭᠯᠠᠨ ᠲᠥᠯᠥᠪᠯᠡᠬᠦ  ᠨᠢᠭᠡᠴᠢ ᠂ ᠬᠢᠨᠠᠨ  ᠬᠠᠮᠢᠶᠠᠷᠤᠯᠳᠠ ᠵᠢᠨ ᠨᠢᠭᠡᠴᠢ ᠂ ᠠᠳᠠᠯ ᠠᠬᠤᠢ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ ᠵᠢᠴᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯ᠎ᠤᠨ ᠠᠭᠤᠯᠭ᠎ᠠ ᠪᠠ ᠬᠠᠷᠢᠭᠤᠴᠠᠯᠭ᠎ᠠ ᠵᠢ ᠬᠤᠪᠢᠶᠠᠷᠯᠠᠪᠠ᠃ ᠴᠢᠨᠠᠷ ᠰᠠᠢ᠌ᠲᠠᠢ ᠣᠷᠣᠨ ᠰᠠᠭᠤᠴᠠ ᠵᠢᠨ ᠪᠦᠳᠦᠭᠡᠨ ᠪᠠᠢ᠌ᠭᠤᠯᠤᠯᠳᠠ᠎ᠳᠤ 《ᠰᠠᠢ᠌ᠨ ᠭᠡᠷ ᠪᠠᠢ᠌ᠰᠢᠩ᠂ ᠰᠠᠢ᠌ᠨ  ᠰᠠᠭᠤᠭ᠋ᠠᠯᠢ ᠠᠷᠠᠳ᠎ᠤᠨ  ᠲᠣᠭᠣᠷᠢᠭ᠂ ᠰᠠᠢ᠌ᠨ ᠨᠡᠢ᠌ᠭᠡᠮ ᠲᠣᠭᠣᠷᠢᠭ᠂ ᠰᠠᠢ᠌ᠨ ᠬᠣᠲᠠ ᠵᠢᠨ ᠲᠣᠭᠣᠷᠢᠭ》᠎ᠢ ᠪᠦᠲᠦᠭᠡᠨ ᠪᠠᠶ᠋ᠢᠭᠤᠯᠬᠤ᠎ᠪᠠᠷ ᠵᠠᠷᠴᠢᠮ ᠪᠣᠯᠭ᠋ᠠᠵᠤ᠂ ᠣᠲᠣ ᠦᠶ᠎ᠡ ᠵᠢᠨ ᠭᠡᠷ ᠪᠦᠯᠢ ᠵᠢᠨ ᠣᠷᠣᠨ ᠰᠠᠭᠤᠴᠠ ᠵᠢᠨ ᠬᠡᠷᠡᠭᠴᠡᠭᠡ ᠱᠠᠭ᠋ᠠᠷᠳᠠᠯᠭ᠎ᠠ᠂ ᠬᠥᠮᠥᠨ ᠠᠮᠠ ᠵᠢᠨ ᠪᠦᠲᠦᠴᠡ ᠪᠠ ᠠᠮᠢᠳᠤᠷᠠᠯ᠎ᠤᠨ ᠠᠷᠭ᠎ᠠ ᠮᠠᠶᠢᠭ᠎ᠤᠨ ᠬᠤᠪᠢᠷᠠᠯᠲᠠ ᠵᠢᠨ ᠬᠠᠨᠳᠤᠰᠢ᠎ᠲᠠᠢ ᠤᠶᠠᠯᠳᠤᠭᠤᠯᠤᠨ᠂ ᠠᠳᠠᠯᠢ ᠪᠤᠰᠤ ᠭᠡᠷ ᠪᠠᠢ᠌ᠰᠢᠩ ᠬᠤᠳᠠᠯᠳᠤᠨ ᠠᠪᠤᠭᠴᠢ ᠵᠢᠨ ᠥᠪᠡᠷᠮᠢᠴᠡ᠂ ᠴᠢᠳᠠᠮᠵᠢᠵᠢᠭᠰᠠᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ  ᠲᠠᠰᠤᠷᠠᠯᠲᠠ ᠦᠭᠡᠢ ᠳᠡᠭᠡᠭᠰᠢᠯᠡᠭᠦᠯᠬᠦ ᠪᠠ ᠦᠢ᠍ᠯᠡᠴᠢᠯᠡᠭᠡᠨ᠎ᠤ ᠠᠭᠤᠯᠭ᠎ᠠ᠎ᠪᠠᠨ ᠤᠷᠲᠤᠳᠬᠠᠬᠤ ᠵᠢ ᠵᠣᠷᠢᠭᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃

ᠳᠥᠷᠪᠡ᠂ ᠲᠥᠷᠥ ᠵᠢᠨ ᠪᠣᠳᠣᠯᠭ᠎ᠠ ᠵᠢᠨ ᠭᠢᠯᠠᠰ ᠴᠡᠭ

    (ᠨᠢᠭᠡ) ᠭᠡᠷ ᠪᠠᠢ᠌ᠰᠢᠩ᠎ᠢ ᠰᠢᠯᠭ᠋ᠠᠨ ᠪᠠᠢ᠌ᠴᠠᠭ᠋ᠠᠬᠤ ᠲᠣᠳᠣᠷᠬᠠᠢ ᠬᠠᠭᠤᠳᠠᠰᠤ ᠬᠠᠩᠭ᠋ᠠᠬᠤ᠂ ᠭᠡᠷ ᠪᠠᠢ᠌ᠰᠢᠩ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢ᠌ᠴᠠᠭ᠋ᠠᠨ ᠵᠠᠰᠠᠬᠤ ᠵᠢ ᠬᠡᠷᠡᠭᠵᠢᠭᠦᠯᠬᠦ ᠵᠢ ᠠᠬᠢᠭᠤᠯᠬᠤ ᠵᠡᠷᠭᠡ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠣᠷᠣᠨ ᠰᠠᠭᠤᠴᠠ ᠵᠢᠨ ᠴᠢᠨᠠᠷ ᠴᠢᠨᠰᠠᠭ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠡᠷ ᠪᠠᠢ᠌ᠰᠢᠩ ᠬᠤᠳᠠᠯᠳᠤᠨ ᠠᠪᠤᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ  ᠪᠠᠳᠤᠯᠠᠨ᠎ᠠ ᠃

    (ᠬᠣᠶᠠᠷ) ᠵᠢᠷᠤᠭ ᠲᠥᠯᠥᠪᠯᠡᠭᠡ ᠵᠢᠨ ᠨᠠᠷᠢᠨ ᠵᠦᠢ᠍ᠯᠡᠰ᠎ᠢ ᠰᠢᠯᠢᠳᠡᠭᠵᠢᠭᠦᠯᠬᠦ᠂ ᠬᠡᠷᠡᠭᠯᠡᠭᠡᠨ᠎ᠤ ᠴᠢᠳᠠᠮᠵᠢ ᠵᠢ ᠲᠡᠭᠦᠯᠳᠡᠷᠵᠢᠭᠦᠯᠬᠦ᠂ ᠢᠵᠢ ᠪᠦᠷᠢᠳᠦᠭᠦᠯᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠬᠢᠷᠢ  ᠲᠦᠪᠰᠢᠨ᠎ᠢ  ᠳᠡᠭᠡᠭᠰᠢᠯᠡᠭᠦᠯᠬᠦ᠂ ᠮᠡᠳᠡᠭᠡ ᠵᠠᠩᠭᠢ ᠵᠢᠨ ᠮᠡᠷᠭᠡᠵᠢᠯ᠎ᠢ ᠣᠷᠣᠨ ᠰᠠᠭᠤᠴᠠ ᠵᠢᠨ ᠵᠢᠷᠤᠭ ᠲᠥᠯᠥᠪᠯᠡᠭᠡ᠎ᠳᠤ ᠠᠭᠤᠰᠤᠯᠴᠠᠭᠤᠯᠬᠤ ᠵᠡᠷᠭᠡ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠭᠡᠷ ᠪᠠᠢ᠌ᠰᠢᠩ ᠬᠤᠳᠠᠯᠳᠤᠨ ᠠᠪᠤᠭᠴᠢ᠎ᠳᠤ ᠠᠮᠢᠳᠤᠷᠠᠯ᠎ᠤᠨ ᠲᠥᠬᠥᠮ ᠦᠵᠡᠭᠦᠯᠦᠨ᠎ᠡ᠃

    (ᠭᠤᠷᠪᠠ) ᠲᠣᠪᠶᠣᠭ  ᠮᠠᠶᠢᠭ᠎ᠤᠨ ᠪᠦᠷᠢᠨ ᠵᠠᠰᠠᠵᠤ ᠴᠢᠮᠡᠭᠯᠡᠬᠦ ᠵᠠᠭᠪᠤᠷ᠎ᠢ ᠬᠡᠷᠡᠭᠵᠢᠭᠦᠯᠬᠦ ᠵᠢ ᠲᠣᠳᠣᠷᠬᠠᠢ᠌ᠯᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠨᠣᠯᠵᠢᠬᠤᠨ᠎ᠢ ᠬᠡᠷᠡᠭᠯᠡᠨ ᠳᠡᠯᠭᠡᠷᠡᠭᠦᠯᠵᠦ᠂ ᠠᠳᠠᠯᠢ ᠪᠤᠰᠤ ᠭᠡᠷ ᠪᠠᠢ᠌ᠰᠢᠩ ᠬᠤᠳᠠᠯᠳᠤᠨ ᠠᠪᠤᠭᠴᠢ ᠵᠢᠨ ᠥᠪᠡᠷᠮᠢᠴᠡᠵᠢᠭᠰᠡᠨ᠂ ᠴᠢᠳᠠᠮᠵᠢᠵᠢᠭᠰᠠᠨ ᠵᠠᠰᠠᠵᠤ ᠴᠢᠮᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃

    (  ᠲᠠᠢ᠌ᠯᠪᠤᠷᠢᠯᠠᠭᠴᠢ᠄ ᠸᠠᠩ ᠷᠦᠢ ᠨᠢᠩ᠂ ᠬᠠᠷᠢᠯᠴᠠᠬᠤ  ᠤᠳᠠᠰᠤ᠄ 6945031)

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