ᠦᠰᠦᠭ ᠪᠢᠴᠢᠭ ᠵᠶ᠋ᠠᠷ ᠥᠭᠦᠯᠡᠬᠦᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷ ᠪᠠᠶ᠋ᠢᠰᠢᠩ᠎ᠤᠨ ᠪᠠᠷᠢᠯᠭ᠎ᠠ ᠪᠠ ᠬᠤᠲᠠ ᠵᠢᠨ ᠶᠠᠪᠤᠳᠠᠯ᠎ᠤᠨ ᠰᠠᠭᠤᠷᠢ ᠲᠥᠬᠥᠭᠡᠷᠦᠮᠵᠢ ᠵᠢᠨ ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠴᠢ ᠪᠤᠰᠤᠳ ᠲᠥᠰᠥᠯ᠎ᠤᠨ ᠬᠠᠷᠢᠭᠤᠴᠠᠯᠭ᠋ᠠᠲᠠᠨ᠎ᠤ ᠢᠲᠡᠭᠡᠮᠵᠢ ᠵᠢᠨ ᠦᠨᠡᠯᠡᠯᠲᠡ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
2024-09-29

     ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷ ᠪᠠᠶ᠋ᠢᠰᠢᠩ᠎ᠤᠨ ᠪᠠᠷᠢᠯᠭ᠎ᠠ ᠪᠠ ᠬᠤᠲᠠ ᠵᠢᠨ ᠶᠠᠪᠤᠳᠠᠯ᠎ᠤᠨ ᠰᠠᠭᠤᠷᠢ ᠲᠥᠬᠥᠭᠡᠷᠦᠮᠵᠢ ᠵᠢᠨ ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠴᠢ ᠪᠤᠰᠤᠳ ᠲᠥᠰᠥᠯ᠎ᠤᠨ ᠬᠠᠷᠢᠭᠤᠴᠠᠯᠭ᠋ᠠᠲᠠᠨ᠎ᠤ ᠢᠲᠡᠭᠡᠮᠵᠢ ᠵᠢᠨ ᠦᠨᠡᠯᠡᠯᠲᠡ ᠵᠢᠨ ᠠᠷᠭ᠎ᠠ (ᠲᠤᠷᠰᠢᠨ ᠬᠡᠷᠡᠭᠵᠢᠭᠦᠯᠬᠦ) 》 (ᠥᠪᠥᠷ ᠪᠠᠶ᠋ᠢᠭᠤᠯᠤᠯᠲᠠ  ᠵᠠᠬ᠎ᠠ [2024] 164 ᠳ᠋ᠦ᠍ᠭᠡᠷ ᠲᠣᠭ᠋ᠠᠲᠤ᠂ ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠪᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠢᠴᠢ ᠨᠡᠶ᠋ᠢᠭᠡᠮ ᠨᠡᠶ᠋ᠢᠲᠡ ᠵᠢᠨ ᠬᠠᠮᠢᠶ᠎ᠠ ᠪᠥᠬᠦᠶ ᠠᠭᠤᠯᠭ᠎ᠠ ᠵᠢ ᠨᠠᠩ ᠰᠠᠶ᠋ᠢᠲᠤᠷ ᠣᠶ᠋ᠢᠯᠠᠭ᠋ᠠᠬᠤ᠎ᠳᠤ ᠲᠥᠬᠦᠮ ᠦᠵᠡᠭᠦᠯᠬᠦ ᠵᠢᠨ ᠲᠤᠰᠠᠳᠠ᠂ ᠡᠳᠦᠭᠡ 《ᠠᠷᠭ᠎ᠠ》 ᠵᠢᠨ ᠬᠤᠯᠪᠣᠭᠳᠠᠯ ᠪᠥᠬᠦᠶ ᠠᠭᠤᠯᠭ᠎ᠠ ᠵᠢ ᠳᠣᠤᠷᠠᠬᠢ ᠮᠡᠲᠦ ᠲᠠᠶ᠋ᠢᠯᠪᠤᠷᠢᠯᠠᠶ᠎ᠠ᠃

