ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠵᠡᠷᠭᠡ 5 ᠰᠠᠯᠠᠭ᠎ᠠ ᠮᠥᠴᠢᠷ ᠬᠠᠮᠲᠤᠷᠠᠨ 《ᠮᠠᠯᠵᠢᠬᠤ ᠲᠠᠷᠢᠶᠠᠯᠠᠬᠤ ᠣᠷᠣᠨ᠎ᠤ ᠬᠡᠷ ᠪᠠᠶ᠋ᠢᠰᠢᠩ᠎ᠤᠨ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠡᠳᠦᠭᠡ ᠬᠤᠯᠪᠣᠭᠳᠠᠯ ᠪᠥᠬᠦᠶ ᠲᠥᠷᠥ ᠵᠢᠨ ᠪᠣᠳᠣᠯᠭ᠎ᠠ᠎ᠳᠤ ᠳᠣᠤᠷᠠᠬᠢ ᠮᠡᠲᠦ ᠲᠠᠶ᠋ᠢᠯᠤᠮᠵᠢ ᠬᠢᠶ᠎ᠡ
ᠨᠢᠭᠡ᠂ 《ᠬᠡᠷᠡᠭᠵᠢᠭᠦᠯᠬᠦ ᠰᠠᠨᠠᠯ》᠎ᠢ ᠲᠤᠭᠳᠠᠭ᠋ᠠᠵᠤ ᠨᠡᠶ᠋ᠢᠲᠡᠯᠡᠭᠰᠡᠨ ᠠᠬᠤᠢ ᠪᠠᠶ᠋ᠢᠳᠠᠯ᠎ᠨᠢ ᠶᠠᠭᠤ ᠪᠣᠢ?
ᠡᠨᠡ ᠵᠢᠯ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ ᠵᠡᠷᠭᠡ 5 ᠰᠠᠯᠠᠭ᠎ᠠ ᠮᠥᠴᠢᠷ 《ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠶ ᠵᠢᠯᠣᠭᠤᠳᠬᠤ ᠰᠠᠨᠠᠯ》 (ᠪᠠᠶ᠋ᠢᠭᠤᠯᠤᠯᠲᠠ ᠲᠣᠰᠬᠤᠨ ᠲᠣᠭᠲᠠᠭ᠋ᠠᠯ [2024 ] 4 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠠᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠨ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠶᠣᠰᠣᠭ᠋ᠠᠷ᠂ ᠮᠠᠨ᠎ᠤ ᠣᠷᠣᠨ᠎ᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ 《ᠬᠡᠷᠡᠭᠵᠢᠭᠦᠯᠬᠦ ᠰᠠᠨᠠᠯ》᠎ᠢ ᠨᠠᠷᠢᠨ ᠨᠢᠮᠪᠠᠶ ᠪᠤᠳᠠᠳᠠᠢ᠌ᠵᠢᠭᠤᠯᠤᠨ ᠨᠠᠢ᠌ᠳᠠᠪᠦᠷᠢᠵᠢᠭᠤᠯᠵᠦ᠂ ᠮᠠᠨ᠎ᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠭᠡᠷ ᠪᠠᠶ᠋ᠢᠰᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠶᠠᠰᠤ ᠴᠢᠨᠠᠷ᠎ᠤᠨ ᠠᠮᠤᠷ ᠲᠦᠪᠰᠢᠨ᠎ᠢ ᠦᠨᠡᠨᠬᠦ ᠪᠠᠲᠤᠯᠠᠵᠤ᠂ ᠮᠠᠯᠴᠢᠨ ᠲᠠᠷᠢᠶᠠᠴᠢᠨ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ 5 ᠰᠠᠯᠠᠭ᠎ᠠ ᠮᠥᠴᠢᠷ ᠬᠠᠮᠲᠤᠷᠠᠨ 《ᠮᠠᠯᠵᠢᠬᠤ ᠲᠠᠷᠢᠶᠠᠯᠠᠬᠤ ᠣᠷᠣᠨ᠎ᠤ ᠭᠡᠷ ᠪᠠᠶ᠋ᠢᠰᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠠᠢ ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠭᠠᠵᠠᠷ ᠬᠡᠷᠡᠭᠯᠡᠬᠦ᠂ ᠲᠦᠯᠦᠪᠵᠢᠭᠦᠯᠦᠯᠭᠡ᠂ ᠪᠦᠲᠦᠭᠡᠨ ᠪᠠᠢ᠌ᠭᠤᠯᠤᠯᠳᠠ᠂ ᠬᠡᠷᠡᠭᠯᠡᠯᠳᠡ ᠵᠢᠨ ᠪᠦᠬᠦ ᠶᠠᠪᠤᠴᠠ ᠵᠢᠨ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠭᠦᠯᠵᠦ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ᠎ᠪᠠᠷ ᠵᠤᠷᠢᠯᠭ᠎ᠠ ᠪᠤᠯᠭ᠋ᠠᠵᠠᠢ᠃
ᠬᠤᠶᠠᠷ᠂ 《ᠬᠡᠷᠡᠭᠵᠢᠭᠦᠯᠬᠦ ᠰᠠᠨᠠᠯ》᠎ᠤᠨ ᠠᠵᠢᠯ᠎ᠤᠨ ᠬᠠᠷᠠᠯᠲᠠ᠎ᠨᠢ ᠶᠠᠭᠤ ᠪᠣᠢ?
