ᠥᠰᠥᠭ ᠪᠢᠴᠢᠭ᠎ᠤᠨ ᠲᠠᠢ᠌ᠯᠤᠮᠵᠢ᠄ 《ᠪᠠᠷᠢᠯᠭ᠎ᠠ ᠵᠢᠨ ᠠᠵᠤ ᠦᠢ᠍ᠯᠡᠳᠪᠦᠷᠢᠵᠢᠭᠦᠯᠦᠯᠲᠡ᠂ ᠲᠣᠭ᠋ᠠᠴᠢᠯᠠᠯᠲᠠ᠂ ᠪᠣᠬᠢᠷᠲᠤᠯ ᠦᠭᠡᠢ ᠬᠦᠭᠵᠢᠯᠳᠡ ᠵᠢᠨ ᠠᠵᠢᠯ᠎ᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
2024-11-13

     ᠨᠢᠭᠡ᠂ ᠨᠡᠢ᠌ᠲᠡᠯᠡᠭᠰᠡᠨ ᠠᠬᠤᠢ ᠪᠠᠢ᠌ᠳᠠᠯ

     ᠪᠠᠷᠢᠯᠭ᠎ᠠ ᠵᠢᠨ ᠬᠦᠷᠢᠶᠡᠨ᠎ᠤ ᠬᠡᠯᠪᠡᠷᠢ ᠬᠤᠪᠢᠷᠠᠭᠤᠯᠤᠨ ᠳᠡᠰ ᠳᠡᠪᠰᠢᠬᠦ ᠪᠠ ᠴᠢᠨᠠᠷ ᠰᠠᠢ᠌ᠲᠠᠢ ᠬᠦᠭᠵᠢᠯᠳᠡ ᠵᠢ ᠠᠬᠢᠭᠤᠯᠵᠤ᠂ ᠪᠠᠷᠢᠯᠭ᠎ᠠ ᠵᠢᠨ ᠠᠵᠤ ᠦᠢ᠍ᠯᠡᠳᠪᠦᠷᠢᠵᠢᠯᠲᠡ᠂ ᠲᠣᠭ᠋ᠠᠴᠢᠯᠠᠯᠲᠠ᠂ ᠪᠣᠬᠢᠷᠲᠤᠯ ᠦᠭᠡᠢ ᠬᠥᠭᠵᠢᠯᠲᠡ ᠵᠢᠨ ᠠᠭᠤᠰᠤᠯᠳᠤᠯ᠎ᠢ ᠠᠬᠢᠭᠤᠯᠵᠤ᠂ ᠠᠵᠤ ᠦᠢ᠍ᠯᠡᠳᠪᠦᠷᠢᠵᠢᠯᠲᠡ ᠵᠢᠨ ᠦᠢ᠍ᠯᠡᠳᠪᠦᠷᠢᠯᠡᠯ᠎ᠤᠨ ᠠᠷᠭ᠎ᠠ ᠮᠠᠶᠢᠭ᠎ᠤᠨ ᠦᠷ᠎ᠡ ᠠᠰᠢᠭ᠎ᠢ ᠳᠡᠭᠡᠭᠰᠢᠯᠡᠭᠦᠯᠵᠦ᠂ ᠲᠣᠭ᠋ᠠᠵᠢᠭᠤᠯᠬᠤ ᠠᠷᠭ᠎ᠠ ᠪᠠᠷᠢᠯ ᠵᠶ᠋ᠠᠷ ᠬᠠᠮᠢᠶᠠᠷᠤᠯᠲᠠ ᠵᠢ ᠰᠢᠯᠢᠳᠡᠭᠵᠢᠭᠦᠯᠵᠦ᠂ ᠪᠣᠬᠢᠷᠲᠤᠯ ᠦᠭᠡᠢ ᠬᠦᠭᠵᠢᠯᠳᠡ ᠵᠢᠨ ᠣᠨᠣᠯᠵᠢᠬᠤᠨ ᠵᠶ᠋ᠠᠷ ᠦᠷᠭᠦᠯᠵᠢᠯᠡᠨ ᠬᠦᠭᠵᠢᠭᠦᠯᠬᠦ ᠵᠢ ᠠᠬᠢᠭᠤᠯᠤᠨ᠂ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠢ᠌ᠲᠠᠢ᠂ ᠦᠷ᠎ᠡ ᠠᠰᠢᠭ ᠥᠨᠳᠥᠷ᠂ ᠬᠣᠷᠣᠭᠳᠠᠯ ᠪᠠᠭ᠎ᠠ᠂ ᠭᠠᠳᠠᠭᠰᠢᠯᠠᠭᠤᠯᠤᠯᠲᠠ ᠪᠠᠭ᠎ᠠ ᠴᠢᠭᠯᠡᠯ ᠳᠠᠰᠢ ᠬᠥᠭᠵᠢᠬᠦ ᠵᠢ ᠠᠬᠢᠭᠤᠯᠬᠤ ᠵᠢᠨ ᠲᠦᠯᠦᠭᠡ᠂ 《ᠪᠠᠷᠢᠯᠭ᠎ᠠ ᠵᠢᠨ ᠠᠵᠤ ᠦᠢ᠍ᠯᠡᠳᠪᠦᠷᠢᠵᠢᠭᠦᠯᠦᠯᠲᠡ᠂ ᠲᠣᠭ᠋ᠠᠴᠢᠯᠠᠯᠲᠠ᠂ ᠪᠣᠬᠢᠷᠲᠤᠯ ᠦᠭᠡᠢ ᠬᠦᠭᠵᠢᠯᠳᠡ ᠵᠢᠨ ᠠᠵᠢᠯ᠎ᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃

     ᠬᠣᠶᠠᠷ᠂ ᠦᠨᠳᠦᠰᠦᠨ ᠪᠣᠷᠣ ᠲᠥᠯᠥᠪ

    《ᠮᠡᠳᠡᠭᠳᠡᠯ》᠎ᠳᠤ᠂ ᠶᠡᠷᠦᠩᠬᠡᠢ ᠱᠠᠭ᠋ᠠᠷᠳᠠᠯᠭ᠎ᠠ᠂ ᠭᠣᠣᠯ ᠡᠭᠦᠷᠭᠡ᠂ ᠭᠣᠣᠯᠳᠠᠯᠭ᠎ᠠ᠎ᠲᠠᠢ ᠠᠵᠢᠯ᠂ ᠲᠤᠷᠰᠢᠯᠲᠠ ᠵᠢᠨ ᠠᠵᠢᠯ  ᠥᠷᠨᠢᠭᠦᠯᠬᠦ ᠪᠠ ᠠᠵᠢᠯ᠎ᠤᠨ ᠱᠠᠭ᠋ᠠᠷᠳᠠᠯᠭ᠎ᠠ ᠭᠡᠵᠦ ᠨᠡᠶ᠋ᠢᠲᠡ ᠲᠠᠪᠤᠨ ᠬᠡᠰᠡᠭ ᠬᠤᠪᠢᠶᠠᠨ᠎ᠠ᠃ ᠭᠣᠣᠯ ᠡᠭᠦᠷᠭᠡ᠎ᠳᠤ᠂ ᠪᠠᠷᠢᠯᠭ᠎ᠠ ᠵᠢᠨ ᠬᠦᠷᠢᠶᠡᠨ᠎ᠤ ᠠᠵᠤ ᠦᠢ᠍ᠯᠡᠳᠪᠦᠷᠢᠵᠢᠯᠲᠡ ᠵᠢᠨ ᠬᠥᠭᠵᠢᠯᠲᠡ ᠵᠢ ᠠᠬᠢᠭᠤᠯᠬᠤ᠂ ᠪᠠᠷᠢᠯᠭ᠎ᠠ ᠵᠢᠨ ᠬᠦᠷᠢᠶᠡᠨ᠎ᠤ ᠲᠣᠭ᠋ᠠᠴᠢᠯᠠᠭᠰᠠᠨ ᠬᠥᠭᠵᠢᠯᠲᠡ ᠵᠢ ᠠᠬᠢᠭᠤᠯᠬᠤ᠂ ᠪᠠᠷᠢᠯᠭ᠎ᠠ ᠵᠢᠨ ᠬᠦᠷᠢᠶᠡᠨ᠎ᠤ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠵᠡᠷᠭᠡ ᠭᠤᠷᠪᠠᠨ ᠵᠦᠢ᠍ᠯ ᠪᠠᠭᠳᠠᠭ᠋ᠠᠨ᠎ᠠ᠃ ᠭᠣᠣᠯᠳᠠᠯᠭ᠎ᠠ᠎ᠲᠠᠢ ᠠᠵᠢᠯ᠎ᠳᠤ᠂ ᠲᠣᠨᠣᠭᠯᠠᠭ᠋ᠠᠰᠤ ᠪᠠ ᠤᠭᠰᠠᠷᠠᠭ᠎ᠠ ᠲᠣᠨᠣᠭ᠎ᠤᠨ ᠦᠢ᠍ᠯᠡᠳᠪᠦᠷᠢᠯᠡᠯ᠎ᠢ ᠰᠢᠯᠢᠳᠡᠭᠵᠢᠭᠦᠯᠬᠦ᠂ ᠪᠣᠬᠢᠷᠲᠤᠯ ᠦᠭᠡᠢ ᠪᠦᠲᠦᠭᠡᠨ ᠪᠠᠢ᠌ᠭᠤᠯᠤᠯᠲᠠ ᠵᠢᠨ ᠮᠡᠷᠭᠡᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠪᠠᠷᠢᠯᠭ᠎ᠠ ᠵᠢᠨ ᠮᠡᠳᠡᠭᠡ ᠵᠠᠩᠭᠢ ᠵᠢᠨ ᠵᠠᠭᠪᠤᠷ (BIM)᠎ᠤᠨ ᠮᠡᠷᠭᠡᠵᠢᠯ᠎ᠤᠨ ᠪᠥᠬᠥ ᠶᠠᠪᠤᠴᠠ ᠵᠢᠨ ᠬᠡᠷᠡᠭᠯᠡᠯᠲᠡ ᠵᠢ ᠳᠡᠯᠭᠡᠷᠡᠭᠦᠯᠬᠦ᠂ ᠣᠶᠤᠨᠴᠢ ᠪᠦᠲᠦᠭᠡᠨ ᠪᠠᠢ᠌ᠭᠤᠯᠤᠯᠲᠠ ᠵᠢᠨ ᠮᠡᠷᠭᠡᠵᠢᠯ᠎ᠤᠨ ᠬᠥᠭᠵᠢᠯᠲᠡ ᠵᠢ ᠠᠬᠢᠭᠤᠯᠬᠤ᠂ AI ᠮᠡᠷᠭᠡᠵᠢᠯ᠎ᠤᠨ ᠬᠡᠷᠡᠭᠯᠡᠯᠲᠡ ᠵᠢ ᠰᠦᠪᠡᠭᠴᠢᠯᠡᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠯᠭ᠎ᠠ ᠵᠢ ᠬᠥᠭᠵᠢᠭᠦᠯᠬᠦ᠂ ᠪᠠᠷᠢᠯᠭ᠎ᠠ᠎ᠳᠤ ᠬᠡᠷᠡᠭᠯᠡᠬᠦ ᠡᠨᠧᠷᠭᠢ ᠵᠢᠨ ᠪᠦᠲᠦᠴᠡ ᠵᠢ ᠰᠢᠯᠢᠳᠡᠭᠵᠢᠭᠦᠯᠬᠦ ᠵᠡᠷᠭᠡ ᠲᠤᠯᠤᠭ᠋ᠠᠨ ᠵᠦᠢ᠍ᠯ ᠪᠠᠭᠳᠠᠭ᠋ᠠᠨ᠎ᠠ᠃ ᠲᠤᠷᠰᠢᠯᠲᠠ ᠵᠢᠨ  ᠠᠵᠢᠯ᠎ᠢ ᠥᠷᠨᠢᠭᠦᠯᠬᠦ᠎ᠳᠤ᠂ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠤᠨ ᠱᠠᠭ᠋ᠠᠷᠳᠠᠯᠭ᠎ᠠ᠂ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠠᠭᠤᠯᠭ᠎ᠠ ᠪᠠ ᠲᠤᠷᠰᠢᠯᠲᠠ ᠵᠢᠨ ᠴᠡᠭ᠎ᠤᠨ ᠲᠦᠷᠦᠯ ᠵᠦᠢ᠍ᠯ᠎ᠤᠨ ᠭᠤᠶᠤᠴᠢᠯᠠᠨ ᠮᠡᠳᠡᠭᠦᠯᠬᠦ ᠲᠡᠰ ᠲᠠᠷᠠᠭ᠋ᠠᠯᠠᠯ᠎ᠢ ᠲᠤᠳᠤᠷᠬᠠᠢ᠌ᠯᠠᠵᠠᠢ᠃ ᠠᠵᠢᠯ᠎ᠤᠨ ᠱᠠᠭ᠋ᠠᠷᠳᠠᠯᠭ᠎ᠠ᠎ᠳᠤ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠵᠤ᠂ ᠮᠥᠷᠳᠡᠨ ᠦᠢ᠍ᠯᠡᠴᠢᠯᠡᠬᠦ ᠵᠢ ᠴᠢᠩᠭ᠋ᠠᠳᠬᠠᠵᠤ᠂ ᠳᠡᠯᠭᠡᠷᠡᠭᠦᠯᠬᠦ ᠡᠷᠴᠢᠮ᠎ᠢ ᠴᠢᠩᠭ᠋ᠠᠷᠠᠭᠤᠯᠤᠨ᠎ᠠ ᠭᠡᠵᠦ ᠳᠤᠷᠠᠳᠤᠨ ᠭᠠᠷᠭ᠋ᠠᠪᠠ᠃

     ᠭᠤᠷᠪᠠ᠂ ᠣᠨᠴᠠᠯᠢᠭ ᠵᠢᠴᠢ ᠭᠢᠯᠠᠰ ᠴᠡᠭ

     ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢ ᠠᠵᠤ ᠦᠢ᠍ᠯᠡᠳᠪᠦᠷᠢᠵᠢᠭᠦᠯᠬᠦ᠂ ᠲᠣᠭ᠋ᠠᠵᠢᠭᠤᠯᠬᠤ᠂ ᠪᠣᠬᠢᠷᠲᠤᠯ ᠦᠭᠡᠢ ᠬᠦᠭᠵᠢᠯᠳᠡ ᠵᠢᠨ ᠲᠤᠷᠰᠢᠯᠲᠠ ᠵᠢᠨ ᠴᠡᠭ᠎ᠤᠨ ᠢᠨᠵᠧᠨᠧᠷᠢᠩ᠎ᠤᠨ ᠲᠥᠷᠥᠯ ᠵᠦᠢ᠍ᠯ᠎ᠢ ᠦᠷᠨᠢᠭᠦᠯᠦᠨ᠎ᠡ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠂ ᠲᠣᠮᠣ ᠬᠡᠯᠪᠡᠷᠢ ᠵᠢᠨ ᠣᠯᠠᠨ ᠨᠡᠶ᠋ᠢᠲᠡ ᠵᠢᠨ ᠪᠠᠷᠢᠯᠭ᠎ᠠ᠎ᠪᠠᠷ ᠭᠣᠣᠯᠳᠠᠯᠭ᠎ᠠ ᠪᠣᠯᠭ᠋ᠠᠨ᠂ ᠪᠤᠰᠤᠳ ᠨᠡᠢ᠌ᠭᠡᠮ᠎ᠤᠨ ᠲᠥᠷᠥᠯ ᠵᠦᠢ᠍ᠯ᠎ᠢ ᠮᠦᠷᠳᠡᠵᠦ᠂ ᠪᠠᠷᠢᠯᠭ᠎ᠠ ᠵᠢᠨ ᠠᠵᠤ ᠦᠢ᠍ᠯᠡᠳᠪᠦᠷᠢᠵᠢᠯᠲᠡ᠂ ᠲᠣᠭ᠋ᠠᠴᠢᠯᠠᠯᠲᠠ᠂ ᠪᠣᠬᠢᠷᠲᠤᠯ ᠦᠭᠡᠢ ᠮᠡᠷᠭᠡᠵᠢᠯ᠎ᠤᠨ ᠰᠢᠨ᠎ᠡ ᠵᠢ ᠡᠭᠦᠳᠬᠦ ᠬᠤᠷᠠᠮᠠᠯ ᠬᠡᠷᠡᠭᠯᠡᠭᠡ ᠵᠢ ᠠᠬᠢᠭᠤᠯᠵᠤ᠂ ᠴᠢᠨᠠᠷ ᠰᠠᠢ᠌ᠲᠠᠢ ᠰᠢᠨ᠎ᠡ ᠵᠢ ᠡᠭᠦᠳᠬᠦ ᠢᠨᠵᠧᠨᠧᠷᠢᠩ᠎ᠤᠨ ᠬᠥᠭᠵᠢᠯᠲᠡ ᠵᠢ ᠬᠥᠲᠥᠯᠥᠨ ᠳᠠᠭ᠋ᠠᠭᠤᠯᠬᠤ ᠵᠢ ᠠᠬᠢᠭᠤᠯᠤᠨ᠎ᠠ᠃ ᠡᠭᠦᠨ᠎ᠤ ᠬᠠᠮᠲᠤ A ᠳᠡᠰ ᠵᠢᠴᠢ ᠲᠡᠭᠦᠨ᠎ᠠᠴᠠ ᠳᠡᠭᠡᠭᠰᠢᠬᠢ ᠤᠭᠰᠠᠷᠠᠮᠠᠯ ᠮᠠᠶᠢᠭ᠎ᠤᠨ ᠪᠠᠷᠢᠯᠭ᠎ᠠ᠎ᠳᠤ ᠨᠡᠢ᠌ᠴᠡᠵᠦ᠂ ᠵᠢᠷᠤᠭ ᠲᠥᠯᠥᠪᠯᠡᠭᠡ᠂ ᠪᠠᠷᠢᠯᠭ᠎ᠠ᠂ ᠡᠵᠡᠩᠨᠡᠯᠲᠡ ᠵᠢᠨ ᠶᠠᠮᠠᠷ ᠨᠢᠭᠡᠨ ᠱᠠᠲᠤᠨ᠎ᠳᠤ ᠲᠣᠭ᠋ᠠᠴᠢᠯᠠᠭᠰᠠᠨ ᠮᠡᠷᠭᠡᠵᠢᠯ᠎ᠢ ᠬᠡᠷᠡᠭᠯᠡᠵᠦ᠂ ᠨᠢᠭᠡ ᠣᠳᠣᠨ ᠲᠠᠰ ᠵᠢᠴᠢ ᠲᠡᠭᠦᠨ᠎ᠠᠴᠠ ᠳᠡᠭᠡᠭᠰᠢᠬᠢ ᠪᠣᠬᠢᠷᠲᠤᠯ ᠦᠭᠡᠢ ᠪᠠᠷᠢᠯᠭ᠎ᠠ ᠵᠢᠨ ᠢᠨᠵᠧᠨᠧᠷᠢᠩ᠎ᠤᠨ ᠲᠥᠷᠥᠯ ᠵᠦᠢ᠍ᠯ ᠪᠤᠶᠤ AA ᠲᠠᠰ ᠵᠢᠴᠢ ᠲᠡᠭᠦᠨ᠎ᠠᠴᠠ ᠳᠡᠭᠡᠭᠰᠢᠬᠢ ᠤᠭᠰᠠᠷᠠᠮᠠᠯ ᠮᠠᠶᠢᠭ᠎ᠤᠨ ᠪᠠᠷᠢᠯᠭ᠎ᠠ᠂ ᠪᠠᠷᠢᠯᠭ᠎ᠠ ᠵᠢᠨ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠳᠤ ᠬᠡᠷᠡᠭᠯᠡᠬᠦ ᠲᠣᠭ᠋ᠠᠴᠢᠯᠠᠭᠰᠠᠨ ᠮᠡᠷᠭᠡᠵᠢᠯ᠂ ᠬᠣᠶᠠᠷ ᠣᠳᠣᠨ ᠲᠠᠰ ᠵᠢᠴᠢ ᠲᠡᠭᠦᠨ᠎ᠠᠴᠠ ᠳᠡᠭᠡᠭᠰᠢᠬᠢ ᠪᠣᠬᠢᠷᠲᠤᠯ ᠦᠭᠡᠢ ᠪᠠᠷᠢᠯᠭ᠎ᠠ ᠵᠢᠨ ᠳᠣᠲᠣᠷᠠᠬᠢ ᠨᠢᠭᠡ ᠵᠦᠢ᠍ᠯ᠎ᠤᠨ ᠭᠦᠢ᠍ᠴᠡᠳᠬᠡᠯ ᠲᠣᠭ᠎ᠠ᠎ᠳᠤ ᠨᠡᠢ᠌ᠴᠡᠭᠰᠡᠨ ᠢᠨᠵᠧᠨᠧᠷᠢᠩ᠎ᠤᠨ ᠲᠥᠷᠥᠯ ᠵᠦᠢ᠍ᠯ ᠪᠠᠢ᠌ᠭᠤᠯᠵᠤ ᠪᠠᠢ᠌ᠭ᠎ᠠ ᠵᠦᠢ᠍ᠯᠡᠰ᠎ᠢ ᠤᠷᠢᠳᠴᠢᠯᠠᠨ ᠦᠨᠡᠯᠡᠬᠦ᠎ᠪᠠᠷ ᠳᠠᠮᠵᠢᠭ᠋ᠠᠳ ᠨᠥᠬᠥᠴᠡᠯ᠎ᠳᠤ ᠨᠡᠢ᠌ᠴᠡᠵᠦ᠂ ᠨᠢᠭᠡᠨᠲᠡ ᠪᠠᠷᠢᠵᠤ ᠳᠠᠭᠤᠰᠬᠠᠭᠰᠠᠨ ᠵᠦᠢ᠍ᠯᠡᠰ᠎ᠢ ᠦᠨᠡᠯᠡᠬᠦ᠎ᠪᠠᠷ ᠳᠠᠮᠵᠢᠭ᠋ᠠᠳ ᠨᠥᠬᠥᠴᠡᠯ᠎ᠳᠤ ᠨᠡᠢ᠌ᠴᠡᠭᠰᠡᠨ ᠪᠠᠢ᠌ᠪᠠᠯ᠂ ᠴᠥᠮ ᠲᠤᠷᠰᠢᠯᠲᠠ ᠵᠢᠨ ᠲᠦᠷᠦᠯ ᠵᠦᠢ᠍ᠯ ᠵᠶ᠋ᠡᠷ ᠭᠤᠶᠤᠴᠢᠯᠠᠵᠤ ᠪᠣᠯᠣᠨ᠎ᠠ᠃ ᠨᠢᠭᠡᠨᠳᠡ ᠲᠣᠭᠲᠠᠭ᠋ᠠᠭᠰᠠᠨ ᠲᠤᠷᠰᠢᠯᠲᠠ ᠵᠢᠨ ᠴᠡᠭ᠎ᠤᠨ ᠪᠠᠷᠢᠯᠭ᠎ᠠ ᠵᠢᠨ ᠲᠦᠷᠦᠯ ᠵᠦᠢ᠍ᠯ᠎ᠤᠨ ᠨᠡᠷᠡᠰ᠎ᠢ ᠨᠡᠢ᠌ᠭᠡᠮ ᠨᠡᠶ᠋ᠢᠲᠡ᠎ᠳᠤ ᠢᠯᠡ᠎ᠪᠠᠷ ᠨᠡᠢ᠌ᠲᠡᠯᠡᠨ᠎ᠡ᠃

     ᠲᠠᠢ᠌ᠯᠤᠮᠵᠢ ᠬᠢᠭᠴᠢ᠄ ᠸᠠᠩ ᠯᠢ ᠵᠢᠶᠦ᠋ᠨ

     ᠬᠠᠷᠢᠯᠴᠠᠬᠤ ᠬᠡᠯᠪᠡᠷᠢ᠄ 0471-6944435

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