     ᠨᠢᠭᠡ᠂ ᠨᠡᠢ᠌ᠲᠡᠯᠡᠭᠰᠡᠨ ᠠᠬᠤᠢ ᠪᠠᠢ᠌ᠳᠠᠯ

     ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ  ᠨᠠᠢ᠌ᠳᠠᠪᠤᠷᠢᠵᠢᠭᠤᠯᠤᠨ᠂  ᠭᠡᠷ ᠪᠠᠶ᠋ᠢᠰᠢᠩ᠎ᠤᠨ ᠪᠠᠷᠢᠯᠭ᠎ᠠ ᠪᠠ ᠬᠣᠲᠠ ᠵᠢᠨ ᠶᠠᠪᠤᠳᠠᠯ᠎ᠤᠨ ᠰᠠᠭᠤᠷᠢ ᠲᠦᠬᠦᠭᠡᠷᠥᠮᠵᠢ ᠵᠢᠨ ᠢᠨᠵᠧᠨᠧᠷᠢᠩ (ᠳᠣᠷᠤᠭᠰᠢ  ᠢᠨᠵᠧᠨᠧᠷᠢᠩ ᠭᠡᠵᠦ ᠳᠦᠭᠦᠮᠴᠢᠯᠡᠨ᠎ᠡ)᠎ᠤᠨ ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ᠎ᠳᠤ ᠣᠷᠣᠯᠴᠠᠬᠤ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂  ᠢᠨᠵᠧᠨᠧᠷᠢᠩ᠎ᠤᠨ  ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂  ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂  ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠤᠨ᠂  ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠰᠢᠨ᠎ᠡ ᠮᠠᠶᠢᠭ᠎ᠤᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ  ᠪᠠᠢ᠌ᠭᠤᠯᠤᠨ᠂  ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ᠎ᠳᠤ ᠣᠷᠣᠯᠴᠠᠬᠤ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠵᠢᠨ ᠲᠥᠯᠥᠭᠡ᠂

《  ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲᠥᠰᠥᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠢ ᠦᠭᠡᠢ᠌ᠰᠬᠡᠨ ᠠᠵᠢᠯ ᠬᠡᠷᠡᠭ᠎ᠤᠨ ᠶᠠᠪᠤᠴᠠ᠎ᠳᠠᠬᠢ ᠪᠠ ᠠᠵᠢᠯ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠶ ᠣᠷᠣᠨ ᠰᠠᠭᠤᠴᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (  ᠪᠠᠶ᠋ᠢᠭᠤᠯᠤᠯᠲᠠ ᠠᠯᠪᠠᠨ ᠵᠠᠬ᠎ᠠ [ 2017] 77 ᠳ᠋ᠤᠭ᠋ᠠᠷ ᠲᠣᠭ᠋ᠠᠲᠤ)᠂ 《ᠭᠡᠷ ᠪᠠᠶ᠋ᠢᠰᠢᠩ᠎ᠤᠨ ᠪᠠᠷᠢᠯᠭ᠎ᠠ ᠪᠠ ᠬᠤᠲᠠ ᠵᠢᠨ ᠶᠠᠪᠤᠳᠠᠯ᠎ᠤᠨ ᠰᠠᠭᠤᠷᠢ ᠲᠥᠬᠥᠭᠡᠷᠦᠮᠵᠢ ᠵᠢᠨ ᠪᠠᠷᠢᠯᠭ᠎ᠠ ᠵᠢᠨ  ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ᠎ᠳᠤ ᠣᠷᠣᠯᠴᠠᠬᠤ ᠵᠢᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠵᠢᠯᠣᠭᠤᠳᠬᠤ ᠰᠠᠨᠠᠯ》 (  ᠪᠠᠶ᠋ᠢᠭᠤᠯᠤᠯᠲᠠ ᠬᠤᠲᠠ ᠲᠣᠭᠲᠠᠭ᠋ᠠᠯ [ 2019] 11 ᠳ᠋ᠦ᠍ᠭᠡᠷ ᠲᠣᠭ᠋ᠠᠲᠤ)᠂ 《ᠠᠵᠢᠯ ᠲᠥᠷᠥᠯ᠎ᠤᠨ ᠢᠲᠡᠭᠡᠮᠵᠢ ᠵᠢᠨ ᠦᠨᠡᠯᠡᠯᠲᠡ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠮᠡᠳᠡᠭᠳᠡᠯ》 (ᠥᠪᠥᠷ ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠦ ᠥᠰᠥᠭ [ 2020] 570 ᠳ᠋ᠤᠭ᠋ᠠᠷ ᠲᠣᠭ᠋ᠠᠲᠤ) ᠪᠠ ᠬᠤᠯᠪᠣᠭᠳᠠᠯ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠳᠠᠲᠠᠢ᠎ᠲᠠᠢ ᠤᠶᠠᠯᠳᠤᠭᠤᠯᠤᠨ 《ᠠᠷᠭ᠎ᠠ》 ᠵᠢ ᠰᠤᠳᠤᠯᠤᠨ ᠲᠣᠭᠲᠠᠭ᠋ᠠᠪᠠ᠃

