ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠥᠷ ᠮᠣᠩᠭᠣᠯ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠲᠤᠷᠠᠨ 《ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠡᠷ ᠬᠥᠭᠵᠢᠬᠦ ᠵᠢ ᠤᠯᠠᠮ ᠨᠢᠭᠡ ᠠᠯᠬᠤᠮ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠭ᠎ᠠ ᠬᠡᠮᠵᠢᠶ᠎ᠡ᠎ᠨᠦᠭᠦᠳ》 (ᠲᠤᠷᠤᠭᠰᠢ 《ᠠᠷᠭ᠎ᠠ ᠬᠡᠮᠵᠢᠶ᠎ᠡ》 ᠭᠡᠵᠦ ᠲᠤᠪᠴᠢᠯᠠᠨ᠎ᠠ)᠎ᠢ ᠲᠠᠷᠤᠮᠠᠯᠯᠠᠨ ᠲᠠᠷᠬᠠᠭ᠋ᠠᠪᠠ᠃ ᠡᠳᠦᠭᠡ ᠬᠣᠯᠪᠣᠭᠳᠠᠯ ᠪᠦᠬᠦᠢ ᠠᠭᠤᠯᠭ᠎ᠠ ᠵᠢᠨ ᠲᠤᠬᠠᠢ ᠳᠣᠣᠷᠠᠬᠢ ᠮᠡᠲᠦ ᠲᠠᠢ᠌ᠯᠤᠮᠵᠢ ᠬᠢᠶ᠎ᠡ᠃
ᠨᠢᠭᠡ᠂ ᠨᠡᠢ᠌ᠲᠡᠯᠡᠭᠰᠡᠨ ᠠᠬᠤᠢ ᠪᠠᠢ᠌ᠳᠠᠯ
2024 ᠣᠨ᠎ᠤ 9 ᠳ᠋ᠤᠭᠡᠷ ᠰᠠᠷ᠎ᠠ ᠵᠢᠨ 26᠎ᠤ ᠡᠳᠦᠷ᠂ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠬᠤᠷᠠᠯ᠎ᠠᠴᠠ 《ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠬᠤ ᠵᠢ ᠵᠣᠭᠰᠣᠭ᠋ᠠᠵᠤ ᠳᠠᠬᠢᠨ ᠲᠣᠭᠲᠠᠪᠤᠷᠢᠵᠢᠭᠤᠯᠬᠤ ᠵᠢ ᠠᠬᠢᠭᠤᠯᠬᠤ》 ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠭᠠᠷᠭ᠋ᠠᠪᠠ᠃ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ ᠵᠡᠷᠭᠡ ᠤᠯᠤᠰ᠎ᠤᠨ ᠶᠠᠮᠤᠨ ᠵᠦᠪᠯᠡᠯ ᠬᠤᠳᠠᠯᠳᠤᠨ ᠠᠪᠬᠤ ᠵᠢ ᠬᠢᠵᠠᠭ᠋ᠠᠷᠯᠠᠬᠤ ᠂ ᠬᠤᠳᠠᠯᠳᠤᠬᠤ ᠵᠢ ᠬᠢᠵᠠᠭ᠋ᠠᠷᠯᠠᠬᠤ ᠂ ᠦᠨ᠎ᠡ ᠬᠠᠩᠰᠢ ᠵᠢ ᠬᠢᠵᠠᠭ᠋ᠠᠷᠯᠠᠬᠤ ᠵᠢ ᠬᠦᠴᠦᠨ ᠦᠭᠡᠢ ᠪᠣᠯᠭ᠋ᠠᠬᠤ ᠂ ᠠᠩᠬ᠎ᠠ ᠲᠤᠰᠢᠶᠠᠬᠤ ᠵᠣᠭᠣᠰ᠎ᠤᠨ ᠬᠠᠷᠢᠴᠠᠯ ᠪᠠ ᠵᠢᠭᠡᠯᠡᠯᠭᠡ ᠵᠢᠨ ᠬᠦᠦ ᠮᠥᠩᠭᠥ ᠵᠢᠨ ᠨᠤᠷᠮ᠎ᠠ ᠵᠢ ᠪᠠᠭᠤᠷᠠᠭᠤᠯᠬᠤ ᠵᠡᠷᠭᠡ ᠠᠯᠢ ᠤᠯᠠᠨ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠡᠢ᠌ᠲᠡᠯᠡᠵᠦ ᠂ ᠣᠷᠣᠨ ᠰᠠᠭᠤᠴᠠ ᠵᠢᠨ ᠵᠠᠢ᠌ᠯᠠᠰᠢ ᠦᠭᠡᠢ ᠴᠢᠨᠠᠷ ᠪᠠ ᠰᠠᠢ᠌ᠵᠢᠷᠠᠭᠤᠯᠤᠯᠲᠠ ᠵᠢᠨ ᠴᠢᠨᠠᠷᠲᠠᠢ ᠬᠡᠷᠡᠭᠴᠡᠭᠡ ᠵᠢ ᠲᠡᠮᠵᠢᠵᠤ ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠬᠤ ᠵᠢ ᠵᠣᠭᠰᠣᠭ᠋ᠠᠵᠤ ᠲᠠᠬᠢᠨ ᠲᠣᠭᠲᠠᠪᠤᠷᠢᠵᠢᠭᠤᠯᠬᠤ ᠵᠢ ᠲᠦᠯᠬᠢᠨ ᠠᠬᠢᠭᠤᠯᠪᠠ ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠬᠠᠷᠢᠴᠠᠭ᠎ᠠ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠰᠢᠨ᠎ᠡ ᠪᠠᠢ᠌ᠳᠠᠯ᠎ᠳᠤ ᠵᠣᠬᠢᠴᠠᠭᠤᠯᠬᠤ ᠵᠢᠨ ᠲᠤᠰᠠᠳᠠ᠂ ᠮᠠᠨ᠎ᠤ ᠣᠷᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠥᠭᠵᠢᠯᠲᠡ ᠵᠢᠨ ᠪᠣᠳᠠᠲᠠᠢ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠠᠴᠠ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠰ 《ᠠᠷᠭ᠎ᠠ ᠬᠡᠮᠵᠢᠶ᠎ᠡ》 ᠵᠢ ᠲᠣᠭᠲᠠᠭ᠋ᠠᠵᠤ ᠳᠠᠷᠤᠮᠠᠯᠯᠠᠨ ᠲᠠᠷᠬᠠᠭ᠋ᠠᠪᠠ᠃
ᠬᠣᠶᠠᠷ᠂ ᠲᠥᠷᠥ ᠵᠢᠨ ᠪᠣᠳᠣᠯᠭ᠎ᠠ ᠵᠢᠨ ᠭᠢᠯᠠᠰ ᠴᠡᠭ
