ᠦᠰᠦᠭ ᠪᠢᠴᠢᠭ᠎ᠤᠨ ᠲᠠᠶ᠋ᠢᠯᠤᠮᠵᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠪᠠᠯᠭ᠋ᠠᠰᠤᠨ᠎ᠤ ᠤᠰᠤ ᠠᠷᠪᠢᠯᠠᠬᠤ ᠲᠤᠰᠬᠠᠶ ᠠᠵᠢᠯᠯᠠᠭ᠋ᠠᠨ᠎ᠤ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
2025-03-13

    2025 ᠣᠨ᠎ᠤ 2 ᠳ᠋ᠤᠭ᠋ᠠᠷ ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ  ᠠᠵᠢᠯᠯᠠᠭ᠋ᠠᠨ᠎ᠤ  ᠬᠡᠷᠡᠭᠵᠢᠭᠦᠯᠬᠦ ᠲᠥᠰᠦᠯ 》᠎ᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠤ ᠪᠠᠶ᠋ᠢᠳᠠᠯ ᠎ᠯᠤᠭ᠎ᠠ  ᠤᠶᠠᠯᠳᠤᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ  ᠪᠠᠯᠭ᠋ᠠᠰᠤᠨ᠎ᠤ  ᠤᠰᠤ ᠠᠷᠪᠢᠯᠠᠬᠤ ᠲᠤᠰᠬᠠᠶ  ᠠᠵᠢᠯᠯᠠᠭ᠋ᠠᠨ᠎ᠤ  ᠲᠥᠰᠦᠯ》 (ᠳᠣᠷᠣᠭᠰᠢ 《ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃

    《ᠲᠥᠰᠦᠯ》᠎ᠨᠢ ᠭᠤᠤᠯᠳᠠᠭᠤ ᠤᠰᠤ ᠬᠠᠩᠭ᠋ᠠᠬᠤ ᠬᠤᠭᠤᠯᠠᠶ ᠵᠢᠨ ᠲᠣᠤᠷ᠎ᠤᠨ  ᠤᠰᠤ ᠭᠣᠭᠣᠵᠢᠵᠤ ᠰᠦᠢ᠍ᠳᠬᠦ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ᠂ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠢ ᠳᠡᠭᠡᠭᠰᠢᠯᠡᠭᠦᠯᠬᠦ᠂ ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠬᠦ᠂  ᠬᠠᠩᠭ᠋ᠠᠬᠤ ᠤᠰᠤᠨ᠎ᠤ ᠴᠢᠨᠠᠷ᠎ᠢ ᠳᠡᠭᠡᠭᠰᠢᠯᠡᠭᠦᠯᠬᠦ ᠳᠥᠷᠪᠡᠨ ᠲᠠᠯ᠎ᠠ ᠵᠢᠨ ᠲᠣᠭᠤᠷᠢᠨ᠎ᠳᠤ᠂ ᠤᠰᠤ ᠠᠷᠪᠢᠯᠠᠬᠤ ᠬᠡᠯᠪᠡᠷᠢ ᠵᠢᠨ ᠬᠤᠲᠠ ᠵᠢᠨ ᠪᠥᠲᠥᠭᠡᠨ ᠪᠠᠶ᠋ᠢᠭᠤᠯᠤᠯᠲᠠ ᠵᠢ  ᠲᠦᠯᠬᠢᠨ  ᠠᠬᠢᠭᠤᠯᠬᠤ᠂ ᠤᠰᠤ ᠬᠠᠩᠭ᠋ᠠᠬᠤ ᠬᠤᠭᠤᠯᠠᠶ ᠵᠢᠨ ᠲᠣᠤᠷ᠎ᠤᠨ  ᠤᠰᠤ ᠭᠣᠭᠣᠵᠢᠵᠤ ᠰᠦᠢ᠍ᠳᠬᠦ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ᠂ ᠳᠠᠬᠢᠯᠲᠠ ᠤᠰᠤ ᠵᠢ ᠶᠡᠷᠦᠩᠬᠡᠶ᠋ᠢᠯᠡᠨ ᠠᠰᠢᠭᠯᠠᠬᠤ ᠵᠢ  ᠲᠦᠯᠬᠢᠨ  ᠠᠬᠢᠭᠤᠯᠬᠤ᠂ ᠤᠰᠤ ᠠᠷᠪᠢᠯᠠᠬᠤ ᠮᠡᠷᠭᠡᠵᠢᠯ ᠪᠠ ᠤᠰᠤ ᠠᠷᠪᠢᠯᠠᠬᠤ ᠪᠠᠭ᠋ᠠᠵᠢ ᠬᠡᠷᠡᠭᠰᠡᠯ᠎ᠢ ᠳᠡᠯᠭᠡᠷᠡᠭᠦᠯᠬᠦ᠂  ᠤᠰᠤ ᠶᠡᠬᠡ ᠬᠣᠷᠣᠭᠳᠠᠭᠤᠯᠬᠤ ᠠᠵᠢᠯ ᠲᠥᠷᠥᠯ ᠪᠠ ᠣᠨᠴᠠᠭ᠋ᠠᠢ ᠠᠵᠢᠯ ᠲᠥᠷᠥᠯ᠎ᠤᠨ ᠤᠰᠤ ᠬᠡᠷᠡᠭᠯᠡᠬᠦ ᠵᠢ ᠴᠢᠩᠭ᠎ᠠ ᠡᠵᠡᠮᠳᠡᠬᠦ᠂  ᠤᠰᠤᠨ᠎ᠤ ᠡᠬᠢ ᠰᠤᠷᠪᠤᠯᠵᠢ ᠵᠢᠨ ᠤᠰᠤ ᠬᠠᠩᠭ᠋ᠠᠬᠤ ᠵᠢ ᠪᠠᠲᠤᠯᠠᠬᠤ ᠴᠢᠳᠠᠪᠤᠷᠢ ᠵᠢ ᠴᠢᠩᠭ᠋ᠠᠷᠠᠭᠤᠯᠬᠤ᠂ ᠤᠰᠤ ᠬᠠᠩᠭ᠋ᠠᠬᠤ ᠦᠢ᠍ᠯᠡᠳᠪᠦᠷᠢ ᠵᠢᠨ  ᠪᠡᠯᠡᠳᠬᠡᠮᠵᠢ ᠵᠢ ᠲᠠᠰ ᠳᠡᠪᠰᠢᠭᠦᠯᠦᠨ ᠥᠭᠡᠷᠡᠴᠢᠯᠡᠬᠦ ᠵᠢ ᠬᠡᠷᠡᠭᠵᠢᠭᠦᠯᠬᠦ᠂ ᠤᠰᠤ ᠵᠢ ᠠᠷᠪᠢᠯᠠᠨ ᠬᠡᠷᠡᠭᠯᠡᠬᠦ ᠤᠬᠠᠭᠤᠯᠭ᠎ᠠ ᠬᠥᠮᠦᠵᠢᠯ᠎ᠢ  ᠴᠢᠩᠭ᠋ᠠᠷᠠᠭᠤᠯᠬᠤ  ᠵᠡᠷᠭᠡ 8 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ ᠵᠢ ᠲᠣᠭᠲᠠᠭ᠋ᠠᠪᠠ᠃

    《ᠲᠥᠰᠦᠯ》᠎ᠳᠤ᠂ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠶ ᠵᠢᠨ ᠲᠣᠤᠷ᠎ᠤᠨ ᠤᠰᠤ  ᠭᠣᠭᠣᠵᠢᠵᠤ ᠰᠦᠢ᠍ᠳᠬᠦ  ᠨᠣᠷᠮ᠎ᠠ ᠵᠢ 9% ᠵᠢᠨ ᠳᠣᠲᠣᠷ᠎ᠠ ᠡᠵᠡᠮᠳᠡᠬᠦ᠎ᠪᠠᠷ ᠴᠢᠷᠮᠠᠶ᠋ᠢᠵᠤ᠂ ᠪᠥᠬᠦ ᠣᠷᠣᠨ᠎ᠤ ᠬᠤᠲᠠ ᠪᠠᠯᠭ᠋ᠠᠰᠤ ᠵᠢᠨ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠢ 48%᠎ᠠᠴᠠ ᠳᠡᠭᠡᠭᠰᠢ᠎ᠳᠤ  ᠬᠦᠷᠭᠡᠵᠦ ᠂ ᠬᠠᠲᠤᠨ ᠭᠤᠤᠯ᠎ᠤᠨ ᠰᠠᠪᠠ ᠭᠠᠵᠠᠷ᠎ᠤᠨ ᠡᠯ᠎ᠡ ᠠᠶ᠋ᠢᠮᠠᠭ ᠬᠤᠲᠠ ᠵᠢᠨ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠢ ᠶᠡᠷᠦᠩᠬᠡᠶ᠎ᠳᠤ᠎ᠪᠠᠨ 60%᠎ᠠᠴᠠ ᠳᠡᠭᠡᠭᠰᠢ᠎ᠳᠤ ᠬᠦᠷᠭᠡᠨ᠎ᠡ ᠭᠡᠵᠦ ᠲᠣᠳᠣᠷᠬᠠᠶ  ᠲᠣᠭᠲᠠᠭ᠋ᠠᠪᠠ ᠃