     ᠬᠣᠶᠠᠷ᠂ ᠲᠤᠭᠤᠷᠪᠢᠭᠰᠠᠨ ᠶᠠᠪᠤᠴᠠ

    2024 ᠣᠨ᠎ᠤ 3 ᠳ᠋ᠤᠭ᠋ᠠᠷ ᠰᠠᠷ᠎ᠠ ᠵᠢᠨ 18᠎ᠤ ᠡᠳᠦᠷ᠂ 14 ᠠᠢ᠌ᠮᠠᠭ ᠬᠣᠲᠠ (ᠲᠤᠰᠠᠭ᠋ᠠᠷ ᠲᠥᠯᠥᠪᠯᠡᠭᠡᠲᠦ ᠬᠣᠲᠠ ᠵᠢ ᠪᠠᠭᠲᠠᠭ᠋ᠠᠨ᠎ᠠ) ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠭᠠᠵᠠᠷ ᠠᠯᠪᠠᠨ ᠭᠡᠷ᠂ ᠨᠢᠭᠡᠴᠢ ᠵᠢᠴᠢ ᠥᠪᠡᠷᠲᠡᠭᠡᠨ ᠵᠠᠰᠠᠬᠤ ᠣᠷᠣᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ  ᠨᠡᠶ᠋ᠢᠭᠡᠮᠯᠢᠭ᠎ᠠᠴᠠ ᠰᠠᠨᠠᠯ ᠰᠠᠨᠠᠭᠤᠯᠭ᠎ᠠ ᠬᠤᠷᠢᠶᠠᠪᠠ᠃ ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠤᠨ ᠫᠣᠷᠲ᠋ᠧᠯ ᠰᠦᠯᠵᠢᠶ᠎ᠡ᠎ᠪᠠᠷ ᠳᠠᠮᠵᠢᠭᠤᠯᠤᠨ ᠨᠡᠶ᠋ᠢᠭᠡᠮ᠎ᠳᠤ ᠬᠠᠨᠳᠤᠭᠤᠯᠤᠨ ᠢᠯᠡ᠎ᠪᠠᠷ ᠰᠠᠨᠠᠯ ᠰᠠᠨᠠᠭᠤᠯᠭ᠎ᠠ ᠬᠤᠷᠢᠶᠠᠪᠠ᠃ 4 ᠳ᠋ᠦ᠍ᠭᠡᠷ ᠰᠠᠷ᠎ᠠ ᠵᠢᠨ 23᠎ᠤ ᠡᠳᠦᠷ ᠭᠡᠷᠡᠴᠢᠯᠡᠭᠡ ᠰᠣᠨᠣᠰᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ 《ᠠᠷᠭ᠎ᠠ》᠎ᠳᠤ ᠭᠡᠷᠡᠴᠢᠯᠡᠭᠡ ᠰᠣᠨᠣᠰᠬᠤ ᠬᠤᠷᠠᠯ ᠬᠢᠪᠡ᠃ 6 ᠳ᠋ᠤᠭ᠋ᠠᠷ ᠰᠠᠷ᠎ᠠ ᠵᠢᠨ 18᠎ᠤ ᠡᠳᠦᠷ᠂ ᠲᠤᠰᠬᠠᠢ ᠰᠡᠳᠦᠪᠲᠦ ᠵᠥᠪᠯᠡᠯᠭᠡᠨ᠎ᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ 《ᠠᠷᠭ᠎ᠠ》 ᠵᠢᠨ ᠬᠠᠮᠢᠶ᠎ᠠ ᠪᠦᠬᠦᠢ ᠠᠭᠤᠯᠭ᠎ᠠ ᠵᠢᠨ ᠲᠤᠬᠠᠢ ᠲᠤᠰᠬᠠᠢ ᠰᠡᠳᠦᠪᠲᠦ ᠵᠥᠪᠯᠡᠯᠭᠡ ᠬᠢᠪᠡ᠃