《ᠵᠢᠯᠣᠭᠤᠳᠬᠤ ᠰᠠᠨᠠᠯ》᠎ᠳᠤ᠂ 2025 ᠤᠨ ᠪᠤᠯᠳᠠᠯ᠎ᠠ᠂ ᠮᠠᠯᠵᠢᠬᠤ ᠲᠠᠷᠢᠶᠠᠯᠠᠬᠤ ᠣᠷᠣᠨ᠎ᠤ ᠣᠨᠴᠠᠯᠢᠭᠲᠤ ᠵᠣᠬᠢᠴᠠᠭᠰᠠᠨ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠪᠠᠶ᠋ᠢᠭᠤᠯᠤᠯ ᠲᠣᠭᠲᠠᠴᠠ ᠵᠢ ᠦᠨᠳᠦᠰᠦᠨ᠎ᠳᠤ᠎ᠪᠠᠨ ᠪᠠᠶ᠋ᠢᠭᠤᠯᠵᠤ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠂ ᠲᠥᠯᠥᠪᠵᠢᠭᠦᠯᠭᠡ᠂ ᠪᠦᠲᠦᠭᠡᠨ ᠪᠠᠶ᠋ᠢᠭᠤᠯᠤᠯᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ ᠪᠠ ᠬᠢᠨᠠᠨ ᠬᠠᠮᠢᠶᠠᠷᠤᠯᠳᠠ ᠵᠢᠨ ᠬᠠᠷᠢᠭᠤᠴᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠶᠠᠰᠤ ᠴᠢᠨᠠᠷ᠎ᠤᠨ ᠠᠮᠤᠷ ᠲᠦᠪᠰᠢᠨ᠎ᠤ ᠪᠥᠬᠦ ᠶᠠᠪᠤᠴᠠ ᠵᠢᠨ ᠪᠢᠲᠡᠭᠦᠦ ᠴᠠᠭ᠋ᠠᠷᠢᠭ᠎ᠤᠨ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠵᠦ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠵᠢᠷᠤᠮᠵᠢᠭᠤᠨ ᠪᠥᠭᠡᠳ ᠡᠮᠬᠢ ᠵᠢᠷᠤᠮ᠎ᠲᠠᠢ ᠪᠣᠯᠭ᠋ᠠᠵᠤ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠠᠮᠤᠷ ᠲᠦᠪᠰᠢᠨ᠎ᠤ ᠲᠦᠭᠰᠢᠭᠦᠷᠢ ᠵᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠶᠠᠰᠤ ᠴᠢᠨᠠᠷ᠎ᠤᠨ ᠠᠮᠤᠷ ᠲᠦᠪᠰᠢᠨ ᠪᠠ ᠴᠢᠨᠠᠷ ᠴᠢᠨᠰᠠᠭ᠎ᠠ ᠵᠢ ᠨᠡᠶ᠋ᠢᠳᠡᠮ ᠳᠡᠭᠡᠭᠰᠢᠯᠡᠭᠦᠯᠦᠨ᠎ᠡ᠃ 2035 ᠤᠨ ᠪᠤᠯᠳᠠᠯ᠎ᠠ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠳᠦᠷᠢᠮ᠎ᠤᠨ ᠰᠢᠰᠲ᠋ᠧᠮ ᠪᠠ ᠮᠡᠷᠭᠡᠵᠢᠯ᠎ᠤᠨ ᠪᠠᠷᠢᠮᠵᠢᠶ᠎ᠠ ᠵᠢᠨ ᠰᠢᠰᠲ᠋ᠧᠮ᠎ᠢ ᠪᠦᠬᠦ ᠲᠠᠯ᠎ᠠ᠎ᠪᠠᠷ ᠪᠠᠶ᠋ᠢᠭᠤᠯᠵᠤ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠶᠠᠰᠤ ᠴᠢᠨᠠᠷ᠎ᠤᠨ ᠠᠮᠤᠷ ᠲᠦᠪᠰᠢᠨ᠎ᠢ ᠦᠨᠡᠨᠬᠦ ᠪᠠᠲᠤᠯᠠᠵᠤ᠂ ᠢᠵᠢ ᠪᠦᠷᠢᠳᠦᠭᠦᠯᠬᠦ ᠲᠥᠬᠦᠭᠡᠷᠦᠮᠵᠢ ᠵᠢ ᠦᠨᠳᠦᠰᠦᠨ᠎ᠳᠡᠭᠡᠨ ᠲᠡᠭᠦᠯᠳᠡᠷᠵᠢᠭᠦᠯᠵᠦ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠶᠡᠬᠡᠪᠡᠷ ᠲᠡᠭᠡᠭᠰᠢᠯᠡᠭᠦᠯᠦᠨ᠎ᠡ ᠃
ᠭᠤᠷᠪᠠ᠂ 《ᠬᠡᠷᠡᠭᠵᠢᠭᠦᠯᠬᠦ ᠰᠠᠨᠠᠯ》᠎ᠤᠨ ᠪᠣᠳᠠᠲᠠᠢ ᠠᠷᠭ᠎ᠠ ᠬᠡᠮᠵᠢᠶ᠎ᠡ᠎ᠨᠢ ᠶᠠᠭᠤ ᠪᠣᠢ?
