ᠨᠢᠭᠡ᠂ ᠨᠡᠢ᠌ᠲᠡᠯᠡᠭᠰᠡᠨ ᠠᠬᠤᠢ ᠪᠠᠢ᠌ᠳᠠᠯ
《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠦᠨ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠦ᠂ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠬᠡᠷᠡᠭᠴᠡᠭᠡ᠎ᠳᠤ ᠵᠣᠬᠢᠴᠠᠭᠤᠯᠤᠨ᠂ ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠰᠢᠨ᠎ᠡ ᠬᠡᠯᠪᠡᠷᠢ ᠵᠢᠨ ᠢᠨᠵᠧᠨᠧᠷᠢᠩ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠥᠭᠬᠦ ᠦᠢ᠍ᠯᠡᠰ᠎ᠤᠨ ᠬᠢᠨᠠᠯᠲᠠ ᠬᠠᠮᠢᠶᠠᠷᠤᠯᠲᠠ ᠵᠢᠨ ᠪᠠᠢ᠌ᠭᠤᠯᠤᠮᠵᠢ ᠵᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠵᠢᠨ ᠦᠢ᠍ᠯᠡᠰ᠎ᠤᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠵᠢᠷᠤᠮᠵᠢᠭᠤᠯᠵᠦ᠂ ᠢᠨᠵᠧᠨᠧᠷᠢᠩ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠦᠭᠬᠦ ᠦᠢ᠍ᠯᠡᠰ᠎ᠤᠨ ᠵᠠᠬ᠎ᠠ ᠳᠡᠯᠭᠡᠭᠦᠷ᠎ᠤᠨ ᠲᠣᠭᠲᠠᠭᠤᠨ ᠡᠷᠡᠭᠦᠯ ᠵᠶ᠋ᠡᠷ ᠬᠥᠭᠵᠢᠬᠦ ᠠᠬᠢᠭᠤᠯᠬᠤ ᠵᠢᠨ ᠲᠦᠯᠦᠭᠡ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠢᠳᠡᠭᠡᠮᠵᠢᠳᠦ ᠰᠢᠰᠲ᠋ᠧᠮᠵᠢ ᠵᠢᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠦᠭᠬᠦ ᠦᠢ᠍ᠯᠡᠰ᠎ᠤᠨ ᠢᠳᠡᠭᠡᠮᠵᠢᠳᠦ ᠦᠨᠡᠯᠡᠯᠭᠡ ᠵᠢᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠪᠠ᠃
ᠬᠣᠶᠠᠷ᠂ ᠬᠡᠷᠡᠭᠯᠡᠬᠦ ᠬᠡᠪᠴᠢᠶ᠎ᠡ
ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠭᠡᠷ ᠪᠠᠢ᠌ᠰᠢᠩ᠎ᠤᠨ ᠪᠠᠷᠢᠯᠭ᠎ᠠ ᠪᠣᠯᠣᠨ ᠬᠤᠳᠠ ᠵᠢᠨ ᠶᠠᠪᠤᠳᠠᠯ᠎ᠤᠨ ᠰᠠᠭᠤᠷᠢ ᠪᠡᠯᠡᠳᠬᠡᠮᠵᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠥᠭᠬᠦ ᠠᠵᠢᠯᠯᠠᠭ᠎ᠠ ᠡᠷᠬᠢᠯᠡᠵᠤ ᠪᠠᠢ᠌ᠭ᠎ᠠ ᠢᠨᠵᠧᠨᠧᠷᠢᠩ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠥᠭᠬᠦ ᠠᠵᠤ ᠠᠬᠤᠢ᠌ᠯᠠᠯ ᠪᠣᠯᠣᠨ ᠳᠠᠩᠰᠠᠯᠠᠭᠤᠯᠤᠭᠰᠠᠨ ᠪᠠᠢ᠌ᠭᠤᠯᠬᠤ ᠦᠨ᠎ᠡ ᠵᠢᠨ ᠢᠨᠵᠧᠨᠧᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ᠂ ᠨᠡᠢ᠌ᠲᠡᠯᠡᠬᠦ᠂ ᠬᠡᠷᠡᠭᠯᠡᠬᠦ ᠵᠢᠴᠢ ᠬᠠᠮᠢᠶᠠᠷᠤᠯᠳᠠ ᠵᠢᠨ ᠠᠵᠢᠯᠯᠠᠭᠠᠲᠤ ᠲᠤᠰ ᠠᠷᠭ᠎ᠠ ᠲᠣᠬᠢᠷᠠᠨ᠎ᠠ᠃
ᠭᠤᠷᠪᠠ᠂ ᠭᠣᠣᠯ ᠠᠭᠤᠯᠭ᠎ᠠ
《ᠠᠷᠭ᠎ᠠ》᠎ᠨᠢ ᠨᠠᠢ᠍ᠢ᠍ᠳᠠ ᠨᠠᠢ᠍ᠮᠠᠨ ᠪᠦᠯᠦᠭ ᠂ ᠭᠤᠴᠢᠨ ᠨᠠᠢ᠍ᠮᠠᠨ ᠵᠤᠷᠪᠤᠰ ᠵᠶ᠋ᠠᠷ ᠪᠦᠷᠢᠯᠳᠦᠵᠡᠢ᠃
ᠭᠣᠣᠯ ᠠᠭᠤᠯᠭ᠎ᠠ᠎ᠳᠤ᠄ ᠢᠲᠡᠭᠡᠮᠵᠢ ᠵᠢᠨ ᠦᠨᠡᠯᠡᠯᠲᠡ ᠵᠢᠨ ᠮᠡᠳᠡᠭᠡ ᠵᠠᠩᠭᠢ ᠵᠢᠨ ᠪᠦᠷᠢᠯᠳᠦᠯ ᠵᠢᠴᠢ ᠴᠤᠭᠯᠠᠭᠤᠯᠤᠯᠲᠠ᠂ ᠢᠲᠡᠭᠡᠮᠵᠢ ᠵᠢᠨ ᠦᠨᠡᠯᠡᠯᠲᠡ ᠵᠢᠨ ᠠᠭᠤᠯᠭ᠎ᠠ ᠵᠢ ᠦᠨᠳᠦᠰᠦᠨ ᠮᠡᠳᠡᠭᠡ ᠵᠠᠩᠭᠢ᠂ ᠢᠲᠡᠭᠡᠮᠵᠢ ᠨᠡᠮᠡᠭᠳᠡᠭᠦᠯᠬᠦ ᠮᠡᠳᠡᠭᠡ ᠵᠠᠩᠭᠢ᠂ ᠢᠲᠡᠭᠡᠯ ᠵᠶ᠋ᠡᠨ ᠠᠯᠳᠠᠭᠰᠠᠨ ᠮᠡᠳᠡᠭᠡ ᠵᠠᠩᠭᠢ ᠭᠡᠵᠦ ᠬᠤᠪᠢᠶᠠᠨ᠎ᠠ᠃ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ᠎ᠳᠤ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ ᠬᠠᠷᠢᠭᠤᠴᠠᠯᠭ᠎ᠠ ᠵᠢᠨ ᠭᠤᠤᠯ ᠴᠣᠭᠴᠠ ᠪᠠ ᠴᠤᠭᠯᠠᠭᠤᠯᠬᠤ ᠠᠷᠭ᠎ᠠ ᠮᠠᠶᠢᠭ᠎ᠢ ᠲᠣᠳᠣᠷᠬᠠᠢ᠌ᠯᠠᠪᠠ᠃ ᠢᠲᠡᠭᠡᠮᠵᠢ ᠵᠢᠨ ᠮᠡᠳᠡᠭᠡ ᠵᠠᠩᠭᠢ ᠵᠢ ᠨᠡᠢ᠌ᠲᠡᠯᠡᠬᠦ᠎ᠳᠤ᠂ ᠯᠠᠪᠯᠠᠯᠭ᠎ᠠ ᠥᠭᠬᠦ ᠦᠢ᠍ᠯᠡᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠨᠡᠢ᠌ᠲᠡᠯᠡᠬᠦ ᠠᠷᠭ᠎ᠠ ᠮᠠᠶᠢᠭ᠂ ᠬᠤᠭᠤᠴᠠᠭ᠎ᠠ ᠬᠢᠵᠠᠭ᠋ᠠᠷ᠂ ᠰᠢᠢ᠍ᠳᠪᠦᠷᠢᠯᠡᠬᠦ ᠠᠷᠭ᠎ᠠ ᠮᠠᠶᠢᠭ᠎ᠢ ᠲᠣᠳᠣᠷᠬᠠᠢ᠌ᠯᠠᠪᠠ᠃ ᠢᠲᠡᠭᠡᠮᠵᠢ ᠵᠢᠨ ᠲᠠᠰ᠎ᠤᠨ ᠦᠨᠡᠯᠡᠯᠲᠡ᠎ᠳᠤ᠂ ᠯᠠᠪᠯᠠᠭ᠎ᠠ ᠥᠭᠬᠦ ᠦᠢ᠍ᠯᠡᠰ᠎ᠤᠨ ᠢᠲᠡᠭᠡᠮᠵᠢ ᠵᠢᠨ ᠦᠨᠡᠯᠡᠯᠲᠡ ᠵᠢᠨ ᠬᠤᠪᠢ ᠲᠣᠭᠲᠠᠭ᠋ᠠᠬᠤ ᠪᠠᠷᠢᠮᠵᠢᠶ᠎ᠠ ᠪᠠ ᠦᠨᠡᠯᠡᠯᠲᠡ ᠵᠢᠨ ᠲᠠᠰ᠎ᠤᠨ ᠲᠤᠬᠢᠷᠠᠭᠤᠯᠤᠯᠳᠠ ᠵᠢ ᠲᠣᠳᠣᠷᠬᠠᠢ᠌ᠯᠠᠪᠠ᠃ ᠢᠲᠡᠭᠡᠮᠵᠢ ᠵᠢᠨ ᠮᠡᠳᠡᠭᠡ ᠵᠠᠩᠭᠢ ᠵᠢᠨ ᠬᠡᠷᠡᠭᠯᠡᠯᠲᠡ᠎ᠳᠤ᠂ ᠢᠨᠵᠧᠨᠧᠷᠢᠩ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠥᠭᠬᠦ ᠠᠵᠤ ᠠᠬᠤᠢ᠌ᠯᠠᠯ᠎ᠳᠤ ᠦᠨᠡᠯᠡᠯᠲᠡ ᠬᠢᠭᠰᠡᠨ᠎ᠤ ᠳᠠᠷᠠᠭ᠋ᠠᠬᠢ ᠨᠤᠳᠠᠯᠠᠯᠳᠠ ᠬᠢᠬᠦ ᠪᠠ ᠲᠠᠰ ᠲᠥᠷᠥᠯ ᠬᠤᠪᠢᠶᠠᠨ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠬᠤ ᠵᠢ ᠲᠣᠳᠣᠷᠬᠠᠢ᠌ᠯᠠᠪᠠ᠃
ᠳᠥᠷᠪᠡ᠂ ᠲᠥᠷᠥ ᠵᠢᠨ ᠪᠣᠳᠣᠯᠭ᠎ᠠ ᠵᠢᠨ ᠭᠢᠯᠠᠰ ᠴᠡᠭ
《ᠠᠷᠭ᠎ᠠ》 ᠪᠣᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠢᠨᠵᠧᠨᠧᠷᠢᠩ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠵᠢᠨ ᠦᠢ᠍ᠯᠡᠰ᠎ᠢ ᠵᠢᠷᠤᠮᠵᠢᠭᠤᠯᠬᠤ ᠵᠢᠨ ᠲᠤᠰᠠᠳᠠ᠂ ᠠᠩᠬ᠎ᠠ ᠤᠳᠠᠭ᠎ᠠ ᠲᠣᠭᠲᠠᠭ᠋ᠠᠭᠰᠠᠨ ᠠᠵᠢᠯ ᠲᠥᠷᠥᠯ᠎ᠤᠨ ᠬᠠᠮᠢᠶᠠᠷᠤᠯᠲᠠ ᠵᠢᠨ ᠠᠷᠭ᠎ᠠ ᠪᠣᠯᠣᠨ᠎ᠠ᠃ 《ᠠᠷᠭ᠎ᠠ》 ᠵᠢ ᠨᠡᠢ᠌ᠲᠡᠯᠡᠨ ᠬᠡᠷᠡᠭᠵᠢᠭᠦᠯᠦᠭᠰᠡᠨ᠎ᠨᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠳᠤ ᠨᠡᠩ ᠦᠨᠡᠨᠴᠢ ᠢᠲᠡᠭᠡᠮᠵᠢᠲᠡᠢ᠂ ᠢᠯᠡ ᠲᠣᠳᠣ ᠣᠷᠴᠢᠨ ᠨᠥᠬᠥᠴᠡᠯ᠎ᠢ ᠪᠤᠢ ᠪᠣᠯᠭ᠋ᠠᠵᠤ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠢᠲᠡᠭᠡᠯ᠎ᠢ ᠨᠡᠮᠡᠭᠳᠡᠭᠦᠯᠦᠨ᠂ ᠠᠵᠤ ᠠᠬᠤᠢ ᠵᠢᠨ ᠦᠷᠭᠦᠯᠵᠢᠯᠡᠬᠦ ᠬᠥᠭᠵᠢᠯᠲᠡ ᠪᠠ ᠨᠡᠢ᠌ᠭᠡᠮ᠎ᠤᠨ ᠡᠶ᠎ᠡ ᠵᠣᠬᠢᠴᠠᠯ᠎ᠢ ᠠᠬᠢᠭᠤᠯᠤᠭᠰᠠᠨ ᠪᠠᠢ᠌ᠨ᠎ᠠ᠃
ᠬᠡᠷᠡᠭᠵᠢᠭᠦᠯᠦᠭᠰᠡᠨ᠎ᠤ ᠳᠠᠷᠠᠭ᠎ᠠ᠂ ᠪᠥᠬᠥ ᠣᠷᠣᠨ᠎ᠤ ᠢᠨᠵᠧᠨᠧᠷᠢᠩ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠥᠭᠬᠦ ᠦᠢ᠍ᠯᠡᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ᠎ᠳᠤ ᠬᠥᠳᠡᠯᠦᠩᠭᠦᠢ ᠦᠨᠡᠯᠡᠯᠲᠡ ᠬᠢᠬᠦ ᠵᠢ ᠬᠡᠷᠡᠭᠵᠢᠭᠦᠯᠵᠦ᠂ ᠢᠲᠡᠭᠡᠮᠵᠢ ᠵᠢᠨ ᠬᠤᠪᠢ ᠲᠡᠮᠳᠡᠭᠯᠡᠬᠦ ᠳᠦᠷᠢᠮ᠎ᠢ ᠬᠡᠷᠡᠭᠵᠢᠭᠦᠯᠦᠨ᠂ ᠢᠲᠡᠭᠡᠮᠵᠢ ᠵᠢᠨ ᠮᠡᠳᠡᠭᠡ ᠵᠠᠩᠭᠢ ᠵᠢᠨ ᠬᠤᠪᠢ ᠵᠢᠨ ᠥᠷᠲᠡᠭ᠎ᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠥᠭᠬᠦ ᠠᠵᠤ ᠠᠬᠤᠢ᠌ᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠤᠪᠢ ᠲᠣᠭᠲᠠᠭ᠋ᠠᠬᠤ ᠪᠠᠷᠢᠮᠵᠢᠶ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠩᠰᠠᠯᠠᠭᠤᠯᠤᠭᠰᠠᠨ ᠪᠠᠢ᠌ᠭᠤᠯᠬᠤ ᠦᠨ᠎ᠡ ᠵᠢᠨ ᠢᠨᠵᠧᠨᠧᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠤᠪᠢ ᠲᠣᠭᠲᠠᠭ᠋ᠠᠬᠤ ᠪᠠᠷᠢᠮᠵᠢᠶ᠎ᠠ》 ᠵᠢ ᠦᠨᠳᠦᠰᠦᠯᠡᠨ ᠲᠤᠭᠳᠠᠭ᠋ᠠᠨ᠎ᠠ᠃ 《ᠠᠷᠭ᠎ᠠ》᠎ᠳᠤ ᠢᠲᠡᠭᠡᠮᠵᠢ ᠵᠢᠨ ᠲᠠᠰ᠎ᠢ A᠂ B᠂ C᠂ D ᠳᠥᠷᠪᠡᠨ ᠲᠠᠰ ᠬᠤᠪᠢᠶᠠᠵᠤ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠤᠪᠢᠶᠠᠷᠢᠯᠠᠯ ᠪᠠ ᠣᠳᠣᠬᠠᠨ᠎ᠤ ᠢᠨᠵᠧᠨᠧᠷᠢᠩ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠵᠢᠨ ᠦᠢ᠍ᠯᠡᠰ᠎ᠤᠨ ᠵᠠᠬ᠎ᠠ ᠳᠡᠯᠭᠡᠭᠦᠷ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠡᠯ᠎ᠡ ᠲᠠᠰ᠎ᠲᠤ ᠵᠣᠬᠢᠴᠠᠩᠭᠤᠢ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠠᠪᠤᠨ᠎ᠠ᠃ ᠢᠨᠵᠧᠨᠧᠷᠢᠩ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠦᠭᠬᠦ ᠠᠵᠤ ᠠᠬᠤᠢ᠌ᠯᠠᠯ ᠪᠣᠯᠣᠨ ᠳᠠᠩᠰᠠᠯᠠᠭᠤᠯᠤᠭᠰᠠᠨ ᠪᠠᠢ᠌ᠭᠤᠯᠬᠤ ᠦᠨ᠎ᠡ ᠵᠢᠨ ᠢᠨᠵᠧᠨᠧᠷ᠎ᠤᠨ ᠠᠳᠠᠯᠢ ᠪᠤᠰᠤ ᠢᠲᠡᠭᠡᠮᠵᠢ ᠵᠢᠨ ᠲᠠᠰ᠎ᠲᠤ ᠴᠢᠭᠯᠡᠭᠦᠯᠦᠨ᠂ ᠵᠣᠬᠢᠬᠤ ᠤᠷᠮᠠᠰᠢᠭᠤᠯᠬᠤ ᠪᠠ ᠬᠢᠨᠠᠯᠲᠠ ᠲᠠᠯᠪᠢᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠲᠣᠬᠢᠷᠠᠭᠤᠯᠪᠠ᠃
ᠲᠠᠢ᠌ᠯᠪᠦᠷᠢᠯᠠᠭᠴᠢ᠄ ᠭᠦᠸᠧ ᠬᠤᠸᠠ ᠶᠢᠩ
ᠬᠠᠷᠢᠯᠴᠠᠬᠤ ᠤᠲᠠᠰᠤ᠄ 0471— 6913090