     ᠭᠤᠷᠪᠠ᠂ ᠭᠣᠣᠯ ᠠᠭᠤᠯᠭ᠎ᠠ

    《ᠠᠷᠭ᠎ᠠ》 ᠵᠢ ᠵᠢᠷᠭᠤᠭ᠋ᠠᠨ ᠪᠦᠯᠦᠭ ᠬᠤᠪᠢᠶᠠᠵᠤ᠂ ᠶᠡᠷᠦᠩᠬᠡᠶ ᠲᠦᠷᠢᠮ᠂ ᠡᠩ᠎ᠤᠨ ᠲᠣᠭᠲᠠᠭ᠋ᠠᠯ᠂ ᠢᠲᠡᠭᠡᠮᠵᠢ ᠵᠢᠨ ᠦᠨᠡᠯᠡᠯᠲᠡ᠂ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠬᠡᠷᠡᠭᠯᠡᠬᠦ᠂ ᠬᠢᠨᠠᠯᠲᠠ ᠬᠠᠮᠢᠶᠠᠷᠤᠯᠲᠠ ᠂ ᠳᠠᠭ᠋ᠠᠯᠳᠤᠭᠤᠯᠤᠯ ᠲᠦᠷᠢᠮ᠎ᠢ ᠪᠠᠭᠲᠠᠭ᠋ᠠᠨ᠎ᠠ᠃ 《ᠠᠷᠭ᠎ᠠ》 ᠵᠢ  ᠲᠣᠭᠲᠠᠭ᠋ᠠᠭᠰᠠᠨ  ᠵᠣᠷᠢᠯᠭ᠎ᠠ ᠪᠠ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠠᠵᠢᠯ᠎ᠤᠨ ᠵᠠᠭᠪᠤᠷ᠂ ᠢᠲᠡᠭᠡᠮᠵᠢ ᠵᠢᠨ ᠮᠡᠳᠡᠭᠡ ᠵᠠᠩᠭᠢ ᠵᠢ ᠪᠦᠷᠢᠯᠳᠦᠭᠦᠯᠬᠦ ᠬᠢᠭᠡᠳ ᠴᠤᠭᠯᠠᠭᠤᠯᠬᠤ ᠠᠷᠭ᠎ᠠ ᠮᠠᠶᠢᠭ᠂ ᠢᠲᠡᠭᠡᠮᠵᠢ ᠵᠢᠨ ᠮᠡᠳᠡᠭᠡ ᠵᠠᠩᠭᠢ ᠵᠢ ᠬᠢᠨᠠᠨ ᠬᠠᠷᠭᠤᠭᠤᠯᠬᠤ᠂ ᠢᠯᠡ ᠨᠡᠶ᠋ᠢᠲᠡᠯᠡᠬᠦ᠂ ᠳᠠᠬᠢᠨ ᠬᠢᠨᠠᠬᠤ᠂ ᠢᠯᠡ ᠪᠣᠯᠭ᠋ᠠᠬᠤ ᠴᠠᠭ ᠬᠤᠭᠤᠴᠠᠭ᠎ᠠ᠂ ᠰᠡᠷᠭᠦᠭᠡᠬᠦ᠂ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠲᠡᠭᠡᠮᠵᠢ ᠵᠢ ᠦᠨᠡᠯᠡᠬᠦ ᠦᠶᠡᠯᠡᠯ᠂ ᠦᠨᠡᠯᠡᠬᠦ ᠠᠷᠭ᠎ᠠ᠂ ᠦᠨᠡᠯᠡᠭᠰᠡᠨ ᠦᠷ᠎ᠡ ᠳ᠋ᠦᠩ᠎ᠤᠨ ᠵᠡᠷᠭᠡ ᠳᠡᠰ᠎ᠢ ᠬᠤᠪᠢᠶᠠᠷᠢᠯᠠᠬᠤ᠂ ᠲᠥᠰᠥᠯ᠎ᠤᠨ ᠬᠠᠷᠢᠭᠤᠴᠠᠯᠭ᠋ᠠᠲᠠᠨ᠎ᠤ ᠢᠲᠡᠭᠡᠮᠵᠢ ᠵᠢ ᠦᠨᠡᠯᠡᠬᠦ ᠠᠷᠭ᠎ᠠ ᠵᠢᠴᠢ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠱᠠᠲᠤ ᠲᠥᠷᠥᠯ ᠬᠤᠪᠢᠶᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠵᠢ ᠲᠣᠳᠣᠷᠬᠠᠶ᠋ᠢᠯᠠᠨ ᠥᠭᠦᠯᠡᠪᠡ᠃

     ᠳᠥᠷᠪᠡ᠂ ᠲᠥᠷᠥ ᠵᠢᠨ ᠪᠣᠳᠣᠯᠭ᠎ᠠ ᠵᠢᠨ ᠣᠨᠴᠠᠯᠢᠭ

    (ᠨᠢᠭᠡ) ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠬᠦᠯᠢᠶᠡᠨ ᠠᠪᠤᠭᠰᠠᠨ ᠳᠠᠭ᠋ᠠᠭ᠋ᠠᠴᠢᠯᠠᠯᠲᠠ ᠵᠠᠷᠯᠠᠬᠤ ᠵᠢᠨ ᠣᠷᠣᠯᠠᠬᠤ ᠲᠤᠬᠠᠶ᠋ᠢᠯᠠᠭᠰᠠᠨ ᠠᠵᠢᠯ᠎ᠤᠨ ᠶᠣᠰᠣᠭ᠋ᠠᠷ ᠲᠣᠰ ᠲᠣᠰ ᠲᠥᠷᠥᠯ ᠵᠦᠢ᠍ᠯ᠎ᠤᠨ ᠳᠤᠭᠤᠶ᠋ᠢᠯᠠᠩ ᠪᠠᠶ᠋ᠢᠭᠤᠯᠵᠤ᠂ ᠲᠥᠰᠥᠯ᠎ᠤᠨ ᠬᠠᠷᠢᠭᠤᠴᠠᠯᠭ᠋ᠠᠲᠠᠨ᠎ᠤ ᠳᠦᠷᠢᠮ᠎ᠢ ᠬᠡᠷᠡᠭᠵᠢᠭᠦᠯᠦᠨ᠎ᠡ ᠭᠡᠵᠦ ᠲᠣᠳᠣᠷᠬᠠᠢ᠌ᠯᠠᠵᠠᠢ᠃

    (ᠬᠣᠶᠠᠷ) 《ᠬᠡᠨ ᠮᠠᠭ᠋ᠠᠳᠯᠠᠨ ᠲᠣᠭᠲᠠᠭ᠋ᠠᠭᠰᠠᠨ ᠪᠣᠯ ᠲᠡᠷᠡ ᠰᠡᠷᠭᠦᠭᠡᠨ ᠵᠠᠰᠠᠬᠤ》 ᠵᠠᠷᠴᠢᠮ ᠶᠣᠰᠣᠭ᠋ᠠᠷ᠂ ᠢᠲᠡᠭᠡᠮᠵᠢ ᠵᠢᠨ ᠮᠡᠳᠡᠭᠡ ᠵᠠᠩᠭᠢ ᠵᠢ ᠵᠠᠰᠠᠨ ᠰᠡᠷᠭᠦᠭᠡᠬᠦ ᠲᠦᠷᠢᠮ᠎ᠢ ᠪᠠᠶ᠋ᠢᠭᠤᠯᠬᠤ ᠵᠢ ᠲᠣᠳᠣᠷᠬᠠᠶ᠋ᠢᠯᠠᠪᠠ᠃ ᠢᠲᠡᠭᠡᠮᠵᠢ ᠠᠯᠳᠠᠭᠰᠠᠨ ᠮᠡᠳᠡᠭᠡ ᠵᠠᠩᠭᠢ ᠵᠢ ᠢᠯᠡ ᠨᠡᠢ᠌ᠲᠡᠯᠡᠬᠦ ᠬᠤᠭᠤᠴᠠᠭ᠋ᠠᠨ᠎ᠳᠤ᠂  ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ᠎ᠠᠴᠠ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠢᠯᠡ ᠨᠡᠶ᠋ᠢᠲᠡᠯᠡᠭᠰᠡᠨ ᠮᠡᠳᠡᠭᠡ ᠵᠠᠩᠭᠢ ᠵᠢ ᠵᠠᠰᠠᠨ ᠰᠡᠷᠭᠦᠭᠡᠭᠰᠡᠨ᠎ᠤ ᠳᠠᠷᠠᠭ᠎ᠠ᠂ ᠲᠤᠰ  ᠢᠨᠵᠧᠨᠧᠷᠢᠩ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠢᠴᠢᠭ ᠵᠶ᠋ᠠᠷ ᠮᠡᠳᠡᠭᠳᠡᠨ ᠬᠢᠨᠠᠯᠲᠠ ᠲᠠᠯᠪᠢᠬᠤ ᠬᠡᠷᠡᠭᠲᠡᠶ᠃