ᠡᠯ᠎ᠡ ᠠᠢ᠌ᠮᠠᠭ ᠬᠣᠲᠠ ᠵᠢᠨ ᠬᠤᠳᠠᠯᠳᠤᠨ ᠠᠪᠬᠤ ᠵᠢ ᠬᠢᠵᠠᠭ᠋ᠠᠷᠯᠠᠬᠤ᠂ ᠬᠤᠳᠠᠯᠳᠤᠬᠤ ᠵᠢ ᠬᠢᠵᠠᠭ᠋ᠠᠷᠯᠠᠬᠤ᠂ ᠦᠨ᠎ᠡ ᠵᠢ ᠬᠢᠵᠠᠭ᠋ᠠᠷᠯᠠᠬᠤ ᠵᠡᠷᠭᠡ ᠬᠢᠵᠠᠭ᠋ᠠᠷᠯᠠᠬᠤ ᠴᠢᠨᠠᠷᠲᠠᠢ ᠲᠥᠷᠥ ᠵᠢᠨ ᠪᠣᠳᠣᠯᠭ᠎ᠠ᠎ᠪᠠᠨ ᠰᠢᠯᠢᠳᠡᠭᠵᠢᠭᠦᠯᠦᠨ ᠲᠣᠬᠢᠷᠠᠭᠤᠯᠬᠤ ᠵᠢ ᠳᠡᠮᠵᠢᠵᠦ᠂ ᠭᠡᠷ ᠪᠠᠢ᠌ᠰᠢᠩ ᠬᠤᠳᠠᠯᠳᠤᠨ ᠠᠪᠬᠤ ᠨᠥᠬᠥᠴᠡᠯ᠎ᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠡᠯ᠎ᠡ ᠭᠠᠵᠠᠷ᠎ᠤᠨ ᠰᠢᠨ᠎ᠡ᠎ᠪᠠᠷ ᠲᠠᠷᠬᠠᠭ᠋ᠠᠬᠤ ᠬᠤᠳᠠᠯᠳᠤᠭ᠋ᠠᠨ᠎ᠤ ᠴᠢᠨᠠᠷᠲᠠᠢ ᠬᠤᠪᠢ ᠬᠥᠮᠥᠨ᠎ᠤ ᠣᠷᠣᠨ ᠰᠠᠭᠤᠴᠠ ᠵᠢᠨ ᠵᠢᠭᠡᠯᠡᠯᠭᠡ ᠵᠢᠨ ᠠᠩᠬ᠎ᠠ ᠲᠤᠰᠢᠶᠠᠬᠤ ᠵᠣᠭᠣᠰ᠎ᠤᠨ ᠬᠠᠷᠢᠴᠠᠯ᠎ᠳᠤ ᠲᠣᠬᠢᠷᠠᠭᠤᠯᠤᠯᠲᠠ ᠬᠢᠬᠦ ᠵᠢ ᠳᠡᠮᠵᠢᠵᠦ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠵᠢᠭᠡᠯᠡᠯᠭᠡ ᠵᠢᠨ ᠬᠠᠮᠤᠭ᠎ᠤᠨ ᠥᠨᠳᠥᠷ ᠲᠣᠭ᠎ᠠ ᠬᠡᠮᠵᠢᠶ᠎ᠡ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢ ᠰᠢᠨ᠎ᠡ᠎ᠪᠠᠷ ᠪᠠᠢ᠌ᠭᠤᠯᠤᠭᠰᠠᠨ ᠤᠷᠢᠳᠴᠢᠯᠠᠨ ᠬᠤᠳᠠᠯᠳᠤᠬᠤ ᠲᠠᠸᠠᠷ᠎ᠤᠨ ᠣᠷᠣᠨ ᠰᠠᠭᠤᠴᠠ ᠵᠢᠨ ᠠᠩᠬ᠎ᠠ ᠲᠤᠰᠢᠶᠠᠬᠤ ᠵᠣᠭᠣᠰ᠎ᠢ ᠲᠥᠯᠥᠬᠦ᠎ᠳᠤ ᠬᠡᠷᠡᠭᠯᠡᠬᠦ ᠵᠡᠷᠭᠡ ᠠᠷᠭ᠎ᠠ ᠬᠡᠮᠵᠢᠶ᠎ᠡ ᠵᠢ ᠵᠣᠬᠢᠰᠲᠠᠢ ᠳᠡᠭᠡᠭᠰᠢᠯᠡᠭᠦᠯᠵᠦ᠂ ᠭᠡᠷ ᠪᠠᠢ᠌ᠰᠢᠩ ᠬᠤᠳᠠᠯᠳᠤᠨ ᠠᠪᠤᠭᠴᠢ ᠵᠢᠨ ᠠᠵᠤ ᠠᠬᠤᠢ ᠵᠢᠨ ᠳᠠᠷᠤᠯᠲᠠ ᠵᠢ ᠬᠦᠩᠭᠡᠷᠡᠭᠦᠯᠦᠨ᠎ᠡ᠃ ᠬᠣᠲᠠ ᠵᠢᠨ ᠭᠡᠷ ᠪᠠᠢ᠌ᠰᠢᠩ ᠭᠠᠵᠠᠷ ᠬᠥᠷᠥᠩᠭᠡ ᠵᠢᠨ ᠪᠡᠯᠡ ᠲᠣᠬᠢᠷᠠᠭᠤᠯᠭ᠎ᠠ ᠵᠢᠨ ᠵᠣᠬᠢᠴᠠᠭᠤᠯᠬᠤ ᠲᠣᠭᠲᠠᠴᠠ ᠵᠢᠨ ᠠᠵᠢᠯ᠎ᠤᠨ ᠦᠷ᠎ᠡ ᠪᠦᠲᠦᠮᠵᠢ ᠵᠢ ᠪᠡᠬᠢᠵᠢᠭᠦᠯᠦᠨ ᠥᠷᠭᠡᠳᠬᠡᠵᠦ᠂ 《 ᠴᠠᠭ᠋ᠠᠨ ᠨᠡᠷᠡᠰ 》᠎ᠤᠨ ᠲᠥᠷᠥᠯ ᠵᠦᠢ᠍ᠯ᠎ᠤᠨ ᠬᠠᠮᠤᠷᠬᠤ ᠬᠡᠪᠴᠢᠶ᠎ᠡ ᠵᠢ ᠥᠷᠭᠡᠳᠬᠡᠨ᠂ ᠭᠡᠷ ᠪᠠᠢ᠌ᠰᠢᠩ ᠭᠠᠵᠠᠷ ᠬᠥᠷᠥᠩᠭᠡ ᠵᠢᠨ ᠠᠵᠤ ᠠᠬᠤᠢ᠌ᠯᠠᠯ᠎ᠤᠨ ᠪᠡᠯᠡ ᠲᠣᠬᠢᠷᠠᠭᠤᠯᠭ᠎ᠠ ᠵᠢᠨ ᠬᠦᠴᠢᠷ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠨ᠎ᠡ᠃ ᠡᠲᠡᠭᠡᠷ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡᠯ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠢᠲᠡᠭᠡᠯ᠎ᠢ ᠪᠦᠲᠦᠮᠵᠢᠲᠡᠶ᠎ᠪᠠᠷ ᠨᠡᠮᠡᠭᠳᠡᠭᠦᠯᠵᠦ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠡᠷ ᠬᠥᠭᠵᠢᠬᠦ ᠵᠢ ᠤᠯᠠᠮ ᠨᠢᠭᠡ ᠠᠯᠬᠤᠮ ᠠᠬᠢᠭᠤᠯᠵᠦ ᠴᠢᠳᠠᠨ᠎ᠠ᠃
ᠭᠤᠷᠪᠠ᠂ ᠭᠣᠣᠯᠳᠠᠯᠭ᠎ᠠ᠎ᠲᠠᠢ ᠲᠣᠳᠣᠷᠬᠠᠢ᠌ᠯᠠᠯᠲᠠ
2024 ᠣᠨ᠎ᠤ 11 ᠳ᠋ᠤᠭᠡᠷ ᠰᠠᠷ᠎ᠠ ᠵᠢᠨ 12᠎ᠤᠨ ᠡᠳᠦᠷ᠂ ᠡᠳ᠋᠎ᠤᠨ ᠵᠠᠰᠠᠭ᠎ᠤᠨ ᠶᠠᠮᠤᠨ ᠵᠡᠷᠭᠡ ᠶᠠᠮᠤᠨ ᠵᠦᠪᠯᠡᠯ ᠬᠠᠮᠲᠤᠷᠠᠨ 《ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠬᠣᠯᠪᠣᠭᠳᠠᠯ ᠪᠦᠬᠦᠢ ᠭᠠᠢ᠌ᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠵᠢᠨ ᠲᠤᠬᠠᠢ ᠠᠯᠪᠠᠨ ᠵᠠᠷ》 (ᠡᠳ᠋᠎ᠤᠨ ᠵᠠᠰᠠᠭ᠎ᠤᠨ ᠶᠠᠮᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠠᠯᠪᠠᠨ ᠵᠠᠷ 2024 ᠣᠨ᠎ᠤ 16 ᠳ᠋ᠤᠭ᠋ᠠᠷ ᠲᠣᠭ᠋ᠠᠲᠤ)᠎ᠢ ᠨᠡᠢ᠌ᠲᠡᠯᠡᠪᠡ᠃ ᠠᠯᠪᠠᠨ ᠵᠠᠷ᠎ᠲᠤ᠂ ᠨᠢᠭᠡ᠎ᠳᠤ᠂ ᠡᠩ᠎ᠤᠨ ᠣᠷᠣᠨ ᠰᠠᠭᠤᠴᠠ ᠪᠠ ᠡᠩ᠎ᠤᠨ ᠪᠤᠰᠤ ᠣᠷᠣᠨ ᠰᠠᠭᠤᠴᠠ ᠵᠢᠨ ᠪᠠᠷᠢᠮᠵᠢᠶ᠎ᠠ ᠵᠢ ᠬᠦᠴᠦᠨ ᠦᠭᠡᠢ ᠪᠣᠯᠭ᠋ᠠᠭᠰᠠᠨ ᠬᠣᠲᠠ᠎ᠳᠤ᠂ ᠭᠠᠢ᠌ᠯᠢ ᠲᠤᠰᠢᠶᠠᠭᠴᠢ ᠡᠩ᠎ᠤᠨ ᠪᠠᠷᠢᠮᠵᠢᠶᠠᠲᠤ ᠣᠷᠣᠨ ᠰᠠᠭᠤᠴᠠ ᠪᠠᠷᠢᠵᠤ ᠬᠤᠳᠠᠯᠳᠤᠭ᠋ᠠᠳ᠂ ᠥᠷᠲᠡᠭ ᠨᠡᠮᠡᠭᠳᠡᠯ᠎ᠤᠨ ᠲᠣᠭ᠎ᠠ᠎ᠨᠢ ᠬᠠᠰᠤᠵᠤ ᠭᠠᠷᠭ᠋ᠠᠬᠤ ᠵᠦᠢ᠍ᠯᠡᠰ᠎ᠤᠨ ᠵᠣᠭᠣᠰ᠎ᠤᠨ ᠲᠣᠭ᠎ᠠ ᠵᠢᠨ 20%᠎ᠠᠴᠠ ᠬᠡᠲᠦᠷᠡᠭᠰᠡᠨ ᠦᠭᠡᠢ ᠪᠠᠢ᠌ᠪᠠᠯ᠂ ᠦᠷᠭᠦᠯᠵᠢᠯᠡᠨ ᠭᠠᠵᠠᠷ ᠰᠢᠷᠣᠢ ᠵᠢᠨ ᠥᠷᠲᠡᠭ ᠨᠡᠮᠡᠭᠳᠡᠯ᠎ᠤᠨ ᠭᠠᠢ᠌ᠯᠢ ᠲᠠᠲᠠᠪᠤᠷᠢᠯᠠᠬᠤ᠎ᠠᠴᠠ ᠬᠡᠯᠲᠦᠷᠢᠭᠦᠯᠦᠨ᠎ᠡ; ᠬᠣᠶᠠᠷ᠎ᠲᠤ᠂ ᠬᠣᠯᠪᠣᠭᠳᠠᠯ ᠪᠦᠬᠦᠢ ᠬᠤᠳᠠ ᠵᠢᠨ ᠪᠣᠳᠠᠲᠠᠢ ᠬᠡᠷᠡᠭᠵᠢᠭᠦᠯᠬᠦ ᠪᠠᠷᠢᠮᠵᠢᠶ᠎ᠠ ᠵᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ᠃ ᠮᠠᠨ᠎ᠤ ᠣᠷᠣᠨ᠎ᠤ ᠡᠩ᠎ᠤᠨ ᠣᠷᠣᠨ ᠰᠠᠭᠤᠴᠠ ᠵᠢᠨ ᠪᠣᠳᠠᠲᠠᠢ ᠬᠡᠷᠡᠭᠵᠢᠭᠦᠯᠬᠦ ᠪᠠᠷᠢᠮᠵᠢᠶ᠎ᠠ ᠵᠢ 《ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠬᠢᠭᠡᠳ ᠡᠵᠡᠩᠨᠡᠯᠲᠡ ᠵᠢᠨ ᠠᠵᠢᠯᠯᠠᠭ᠎ᠠ ᠵᠢ ᠵᠢᠷᠤᠮᠵᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2022] 87 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠲᠠᠷᠦᠢ 《ᠣᠷᠣᠨ ᠰᠠᠭᠤᠴᠠ ᠵᠢᠨ ᠲᠣᠭᠣᠷᠢᠭ᠎ᠤᠨ ᠪᠠᠷᠢᠯᠭ᠎ᠠ ᠵᠢᠨ ᠪᠠᠭᠲᠠᠭ᠋ᠠᠮᠵᠢ ᠵᠢᠨ ᠨᠣᠷᠮ᠎ᠠ᠎ᠨᠢ 1.0᠎ᠠᠴᠠ ᠳᠡᠭᠡᠭᠰᠢ᠂ ᠪᠠᠷᠢᠯᠭ᠎ᠠ ᠵᠢᠨ ᠲᠠᠯᠠᠪᠠᠶ᠎ᠨᠢ 144 ᠲᠡᠭᠰᠢ ᠳᠥᠷᠪᠡᠯᠵᠢᠨ ᠮᠧᠲᠷ᠎ᠠᠴᠠ ᠳᠣᠷᠣᠭᠰᠢ (144 ᠲᠡᠭᠰᠢ ᠳᠥᠷᠪᠡᠯᠵᠢᠨ ᠮᠧᠲᠷ ᠪᠠᠭᠲᠠᠨ᠎ᠠ) ᠲᠠᠩ ᠢᠵᠢ ᠣᠷᠣᠨ ᠰᠠᠭᠤᠴᠠ》 ᠪᠣᠯᠣᠨ᠎ᠠ ᠃
ᠲᠠᠢ᠌ᠯᠤᠮᠵᠢ ᠬᠢᠭᠴᠢ᠄ ᠵᠣᠣ ᠵᠢᠶᠦ᠋ᠨ
ᠬᠠᠷᠢᠯᠴᠠᠬᠤ ᠬᠡᠯᠪᠡᠷᠢ᠄ 0471- 6946850