    《ᠲᠥᠰᠦᠯ》᠎ᠳᠤ ᠂ ᠥᠪᠡᠷᠲᠡᠭᠡᠨ ᠵᠠᠰᠠᠬᠤ ᠣᠷᠣᠨ᠎ᠤ ᠬᠤᠲᠠ ᠪᠠᠯᠭ᠋ᠠᠰᠤᠨ᠎ᠤ ᠤᠰᠤ ᠠᠷᠪᠢᠯᠠᠬᠤ ᠲᠤᠰᠬᠠᠶ  ᠠᠵᠢᠯᠯᠠᠭ᠋ᠠᠨ᠎ᠨᠢ 2025 ᠣᠨ᠎ᠤ 12 ᠳ᠋ᠤᠭ᠋ᠠᠷ ᠰᠠᠷ᠎ᠠ᠎ᠳᠤ  ᠳᠠᠭᠤᠰᠴᠤ᠂ ᠪᠡᠯᠡᠳᠬᠡᠯ ᠱᠠᠲᠤ ᠦᠶ᠎ᠡ᠂ ᠬᠡᠷᠡᠭᠵᠢᠭᠦᠯᠬᠦ ᠱᠠᠲᠤ ᠦᠶ᠎ᠡ᠂ ᠳ᠋ᠦᠩᠨᠡᠯᠲᠡ ᠵᠢᠨ ᠱᠠᠲᠤ ᠦᠶ᠎ᠡ  ᠭᠡᠵᠦ  ᠬᠤᠪᠢᠶᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠬᠤᠲᠠ  ᠪᠠᠯᠭ᠋ᠠᠰᠤᠨ᠎ᠤ ᠤᠰᠤ ᠠᠷᠪᠢᠯᠠᠬᠤ ᠵᠢᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠲᠤᠰᠬᠠᠶ  ᠠᠵᠢᠯᠯᠠᠭ᠋ᠠᠨ᠎ᠢ  ᠵᠣᠬᠢᠶᠠᠨ  ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠂ ᠠᠵᠢᠯ᠎ᠤᠨ ᠡᠭᠦᠷᠭᠡ ᠬᠠᠷᠢᠭᠤᠴᠠᠯᠭ᠎ᠠ ᠵᠢᠴᠢ ᠬᠠᠷᠠᠯᠲᠠ᠎ᠪᠠᠨ ᠲᠣᠳᠣᠷᠬᠠᠶ᠋ᠢᠯᠠᠨ᠂ ᠠᠵᠢᠯ᠎ᠤᠨ ᠠᠷᠭ᠎ᠠ ᠬᠡᠮᠵᠢᠶ᠎ᠡ᠎ᠪᠠᠨ  ᠨᠠᠷᠢᠯᠢᠭᠵᠢᠭᠤᠯᠵᠤ᠂ ᠬᠠᠮᠲᠤ᠎ᠳᠤ᠎ᠨᠢ ᠪᠥᠬᠦ ᠣᠷᠣᠨ᠎ᠤ ᠬᠤᠲᠠ  ᠪᠠᠯᠭ᠋ᠠᠰᠤᠨ᠎ᠤ  ᠤᠰᠤ ᠠᠷᠪᠢᠯᠠᠬᠤ ᠲᠤᠰᠬᠠᠶ ᠰᠡᠳᠦᠪᠲᠦ  ᠪᠣᠯᠪᠠᠰᠤᠷᠠᠯ᠎ᠢ ᠥᠷᠨᠢᠭᠦᠯᠵᠦ᠂ ᠠᠵᠢᠯ᠎ᠤᠨ ᠴᠢᠳᠠᠪᠤᠷᠢ ᠪᠠ ᠲᠤᠬᠠᠶ᠋ᠢᠯᠠᠭᠰᠠᠨ ᠠᠵᠢᠯ᠎ᠤᠨ ᠬᠢᠷᠢ  ᠲᠦᠪᠰᠢᠨ ᠵᠶ᠋ᠡᠨ  ᠳᠡᠭᠡᠭᠰᠢᠯᠡᠭᠦᠯᠬᠦ ᠬᠡᠷᠡᠭᠲᠡᠶ  ᠭᠡᠵᠦ ᠱᠠᠭ᠋ᠠᠷᠳᠠᠪᠠ ᠃

 

     ᠲᠠᠶ᠋ᠢᠯᠤᠮᠵᠢ ᠬᠢᠭᠴᠢ᠄ ᠯᠢ ᠼᠦᠢ ᠲᠢᠩ᠂ ᠬᠠᠷᠢᠯᠴᠠᠬᠤ ᠠᠷᠭ᠎ᠠ᠄ 0471— 3290280

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