    (ᠭᠤᠷᠪᠠ)  ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠠᠵᠢᠯ ᠡᠷᠭᠢᠯᠡᠭᠰᠡᠳ᠎ᠤᠨ ᠠᠮᠵᠢᠯᠲᠠ ᠪᠦᠲᠦᠮᠵᠢ᠂ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠦᠢ᠍ᠯᠡᠴᠢᠯᠡᠭᠡᠨ᠎ᠤ ᠪᠠᠶ᠋ᠢᠳᠠᠯ᠎ᠢ ᠬᠤᠪᠢ ᠬᠥᠮᠦᠨ᠎ᠤ ᠢᠲᠡᠭᠡᠮᠵᠢ ᠵᠢᠨ ᠮᠡᠳᠡᠭᠡ ᠵᠠᠩᠭᠢ᠎ᠲᠤ ᠲᠡᠮᠳᠡᠭᠯᠡᠨ ᠣᠷᠣᠭᠤᠯᠵᠤ᠂ ᠨᠢᠭᠡᠴᠢ ᠬᠤᠪᠢᠷᠠᠪᠠᠯ ᠲᠡᠮᠳᠡᠭᠯᠡᠯ᠎ᠢ ᠦᠷᠭᠦᠯᠵᠢᠯᠡᠭᠦᠯᠦᠨ᠎ᠡ ᠭᠡᠵᠦ  ᠲᠣᠳᠣᠷᠬᠠᠢ᠌ᠯᠠᠵᠠᠢ᠃

    (ᠳᠥᠷᠪᠡ)  ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠲᠡᠭᠡᠮᠵᠢ ᠵᠢᠨ ᠦᠨᠡᠯᠡᠯᠲᠡ ᠵᠢᠨ ᠦᠶᠡᠯᠡᠯ᠎ᠤᠨ ᠬᠤᠭᠤᠴᠠᠭ᠎ᠠ᠎ᠨᠢ 1 ᠵᠢᠯ ᠪᠣᠯᠤᠨ᠎ᠠ᠂ ᠬᠥᠳᠡᠯᠦᠩᠭᠦᠶ ᠪᠠᠶ᠋ᠢᠳᠠᠯ᠎ᠤᠨ ᠬᠤᠪᠢ ᠲᠡᠮᠳᠡᠭᠯᠡᠬᠦ ᠲᠦᠷᠢᠮ᠎ᠢ ᠬᠡᠷᠡᠭᠵᠢᠭᠦᠯᠦᠨ᠎ᠡ; ᠲᠥᠰᠥᠯ᠎ᠤᠨ ᠬᠠᠷᠢᠭᠤᠴᠠᠯᠭ᠋ᠠᠲᠠᠨ ᠢᠲᠡᠭᠡᠮᠵᠢ ᠵᠢᠨ ᠮᠡᠳᠡᠭᠡ ᠵᠠᠩᠭᠢ ᠵᠢᠨ ᠬᠥᠳᠡᠯᠦᠩᠭᠦᠶ ᠪᠠᠶ᠋ᠢᠳᠠᠯ᠎ᠤᠨ ᠬᠤᠪᠢ ᠲᠡᠮᠳᠡᠭᠯᠡᠬᠦ ᠲᠦᠷᠢᠮ᠎ᠢ ᠬᠡᠷᠡᠭᠵᠢᠭᠦᠯᠵᠦ᠂ ᠨᠡᠶ᠋ᠢᠲᠡ ᠪᠤᠶᠤ ᠨᠢᠭᠡ ᠯᠡ ᠤᠳᠠᠭ᠎ᠠ᠎ᠳᠤ ᠲᠡᠮᠳᠡᠭᠯᠡᠭᠦᠯᠦᠭᠰᠡᠨ ᠬᠤᠪᠢ᠎ᠨᠢ ᠬᠢᠵᠠᠭ᠋ᠠᠷᠯᠠᠭᠰᠠᠨ ᠬᠤᠭᠤᠴᠠᠭ᠋ᠠᠨ᠎ᠳᠤ ᠬᠦᠷᠴᠦ᠂ ᠲᠡᠭᠦᠨ᠎ᠳᠤ ᠵᠣᠬᠢᠴᠠᠩᠭᠤᠶ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ ᠭᠡᠵᠦ ᠲᠣᠳᠣᠷᠬᠠᠢ᠌ᠯᠠᠵᠠᠢ᠃