《ᠬᠡᠷᠡᠭᠵᠢᠭᠦᠯᠬᠦ ᠰᠠᠨᠠᠯ》᠎ᠨᠢ 《ᠦᠯᠡᠳᠡᠭᠡᠯ ᠭᠡᠷ ᠪᠠᠢ᠌ᠰᠢᠩ᠎ᠢ ᠬᠠᠮᠢᠶᠠᠷᠴᠤ᠂ ᠨᠡᠮᠡᠭᠳᠡᠯ ᠭᠡᠷ ᠪᠠᠢ᠌ᠰᠢᠩ᠎ᠢ ᠬᠢᠵᠠᠭ᠋ᠠᠷᠯᠠᠬᠤ》 ᠰᠡᠳᠬᠢᠮᠵᠢ ᠶᠣᠰᠣᠭ᠋ᠠᠷ᠂ ᠭᠤᠷᠪᠠᠨ ᠲᠠᠯ᠎ᠠ ᠵᠢᠨ ᠪᠣᠳᠠᠲᠠᠶ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠨᠢᠭᠡ᠎ᠳᠤ᠂ ᠨᠢᠭᠡᠨᠲᠡ ᠪᠠᠶ᠋ᠢᠭ᠎ᠠ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠠᠮᠤᠷ ᠲᠦᠪᠰᠢᠨ᠎ᠤ ᠬᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠪᠠᠢ᠌ᠩᠭᠤ ᠵᠢᠨ ᠴᠢᠨᠠᠷᠳᠠᠢ ᠦᠷᠨᠢᠭᠦᠯᠦᠨ᠎ᠡ᠂ ᠡᠵᠡᠩᠨᠡᠯᠲᠡ᠎ᠳᠤ ᠬᠡᠷᠡᠭᠯᠡᠬᠦ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠦ᠂ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠪᠠ ᠬᠡᠷᠡᠭᠴᠡᠭᠡ ᠵᠢ᠎ᠨᠢ ᠬᠤᠪᠢᠷᠠᠭᠤᠯᠬᠤ ᠬᠠᠮᠢᠶᠠᠷᠤᠯᠲᠠ ᠵᠢ ᠴᠢᠩᠳᠠᠯᠠᠵᠤ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠠᠮᠤᠷ ᠲᠦᠪᠰᠢᠨ᠎ᠤ ᠪᠠᠶ᠋ᠢᠩᠭᠤᠵᠢᠭᠰᠠᠨ ᠲᠣᠭᠤᠷᠢᠨ ᠪᠠᠶ᠋ᠢᠴᠠᠭ᠋ᠠᠬᠤ ᠲᠣᠭᠲᠠᠴᠠ ᠵᠢ ᠲᠦᠷᠭᠡᠳᠬᠡᠨ ᠪᠠᠶ᠋ᠢᠭᠤᠯᠵᠤ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠠᠮᠤᠷ ᠲᠦᠪᠰᠢᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠪᠡᠶ᠎ᠡ ᠵᠢᠨ ᠪᠠᠶ᠋ᠢᠴᠠᠭ᠋ᠠᠯᠲᠠ ᠬᠢᠬᠦ ᠳᠦᠷᠢᠮ᠎ᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ ᠰᠢᠨᠡᠳᠬᠡᠨ ᠵᠠᠰᠠᠬᠤ ᠪᠠ ᠭᠠᠵᠠᠷ ᠬᠥᠳᠡᠯᠦᠯᠲᠡ ᠵᠢ ᠳᠠᠭ᠋ᠠᠭ᠋ᠠᠬᠤ ᠥᠭᠡᠷᠡᠴᠢᠯᠡᠯᠲᠡ ᠵᠡᠷᠭᠡ 6 ᠵᠦᠢ᠍ᠯ᠎ᠤᠨ ᠠᠵᠢᠯ᠎ᠤᠨ ᠡᠭᠦᠷᠭᠡ ᠵᠢ ᠦᠷᠭᠦᠯᠵᠢᠯᠡᠨ ᠠᠬᠢᠭᠤᠯᠤᠨ᠎ᠠ᠃ ᠬᠤᠶᠠᠷ᠎ᠲᠤ᠂ ᠰᠢᠨ᠎ᠡ᠎ᠪᠠᠷ ᠪᠠᠢ᠌ᠭᠤᠯᠬᠤ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠦᠷᠭᠡᠳᠬᠡᠨ ᠪᠦᠷᠢᠨᠰᠢᠭᠦᠯᠦᠨ᠎ᠡ᠃ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠦᠢ ᠵᠣᠬᠢᠰᠲᠠᠶ ᠲᠣᠬᠢᠷᠠᠭᠤᠯᠬᠤ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠭᠠᠵᠠᠷ ᠰᠣᠩᠭᠤᠬᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠵᠢᠷᠤᠭ ᠲᠥᠯᠥᠪᠯᠡᠭᠡ ᠵᠢ ᠴᠢᠩᠭ᠎ᠠ ᠵᠢᠷᠤᠮᠵᠢᠭᠤᠯᠬᠤ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ᠂ ᠦᠨᠳᠦᠰᠦᠨ ᠱᠠᠲᠤᠨ᠎ᠤ ᠬᠦᠴᠦᠨ᠎ᠢ ᠲᠡᠭᠦᠯᠳᠡᠷᠵᠢᠭᠦᠯᠬᠦ᠂ ᠪᠡᠯᠡ ᠮᠥᠩᠭᠦ ᠵᠢᠨ ᠳᠡᠮᠵᠢᠯᠭᠡ ᠵᠢ ᠴᠢᠩᠭ᠋ᠠᠷᠠᠭᠤᠯᠬᠤ ᠵᠡᠷᠭᠡ 6 ᠲᠠᠯ᠎ᠠ᠎ᠪᠠᠷ ᠪᠣᠳᠠᠲᠠᠶ ᠲᠣᠭᠲᠠᠭ᠋ᠠᠯ ᠭᠠᠷᠭ᠋ᠠᠪᠠ᠃ ᠭᠤᠷᠪᠠ᠎ᠳᠤ ᠂ ᠮᠡᠷᠭᠡᠵᠢᠯ᠎ᠤᠨ ᠬᠥᠲᠥᠯᠥᠨ ᠵᠢᠯᠣᠭᠣᠳᠬᠤ ᠪᠠ ᠳᠦᠷᠢᠮ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠨ᠎ᠠ᠃ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠵᠢᠷᠤᠭ ᠲᠥᠯᠥᠪᠯᠡᠭᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠪᠦᠳᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠬᠥᠳᠡᠭᠡ ᠲᠣᠰᠬᠤᠨ᠎ᠤ ᠪᠦᠳᠦᠭᠡᠨ ᠪᠠᠶ᠋ᠢᠭᠤᠯᠤᠯᠲᠠ ᠵᠢᠨ ᠤᠷᠠᠨ ᠳᠠᠷᠬᠠᠨ᠎ᠤ ᠡᠩᠨᠡᠭᠡ ᠵᠢ ᠪᠤᠶ᠋ᠢᠵᠢᠭᠤᠯᠬᠤ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠪᠦᠳᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠳᠠᠭ᠋ᠠᠳᠬᠠᠯ᠎ᠤᠨ ᠲᠦᠷᠢᠮ᠎ᠢ ᠰᠦᠪᠡᠭᠴᠢᠯᠡᠨ ᠪᠠᠶ᠋ᠢᠭᠤᠯᠬᠤ ᠵᠡᠷᠭᠡ 5 ᠵᠦᠢ᠍ᠯ᠎ᠤᠨ ᠠᠭᠤᠯᠭ᠎ᠠ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃
ᠳᠥᠷᠪᠡ᠂ 《ᠬᠡᠷᠡᠭᠵᠢᠭᠦᠯᠬᠦ ᠰᠠᠨᠠᠯ》᠎ᠳᠤ ᠶᠠᠮᠠᠷ ᠶᠠᠮᠠᠷ ᠲᠥᠷᠥ ᠵᠢᠨ ᠪᠣᠳᠣᠯᠭ᠎ᠠ ᠵᠢᠨ ᠭᠢᠯᠠᠰ ᠴᠡᠭ ᠪᠠᠶ᠋ᠢᠬᠤ ᠪᠣᠶ?
(ᠨᠢᠭᠡ )᠂ ᠬᠥᠳᠡᠭᠡ ᠲᠣᠰᠬᠤᠨ᠎ᠤ ᠭᠡᠷ ᠪᠠᠶ᠋ᠢᠰᠢᠩ᠎ᠤᠨ ᠠᠮᠤᠷ ᠲᠦᠪᠰᠢᠨ᠎ᠤ ᠬᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠪᠠᠢ᠌ᠩᠭᠤ ᠵᠢᠨ ᠴᠢᠨᠠᠷᠳᠠᠢ ᠥᠷᠨᠢᠭᠦᠯᠦᠨ᠎ᠡ᠃ ᠡᠯ᠎ᠡ ᠭᠠᠵᠠᠷ᠎ᠤᠨ᠎ᠬᠢᠨ ᠲᠣᠰ ᠵᠠᠰᠠᠭ ᠵᠠᠬᠢᠷᠭ᠋ᠠᠨ᠎ᠤ ᠣᠷᠣᠨ ᠪᠦᠰᠡ ᠵᠢᠨ ᠳᠣᠲᠣᠷᠠᠬᠢ ᠪᠣᠶ ᠪᠥᠬᠦᠶ ᠬᠥᠳᠡᠭᠡ ᠲᠣᠰᠬᠤᠨ᠎ᠤ ᠬᠡᠷ ᠪᠠᠶ᠋ᠢᠰᠢᠩ᠎ᠤᠨ ᠠᠮᠤᠷ ᠲᠦᠪᠰᠢᠨ᠎ᠤ ᠬᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠬᠤ ᠵᠢ ᠪᠠᠢ᠌ᠩᠭᠤ ᠵᠢᠨ ᠴᠢᠨᠠᠷᠳᠠᠢ ᠥᠷᠨᠢᠭᠦᠯᠵᠦ᠂ ᠡᠵᠡᠩᠨᠡᠯᠲᠡ᠎ᠳᠤ ᠬᠡᠷᠡᠭᠯᠡᠬᠦ᠂ 3 ᠳᠠᠪᠬᠤᠷᠭ᠎ᠠ ᠵᠢᠴᠢ ᠲᠡᠭᠦᠨ᠎ᠠᠴᠠ ᠳᠡᠭᠡᠭᠰᠢ᠂ ᠬᠥᠮᠦᠨ ᠬᠠᠷ᠎ᠠ ᠲᠥᠪᠯᠡᠷᠡᠭᠰᠡᠨ ᠪᠠ ᠲᠣᠭᠲᠠᠭ᠋ᠠᠯ᠎ᠠᠴᠠ ᠵᠥᠷᠢᠴᠡᠨ ᠥᠭᠡᠷᠡᠴᠢᠯᠡᠵᠦ ᠥᠷᠭᠡᠳᠬᠡᠨ ᠪᠠᠢ᠌ᠭᠤᠯᠤᠭᠰᠠᠨ ᠵᠡᠷᠭᠡ ᠬᠥᠳᠡᠭᠡ ᠲᠣᠰᠬᠤᠨ᠎ᠤ ᠬᠡᠷ ᠪᠠᠶ᠋ᠢᠰᠢᠩ᠎ᠳᠤ ᠭᠤᠤᠯᠳᠠᠯᠭ᠎ᠠ᠎ᠲᠠᠢ ᠠᠩᠬᠠᠷᠤᠯ ᠵᠶ᠋ᠠᠨ ᠲᠥᠪᠯᠡᠷᠡᠭᠦᠯᠵᠦ᠂ ᠪᠦᠲᠦᠴᠡ ᠵᠢᠨ ᠠᠮᠤᠷ ᠲᠦᠪᠰᠢᠨ᠎ᠤ ᠴᠢᠨᠠᠷ (ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠬᠡᠷᠡᠭᠯᠡᠯᠲᠡ ᠵᠡᠷᠭᠡ ᠪᠠᠶ᠋ᠢᠳᠠᠯ)᠂ ᠡᠵᠡᠩᠨᠡᠯᠲᠡ ᠵᠢᠨ ᠠᠮᠤᠷ ᠲᠦᠪᠰᠢᠨ᠎ᠤ ᠴᠢᠨᠠᠷ (ᠬᠠᠮᠢᠶ᠎ᠠ ᠪᠥᠬᠦᠶ ᠡᠵᠡᠩᠨᠡᠯᠲᠡ ᠵᠢᠨ ᠵᠥᠪᠰᠢᠶᠡᠷᠡᠯ᠂ ᠲᠠᠯᠠᠪᠤᠷ ᠭᠠᠵᠠᠷ᠎ᠤᠨ ᠠᠮᠤᠷ ᠲᠦᠪᠰᠢᠨ᠎ᠤ ᠱᠠᠭ᠋ᠠᠷᠳᠠᠯᠭ᠎ᠠ ᠵᠡᠷᠭᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ)᠂ ᠬᠥᠳᠡᠭᠡ ᠲᠣᠰᠬᠤᠨ᠎ᠤ ᠬᠡᠷ ᠪᠠᠶ᠋ᠢᠰᠢᠩ᠎ᠤᠨ ᠪᠥᠲᠥᠭᠡᠨ ᠪᠠᠶ᠋ᠢᠭᠤᠯᠤᠯᠲᠠ ᠵᠢᠨ ᠬᠠᠤᠯᠢ ᠲᠣᠭᠲᠠᠭ᠋ᠠᠯ᠎ᠳᠤ ᠨᠡᠶ᠋ᠢᠴᠡᠬᠦ (ᠭᠠᠵᠠᠷ ᠰᠢᠷᠣᠶ ᠵᠢᠨ ᠲᠥᠯᠥᠪᠵᠢᠭᠦᠯᠭᠡ ᠵᠢᠨ ᠪᠥᠲᠥᠭᠡᠨ ᠪᠠᠶ᠋ᠢᠭᠤᠯᠤᠯᠲᠠ ᠵᠡᠷᠭᠡ ᠭᠠᠷᠳᠠᠮ᠎ᠢ ᠭᠦᠢ᠍ᠴᠡᠳᠭᠡᠭᠰᠡᠨ ᠪᠠᠶ᠋ᠢᠳᠠᠯ᠎ᠢ ᠭᠤᠤᠯᠳᠠᠯᠭ᠎ᠠ᠎ᠲᠠᠢ ᠵᠢᠭᠰᠠᠭ᠋ᠠᠨ ᠪᠠᠢ᠌ᠴᠠᠭ᠋ᠠᠨ᠎ᠠ) ᠭᠠᠵᠠᠷ ᠰᠢᠨᠵᠢᠯᠡᠭᠡ ᠪᠠ ᠡᠷᠬᠢᠨ ᠲᠣᠭᠤᠷᠢᠨ᠎ᠤ ᠣᠷᠴᠢᠨ ᠲᠣᠭᠤᠷᠢᠨ᠎ᠤ ᠠᠮᠤᠷ ᠲᠦᠪᠰᠢᠨ ᠵᠡᠷᠭᠡ ᠠᠭᠤᠯᠭ᠎ᠠ ᠵᠢ ᠭᠤᠤᠯᠳᠠᠯᠭ᠎ᠠ᠎ᠲᠠᠢ ᠵᠢᠭᠰᠠᠭ᠋ᠠᠨ ᠪᠠᠢ᠌ᠴᠠᠭ᠋ᠠᠨ᠎ᠠ᠂ ᠬᠥᠳᠡᠭᠡ ᠲᠣᠰᠬᠤᠨ᠎ᠤ ᠬᠡᠷ ᠪᠠᠶ᠋ᠢᠰᠢᠩ᠎ᠤᠨ ᠠᠮᠤᠷ ᠲᠦᠪᠰᠢᠨ᠎ᠤ ᠮᠡᠳᠡᠭᠡ ᠵᠠᠩᠭᠢ ᠵᠢᠨ ᠡᠬᠡ ᠲᠠᠩᠰᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ᠎ᠤ ᠬᠡᠷ ᠪᠠᠶ᠋ᠢᠰᠢᠩ᠎ᠤᠨ ᠠᠮᠤᠷ ᠲᠦᠪᠰᠢᠨ᠎ᠤ ᠪᠠᠶ᠋ᠢᠳᠠᠯ᠎ᠢ ᠬᠥᠳᠡᠯᠦᠩᠭᠦᠶ᠎ᠪᠠᠷ ᠬᠢᠨᠠᠨ ᠬᠡᠮᠵᠢᠵᠦ᠂ ᠦᠷᠭᠦᠯᠵᠢᠯᠡᠨ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃
(ᠬᠤᠶᠠᠷ) ᠬᠥᠳᠡᠭᠡ ᠲᠤᠰᠬᠤᠨ᠎ᠤ ᠭᠡᠷ ᠪᠠᠢ᠌ᠰᠢᠩ᠎ᠤᠨ ᠪᠦᠳᠦᠭᠡᠨ ᠪᠠᠢ᠌ᠭᠤᠯᠤᠯᠳᠠ᠎ᠳᠤ ᠵᠢᠷᠤᠭ ᠲᠥᠯᠥᠪᠯᠡᠭᠡᠨ᠎ᠤ ᠦᠢ᠍ᠯᠡᠴᠢᠯᠡᠭᠡ ᠪᠠ ᠮᠡᠷᠭᠡᠵᠢᠯ᠎ᠤᠨ ᠵᠢᠯᠣᠭᠣᠳᠤᠯᠭ᠎ᠠ ᠬᠠᠩᠭ᠋ᠠᠨ᠎ᠠ᠃ ᠣᠷᠣᠨ ᠪᠦᠰᠡ ᠵᠢᠨ ᠣᠨᠴᠠᠯᠢᠭ᠂ ᠨᠤᠲᠤᠭ᠎ᠤᠨ ᠣᠨᠴᠠᠯᠢᠭ᠎ᠲᠠᠢ ᠬᠦᠳᠡᠭᠡ ᠲᠤᠰᠬᠤᠨ᠎ᠤ ᠭᠡᠷ ᠪᠠᠶ᠋ᠢᠰᠢᠩ᠎ᠤᠨ ᠪᠠᠷᠢᠮᠵᠢᠶᠠᠳᠦ ᠵᠢᠷᠤᠭ ᠲᠦᠯᠦᠪᠯᠡᠭᠡ ᠵᠢᠨ ᠲᠡᠭᠦᠪᠦᠷᠢ ᠵᠢ ᠨᠠᠶ᠋ᠢᠷᠠᠭᠤᠯᠤᠨ ᠵᠣᠬᠢᠶᠠᠵᠤ᠂ ᠮᠠᠯᠴᠢᠨ ᠲᠠᠷᠢᠶᠠᠴᠢᠳ᠎ᠲᠤ ᠲᠦᠯᠦᠪᠦᠷᠢ ᠦᠭᠡᠢ ᠬᠡᠷᠡᠭᠯᠡᠬᠦᠯᠬᠦ ᠵᠢᠨ ᠬᠠᠮᠲᠤ ᠲᠦᠯᠦᠪᠦᠷᠢ ᠦᠭᠡᠢ ᠮᠡᠷᠭᠡᠵᠢᠯ᠎ᠤᠨ ᠯᠠᠪᠯᠠᠭ᠎ᠠ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠪᠠᠷᠢᠮᠵᠢᠶᠠᠳᠦ ᠵᠢᠷᠤᠭ ᠲᠥᠯᠥᠪᠯᠡᠭᠡ ᠵᠢᠨ ᠲᠡᠭᠦᠪᠦᠷᠢ᠎ᠳᠤ ᠪᠠᠷᠢᠯᠭ᠎ᠠ ᠵᠢᠨ ᠲᠥᠰᠦᠯ᠎ᠤᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠵᠢᠷᠤᠭ ᠲᠦᠯᠦᠪᠯᠡᠯᠭᠡ ᠪᠣᠯᠤᠨ ᠴᠢᠬᠤᠯᠠ ᠵᠠᠩᠭᠢᠯᠠᠭ᠎ᠠ ᠵᠢᠨ ᠴᠡᠭ᠎ᠤᠨ ᠵᠢᠷᠤᠭ ᠲᠦᠯᠦᠪᠯᠡᠯᠭᠡ ᠵᠡᠷᠭᠡ ᠵᠢ ᠪᠠᠭᠳᠠᠭ᠋ᠠᠨ᠎ᠠ᠃ ᠪᠠᠷᠢᠯᠭ᠎ᠠ ᠵᠢᠨ ᠵᠢᠷᠤᠭ ᠲᠦᠯᠦᠪᠯᠡᠯᠭᠡ᠂ ᠪᠦᠲᠦᠴᠡ ᠵᠢᠨ ᠬᠢᠨᠠᠨ ᠲᠣᠭᠲᠠᠭ᠋ᠠᠬᠤ᠂ ᠬᠣᠲᠠ ᠬᠥᠳᠡᠭᠡ ᠵᠢᠨ ᠲᠥᠯᠥᠪᠵᠢᠭᠦᠯᠭᠡ ᠵᠡᠷᠭᠡ ᠬᠠᠮᠢᠶ᠎ᠠ ᠪᠦᠬᠦᠢ ᠬᠦᠷᠢᠶᠡᠨ᠎ᠤ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ᠂ ᠬᠡᠷᠡᠭᠴᠡᠭᠡ ᠱᠠᠭ᠋ᠠᠷᠳᠠᠯᠭ᠎ᠠ᠎ᠲᠠᠢ ᠲᠠᠷᠢᠶᠠᠯᠠᠬᠤ ᠮᠠᠯᠵᠢᠬᠤ ᠣᠷᠣᠨ᠎ᠳᠤ ᠭᠦᠨᠵᠡᠭᠡᠶ᠋ᠢᠷᠡᠨ ᠬᠥᠳᠡᠭᠡ ᠲᠤᠰᠬᠤᠨ᠎ᠤ ᠭᠡᠷ ᠪᠠᠢ᠌ᠰᠢᠩ᠎ᠤᠨ ᠵᠢᠷᠤᠭ ᠲᠦᠯᠦᠪᠯᠡᠯᠭᠡ ᠵᠢ ᠬᠥᠳᠡᠭᠡ ᠪᠠᠭᠤᠯᠭ᠋ᠠᠬᠤ ᠦᠢ᠍ᠯᠡᠴᠢᠯᠡᠭᠡᠨ᠎ᠢ ᠥᠷᠨᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠬᠡᠯᠪᠡᠷᠢ ᠵᠢᠨ ᠲᠠᠷᠢᠶᠠᠯᠠᠬᠤ ᠮᠠᠯᠵᠢᠬᠤ ᠣᠷᠣᠨ᠎ᠤ ᠣᠷᠣᠨ ᠰᠠᠭᠤᠴᠠ ᠬᠦᠷᠢᠶ᠎ᠡ ᠬᠠᠰᠢᠶ᠎ᠠ ᠵᠢᠨ ᠵᠢᠷᠤᠭ ᠲᠥᠯᠥᠪᠯᠡᠭᠡ ᠵᠢᠨ ᠲᠡᠭᠦᠪᠦᠷᠢ》᠎ᠲᠠᠢ ᠤᠶᠠᠯᠳᠤᠭᠤᠯᠤᠨ᠂ ᠲᠠᠷᠢᠶᠠᠯᠠᠬᠤ ᠮᠠᠯᠵᠢᠬᠤ ᠣᠷᠣᠨ᠎ᠤ ᠭᠡᠷ ᠪᠠᠶ᠋ᠢᠰᠢᠩ᠂ ᠬᠦᠷᠢᠶ᠎ᠡ ᠬᠠᠰᠢᠶ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠵᠠᠷ ᠣᠷᠣᠨ ᠪᠣᠯᠤᠨ ᠰᠣᠶᠣᠯ᠎ᠤᠨ ᠣᠨᠴᠠᠯᠢᠭ᠎ᠢ ᠬᠥᠲᠥᠯᠥᠨ ᠵᠢᠯᠣᠭᠣᠳᠴᠤ᠂ ᠲᠠᠷᠢᠶᠠᠴᠢᠨ ᠮᠠᠯᠴᠢᠳ᠎ᠤᠨ ᠣᠳᠣ ᠦᠶ᠎ᠡ ᠵᠢᠨ ᠠᠮᠢᠳᠤᠷᠠᠯ᠎ᠤᠨ ᠬᠡᠷᠡᠭᠴᠡᠭᠡ᠎ᠳᠤ ᠵᠤᠬᠢᠴᠠᠭᠤᠯᠤᠨ᠎ᠠ᠃
(ᠭᠤᠷᠪᠠ) ᠬᠥᠳᠡᠭᠡ ᠲᠣᠰᠭᠣᠨ᠎ᠤ ᠪᠦᠲᠦᠭᠡᠨ ᠪᠠᠢ᠌ᠭᠤᠯᠤᠯᠳᠠ ᠵᠢᠨ ᠤᠷᠠᠨ ᠳᠠᠷᠬᠠᠨ᠎ᠤ ᠪᠣᠯᠪᠠᠰᠤᠷᠠᠯ ᠪᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠡᠯ᠎ᠡ ᠭᠠᠵᠠᠷ᠎ᠤᠳ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢᠨ ᠤᠷᠠᠨ ᠳᠠᠷᠬᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ ᠪᠣᠯᠤᠨ ᠰᠦᠯᠵᠢᠶᠡᠨ᠎ᠤ ᠪᠣᠯᠪᠠᠰᠤᠷᠠᠯ᠎ᠤᠨ ᠲᠠᠪᠴᠠᠩ᠎ᠢ ᠲᠦᠷᠭᠡᠬᠡᠨ ᠪᠠᠶ᠋ᠢᠭᠤᠯᠵᠤ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠷᠠᠨ ᠳᠠᠷᠬᠠᠨ᠎ᠢ ᠠᠳᠠᠭ᠎ᠲᠠᠭᠠᠨ 3 ᠵᠢᠯ ᠪᠦᠷᠢ ᠨᠢᠭᠡ ᠤᠳᠠᠭ᠎ᠠ ᠪᠣᠯᠪᠠᠰᠤᠷᠠᠭᠤᠯᠵᠤ᠂ ᠲᠣᠭᠲᠠᠭ᠋ᠠᠯ ᠶᠣᠰᠣᠭ᠋ᠠᠷ ᠬᠢᠷᠢ ᠲᠡᠩᠴᠡᠭᠰᠡᠨ ᠦᠨᠡᠮᠯᠡᠯ᠎ᠢ ᠬᠢᠨᠠᠨ ᠣᠯᠭᠣᠵᠤ᠂ ᠬᠥᠳᠡᠭᠡ ᠲᠣᠰᠬᠣᠨ᠎ᠳᠤ ᠦᠨᠳᠦᠰᠦᠯᠡᠭᠰᠡᠨ᠂ ᠲᠠᠷᠢᠶᠠᠴᠢᠳ᠎ᠲᠤ ᠦᠢ᠍ᠯᠡᠴᠢᠯᠡᠭᠰᠡᠨ᠂ ᠠᠵᠢᠯ ᠮᠡᠷᠭᠡᠵᠢᠯ᠎ᠤᠨ ᠴᠢᠳᠠᠪᠤᠷᠢ ᠵᠢᠨ ᠬᠢᠷᠢ ᠲᠦᠪᠰᠢᠨ ᠨᠡᠯᠢᠶᠡᠳ ᠥᠨᠳᠥᠷ ᠬᠥᠳᠡᠭᠡ ᠲᠣᠰᠬᠣᠨ᠎ᠢ ᠪᠦᠲᠦᠭᠡᠨ ᠪᠠᠶ᠋ᠢᠭᠤᠯᠬᠤ ᠤᠷᠠᠨ ᠳᠠᠷᠬᠠᠨ᠎ᠤ ᠡᠩᠨᠡᠭᠡ ᠵᠢ ᠬᠦᠴᠦᠯᠡᠨ ᠬᠥᠮᠦᠵᠢᠭᠦᠯᠵᠦ᠂ ᠬᠥᠳᠡᠭᠡ ᠲᠣᠰᠬᠣᠨ᠎ᠤ ᠭᠡᠷ ᠪᠠᠶ᠋ᠢᠰᠢᠩ᠎ᠤᠨ ᠶᠠᠰᠤ ᠴᠢᠨᠠᠷ᠎ᠤᠨ ᠠᠶᠦᠯᠭᠦᠢ᠎ᠳᠤ ᠪᠠᠷᠢᠯᠭ᠎ᠠ ᠵᠢᠨ ᠠᠵᠢᠯ᠎ᠤᠨ ᠪᠠᠲᠤᠯᠠᠭ᠎ᠠ ᠬᠠᠩᠭ᠋ᠠᠨ᠎ᠠ᠃