    (ᠲᠠᠪᠤ) ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠰᠢᠯᠢᠳᠡᠭ (A)᠂ ᠰᠠᠶ᠋ᠢᠨ (B)᠂ ᠵᠢᠭ᠋ᠠᠬᠠᠨ ᠠᠨᠠᠶ (C)᠂ ᠠᠨᠠᠶ (D) ᠵᠡᠷᠭᠡ ᠳᠥᠷᠪᠡᠨ ᠳᠡᠰ ᠬᠤᠪᠢᠶᠠᠨ᠎ᠠ ᠭᠡᠵᠦ ᠲᠣᠳᠣᠷᠬᠠᠢ᠌ᠯᠠᠵᠠᠢ᠃

    (ᠵᠢᠷᠭᠤᠭ᠎ᠠ) ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠴᠢ ᠲᠡᠭᠦᠨ᠎ᠤ ᠲᠥᠰᠥᠯ᠎ᠤᠨ ᠬᠠᠷᠢᠭᠤᠴᠠᠯᠭ᠋ᠠᠲᠠᠨ᠎ᠤ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠦᠨᠳᠦᠰᠦᠯᠡᠨ ᠵᠣᠬᠢᠴᠠᠩᠭᠤᠶ ᠵᠥᠷᠢᠶᠡᠴᠢᠯᠡᠭᠰᠡᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ ᠭᠡᠵᠦ ᠲᠣᠳᠣᠷᠬᠠᠢ᠌ᠯᠠᠵᠠᠢ᠃

    (ᠳᠣᠯᠣᠭ᠎ᠠ) ᠭᠤᠣᠯᠳᠠᠯᠭ᠎ᠠ᠎ᠲᠠᠢ ᠬᠢᠨᠠᠨ ᠬᠠᠮᠢᠶᠠᠷᠬᠤ ᠢᠨᠵᠧᠨᠧᠷᠢᠩ ᠵᠶ᠋ᠠᠷ ᠵᠢᠭᠰᠠᠭ᠋ᠠᠨ ᠣᠷᠣᠭᠤᠯᠤᠭᠰᠠᠨ ᠪᠠᠶ᠋ᠢᠳᠠᠯ᠎ᠢ ᠲᠣᠳᠣᠷᠬᠠᠢ᠌ᠯᠠᠵᠠᠢ᠂ ᠨᠢᠭᠡ᠎ᠳᠤ ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠨᠢ ᠠᠨᠠᠢ (D) ᠮᠥᠷᠲᠡᠭᠡᠨ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠤᠨ ᠬᠦᠴᠦᠨ᠎ᠲᠠᠢ ᠬᠤᠭᠤᠴᠠᠭ᠋ᠠᠨ ᠳᠣᠲᠣᠷ᠎ᠠ᠂ ᠳᠠᠭ᠋ᠠᠭ᠋ᠠᠴᠢᠯᠠᠯᠲᠠ ᠵᠠᠷᠯᠠᠭᠴᠢ᠎ᠠᠴᠠ ᠲᠡᠭᠦᠨ᠎ᠢ ᠨᠠᠶ᠋ᠢᠳᠠᠵᠤ ᠣᠷᠣᠯᠠᠭᠤᠯᠤᠭᠰᠠᠨ ᠢᠨᠵᠧᠨᠧᠷᠢᠩ; ᠬᠣᠶᠠᠷ᠎ᠲᠤ ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠵᠢᠨ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠥᠪᠡᠷ᠎ᠤᠨ ᠥᠷᠲᠡᠭ᠎ᠤᠨ ᠦᠨ᠎ᠡ ᠬᠠᠩᠰᠢ᠎ᠠᠴᠠ ᠢᠯᠡᠷᠬᠡᠶ ᠳᠣᠤᠷ᠎ᠠ ᠪᠠᠶ᠋ᠢᠬᠤ ᠢᠨᠵᠧᠨᠧᠷᠢᠩ᠃

     ᠲᠠᠢ᠌ᠯᠪᠤᠷᠢᠯᠠᠭᠴᠢ᠄ ᠯᠢ ᠱᠤᠸᠠᠢ

     ᠬᠠᠷᠢᠯᠴᠠᠬᠤ ᠤᠲᠠᠰᠤ᠄ 6944410

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