(ᠲᠦᠷᠪᠡ) ᠬᠥᠳᠡᠭᠡ ᠲᠣᠰᠬᠣᠨ᠎ᠤ ᠭᠡᠷ ᠪᠠᠶ᠋ᠢᠰᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠮᠡᠳᠡᠭᠡ ᠵᠠᠩᠬᠢᠴᠢᠯᠠᠯᠳᠠ ᠵᠢᠨ ᠬᠢᠷᠢ ᠲᠦᠪᠰᠢᠨ᠎ᠢ ᠲᠡᠭᠡᠭᠰᠢᠯᠡᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠎ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠬᠥᠳᠡᠭᠡ ᠲᠣᠰᠬᠤᠨ᠎ᠤ ᠬᠡᠷ ᠪᠠᠶ᠋ᠢᠰᠢᠩ᠎ᠤᠨ ᠪᠦᠳᠦᠭᠡᠨ ᠪᠠᠢ᠌ᠭᠤᠯᠤᠯᠳᠠ ᠵᠢᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ᠎ᠢ ᠨᠢᠭᠡᠳᠦᠯᠲᠡᠶ ᠲᠥᠯᠥᠪᠯᠡᠨ ᠪᠠᠶ᠋ᠢᠭᠤᠯᠵᠤ᠂ ᠣᠷᠣᠨ ᠪᠦᠰᠡ ᠵᠢᠨ ᠭᠠᠵᠠᠷ ᠵᠦᠶ ᠵᠢᠨ ᠮᠡᠳᠡᠭᠡ ᠵᠠᠩᠭᠢ᠂ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ ᠂ ᠵᠢᠷᠤᠭ ᠲᠦᠯᠦᠪᠯᠡᠯᠭᠡ ᠪᠥᠲᠥᠭᠡᠨ ᠪᠠᠶ᠋ᠢᠭᠤᠯᠬᠤ ᠪᠠ ᠬᠡᠷ ᠪᠠᠶ᠋ᠢᠰᠢᠩ᠎ᠤᠨ ᠠᠮᠤᠷ ᠲᠦᠪᠰᠢᠨ᠎ᠤ ᠪᠠᠶ᠋ᠢᠳᠠᠯ ᠵᠡᠷᠭᠡ ᠮᠡᠳᠡᠭᠡ ᠵᠠᠩᠭᠢ ᠵᠢ ᠪᠠᠭᠲᠠᠭ᠋ᠠᠭᠰᠠᠨ ᠬᠥᠳᠡᠭᠡ ᠲᠣᠰᠬᠤᠨ᠎ᠤ ᠬᠡᠷ ᠪᠠᠶ᠋ᠢᠰᠢᠩ᠎ᠤᠨ ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠳ᠋ᠠᠶ᠋ᠢᠲ᠋ᠠ ᠬᠥᠮᠥᠷᠭᠡ ᠵᠢ ᠪᠠᠶ᠋ᠢᠭᠤᠯᠵᠤ᠂ ᠡᠯ᠎ᠡ ᠲᠠᠰ ᠳᠠᠪᠬᠤᠷᠭ᠎ᠠ ᠵᠢᠨ ᠰᠢᠰᠲ᠋ᠧᠮ᠎ᠤᠨ ᠳᠡᠭᠡᠳᠦ ᠳᠣᠤᠷᠠᠳᠤ ᠱᠠᠲᠤᠨ᠎ᠤ ᠬᠤᠯᠪᠣᠭ᠋ᠠᠯᠠᠨ ᠬᠥᠳᠡᠯᠦᠯᠴᠡᠬᠦ ᠪᠠ ᠰᠠᠯᠠᠭ᠎ᠠ ᠮᠥᠴᠢᠷ᠎ᠤᠨ ᠬᠤᠭᠤᠷᠣᠨᠳᠣᠬᠢ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠨ᠂ ᠲᠤᠭ᠎ᠠ ᠪᠠᠷᠢᠮᠲᠠ ᠵᠢ ᠨᠡᠪᠲᠡᠷᠡᠭᠦᠯᠵᠦ᠂ ᠬᠥᠳᠡᠭᠡ ᠲᠣᠰᠬᠤᠨ᠎ᠤ ᠬᠡᠷ ᠪᠠᠶ᠋ᠢᠰᠢᠩ᠎ᠤᠨ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠭ᠋ᠠᠴᠢᠯᠠᠯᠲᠠ᠂ ᠤᠶᠤᠨᠴᠢᠯᠠᠯᠲᠠ ᠵᠢᠨ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ᠎ᠤ ᠬᠡᠷ ᠪᠠᠶ᠋ᠢᠰᠢᠩ᠎ᠤᠨ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ 《ᠨᠢᠭᠡ ᠰᠦᠯᠵᠢᠶ᠎ᠡ᠎ᠪᠠᠷ ᠨᠡᠶ᠋ᠢᠳᠡᠮ ᠬᠦᠢ᠍ᠴᠡᠳᠬᠡᠬᠦ》 ᠵᠢ ᠪᠡᠶᠡᠯᠡᠭᠦᠯᠬᠦ ᠵᠢ ᠠᠬᠢᠭᠤᠯᠤᠨ᠎ᠠ᠃
ᠲᠠᠶ᠋ᠢᠯᠤᠮᠵᠢ ᠬᠢᠭᠴᠢ᠄ ᠰᠢᠶᠤᠤ ᠴᠢᠶᠠᠩ
ᠬᠠᠷᠢᠯᠴᠠᠬᠤ ᠤᠲᠠᠰᠤ᠄ 6945781